ᠪᠠᠢᠭᠠᠯᠢ ᠲᠠᠯᠠᠭᠡᠢ ᠪᠠᠨ ᠪᠦᠳᠤᠨ ᠵᠢᠡᠷ ᠨᠢ ᠪᠠᠢᠯᠭᠠᠶ᠎ᠠ
2025-08-18 16:30:26
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠠᠮᠢ ᠠᠬᠤᠢ ᠪᠤᠯ ᠳᠡᠯᠡᠬᠡᠢ ᠶ᠋ᠢᠨ ᠪᠦᠮᠪᠦᠷᠴᠡᠭ ᠤ᠋ᠨ ᠠᠮᠢ ᠨᠠᠰᠤᠨ ᠤ᠋ ᠰᠢᠰᠲᠸᠮ ᠤ᠋ᠨ ᠰᠠᠭᠤᠷᠢ ᠪᠤᠯᠬᠤ ᠪᠠᠷ ᠪᠠᠷᠠᠬᠤ ᠦᠭᠡᠢ ᠨᠡᠩ ᠴᠦ᠍ ᠬᠦᠮᠦᠨ ᠲᠦᠷᠦᠯᠬᠢᠲᠡᠨ ᠤ᠋ ᠤᠷᠤᠰᠢᠨ ᠲᠤᠬᠲᠠᠨᠢᠬᠤ ᠪᠠ ᠬᠦᠭᠵᠢᠬᠦ ᠪᠠᠲᠤᠯᠠᠭ᠎ᠠ ᠮᠦᠨ᠃

ᠠᠮᠢ ᠠᠬᠤᠢ ᠶ᠋ᠢᠨ ᠰᠢᠰᠲᠸᠮ ᠨᠢ ᠳᠡᠯᠡᠬᠡᠢ ᠶ᠋ᠢᠨ ᠪᠦᠮᠪᠦᠷᠴᠡᠭ ᠲᠦ᠍ ᠠᠷᠢᠭᠤᠨ ᠴᠡᠪᠡᠷ ᠠᠭᠠᠷ ᠪᠠ ᠤᠰᠤᠨ ᠰᠤᠷᠪᠤᠯᠵᠢ ᠵᠢ ᠬᠠᠨᠭᠭᠠᠵᠤ᠂ ᠬᠦᠮᠦᠨ ᠲᠦᠷᠦᠯᠬᠢᠲᠡᠨ ᠢ᠋ ᠪᠠᠬᠲᠠᠭᠠᠬᠰᠠᠨ ᠪᠦᠬᠦᠢᠯᠡ ᠠᠮᠢᠳᠤ ᠪᠤᠳᠠᠰ ᠤ᠋ᠨ ᠤᠷᠤᠰᠢᠨ ᠲᠤᠬᠲᠠᠨᠢᠬᠤ ᠤᠷᠢᠳᠠᠯ ᠪᠤᠯᠬᠤ ᠶᠤᠮ᠃ ᠵᠢᠱ᠌ᠢᠶᠡᠯᠡᠪᠡᠯ ᠤᠢ ᠰᠢᠭᠤᠢ ᠪᠤᠯ 《ᠳᠡᠯᠡᠬᠡᠢ ᠶ᠋ᠢᠨ ᠪᠦᠮᠪᠦᠷᠴᠡᠭ ᠤ᠋ᠨ ᠠᠭᠤᠰᠬᠢ》 ᠬᠡᠮᠡᠭᠳᠡᠨ᠂ ᠨᠤᠭᠤ ᠭᠠᠵᠠᠷ ᠪᠤᠯ 《ᠳᠡᠯᠡᠬᠡᠢ ᠶ᠋ᠢᠨ ᠪᠦᠮᠪᠦᠷᠴᠡᠭ ᠤ᠋ᠨ ᠪᠦᠭᠡᠷ᠎ᠡ》 ᠬᠡᠮᠡᠭᠳᠡᠵᠦ᠂ ᠡᠳᠡᠭᠡᠷ ᠨᠢ ᠤᠷᠴᠢᠨ ᠲᠤᠭᠤᠷᠢᠨ ᠢ᠋ ᠴᠡᠪᠡᠷᠰᠢᠭᠦᠯᠬᠦ᠂ ᠠᠭᠤᠷ ᠠᠮᠢᠰᠬᠤᠯ ᠢ᠋ ᠲᠤᠬᠢᠷᠠᠭᠤᠯᠬᠤ ᠪᠠᠷ ᠳᠠᠮᠵᠢᠨ ᠠᠮᠢ ᠨᠠᠰᠤᠨ ᠤ᠋ ᠦᠷᠬᠦᠯᠵᠢᠯᠡᠯ ᠢ᠋ ᠲᠤᠯᠭᠠᠭᠤᠷᠢᠯᠠᠵᠤ ᠪᠤᠢ᠃ ᠠᠮᠢ ᠠᠬᠤᠢ ᠡᠴᠡ ᠬᠦᠮᠦᠨ ᠲᠦᠷᠦᠯᠬᠢᠲᠡᠨ ᠳ᠋ᠤ ᠢᠳᠡᠭᠡᠨ᠂ ᠡᠮ ᠤ᠋ᠨ ᠮᠠᠲᠸᠷᠢᠶᠠᠯ᠂ ᠡᠨ᠋ᠸᠷᠬᠢ ᠵᠡᠷᠭᠡ ᠪᠤᠳᠠᠰ ᠤ᠋ᠨ ᠡᠬᠢ ᠪᠠᠶᠠᠯᠢᠭ ᠢ᠋ ᠬᠠᠨᠭᠭᠠᠵᠤ᠂ ᠰᠠᠢᠨ ᠰᠠᠢᠬᠠᠨ ᠠᠮᠢ ᠠᠬᠤᠢ ᠪᠤᠯ ᠮᠠᠯ ᠠᠵᠤ ᠠᠬᠤᠢ ᠲᠠᠷᠢᠶᠠᠯᠠᠩ᠂ ᠵᠢᠭᠠᠰᠤᠨ ᠤ᠋ ᠦᠢᠯᠡᠰ᠂ ᠵᠢᠭᠤᠯᠴᠢᠯᠡᠯ ᠤ᠋ᠨ ᠦᠢᠯᠡᠰ ᠲᠡᠷᠡᠴᠢᠯᠡᠨ ᠰᠢᠨ᠎ᠡ ᠡᠨ᠋ᠸᠷᠬᠢ᠂ ᠠᠮᠢ ᠪᠤᠳᠠᠰ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠰᠢᠨ᠎ᠡ ᠪᠡᠷ ᠮᠠᠨᠳᠤᠬᠰᠠᠨ ᠠᠵᠤ ᠦᠢᠯᠡᠰ ᠤ᠋ᠨ ᠬᠦᠭᠵᠢᠯᠲᠡ ᠶ᠋ᠢᠨ ᠰᠠᠭᠤᠷᠢ ᠪᠤᠯᠬᠤ ᠶᠤᠮ᠃

ᠮᠠᠨ ᠤ᠋ ᠤᠯᠤᠰ ᠤ᠋ᠨ ᠤᠮᠠᠷᠠᠲᠤ ᠶ᠋ᠢᠨ ᠲᠠᠯᠠᠪᠠᠢ ᠪᠡᠷ ᠬᠠᠮᠤᠭ ᠤ᠋ᠨ ᠶᠡᠬᠡ᠂ ᠲᠦᠷᠦᠯ ᠬᠡᠯᠪᠡᠷᠢ ᠪᠠᠷ ᠬᠠᠮᠤᠭ ᠤ᠋ᠨ ᠪᠦᠷᠢᠨ ᠠᠮᠢ ᠠᠬᠤᠢ ᠶ᠋ᠢᠨ ᠴᠢᠳᠠᠮᠵᠢ ᠶ᠋ᠢᠨ ᠤᠷᠤᠨ ᠪᠤᠯᠤᠬᠰᠠᠨ ᠤ᠋ ᠬᠤᠪᠢ ᠳ᠋ᠤ ᠦᠪᠦᠷ ᠮᠤᠨᠭᠭᠤᠯ ᠤ᠋ᠨ ᠠᠮᠢ ᠠᠬᠤᠢ ᠶ᠋ᠢᠨ ᠪᠠᠢᠳᠠᠯ ᠨᠢ ᠲᠤᠬᠠᠢ ᠶ᠋ᠢᠨ ᠭᠠᠵᠠᠷ ᠤ᠋ᠨ ᠬᠦᠭᠵᠢᠯᠲᠡ ᠲᠠᠢ ᠬᠤᠯᠪᠤᠬᠳᠠᠬᠤ ᠪᠠᠷ ᠪᠠᠷᠠᠬᠤ ᠦᠭᠡᠢ᠂ ᠨᠡᠩ ᠴᠦ᠍ ᠪᠦᠬᠦ ᠤᠯᠤᠰ ᠤ᠋ᠨ ᠠᠮᠢ ᠠᠬᠤᠢ ᠶ᠋ᠢᠨ ᠠᠮᠤᠷ ᠲᠦᠪᠰᠢᠨ ᠲᠠᠢ ᠬᠤᠯᠪᠤᠬᠳᠠᠵᠤ᠂ ᠮᠠᠨ ᠤ᠋ ᠤᠷᠤᠨ ᠤ᠋ 《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠨᠭᠭᠦᠨ ᠬᠠᠢᠷᠬᠠᠨ ᠮᠦᠨ》 ᠭᠡᠬᠦ ᠤᠢᠯᠠᠭᠠᠬᠲᠠᠬᠤᠨ ᠢ᠋ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠨᠢ ᠰᠢᠨ᠎ᠡ ᠴᠠᠭ ᠦᠶ᠎ᠡ ᠶ᠋ᠢᠨ ᠠᠮᠢ ᠠᠬᠤᠢ ᠶ᠋ᠢᠨ ᠪᠤᠯᠪᠠᠰᠤᠨ ᠤ᠋ ᠪᠠᠢᠭᠤᠯᠤᠯᠲᠠ ᠳ᠋ᠤ ᠡᠷᠬᠢᠮ ᠨᠠᠨᠳᠢᠨ ᠬᠡᠪ ᠵᠠᠬᠪᠤᠷ ᠢ᠋ ᠬᠠᠨᠭᠭᠠᠭᠰᠠᠨ ᠨᠢ ᠤᠯᠠᠨ ᠤ᠋ ᠮᠡᠳᠡᠭᠡᠵᠢ᠃

ᠮᠠᠨ ᠤ᠋ ᠤᠷᠤᠨ ᠤ᠋ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠦᠢᠯᠡᠳᠦᠯᠭᠡ ᠨᠢ ᠬᠦᠬᠡᠮᠳᠦᠭ ᠨᠤᠭᠤᠭᠠᠨ ᠠᠭᠤᠯᠠ ᠤᠰᠤ ᠪᠤᠯ ᠪᠠᠢᠭᠠᠯᠢ ᠶ᠋ᠢᠨ ᠡᠬᠢ ᠪᠠᠶᠠᠯᠢᠭ ᠪᠦᠭᠡᠳ ᠠᠵᠤ ᠠᠬᠤᠢ ᠶ᠋ᠢᠨ ᠡᠬᠢ ᠪᠠᠶᠠᠯᠢᠭ ᠪᠠᠢᠵᠤ᠂ ᠪᠠᠰᠠ ᠴᠦ᠍ ᠠᠷᠠᠳ ᠤᠯᠠᠨ ᠤ᠋ ᠵᠤᠯ ᠵᠢᠷᠭᠠᠯ ᠤ᠋ᠨ ᠡᠬᠢ ᠪᠠᠶᠠᠯᠢᠭ ᠪᠤᠯᠬᠤ ᠵᠢ ᠭᠡᠷᠡᠴᠢᠯᠡᠵᠦ ᠪᠠᠢᠨ᠎ᠠ᠃ ᠠᠮᠢ ᠠᠬᠤᠢ ᠵᠢ ᠬᠠᠮᠠᠭᠠᠯᠠᠬᠤ ᠨᠢ ᠳᠠᠷᠤᠢ ᠪᠢᠳᠡᠨ ᠤ᠋ ᠢᠷᠡᠭᠡᠳᠦᠢ ᠪᠠᠨ ᠬᠠᠮᠠᠭᠠᠯᠠᠵᠤ ᠪᠠᠢᠭ᠎ᠠ ᠶᠠᠪᠤᠳᠠᠯ ᠮᠦᠨ᠃ ᠪᠠᠢᠭᠠᠯᠢ ᠳᠡᠯᠡᠬᠡᠢ ᠶ᠋ᠢᠨ ᠤᠢ ᠮᠤᠳᠤ᠂ ᠴᠡᠴᠡᠭ ᠵᠢᠮᠢᠰ᠂ ᠠᠭᠠᠷ ᠤᠯᠠᠷᠢᠯ ᠰᠠᠶ᠍ᠢ ᠪᠢᠳᠡᠨ ᠳ᠋ᠤ ᠰᠠᠢᠨ ᠰᠠᠢᠬᠠᠨ ᠠᠮᠢᠳᠤᠷᠠᠯ ᠡᠳ᠋ᠯᠡᠭᠦᠯᠵᠦ ᠳᠡᠢᠯᠦᠨ᠎ᠡ᠂ ᠡᠢᠮᠦ ᠡᠴᠡ ᠪᠢᠳᠡ 《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠨᠭᠭᠦᠨ ᠬᠠᠢᠷᠬᠠᠨ ᠮᠦᠨ》 ᠭᠡᠬᠦ ᠤᠢᠯᠠᠭᠠᠬᠲᠠᠬᠤᠨ ᠢ᠋ ᠦᠨᠡᠨ ᠬᠦ᠌ ᠦᠢᠯᠡᠳᠦᠯᠭᠡᠵᠢᠭᠦᠯᠵᠦ᠂ ᠠᠮᠢ ᠠᠬᠤᠢ ᠡᠭᠡ ᠪᠠᠢᠭᠠᠯᠢ ᠪᠠᠨ ᠨᠢᠳᠦᠨ ᠤ᠋ ᠴᠡᠴᠡᠭᠡᠢ ᠪᠠᠨ ᠠᠲᠠᠯᠢ ᠬᠠᠢᠷᠠᠯᠠᠨ ᠬᠠᠮᠠᠭᠠᠯᠠᠪᠠᠯ ᠬᠦᠮᠤᠨ ᠪᠠᠢᠭᠠᠯᠢ ᠡᠶ᠎ᠠ ᠵᠤᠬᠢᠴᠠᠡᠭᠭᠤᠢ ᠤᠷᠤᠰᠢᠨ ᠪᠠᠢᠭᠠᠯᠢ ᠲᠠᠯᠠᠭᠡᠢ ᠪᠦᠳᠤᠨ᠎ᠵᠢᠡᠷ᠎ᠵᠢᠡᠨ ᠪᠠᠢᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号