《ᠰᠠᠭᠤᠭᠠᠯᠢ ᠲᠣᠭᠤᠷᠢᠭ᠎ᠤᠨ ᠤᠰᠤ ᠬᠤᠷᠠᠬᠤ ᠠᠰᠠᠭᠤᠳᠠᠯ᠎ᠢ ᠱᠢᠢᠳᠪᠦᠷᠢᠯᠡᠭᠰᠡᠨ ᠡᠴᠡ ᠪᠣᠷᠣᠭᠠᠨ᠎ᠤ ᠤᠯᠠᠷᠢᠯ᠎ᠳᠤ ᠴᠤ᠌ ᠰᠠᠨᠠᠭ᠎ᠠ ᠵᠣᠪᠠᠭ᠍ᠤ ᠬᠡᠷᠡᠭ ᠦᠭᠡᠢ ᠪᠤᠯᠤᠯ᠎ᠠ》 ᠬᠡᠵᠦ 8 ᠰᠠᠷ᠎ᠠ᠎ᠶ᠋ᠢᠨ 14᠎ᠤ ᠡᠳᠦᠷ ᠬᠤᠩᠱᠠᠨ ᠲᠣᠭᠤᠷᠢᠭ᠎ᠤᠨ ᠴᠢᠶᠤᠤ ᠪᠸᠢ ᠵᠡᠭᠡᠯᠢ ᠭᠤᠳᠤᠮᠵᠢ᠎ᠶ᠋ᠢᠨ ᠮᠥᠩᠭᠦᠨ ᠭᠦᠢᠯᠭᠡᠭᠡ ᠡᠳ᠋ ᠪᠠᠷᠠᠭᠠᠨ᠎ᠤ ᠭᠦᠢᠯᠭᠡᠭᠡᠨ᠎ᠤ ᠭᠠᠷᠠᠮ᠎ᠤᠨ ᠲᠤᠭᠤᠷᠢᠭ᠎ᠤᠨ ᠰᠠᠭᠤᠭᠠᠯᠢ ᠠᠷᠠᠳ ᠬᠠᠨ ᠰᠦ᠍ ᠶᠢᠩ ᠰᠡᠳᠭᠢᠯ ᠬᠠᠨᠤᠮᠵᠢᠲᠠᠢ ᠬᠡᠯᠡᠵᠤ ᠪᠠᠢᠯ᠎ᠠ᠃
ᠤᠢᠷ᠎ᠠ ᠳ᠋ᠤ᠂ ᠮᠥᠩᠭᠦᠨ ᠭᠦᠢᠯᠭᠡᠭᠡᠡᠳ᠋ ᠪᠠᠷᠠᠭᠠᠨ᠎ᠤ ᠭᠦᠢᠯᠭᠡᠭᠡᠨ᠎ᠤ ᠭᠠᠷᠠᠮ᠎ᠤᠨ ᠲᠤᠭᠤᠷᠢᠭ᠎ᠤᠨ ᠰᠠᠭᠤᠭᠠᠯᠢ ᠠᠷᠠᠳ ᠤᠰᠤ ᠭᠠᠳᠠᠭ᠍ᠰᠢᠯᠠᠭᠤᠯᠬᠤ ᠠᠮᠠᠰᠠᠷ ᠪᠠ ᠤᠰᠤ ᠵᠠᠯᠠᠬᠤ ᠭᠤᠤᠨᠢ ᠬᠤᠢᠲᠤ ᠲᠠᠯ᠎ᠠ᠎ᠵᠢᠨ ᠰᠢᠨ᠎ᠡ ᠪᠡᠷ ᠪᠠᠢᠭᠤᠯᠤᠭᠰᠠᠨ ᠬᠥᠮᠥᠷᠭᠡᠯᠡᠨ ᠬᠠᠳᠠᠭᠠᠯᠠᠬᠤ ᠤᠷᠤᠨ ᠳ᠋ᠤ ᠪᠦᠭᠯᠡᠭᠳᠡᠵᠦ᠂ ᠱᠢᠷᠦᠭᠦᠨ ᠪᠣᠷᠣᠭᠠᠨ᠎ᠲᠠᠢ ᠡᠳᠦᠷ ᠰᠠᠭᠤᠭᠠᠯᠢ ᠲᠣᠭᠤᠷᠢᠭ᠎ᠲᠤ ᠤᠰᠤ ᠬᠤᠷᠠᠵᠤ ᠪᠠᠢᠨ᠎ᠠ ᠭᠡᠵᠦ ᠨᠡᠢᠭᠡᠮ ᠲᠤᠭᠤᠷᠢᠭ ᠲᠤ᠌ ᠳᠤᠰᠬᠠᠪᠠ᠃
ᠴᠢᠶᠤᠤ ᠪᠸᠢ ᠵᠡᠭᠡᠯᠢ ᠭᠤᠳᠤᠮᠵᠢ᠎ᠶ᠋ᠢᠨ ᠨᠡᠢᠭᠡᠮ ᠲᠣᠭᠤᠷᠢᠭ᠎ᠤᠨ ᠠᠵᠢᠯᠲᠠᠳ ᠪᠠᠢᠳᠠᠯ᠎ᠢ ᠮᠡᠳᠡᠭ᠌ᠰᠡᠨ᠎ᠤ ᠳᠠᠷᠠᠭ᠎ᠠ ᠬᠥᠮᠥᠷᠭᠡᠯᠡᠨ ᠬᠠᠳᠠᠭᠠᠯᠠᠬᠤ ᠲᠤᠭᠤᠷᠢᠭ᠎ᠤᠨ ᠬᠠᠷᠢᠭᠤᠴᠠᠯᠭᠠᠲᠠᠨ᠎ᠲᠠᠢ ᠬᠠᠷᠢᠯᠴᠠᠵᠤ ᠪᠠᠢᠳᠠᠯ᠎ᠢ ᠣᠢᠯᠠᠭᠠᠵᠤ᠂ ᠬᠥᠮᠥᠷᠭᠡᠯᠡᠨ ᠬᠠᠳᠠᠭᠠᠯᠠᠬᠤ ᠲᠤᠭᠤᠷᠢᠭ᠎ᠤᠨ ᠬᠠᠷᠢᠭᠤᠴᠠᠯᠭᠠᠲᠠᠨ᠂ ᠰᠠᠭᠤᠭᠠᠯᠢ ᠲᠣᠭᠤᠷᠢᠭ᠎ᠤᠨ ᠠᠳᠠᠯ ᠠᠬᠤᠢ᠎ᠶ᠋ᠢᠨ ᠬᠠᠮᠢᠶᠠᠷᠤᠯᠲᠠ ᠵᠢᠨ ᠬᠢᠵᠠᠭᠠᠷᠲᠤ ᠺᠤᠮᠫᠠᠨᠢ᠎ᠵᠢᠨ ᠳᠠᠭᠠᠭᠠᠮᠠᠯ ᠪᠤᠯᠤᠨ ᠨᠡᠢᠭᠡᠮ ᠲᠣᠭᠤᠷᠢᠭ᠎ᠤᠨ ᠠᠵᠢᠯᠲᠠᠨ᠎ᠢ ᠵᠤᠬᠢᠴᠠᠭᠤᠯᠤᠨ ᠨᠢᠭᠤᠷᠳᠠᠨ ᠵᠥᠪᠳᠡᠯᠴᠡᠭᠡᠳ ᠬᠠᠮᠤᠭ ᠤᠨ ᠰᠠᠬᠥᠯ ᠳᠤ ᠠᠳᠠᠯ ᠠᠬᠤᠢ᠎ᠶ᠋ᠢᠨ ᠬᠠᠮᠢᠶᠠᠷᠤᠯᠲᠠ ᠵᠢᠨ ᠬᠢᠵᠠᠭᠠᠷᠲᠤ ᠺᠤᠮᠫᠠᠨᠢ ᠰᠠᠭᠤᠭᠠᠯᠢ ᠲᠣᠭᠤᠷᠢᠭ᠎ᠲᠤ ᠲᠤᠰᠠᠭᠠᠷ ᠤᠰᠤ ᠲᠠᠲᠠᠬᠤ ᠬᠤᠭᠤᠯᠠᠶ ᠪᠠᠢᠭᠤᠯᠵᠤ᠂ ᠤᠰᠤ ᠭᠠᠳᠠᠭ᠍ᠰᠢᠯᠠᠭᠤᠯᠬᠤ ᠠᠰᠠᠭᠤᠳᠠᠯ᠎ᠢ ᠲᠤᠢᠯᠪᠤᠷᠢᠲᠠᠢ ᠱᠢᠢᠳᠪᠦᠷᠢᠯᠡᠵᠠᠢ᠃
ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠦᠷᠨᠢᠭᠦᠯᠦᠭᠰᠡᠨ᠎ᠠᠴᠠ ᠨᠠᠭᠠᠰᠢ᠂ ᠤᠯᠠᠭᠠᠨᠬᠠᠳᠠ ᠬᠤᠳᠠ᠎ᠶ᠋ᠢᠨ ᠬᠤᠩᠱᠠᠨ ᠲᠣᠭᠤᠷᠢᠭ ᠤᠯᠠᠨ ᠲᠦᠮᠡᠨ᠎ᠤ 《ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ᠍》 ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠯᠴᠠᠯᠭ᠎ᠠ ᠬᠥᠮᠦᠵᠢᠯ ᠢ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠲᠠᠢ ᠨᠢᠭ᠍ᠲᠠ ᠤᠶᠠᠯᠳᠤᠭᠤᠯᠵᠤ᠂ 《ᠠᠰᠠᠭᠤᠳᠠᠯ᠎ᠤᠨ ᠨᠠᠷᠢᠨ ᠲᠠᠩᠰᠠ》 ᠵᠢ 《ᠠᠷᠠᠳ᠎ᠤᠨ ᠠᠮᠢᠳᠤᠷᠠᠯ᠎ᠤᠨ ᠨᠠᠷᠢᠨ ᠲᠠᠩᠰᠠ》 ᠪᠣᠯᠭᠠᠨ ᠬᠤᠪᠢᠷᠠᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ᠎ᠶ᠋ᠢ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠦᠨᠡᠨ ᠰᠡᠳᠭᠢᠯ᠎ᠠᠴᠠ᠎ᠪᠠᠨ ᠤᠯᠠᠨ ᠲᠦᠮᠡᠨ᠎ᠳᠤ ᠰᠠᠢᠨ ᠶᠠᠪᠤᠳᠠᠯ ᠬᠢᠵᠦ᠍᠂ ᠪᠣᠳᠠᠲᠠᠢ ᠶᠠᠪᠤᠳᠠᠯ ᠬᠢᠵᠦ᠍᠂ ᠬᠦᠴᠢᠷ ᠶᠠᠪᠤᠳᠠᠯ᠎ᠢ᠎ᠨᠢ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ 《ᠬᠠᠯᠠᠮᠵᠢ》 ᠪᠠᠷ ᠰᠤᠷᠤᠯᠴᠠᠯᠭ᠎ᠠ ᠬᠥᠮᠦᠵᠢᠯ᠎ᠤᠨ 《ᠭᠦᠨᠵᠡᠭᠡᠢᠷᠡᠬᠦ᠌》 ᠶ᠋ᠢ ᠱᠢᠯᠭᠠᠨ ᠪᠠᠢᠴᠠᠭᠠᠪᠠ᠃
ᠨᠢᠭᠡ ᠤᠭᠤᠴᠢ ᠤᠰᠤ᠂ ᠨᠢᠭᠡ ᠬᠡᠰᠡᠭ ᠲᠤᠭᠤᠰᠬ᠎ᠠ ᠵᠡᠷᠭᠡ ᠠᠷᠠᠳ ᠣᠯᠠᠨ᠎ᠤ 《ᠪᠢᠴᠢᠯ ᠬᠦᠰᠡᠯ》᠎ᠢ᠋ ᠪᠡᠶᠡᠯᠡᠭᠦᠯᠬᠦ ᠨᠢ ᠠᠷᠠᠳ ᠣᠯᠠᠨ᠎ᠤ ᠠᠰᠠᠭᠤᠳᠠᠯ᠎ᠢ ᠦᠨᠡᠨ ᠬᠦ᠌ ᠪᠣᠳᠠᠲᠠᠶ ᠱᠢᠢᠳᠪᠦᠷᠢᠯᠡᠵᠤ ᠪᠠᠢᠭ᠎ᠠ ᠶᠠᠪᠤᠳᠠᠯ ᠪᠣᠯᠤᠨ᠎ᠠ᠃ 《ᠨᠡᠢᠭᠡᠮ ᠲᠣᠭᠤᠷᠢᠭ᠎ᠤᠨ ᠺᠠᠳ᠋ᠷ᠎ᠤᠨ ᠠᠴᠢ ᠪᠡᠷ ᠪᠢᠳᠡ ᠰᠠᠶᠢ ᠲᠦᠭᠡᠭᠡᠯ ᠤᠰᠤ ᠤᠯᠵᠤ ᠬᠡᠷᠡᠭᠯᠡᠵᠡᠢ᠂ ᠰᠡᠳᠭᠢᠯ ᠮᠠᠰᠢ ᠪᠠᠶᠠᠷᠳᠠᠢ ᠪᠠᠢᠨ᠎ᠠ》 ᠭᠡᠵᠥ᠍ ᠰᠢ ᠴᠧᠩ ᠵᠡᠭᠡᠯᠢ ᠭᠤᠳᠤᠮᠵᠢ᠎ᠶᠢᠨ ᠰᠠᠭᠤᠭᠠᠯᠢ ᠠᠷᠠᠳ ᠼᠤᠤ ᠶᠢᠩ ᠮᠢᠨ ᠶᠠᠷᠢᠨ᠎ᠠ᠃
ᠰᠢ ᠴᠧᠩ ᠵᠡᠭᠡᠯᠢ ᠭᠤᠳᠤᠮᠵᠢ᠎ᠶ᠋ᠢᠨ ᠲᠢᠶᠠᠨ ᠷᠦᠢ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠬᠤᠳᠠᠯᠳᠤᠭᠠᠨ᠎ᠤ ᠠᠰᠠᠷ᠂ ᠲᠢᠶᠠᠨ ᠹᠧᠩ ᠢᠳᠡᠱᠢᠨ ᠨᠣᠭᠤᠭ᠎ᠠ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠤᠨ ᠨᠡᠢᠲᠡ᠎ᠶ᠋ᠢᠨ ᠪᠠᠢᠷᠢ᠎ᠶ᠋ᠢᠨ ᠠᠰᠠᠷ᠎ᠢ ᠪᠠᠷᠢᠬᠰᠠᠨ᠎ᠠᠴᠠ ᠨᠠᠭᠠᠰᠢ ᠶᠡᠷᠦ᠎ᠨᠢ ᠥᠪᠡᠷᠲᠡᠭᠡᠨ ᠪᠡᠯᠡᠳᠭᠡᠭ᠌ᠰᠡᠨ ᠬᠤᠳᠳᠤᠭ᠎ᠢᠶᠠᠷ ᠤᠰᠤ ᠬᠠᠩᠭᠠᠵᠤ ᠪᠠᠢᠬᠰᠠᠨ ᠪᠤᠯᠬᠤᠷ ᠰᠠᠭᠤᠭᠠᠯᠢ ᠠᠷᠠᠳ ᠬᠤᠳᠠ᠎ᠶ᠋ᠢᠨ ᠶᠠᠪᠤᠳᠠᠯ᠎ᠤᠨ ᠤᠰᠤ᠎ᠲᠠᠢ ᠵᠠᠯᠭᠠᠬᠤ᠎ᠵᠢ ᠶᠡᠬᠡ ᠬᠦᠰᠡᠵᠦ ᠪᠠᠢᠵᠠᠢ᠃ ᠰᠠᠭᠤᠭᠠᠯᠢ ᠠᠷᠠᠳ᠎ᠤᠨ ᠤᠰᠤ ᠬᠡᠷᠡᠭ᠌ᠯᠡᠬᠦ᠌ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠰᠢ ᠴᠸᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ ᠲᠦᠭᠡᠭᠡᠯ ᠤᠰᠤᠨ᠎ᠤ ᠺᠣᠮᠫᠠᠨᠢ ᠵᠡᠷᠭᠡ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ ᠤᠰᠤᠨ᠎ᠤ ᠬᠡᠮᠵᠢᠭᠦᠷ᠎ᠢᠶᠠᠨ ᠰᠣᠯᠢᠬᠤ᠂ ᠬᠥᠭᠡᠷᠭᠡ᠎ᠶ᠋ᠢᠨ ᠭᠡᠷ᠎ᠢᠶᠠᠨ ᠨᠡᠮᠡᠭ᠌ᠳᠡᠭᠦᠯᠬᠦ᠂ ᠬᠤᠭᠤᠯᠠᠢ ᠱᠤᠭᠤᠮ᠎ᠤᠨ ᠪᠠᠷᠢᠯᠭ᠎ᠠ᠎ᠶ᠋ᠢᠨ ᠠᠵᠢᠯ᠎ᠢ ᠨᠡᠮᠡᠭ᠌ᠳᠡᠭᠦᠯᠬᠦ᠂ ᠲᠥᠬᠦᠭᠡᠷᠦᠮᠵᠢ᠎ᠶ᠋ᠢ ᠵᠣᠯᠭᠠᠭᠤᠯᠬᠤ ᠵᠡᠷᠭᠡ ᠠᠵᠢᠯᠬᠢᠬᠦ᠌ᠪᠠᠷ ᠳᠠᠮᠵᠢᠨ᠂ ᠵᠥᠪᠬᠡᠨ ᠨᠢᠭᠡᠬᠡᠨ ᠰᠠᠷ᠎ᠠ᠎ᠶ᠋ᠢᠨ ᠬᠤᠭᠤᠴᠠᠭᠠᠨ᠎ᠳᠤ 640 ᠡᠷᠦᠬᠡ ᠰᠠᠭᠤᠭᠠᠯᠢ ᠠᠷᠠᠳ᠎ᠢ ᠬᠠᠪᠰᠤᠷᠤᠨ ᠲᠦᠭᠡᠭᠡᠯ ᠤᠰᠤᠨ᠎ᠤ ᠬᠠᠩᠭᠠᠯᠭ᠎ᠠ᠎ᠶ᠋ᠢ ᠪᠡᠶᠡᠯᠡᠭᠦᠯᠪᠡ᠃
ᠨᠠᠮ᠎ᠤᠨ ᠰᠤᠷᠲᠠᠯ ᠪᠣᠯ ᠨᠠᠮ᠎ᠤᠨ ᠲᠦᠷᠢ ᠲᠥᠷᠬᠦ᠌ ᠮᠥᠨ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ᠎ᠤ ᠬᠠᠷᠢᠴᠠᠭ᠎ᠠ᠂ ᠬᠥᠮᠦᠨ᠎ᠤ ᠰᠡᠳᠭᠢᠯ᠎ᠢ ᠠᠵᠢᠭ᠍ᠯᠠᠵᠤ ᠪᠠᠢᠭ᠎ᠠ ᠱᠢᠯᠭᠠᠭᠤᠷ ᠮᠥᠨ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ ᠵᠢᠴᠢ ᠰᠤᠷᠲᠠᠯ᠎ᠤᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠬᠠᠬᠤ᠎ᠶ᠋ᠢ ᠳᠠᠭᠠᠯᠳᠤᠨ᠂ ᠬᠤᠩᠱᠠᠨ ᠲᠣᠭᠤᠷᠢᠭ 《ᠣᠯᠠᠨ ᠲᠦᠮᠡᠨ ᠬᠠᠮᠵᠢᠯᠴᠠᠬᠤ ᠵᠢ ᠱᠠᠭᠠᠷᠳᠠᠬᠤ》 ᠠᠵᠢᠯ᠎ᠤᠨ ᠰᠡᠳᠭᠢᠮᠵᠢ᠎ᠪᠠᠨ 《ᠰᠠᠨᠠᠭᠠᠴᠢᠯᠠᠭ᠎ᠠ᠎ᠠᠴᠠ᠎ᠪᠠᠨ ᠣᠯᠠᠨ ᠲᠦᠮᠡᠨ᠎ᠤ ᠬᠦᠴᠢᠷ ᠠᠰᠠᠭᠤᠳᠠᠯ᠎ᠢ ᠱᠢᠢᠳᠪᠦᠷᠢᠯᠡᠬᠦ᠌》 ᠠᠵᠢᠯᠯᠠᠭᠠᠨ᠎ᠤ ᠬᠡᠪ ᠵᠠᠭ᠍ᠪᠤᠷ ᠪᠣᠯᠭᠠᠨ ᠲᠣᠬᠢᠷᠠᠭᠤᠯᠵᠤ᠂ ᠨᠠᠮ᠎ᠤᠨ ᠬᠡᠰᠢᠬᠦᠨ ᠪᠠ ᠤᠯᠠᠨ ᠲᠦᠮᠡᠨ᠂ ᠺᠠᠳ᠋ᠷ ᠪᠠ ᠣᠯᠠᠨ ᠲᠦᠮᠡᠨ᠎ᠤ ᠬᠠᠷᠢᠴᠠᠭᠠᠨ᠎ᠳᠤ ᠦᠨᠳᠦᠰᠦᠨ ᠬᠤᠪᠢᠷᠠᠯᠲᠠ ᠭᠠᠷᠤᠭ᠍ᠰᠠᠨ ᠪᠠᠢᠨ᠎ᠠ᠃
《ᠶᠦᠩ ᠵᠢᠤᠢ ᠵᠡᠭᠡᠯᠢ ᠭᠤᠳᠤᠮᠵᠢ᠎ᠶ᠋ᠢᠨ ᠵᠢᠦ ᠱᠧᠨ ᠮᠢᠶᠣᠣ ᠨᠡᠢᠭᠡᠮ ᠲᠣᠭᠤᠷᠢᠭ᠎ᠤᠨ ᠶᠢᠰᠦᠳᠦᠭᠡᠷ ᠳᠤᠮᠳᠠᠳᠤ ᠪᠠᠭ᠎ᠠ ᠰᠤᠷᠭᠠᠭᠤᠯᠢ᠎ᠶ᠋ᠢᠨ ᠲᠣᠭᠤᠷᠢᠭ᠎ᠤᠨ 2᠂ 3᠂ 4 ᠳ᠋ᠦ᠍ᠭᠡᠷ ᠠᠰᠠᠷ᠎ᠨᠢ ᠵᠠᠯᠭᠠᠭ᠎ᠠ᠎ᠪᠠᠷ ᠶᠡᠬᠡ ᠰᠠᠯᠬᠢᠨ ᠲᠠᠢ ᠠᠭᠤᠷ ᠠᠮᠢᠰᠬᠤᠯ ᠡᠴᠡ ᠪᠤᠯᠵᠤ᠂ ᠠᠰᠠᠷ᠎ᠤᠨ ᠣᠷᠣᠶ ᠲᠤ᠌ ᠴᠠᠪ ᠭᠠᠷᠴᠤ᠂ ᠡᠭᠦᠨ᠎ᠤ ᠳᠡᠭᠡᠷ᠎ᠡ ᠲᠣᠰ ᠠᠰᠠᠷ᠎ᠨᠢ ᠵᠡᠭᠡᠯᠢ᠎ᠲᠠᠢ ᠨᠢᠭᠤᠷᠯᠠᠵᠤ ᠪᠠᠢᠭ᠎ᠠ ᠡᠴᠡ ᠲᠤᠩ ᠶᠡᠬᠡ ᠠᠮᠤᠷ ᠲᠦᠪᠰᠢᠨ᠎ᠤ ᠳᠠᠯᠳᠠ ᠭᠡᠮ ᠤᠷᠤᠰᠢᠵᠤ ᠪᠠᠢᠨ᠎ᠠ》 ᠭᠡᠵᠦ ᠨᠡᠢᠭᠡᠮ ᠲᠤᠭᠤᠷᠢᠭ᠎ᠦᠨ ᠠᠵᠢᠯᠲᠠᠨ ᠰᠦᠨ ᠯᠢ ᠶᠢᠩ ᠲᠤᠰᠭᠠᠪᠠ᠃ ᠶᠦᠩ ᠵᠢᠤᠢ ᠵᠡᠭᠡᠯᠢ ᠭᠤᠳᠤᠮᠵᠢ᠎ᠶ᠋ᠢᠨ᠎ᠬᠢᠨ ᠪᠠᠢᠳᠠᠯ᠎ᠢ ᠤᠢᠯᠠᠭᠠᠭᠰᠠᠨ᠎ᠤ ᠳᠠᠷᠠᠭ᠎ᠠ ᠲᠤᠰᠭᠠᠢ ᠮᠡᠷᠭᠡᠵᠢᠯ᠎ᠤᠨ ᠠᠵᠢᠯᠲᠠᠳ᠎ᠲᠠᠢ ᠬᠠᠷᠢᠯᠴᠠᠵᠤ ᠲᠥᠰᠦᠯ ᠲᠣᠭ᠍ᠲᠠᠭᠠᠵᠤ᠂ ᠠᠰᠠᠷ᠎ᠤᠨ ᠤᠷᠤᠢ ᠵᠢ ᠴᠠᠭ ᠲᠤᠬᠠᠢᠳᠤᠨᠢ ᠵᠠᠰᠠᠵᠤ ᠪᠡᠬᠢᠯᠠᠪᠠ᠃
ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠬᠤᠩᠱᠠᠨ ᠲᠣᠭᠤᠷᠢᠭ᠎ᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠭᠦᠨᠵᠡᠭᠡᠶ ᠰᠤᠷᠤᠯᠴᠠᠵᠤ᠂ ᠨᠠᠷᠢᠨ ᠬᠠᠷᠭᠤᠭᠤᠯᠵᠤ᠂ ᠯᠠᠪᠳᠠᠭᠤᠨ ᠪᠠᠲᠤᠲᠠᠶ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠢᠮᠠᠭ᠍ᠲᠠ ᠣᠯᠠᠨ ᠲᠦᠮᠡᠨ᠎ᠲᠠᠢ ᠰᠡᠳᠭᠢᠯ ᠨᠢᠭᠡᠳᠤᠨ ᠬᠠᠮᠲᠤ ᠠᠵᠢᠯᠯᠠᠵᠤ᠂ ᠣᠯᠠᠨ ᠲᠦᠮᠡᠨ᠎ᠤ ᠳᠡᠷᠭᠡᠳᠡᠬᠢ ᠪᠠᠭ᠎ᠠ ᠶᠠᠪᠤᠳᠠᠯ᠎ᠠᠴᠠ ᠡᠬᠢᠯᠡᠨ ᠬᠢᠵᠦ᠍᠂ ᠤᠳᠠᠭᠠᠱᠢᠷᠠᠭᠤᠯᠬᠤ ᠥᠬᠡᠶ᠂ ᠬᠠᠷᠢᠯᠴᠠᠨ ᠲᠦᠯᠬᠢᠯᠴᠡᠬᠦ᠌ ᠥᠬᠡᠶ᠂ ᠤᠴᠢᠷ ᠪᠣᠯᠭᠠᠨ᠎ᠳᠤ ᠬᠠᠷᠢᠭᠤ ᠥᠭ᠌ᠴᠦ᠂ ᠤᠴᠢᠷ ᠪᠣᠯᠭᠠᠨ᠎ᠢ ᠨᠠᠢᠳᠠᠪᠤᠷᠢᠵᠢᠭᠤᠯᠵᠤ᠂ ᠪᠣᠳᠠᠲᠠᠶ᠎ᠶ᠋ᠢ ᠡᠷᠬᠢᠮᠯᠡᠬᠦ᠌ ᠰᠤᠷᠲᠠᠯ᠎ᠢᠶᠠᠷ ᠣᠯᠠᠨ ᠲᠦᠮᠡᠨ᠎ᠤ ᠵᠥᠪᠱᠢᠶᠡᠷᠡᠯ᠎ᠢ ᠣᠯᠤᠭ᠍ᠰᠠᠨ ᠪᠠᠢᠨ᠎ᠠ᠃
ᠬᠤᠩ ᠮᠢᠶᠣᠣ ᠽᠢ ᠪᠠᠯᠭᠠᠰᠤᠨ᠎ᠤ ᠰᠢ ᠱᠦᠢ ᠳ᠋ᠢ ᠲᠣᠰᠭᠤᠨ᠎ᠤ 8 ᠳ᠋ᠤᠭᠠᠷ ᠳᠤᠭᠤᠢᠯᠠᠩ᠎ᠳᠤ 500 ᠭᠠᠷᠤᠢ ᠲᠣᠰᠭᠤᠨ᠎ᠤ ᠠᠷᠠᠳ ᠪᠤᠢ᠃ ᠲᠣᠰᠭᠤᠨ᠎ᠤ ᠭᠠᠵᠠᠷ᠎ᠤᠨ ᠪᠠᠢᠴᠠ ᠨᠡᠯᠢᠶᠡᠳ ᠳᠣᠣᠷ᠎ᠠ᠂ ᠪᠣᠷᠣᠭᠠᠨ᠎ᠤ ᠤᠯᠠᠷᠢᠯ ᠪᠤᠯᠪᠠᠯ ᠵᠠᠮ᠎ᠳᠤ ᠤᠰᠤ ᠲᠤᠨᠤᠵᠤ᠂ ᠡᠭᠦᠨ᠎ᠤ ᠳᠡᠭᠡᠷ᠎ᠡ ᠱᠦᠢᠨᠢ ᠵᠠᠮ ᠵᠢᠴᠢ ᠤᠤᠯ᠎ᠤᠨ ᠠᠭᠤᠳᠠᠮ ᠲᠠᠯᠠᠪᠠᠢ᠎ᠶ᠋ᠢᠨ ᠭᠠᠵᠠᠷ ᠤᠳᠠᠭᠠᠨ ᠵᠢᠯ ᠵᠠᠰᠠᠭ᠍ᠰᠠᠨ ᠦᠭᠡᠢ᠎ᠠᠴᠠ ᠪᠤᠯᠵᠤ᠂ ᠵᠠᠮ ᠨᠢ ᠡᠩᠬᠦᠯ ᠳᠤᠩᠬᠤᠯ ᠪᠤᠯᠵᠤ᠂ ᠠᠷᠠᠳ ᠤᠯᠠᠨ᠎ᠤ ᠡᠳᠦᠷ ᠲᠤᠳᠤᠮ᠎ᠤᠨ ᠶᠠᠪᠤᠵᠤ ᠰᠠᠭᠤᠬᠤ᠎ᠶ᠋ᠢ ᠨᠥᠯᠥᠭᠡᠯᠡᠪᠡ᠃ ᠬᠤᠩ ᠮᠢᠶᠤᠤ ᠽᠢ ᠪᠠᠯᠭᠠᠰᠤ᠎ᠨᠢ ᠲᠥᠷᠥᠯ ᠵᠦᠢᠯ᠎ᠤᠨ ᠪᠡᠯᠡ ᠮᠥᠩᠭᠦ᠎ᠶ᠋ᠢ ᠲᠡᠮᠡᠴᠡᠨ ᠣᠯᠬᠤ᠎ᠶ᠋ᠢ ᠢᠳᠡᠪᠬᠢᠲᠡᠢ ᠵᠣᠬᠢᠴᠠᠭᠤᠯᠵᠤ᠂ 2160 ᠲᠡᠭ᠌ᠰᠢ ᠳᠥᠷᠪᠡᠯᠵᠢᠨ ᠮᠧᠲᠷ ᠠᠭᠤᠳᠠᠮ ᠲᠠᠯᠠᠪᠠᠢ ᠪᠠᠢᠭᠤᠯᠵᠤ᠂ 5816 ᠲᠡᠭ᠌ᠰᠢ ᠳᠥᠷᠪᠡᠯᠵᠢᠨ ᠮᠧᠲᠷ ᠭᠠᠵᠠᠷ᠎ᠤᠨ ᠭᠠᠳᠠᠷᠭᠤ ᠵᠢ ᠰᠢᠨ᠎ᠡ ᠪᠡᠷ ᠳᠡᠪᠢᠰᠴᠤ᠂ 337 ᠮᠧᠲᠷ ᠤᠰᠤ ᠭᠠᠳᠠᠭ᠍ᠰᠢᠯᠠᠭᠤᠯᠬᠤ ᠬᠤᠭᠤᠯᠠᠢ ᠪᠠ 18 ᠬᠤᠭᠤᠯᠠᠢ᠎ᠶ᠋ᠢᠨ ᠬᠤᠳᠳᠤᠭ ᠪᠠᠢᠭᠤᠯᠪᠠ᠃
《ᠵᠦᠢ ᠵᠣᠬᠢᠰᠲᠠᠢ ᠲᠥᠯᠥᠪᠵᠢᠭᠦᠯᠭᠡ》 ᠡᠴᠡ 《ᠤᠰᠤ ᠬᠡᠷᠡᠭ᠌ᠯᠡᠬᠦ᠌᠎ᠳᠤ ᠵᠣᠪᠠᠨᠢᠯ ᠦᠭᠡᠢ》᠂ 《ᠶᠠᠪᠤᠵᠤ ᠰᠠᠭᠤᠬᠤ ᠠᠮᠤᠷ ᠲᠦᠪᠱᠢᠨ》 ᠡᠴᠡ 《ᠪᠠᠬᠢᠵᠢᠭᠦᠯᠦᠨ ᠰᠢᠨᠡᠳᠭᠡᠬᠦ》 ᠬᠦᠷᠲᠡᠯ᠎ᠡ᠂ ᠠᠷᠠᠳ᠎ᠤᠨ ᠠᠮᠢᠳᠤᠷᠠᠯ᠎ᠤᠨ ᠲᠤᠬᠠᠢ ᠬᠠᠯᠠᠭᠤᠨ ᠬᠦᠰᠡᠯ ᠡᠷᠡᠮᠡᠯᠵᠡᠯ᠎ᠳᠤ ᠬᠠᠷᠢᠭᠤᠯᠲᠠ ᠥᠭ᠌ᠴᠦ᠂ ᠠᠷᠠᠳ᠎ᠤᠨ ᠠᠮᠢᠳᠤᠷᠠᠯ᠎ᠤᠨ ᠪᠣᠳᠠᠲᠠᠢ ᠨᠠᠢᠳᠠᠪᠤᠷᠢᠵᠢᠭᠤᠯᠤᠯᠲᠠ ᠦᠷ᠎ᠡ ᠪᠦᠲᠦᠮᠵᠢ ᠤᠯᠪᠠ᠃ ᠬᠤᠩᠱᠠᠨ ᠲᠣᠭᠤᠷᠢᠭ᠎ᠤᠨ᠎ᠬᠢᠨ ᠦᠷᠭᠦᠯᠵᠢᠯᠡᠨ ᠤᠯᠠᠨ ᠲᠦᠮᠡᠨ᠎ᠤ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠂ ᠬᠦᠴᠢᠷ ᠠᠰᠠᠭᠤᠳᠠᠯ᠂ ᠲᠦᠭ᠌ᠵᠢᠮᠡᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠠᠮᠢᠳᠤᠷᠠᠯ᠎ᠤᠨ ᠲᠦᠷᠦᠯ ᠵᠦᠢᠯ᠎ᠢ ᠰᠡᠳᠭᠢᠯ ᠲᠠᠯᠪᠢᠨ ᠰᠠᠢᠲᠤᠷ ᠬᠢᠵᠦ᠍᠂ ᠤᠯᠠᠨ ᠲᠦᠮᠡᠨ᠎ᠤ ᠵᠣᠯ ᠵᠢᠷᠭᠠᠯ᠎ᠢ ᠪᠠᠲᠤ ᠴᠣᠭ᠍ᠴᠠᠯᠠᠨ᠎ᠠ᠃