ᠡᠷᠲᠡᠨ᠎ᠦ ᠰᠤᠶᠤᠯ᠎ᠤᠨ ᠴᠠᠭ ᠦᠶ᠎ᠡ᠎ᠶ᠋ᠢᠨ ᠭᠢᠯᠪᠠᠭ᠎ᠠ᠎ᠵᠢ ᠪᠠᠳᠠᠷᠠᠭᠤᠯᠰᠤᠭᠠᠢ
2025-08-13 17:18:17
ᠵᠣᠬᠢᠶᠠᠭ᠍ᠴᠢ᠄
ᠭᠤᠤ ᠷᠦᠢ ᠹᠧᠩ
ᠣᠩᠱᠢᠭ᠍ᠰᠠᠨ ᠣᠳᠠᠭ᠎ᠠ᠄
★★★☆☆

ᠪᠣᠳᠠᠰ᠎ᠤᠨ ᠪᠤᠰᠤ ᠰᠣᠶᠣᠯ᠎ᠤᠨ ᠥᠪ ᠪᠣᠯ ᠨᠢᠭᠡ ᠤᠯᠤᠰ ᠪᠠ ᠦᠨᠳᠦᠰᠦᠲᠡᠨ᠎ᠤ ᠲᠡᠦᠬᠡ ᠰᠣᠶᠣᠯ᠎ᠤᠨ ᠴᠢᠬᠤᠯᠠ ᠠᠴᠢᠶᠠᠯᠠᠪᠤᠷᠢ ᠮᠥᠨ᠂ ᠥᠪᠡᠷᠮᠢᠴᠡ ᠦᠨᠳᠦᠰᠦᠲᠡᠨ᠎ᠤ ᠳᠤᠷᠠᠰᠤᠮᠵᠢ ᠪᠠ ᠣᠶᠤᠨ ᠤᠬᠠᠭᠠᠨ᠎ᠢ ᠠᠴᠢᠶᠠᠯᠠᠵᠤ ᠪᠠᠢᠳᠠᠭ᠃ ᠱᠢᠨ᠎ᠡ ᠴᠠᠭ ᠦᠶ᠎ᠡ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠱᠢᠨ᠎ᠡ᠎ᠶ᠋ᠢ ᠡᠭᠦᠳᠬᠦ᠎ᠳᠤ ᠤᠯᠠᠮᠵᠢᠯᠠᠯᠲᠤ ᠰᠤᠲᠠᠰᠤ᠎ᠶ᠋ᠢ ᠰᠠᠬᠢᠨ ᠬᠠᠮᠠᠭᠠᠯᠠᠬᠤ ᠪᠦᠭᠡᠳ ᠴᠠᠭ ᠦᠶ᠎ᠡ᠎ᠲᠠᠢ ᠵᠡᠷᠭᠡᠪᠡᠷ ᠤᠷᠤᠭ᠍ᠰᠢᠯᠠᠨ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌ ᠬᠡᠷᠡᠭ᠌ᠲᠡᠢ᠃

ᠣᠢᠷ᠎ᠠ᠎ᠶᠢᠨ ᠵᠢᠯ᠎ᠡᠴᠡ ᠨᠡᠭᠠᠱᠢ᠂ ᠠᠷᠪᠢᠨ ᠭᠠᠵᠠᠷ ᠪᠣᠳᠠᠰ᠎ᠤ᠋ᠨ ᠪᠤᠰᠤ ᠰᠣᠶᠣᠯ᠎ᠤ᠋ᠨ ᠥᠪ᠎ᠢ᠋ ᠰᠤᠷᠭᠠᠭᠤᠯᠢ᠎ᠶᠢᠨ ᠰᠤᠷᠭᠠᠨ ᠬᠥᠮᠦᠵᠢᠯ᠎ᠳ᠋ᠦ᠍ ᠣᠷᠣᠭᠤᠯᠵᠤ᠂ ᠵᠠᠯᠠᠭᠤ ᠨᠢᠭᠡ ᠦᠶ᠎ᠡ᠎ᠶᠢᠨ ᠬᠢᠨ᠎ᠤ ᠳᠤᠷ᠎ᠠ ᠰᠣᠨᠢᠷᠬᠠᠯ᠎ᠢ᠋ ᠬᠥᠮᠦᠵᠢᠭᠦᠯᠵᠦ᠍ ᠪᠠᠢᠨ᠎ᠠ᠃ ᠰᠤᠷᠭᠠᠭᠤᠯᠢ᠎ᠶᠢᠨ ᠤᠯᠠᠮᠵᠢᠯᠠᠬᠤ ᠵᠠᠭᠪᠤᠷ ᠵᠢᠡᠷ ᠳᠠᠮᠵᠢᠭᠤᠯᠤᠨ᠂ ᠪᠣᠳᠠᠰ᠎ᠤ᠋ᠨ ᠪᠤᠰᠤ ᠰᠣᠶᠣᠯ᠎ᠤ᠋ᠨ ᠦᠪ᠎ᠢ  ᠵᠠᠯᠭᠠᠮᠵᠢᠯᠠᠬᠤ  ᠬᠦᠮᠦᠨ ᠲᠠᠢ ᠪᠤᠯᠪᠠᠯ  ᠰᠣᠶᠣᠯ᠎ᠤ᠋ᠨ ᠭᠧᠨ ᠰᠠᠶᠢ ᠦᠷᠭᠦᠯᠵᠢᠯᠡᠵᠦ ᠴᠢᠳᠠᠨ᠎ᠠ᠃

ᠡᠭᠦᠨ᠎ᠦ᠌ ᠬᠠᠮᠲᠤ᠂ ᠡᠯ᠎ᠡ ᠭᠠᠵᠠᠷ ᠪᠣᠳᠠᠰ᠎ᠤ᠋ᠨ ᠪᠤᠰᠤ ᠰᠣᠶᠣᠯ᠎ᠤ᠋ᠨ ᠥᠪ᠎ᠦ᠋ᠨ ᠡᠬᠢ ᠪᠠᠶᠠᠯᠢᠭ᠎ᠲᠤ᠌ ᠲᠦᠱᠢᠭ᠌ᠯᠡᠨ᠂ ᠣᠨᠴᠠᠯᠢᠭ᠍ᠲᠤ ᠠᠵᠤ ᠦᠢᠯᠡᠰ᠎ᠢ᠋ ᠬᠥᠭ᠌ᠵᠢᠭᠦᠯᠵᠦ᠍᠂ ᠰᠣᠶᠣᠯ᠎ᠢ ᠬᠠᠮᠠᠭᠠᠯᠠᠬᠤ ᠬᠢᠭᠡᠳ ᠠᠵᠤ ᠠᠬᠤᠢ᠎ᠶᠢ ᠬᠥᠭ᠌ᠵᠢᠭᠦᠯᠬᠦ ᠬᠣᠣᠰ ᠠᠮᠵᠢᠯᠲᠠ ᠵᠢ ᠣᠯᠵᠤ ᠪᠠᠢᠨ᠎ᠠ᠃ ᠵᠢᠱ᠌ᠢᠶᠡᠯᠡᠪᠡᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠪᠤᠯᠬᠤ ᠨᠦᠬᠡᠲᠦ ᠳᠡᠷ᠎ᠡ ᠵᠢ ᠤᠯᠠᠮᠵᠢᠯᠠᠬᠤ᠎ᠶ᠋ᠢᠨ ᠲᠥᠯᠥᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢ ᠸᠧᠨ ᠶᠦᠩ ᠬᠤᠸᠠ ᠨᠦᠬᠡᠲᠦ ᠳᠡᠷ᠎ᠡ ᠵᠢᠨ ᠭᠠᠷ ᠦᠢᠯᠡᠳᠭᠡᠯ᠎ᠤᠨ ᠭᠠᠵᠠᠷ ᠪᠠᠢᠭᠤᠯᠵᠤ᠂ 《ᠺᠣᠮᠫᠠᠨᠢ + ᠭᠠᠷ ᠤᠷᠠᠯᠢᠬᠴᠢᠨ》 ᠵᠡᠷᠭᠡ ᠵᠠᠭ᠍ᠪᠤᠷ᠎ᠵᠢᠡᠷ ᠪᠤᠭᠤᠲᠤ ᠬᠤᠲᠠ᠎ᠶ᠋ᠢᠨ ᠡᠷᠬᠢᠨ ᠲᠣᠭᠤᠷᠢᠨ᠎ᠤ ᠬᠤᠱᠢᠭᠤ ᠱᠢᠶᠠᠨ ᠲᠣᠭᠤᠷᠢᠭ᠎ᠤᠨ 3000 ᠭᠠᠷᠤᠶ ᠬᠡᠷ᠎ᠲᠡᠭᠡᠨ ᠰᠠᠭᠤᠭ᠎ᠠ ᠡᠮᠡᠭᠲᠡᠢ᠂ ᠠᠵᠢᠯ᠎ᠤᠨ ᠪᠠᠢᠷᠢ᠎ᠠᠴᠠ᠎ᠪᠠᠨ ᠪᠠᠭᠤᠭ᠍ᠰᠠᠨ ᠠᠵᠢᠯᠲᠠᠨ ᠠᠵᠢᠯᠴᠢᠨ ᠳ᠋ᠤ ᠪᠤᠯᠪᠠᠰᠤᠷᠠᠯ ᠬᠦᠷᠲᠡᠭᠡᠵᠦ᠂ ᠲᠡᠳᠡᠨ᠎ᠢ ᠨᠦᠬᠡᠲᠦ ᠳᠡᠷ᠎ᠡ ᠦᠢᠯᠡᠳᠬᠦ᠌ ᠠᠵᠢᠯ᠎ᠳᠤ ᠣᠷᠣᠯᠴᠠᠭᠤᠯᠵᠤ᠂ ᠲᠡᠳᠡᠨ᠎ᠤ ᠭᠡᠷ ᠲᠡᠭᠡᠨ ᠰᠠᠭᠤᠭᠠᠳ ᠤᠷᠤᠯᠭ᠎ᠠ ᠡᠭᠦᠳᠬᠦ ᠠᠮᠢᠳᠤᠯᠢᠭ᠎ᠢᠶᠠᠷ ᠠᠵᠢᠯ ᠣᠯᠬᠤ ᠵᠢ ᠪᠡᠶᠡᠯᠡᠭᠦᠯᠵᠡᠶ᠃

ᠡᠭᠦᠨ᠎ᠠᠴᠠ ᠭᠠᠳᠠᠨ᠎ᠠ᠂ ᠲᠣᠭᠠᠴᠢᠯᠠᠭ᠍ᠰᠠᠨ ᠮᠡᠷᠭᠡᠵᠢᠯ ᠪᠠ ᠱᠢᠨ᠎ᠡ ᠵᠠᠭᠤᠴᠢᠯᠠᠭᠤᠷ᠎ᠢ ᠠᠱᠢᠭ᠍ᠯᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠠᠮᠵᠢᠭᠤᠯᠬᠤ ᠠᠷᠭ᠎ᠠ ᠬᠡᠯᠪᠡᠷᠢ ᠨᠠᠩ ᠣᠯᠠᠨ ᠡᠱᠢᠴᠢᠯᠡᠪᠡ᠃ ᠱᠢᠨ᠎ᠡ ᠵᠠᠭᠤᠴᠢᠯᠠᠭᠤᠷ᠎ᠤᠨ ᠣᠷᠴᠢᠨ ᠨᠥᠬᠦᠴᠡᠯ ᠳᠣᠤᠷ᠎ᠠ᠂ ᠵᠠᠷᠢᠮ ᠰᠢ ᠲᠠᠭᠤᠷᠢᠯᠢᠭ᠎ᠤᠨ ᠬᠦᠷᠢᠶᠡᠯᠡᠩ ᠪᠦᠯᠬᠦᠮ ᠰᠦᠯᠵᠢᠶᠡᠨ᠎ᠤ ᠱᠢᠭᠤᠳ ᠨᠡᠪᠲᠡᠷᠡᠭᠦᠯᠭᠡ᠂ ᠣᠬᠤᠷ ᠸᠢᠳᠢᠣ᠋ ᠵᠡᠷᠭᠡ ᠠᠷᠭ᠎ᠠ ᠵᠠᠮ᠎ᠢᠶᠠᠷ ᠲᠤᠷᠱᠢᠵᠤ᠂ ᠢᠨᠲ᠋ᠧᠷ ᠰᠦᠯᠵᠢᠶᠡᠨ᠎ᠤ ᠺᠣᠮᠫᠠᠨᠢ ᠪᠤᠶᠤ ᠨᠠᠷᠠᠲᠤ IP ᠲᠠᠢ ᠠᠵᠢᠯ ᠲᠦᠷᠦᠯ ᠠᠯᠤᠰᠯᠠᠨ ᠬᠠᠮᠲᠤᠷᠠᠨ ᠠᠵᠢᠯᠯᠠᠵᠤ᠂ ᠴᠣ ᠱᠢᠨ᠎ᠡ ᠬᠡᠯᠪᠡᠷᠢ᠎ᠪᠠᠷ ᠤᠯᠠᠮᠵᠢᠯᠠᠯᠲᠤ ᠰᠢ ᠲᠠᠭᠤᠷᠢᠯᠢᠭ᠎ᠢ ᠲᠡᠯᠭᠡᠷᠡᠭᠦᠯᠵᠤ ᠤᠯᠠᠮᠵᠢᠯᠠᠨ᠂ ᠲᠠᠲᠠᠬᠤ ᠬᠦᠴᠦᠨ ᠪᠠ ᠤᠯᠠᠮᠵᠢᠯᠠᠬᠤ ᠬᠦᠴᠦᠨ᠎ᠢ ᠴᠢᠩᠭᠠᠳᠬᠠᠭᠰᠠᠨ ᠪᠠᠢᠨ᠎ᠠ᠃

ᠪᠣᠳᠠᠰ᠎ᠤ᠋ᠨ ᠪᠤᠰᠤ ᠰᠣᠶᠣᠯ᠎ᠤ᠋ᠨ ᠥᠪ᠎ᠢ᠋ ᠤᠯᠠᠮᠵᠢᠯᠠᠨ ᠱᠢᠨ᠎ᠡ᠎ᠶᠢ ᠡᠭᠦᠳᠬᠦ᠌ ᠠᠷᠭ᠎ᠠ ᠵᠠᠮ ᠪᠣᠯ ᠣᠯᠠᠨ ᠡᠰᠢᠲᠠᠢ ᠪᠠᠢᠳᠠᠭ᠂ ᠰᠤᠷᠭᠠᠭᠤᠯᠢ᠎ᠳ᠋ᠦ᠍ ᠠᠭᠤᠰᠬᠠᠨ ᠤᠷᠤᠭᠤᠯᠵᠤ᠂ ᠠᠵᠤ ᠦᠢᠯᠡᠰ ᠲᠠᠢ ᠵᠤᠯᠭᠠᠭᠤᠯᠤᠭᠰᠠᠨ ᠴᠤ᠌ ᠲᠡᠷᠡ᠂ ᠡᠰᠡᠭᠦᠯ᠎ᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳ᠋ᠦ᠍ ᠲᠦᠱᠢᠭ᠌ᠯᠡᠭᠰᠡᠨ ᠴᠦ᠍ ᠲᠡᠷᠡ᠂ ᠪᠦᠷ ᠪᠣᠳᠠᠰ᠎ᠤ᠋ᠨ ᠪᠤᠰᠤ ᠰᠣᠶᠣᠯ᠎ᠤ᠋ᠨ ᠥᠪ᠎ᠲᠦ᠍ ᠱᠢᠨ᠎ᠡ ᠠᠮᠢᠵᠢᠷᠠᠯ᠎ᠤ᠋ᠨ ᠬᠦᠴᠦᠨ ᠣᠯᠭᠣᠵᠤ᠂ ᠪᠣᠳᠠᠰ᠎ᠤ᠋ᠨ ᠪᠤᠰᠤ ᠰᠣᠶᠣᠯ᠎ᠤ᠋ᠨ ᠥᠪ᠎ᠤᠨ ᠴᠠᠭ ᠦᠶ᠎ᠡ᠎ᠶᠢᠨ ᠭᠢᠯᠪᠠᠭ᠎ᠠ ᠵᠢ ᠪᠠᠳᠠᠷᠠᠭᠤᠯᠬᠤ ᠵᠢᠨ ᠲᠦᠯᠦᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号