《ᠭᠠᠷᠠᠭ᠎ᠤᠨ ᠰᠡᠭᠦᠯᠴᠢ᠎ᠶ᠋ᠢᠨ ᠡᠵᠢ》 ᠄ ᠭᠣᠪᠢ ᠨᠤᠲᠤᠭ᠎ᠤᠨ ᠬᠠᠢᠷ᠎ᠠ᠎ᠶ᠋ᠢᠨ ᠰᠠᠬᠢᠶ᠎ᠠ
2025-08-19 16:58:18
ᠵᠣᠬᠢᠶᠠᠭ᠍ᠴᠢ᠄
​ ᠬᠤᠩ ᠰᠢᠶᠠ
ᠣᠩᠱᠢᠭ᠍ᠰᠠᠨ ᠣᠳᠠᠭ᠎ᠠ᠄
★★★☆☆

《ᠭᠠᠷᠠᠭ᠎ᠤᠨ ᠰᠡᠭᠦᠯᠴᠢ᠎ᠳᠦ ᠵᠢᠵᠢᠭᠦᠷᠯᠡᠨ᠎ᠡ ᠦᠦ? ᠬᠠᠷᠢᠵᠤ ᠢᠷᠡᠵᠦ᠍ ᠲᠠᠢᠯᠤᠨ᠎ᠠ ᠦᠦ?》

ᠵᠢᠶᠠ ᠱᠢᠶᠠ᠎ᠲᠠᠶ ᠠᠭᠤᠯᠵᠠᠬᠤ ᠦᠶ᠎ᠡ᠎ᠳᠦ ᠲᠡᠷᠡ 14 ᠵᠢᠯ ᠬᠠᠪᠰᠤᠷᠤᠯᠴᠠᠭ᠎ᠠ ᠪᠠᠢᠭᠤᠯᠤᠬᠰᠠᠨ 《ᠬᠦᠦ》 ᠪᠠᠳᠠᠷᠠᠯ ᠲᠠᠢ᠎ᠪᠡᠨ ᠵᠢᠷᠬᠢᠶ᠎ᠡ ᠪᠡᠷ ᠶᠠᠷᠢᠯᠴᠠᠵᠤ ᠪᠠᠢᠯ᠎ᠠ᠃

ᠵᠢᠶᠠ ᠱᠢᠶᠠ ᠪᠤᠯ ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠨᠢᠭᠡᠳᠦᠭᠡᠷ ᠪᠦᠯᠦᠭ᠎ᠦᠨ 《ᠭᠠᠷᠠᠭ᠎ᠤᠨ ᠰᠡᠭᠦᠯᠴᠢ᠎ᠶ᠋ᠢᠨ ᠡᠵᠢ》 ᠪᠣᠯᠤᠨ᠎ᠠ᠃  ᠲᠡᠷᠡ 2011 ᠣᠨ᠎ᠠᠴᠠ ᠡᠬᠢᠯᠡᠨ《ᠭᠠᠷᠠᠭ᠎ᠤᠨ ᠰᠡᠭᠦᠯᠴᠢ ᠵᠢᠨ ᠡᠵᠢ —  ᠡᠮᠡᠭ᠌ᠲᠡᠶ ᠰᠠᠢᠨ ᠲᠤᠷᠠᠴᠤᠳ᠎ᠤᠨ ᠭᠡᠷ᠎ᠲᠡᠬᠡᠨ ᠬᠣᠴᠣᠷᠤᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ》ᠠᠵᠢᠯᠯᠠᠭ᠎ᠠ ᠳ᠋ᠦ ᠤᠷᠤᠯᠴᠠᠵᠦ᠂ ᠤᠳᠤ ᠨᠢᠭᠡᠨᠲᠡ 14 ᠪᠤᠯᠵᠤ ᠪᠤᠢ᠃ ᠲᠤᠬᠠᠢ᠎ᠶ᠋ᠢᠨ ᠦᠶ᠎ᠡ᠎ᠳᠦ ᠬᠠᠪᠰᠤᠷᠤᠯᠴᠠᠭ᠎ᠠ ᠪᠠᠢᠭᠤᠯᠤᠬᠰᠠᠨ ᠭᠤᠷᠪᠠᠳᠤᠭᠠᠷ ᠣᠨ᠎ᠤ ᠬᠡᠦᠬᠡᠳ ᠤᠳᠤ ᠨᠢᠭᠡᠨᠲᠡ ᠠᠵᠢᠯ᠎ᠤᠨ ᠪᠠᠢᠷᠢ᠎ᠳᠤ ᠭᠠᠷᠤᠬᠰᠠᠨ ᠪᠠᠢᠯ᠎ᠠ᠃

ᠵᠢᠶᠠ ᠱᠢᠶᠠ᠎ᠲᠠᠶ ᠠᠳᠠᠯᠢ᠎ᠪᠠᠷ  ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠥᠷᠭᠡᠨ ᠠᠭᠤᠳᠠᠮ ᠭᠣᠪᠢ ᠨᠤᠲᠤᠭ᠎ᠲᠤ  ᠨᠢᠭᠡ ᠪᠦᠯᠦᠭ ᠣᠨᠴᠠᠭᠠᠢ ᠡᠬᠡᠴᠦᠦᠯ ᠡᠨᠡᠷᠢᠯ ᠬᠠᠢᠷ᠎ᠠ᠎ᠪᠠᠷ᠎ᠢᠶᠠᠨ ᠭᠡᠷ᠎ᠲᠡᠭᠡᠨ ᠬᠣᠴᠣᠷᠤᠭ᠍ᠰᠠᠨ ᠬᠡᠦᠬᠡᠳ᠎ᠦᠨ ᠰᠡᠳᠭᠢᠯ᠎ᠢ ᠳᠤᠯᠠᠭᠠᠴᠠᠭᠤᠯᠵᠤ ᠪᠤᠢ᠃ ᠲᠡᠳᠡ ᠶᠠᠮᠠᠷ ᠴᠸ᠋ ᠴᠢᠰᠤᠨ ᠲᠥᠷᠥᠯ᠎ᠦᠨ ᠬᠠᠷᠢᠴᠠᠭ᠎ᠠ ᠦᠭᠡᠢ᠂ ᠶᠠᠮᠠᠷ ᠴᠸ᠋ ᠬᠠᠷᠢᠭᠤ ᠬᠦᠰᠡᠯᠲᠠ ᠦᠭᠡᠢ᠂ ᠵᠥᠪᠬᠡᠨ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ ᠳ᠋ᠦ ᠲᠤᠰᠠ ᠲᠡᠮ ᠪᠤᠯᠬᠤ ᠵᠢ ᠬᠦᠰᠡᠨ᠎ᠡ᠃

2011 ᠣᠨ᠎ᠳᠤ᠂ ᠤᠷᠠᠳ᠎ᠤᠨ ᠬᠣᠢᠲᠤ ᠬᠣᠱᠢᠭᠤᠨ᠎ᠤ ᠡᠮᠡᠭ᠌ᠲᠡᠢᠴᠦᠳ᠎ᠦᠨ ᠬᠣᠯᠪᠣᠭ᠎ᠠ ᠪᠠᠢᠴᠠᠭᠠᠨ ᠰᠤᠳᠤᠯᠤᠯᠲᠠ ᠬᠢᠬᠦ  ᠳ᠋ᠡᠭᠡᠨ᠂ ᠵᠠᠷᠢᠮ ᠬᠡᠤᠭᠡᠳ᠎ᠤᠨ ᠠᠪᠤ ᠡᠵᠢ ᠨᠢ ᠭᠠᠳᠠᠭ᠍ᠰᠢ ᠭᠠᠷᠴᠤ᠌ ᠬᠦᠯᠦᠰᠦᠨ ᠠᠵᠢᠯ ᠬᠢᠵᠦ᠍ ᠣᠷᠳᠣ ᠬᠤᠭᠤᠴᠠᠭ᠎ᠠ ᠲᠡᠷᠭᠡᠳᠡ᠎ᠳᠤᠨᠢ ᠪᠠᠢᠬᠤ ᠥᠬᠡᠶ᠂ ᠪᠣᠢᠳᠠ ᠪᠦᠭ᠌ᠯᠡᠭᠦᠦ ᠮᠠᠯᠵᠢᠬᠤ ᠣᠷᠣᠨ᠎ᠤ ᠬᠡᠦᠬᠡᠳ ᠪᠠᠢᠷᠢ᠎ᠳᠤ ᠰᠠᠭᠤᠵᠤ  ᠭᠠᠷᠠᠭ᠎ᠤᠨ ᠰᠡᠭᠦᠯᠴᠢ᠎ᠪᠡᠷ ᠬᠠᠷᠠᠵᠤ ᠬᠠᠷᠠᠭᠠᠯᠵᠠᠬᠤ ᠬᠥᠮᠦᠨ ᠥᠬᠡᠶ᠂ ᠪᠠᠰᠠ ᠨᠢᠭᠡ ᠪᠦᠯᠦᠭ ᠬᠡᠦᠬᠡᠳ᠎ᠤᠨ ᠭᠡᠷ ᠪᠦᠯᠢ ᠨᠢ ᠰᠠᠯᠵᠤ ᠪᠤᠳᠠᠷᠠᠨ᠂ ᠲᠦᠷᠦᠯ ᠰᠠᠳᠤᠨ ᠨᠢ ᠨᠠᠰᠤ ᠪᠠᠷᠠᠭ᠍ᠰᠠᠨ᠂ ᠵᠡᠮᠳᠡᠭ ᠪᠣᠯᠤᠭ᠍ᠰᠠᠨ ᠵᠡᠷᠭᠡ ᠱᠢᠯᠲᠠᠭᠠᠨ᠎ᠠᠴᠠ ᠪᠤᠯᠵᠤ ᠤᠨᠴᠠ ᠬᠦᠴᠢᠷᠳᠡᠯᠳᠡᠢ ᠪᠠᠢᠭ᠎ᠠ᠎ᠶ᠋ᠢ ᠣᠯᠵᠤ ᠮᠡᠳᠡᠵᠡᠶ᠃

ᠡᠳᠡᠭᠡᠷ ᠬᠡᠦᠬᠡᠳ᠎ᠲᠦ ᠲᠦᠷᠦᠯ ᠰᠠᠳᠤᠨ᠎ᠤ ᠬᠠᠢᠷ᠎ᠠ ᠰᠡᠳᠭᠢᠯᠭᠡ᠂ ᠭᠡᠷ ᠪᠦᠯᠢ ᠵᠢᠨ ᠬᠥᠮᠦᠵᠢᠯ ᠳᠤᠲᠠᠮᠠᠭ᠎ᠠᠰᠠᠭᠤᠳᠠᠯ ᠲᠦᠭᠡᠮᠡᠯ ᠣᠷᠣᠱᠢᠵᠤ ᠪᠠᠢᠳᠠᠬ᠃ ᠤᠷᠠᠳ᠎ᠤᠨ ᠬᠣᠢᠲᠤ ᠬᠣᠱᠢᠭᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠭᠠᠷᠠᠭ᠎ᠤᠨ ᠰᠡᠭᠦᠯᠴᠢ᠎ᠶ᠋ᠢᠨ ᠡᠵᠢ》ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠥᠷᠨᠢᠭᠦᠯᠬᠦ᠌ ᠵᠢ ᠰᠡᠳᠦᠵᠦ᠂ ᠰᠠᠢᠨ ᠳᠤᠷᠠᠴᠤᠳ ᠡᠴᠡ ᠬᠡᠷ᠎ᠲᠡᠬᠡᠨ ᠬᠣᠴᠣᠷᠤᠭ᠍ᠰᠠᠨ ᠬᠡᠦᠬᠡᠳ ᠲᠠᠢ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌᠎ᠪᠡᠷ ᠳᠠᠮᠵᠢᠨ ᠲᠡᠳᠡᠨ᠎ᠳᠦ ᠬᠠᠯᠠᠭᠤᠨ ᠳᠤᠯᠠᠭᠠᠨ ᠬᠡᠷ ᠪᠦᠯᠢ᠎ᠶ᠋ᠢᠨ ᠣᠷᠴᠢᠨ ᠨᠥᠬᠥᠴᠡᠯ ᠬᠠᠩᠭᠠᠵᠠᠢ᠃ 《2011 ᠣᠨ᠎ᠤ ᠦᠶ᠎ᠡ᠎ᠳᠦ᠂ ᠪᠢᠳᠡ ᠤᠷᠢᠳ ᠵᠢᠡᠷ ᠬᠡᠷ᠎ᠲᠡᠭᠡᠨ ᠬᠣᠴᠣᠷᠤᠭ᠍ᠰᠠᠨ ᠬᠡᠦᠬᠡᠳ᠎ᠢ ᠱᠢᠯᠢᠨ ᠰᠣᠩᠭᠣᠵᠤ᠂ ᠪᠠᠢᠳᠠᠯ᠎ᠢ ᠤᠢᠯᠠᠭᠠᠭᠰᠠᠨ᠎ᠤ ᠳᠠᠷᠠᠭ᠎ᠠ ᠬᠡᠷ᠎ᠲᠡᠭᠡᠨ ᠬᠣᠴᠣᠷᠤᠭ᠍ᠰᠠᠨ ᠬᠡᠦᠬᠡᠳ᠎ᠲᠦ ᠶᠠᠮᠠᠷ 〈ᠭᠠᠷᠠᠭ᠎ᠤᠨ ᠰᠡᠭᠦᠯᠴᠢ᠎ᠶ᠋ᠢᠨ ᠡᠵᠢ〉 ᠡᠷᠢᠵᠦ ᠦᠭᠬᠦ᠂ ᠶᠠᠭᠠᠬᠢᠵᠤ ᠡᠷᠢᠬᠦ ᠨᠢ ᠬᠠᠮᠤᠭ᠎ᠤᠨ ᠬᠦᠴᠢᠷᠲᠡᠶ ᠠᠰᠠᠭᠤᠳᠠᠯ ᠪᠤᠯᠪᠠ᠃ ᠪᠢᠳᠠ ᠨᠢᠭᠡ ᠨᠢᠭᠡ᠎ᠪᠡᠷ ᠱᠢᠯᠢᠨ ᠰᠣᠩᠭᠣᠵᠤ᠂ ᠬᠠᠷᠭᠤᠭᠤᠯᠤᠨ ᠲᠣᠳᠣᠯᠠᠬᠰᠠᠨ᠎ᠤ ᠲᠠᠷᠠᠭ᠎ᠠ ᠨᠢᠭᠡᠳᠦᠭᠡᠷ ᠪᠦᠯᠦᠭ᠎ᠦᠨ 16 ᠡᠵᠢ ᠵᠢ ᠡᠷᠢᠵᠦ ᠤᠯᠪᠠ》 ᠬᠡᠵᠦ ᠤᠷᠠᠳ᠎ᠤᠨ ᠬᠣᠢᠲᠤ ᠬᠣᠱᠢᠭᠤᠨ᠎ᠤ ᠡᠮᠡᠭ᠌ᠲᠡᠢᠴᠦᠳ᠎ᠦᠨ ᠬᠤᠯᠪᠤᠭ᠎ᠠ ᠵᠢᠨ ᠤᠤᠯ᠎ᠤᠨ ᠲᠡᠷᠢᠭᠦᠯᠡᠭ᠌ᠴᠢ ᠸᠠᠩ ᠶᠠᠨ ᠰᠤᠷᠪᠤᠯᠵᠢᠯᠠᠭ᠍ᠴᠢ᠎ᠳᠤ ᠬᠡᠯᠡᠨ᠎ᠡ᠃

《 ᠭᠠᠷᠠᠭ᠎ᠤᠨ ᠰᠡᠭᠦᠯᠴᠢ᠎ᠶ᠋ᠢᠨ ᠡᠵᠢ 》 ᠡᠮᠡᠭ᠌ᠲᠡᠢᠴᠦᠳ᠎ᠦᠨ ᠰᠠᠢᠨ ᠳᠤᠷ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠥᠷᠨᠢᠮᠡᠭ᠌ᠴᠡ ᠨᠡᠢᠭᠡᠮ᠎ᠦᠨ ᠡᠯ᠎ᠡ ᠡᠲᠡᠭᠡᠳ᠎ᠦᠨ ᠬᠦᠷᠢᠶᠡᠯᠡᠯ᠎ᠢ ᠣᠯᠵᠠᠶ᠃ ᠤᠷᠠᠳ᠎ᠤᠨ ᠬᠣᠢᠲᠤ ᠬᠣᠱᠢᠭᠤᠨ᠎ᠤ ᠡᠯ᠎ᠡ ᠪᠠᠢᠭᠤᠯᠭ᠎ᠠ ᠨᠢᠭᠡᠴᠢ᠎ᠶ᠋ᠢᠨ ᠡᠮᠡᠭ᠌ᠲᠡᠢ ᠠᠵᠢᠯᠲᠠᠳ ᠬᠡᠦᠬᠡᠳ᠎ᠢ ᠬᠠᠪᠰᠤᠷᠤᠨ ᠲᠡᠳᠬᠦᠵᠦ᠍ ᠬᠡᠷ᠎ᠲᠡᠬᠡᠨ ᠠᠪᠠᠴᠢᠵᠤ᠂ ᠲᠡᠳᠡᠨ᠎ᠳᠦ ᠡᠭᠡ ᠵᠢᠨ ᠬᠠᠢᠷ᠎ᠠ ᠬᠠᠯᠠᠮᠵᠢ ᠬᠦᠷᠲᠡᠭᠡᠵᠦ᠍᠂ ᠪᠡᠶ᠎ᠡ ᠰᠡᠳᠭᠢᠯ᠎ᠦᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠠᠬᠢᠭᠤᠯᠪᠠ᠃

ᠬᠤᠤ ᠼᠦᠢ ᠯᠢᠶᠠᠨ ᠪᠣᠯ ᠥᠪᠥᠷ ᠮᠣᠩᠭᠣᠯ᠎ᠤᠨ ᠱᠢᠯᠵᠢᠭᠡ ᠬᠣᠯᠪᠣᠭ᠎ᠠ᠎ᠶ᠋ᠢᠨ ᠪᠠᠶᠠᠨᠨᠠᠭᠤᠷ ᠺᠣᠮᠫᠠᠨᠢ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠬᠤᠪᠢᠶᠠᠷᠢ ᠺᠣᠮᠫᠠᠨᠢ᠎ᠶ᠋ᠢᠨ ᠬᠡᠷᠡᠭ᠌ᠯᠡᠭ᠌ᠴᠢᠳ᠎ᠤᠨ ᠠᠵᠢᠯ᠎ᠤᠨ ᠭᠠᠵᠠᠷ᠎ᠤᠨ ᠳᠠᠭᠠᠭᠠᠮᠠᠯ ᠪᠣᠯᠤᠨ᠎ᠠ᠃ 2014 ᠣᠨ᠎ᠳᠤ 《ᠭᠠᠷᠠᠭ᠎ᠤᠨ ᠰᠡᠭᠦᠯᠴᠢ᠎ᠶ᠋ᠢᠨ ᠡᠵᠢ》 ᠰᠠᠢᠨ ᠳᠤᠷ᠎ᠠ᠎ᠶ᠋ᠢᠨ ᠠᠩᠭᠢ᠎ᠳᠤ ᠣᠷᠣᠯᠴᠠᠭ᠍ᠰᠠᠨ᠎ᠠᠴᠠ ᠨᠠᠭᠠᠰᠢ᠂ ᠲᠡᠷᠡ ᠤᠷᠢᠳ ᠬᠣᠵᠢᠳ ᠠᠳᠠᠯᠢ ᠪᠤᠰᠤ ᠦᠨᠳᠦᠰᠦᠲᠡᠨ᠎ᠦ 3 ᠬᠡᠤᠬᠡᠨ ᠰᠤᠷᠤᠬᠴᠢ᠎ᠲᠡᠶ ᠬᠠᠪᠰᠤᠷᠤᠯᠴᠠᠭ᠎ᠠ ᠪᠠᠢᠭᠤᠯᠪᠠ᠃ ᠭᠠᠷᠠᠭ᠎ᠤᠨ ᠰᠡᠭᠦᠯᠴᠢ ᠪᠣᠯᠬᠤ ᠪᠦᠷᠢ ᠬᠤᠤ ᠼᠦᠢ ᠯᠢᠶᠠᠨ ᠬᠡᠦᠬᠡᠳ᠎ᠤᠳ᠎ᠢ ᠭᠡᠷ᠎ᠲᠡᠬᠡᠨ ᠠᠪᠴᠢᠷᠠᠵᠤ᠂ ᠲᠡᠳᠡᠨ᠎ᠦ ᠢᠳᠡᠬᠦ᠌ ᠳᠤᠷᠠᠲᠠᠢ ᠠᠮᠲᠠᠲᠤ ᠢᠳᠡᠭᠡᠨ᠎ᠢ ᠪᠡᠯᠡᠳᠭᠡᠵᠦ᠂ ᠬᠤᠪᠴᠠᠰᠤ ᠬᠤᠨᠠᠷ᠎ᠢ ᠨᠢ ᠤᠬᠢᠶᠠᠵᠤ᠂ ᠪᠡᠶ᠎ᠡ ᠵᠢ ᠨᠢ ᠤᠬᠢᠶᠠᠵᠤ᠂ ᠳᠠᠰᠭᠠᠯ᠎ᠢ ᠨᠢ ᠵᠢᠯᠣᠭᠣᠳᠴᠤ᠌᠂ ᠪᠠᠰᠠ ᠲᠡᠳᠡᠨ᠎ᠳᠦ ᠭᠡᠷ᠎ᠦᠨ ᠠᠵᠢᠯ ᠬᠢᠬᠦ᠌᠎ᠶ᠋ᠢ ᠵᠢᠭᠠᠳᠠᠭ ᠪᠠᠢᠯ᠎ᠠ᠃

《 〈ᠭᠠᠷᠠᠭ᠎ᠤᠨ ᠰᠡᠭᠦᠯᠴᠢ᠎ᠶ᠋ᠢᠨ ᠡᠵᠢ〉 ᠪᠣᠯᠤᠭ᠍ᠰᠠᠨ᠎ᠤ ᠬᠤᠪᠢ᠎ᠳᠤ ᠪᠢ ᠥᠪᠡᠷ᠎ᠦᠨ ᠬᠠᠢᠷ᠎ᠠ᠎ᠪᠠᠷ᠎ᠢᠶᠠᠨ ᠬᠡᠦᠬᠡᠳ᠎ᠦᠳ᠎ᠲᠦ ᠶᠢᠷᠲᠢᠨᠴᠦ᠍᠎ᠶ᠋ᠢᠨ ᠰᠠᠢ᠌ᠨ ᠰᠠᠢᠬᠠᠨ᠎ᠢ ᠮᠡᠳᠡᠷᠡᠬᠦᠯᠵᠦ᠂ ᠥᠭᠡᠳᠡᠷᠬᠡᠭ ᠴᠠᠢᠯᠭᠠᠨ ᠬᠦᠴᠦᠨ᠎ᠢ  ᠲᠠᠮᠵᠢᠭᠤᠯᠬᠤ ᠵᠢ ᠬᠦᠰᠡᠨ᠎ᠡ》ᠬᠡᠵᠦ ᠬᠤᠤ ᠼᠦᠢ ᠯᠢᠶᠠᠨ᠎ᠢᠨᠢᠶᠡᠮᠰᠦᠭ᠌ᠯᠡᠨ ᠬᠡᠯᠡᠯ᠎ᠡ᠃

ᠤᠷᠠᠳ᠎ᠤᠨ ᠬᠣᠢᠲᠤ ᠬᠣᠱᠢᠭᠤᠨ᠎ᠤ ᠡᠮᠡᠭ᠌ᠲᠡᠢᠴᠦᠳ᠎ᠦᠨ ᠬᠣᠯᠪᠣᠭ᠎ᠠ ᠰᠠᠢᠨ ᠲᠤᠷᠠᠴᠤᠳ᠎ᠤᠨ ᠦᠶ᠋ᠯᠡᠴᠢᠯᠡᠭᠡᠨ᠎ᠦ ᠲᠠᠩᠰᠠ ᠡᠪᠬᠡᠮᠡᠯ᠂ ᠰᠠᠢᠨ ᠲᠤᠷᠠᠴᠤᠳ᠎ᠤᠨ ᠦᠶ᠋ᠯᠡᠴᠢᠯᠡᠭᠡᠨ᠎ᠦ ᠰᠣᠯᠢᠯᠴᠠᠭᠠᠨ᠎ᠤ ᠪᠦᠯᠬᠦᠮ᠎ᠢ ᠪᠠᠢᠭᠤᠯᠵᠤ᠂ ᠪᠦᠷᠢᠨ ᠲᠡᠭᠦᠯᠳᠡᠷ ᠰᠠᠢᠨ ᠲᠤᠷᠠᠴᠤᠳ᠎ᠤᠨ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠰᠠᠢᠨ ᠲᠤᠷᠠᠴᠤᠳ᠎ᠤᠨ ᠵᠢᠯᠣᠭᠣᠳᠣᠯᠭ᠎ᠠ ᠰᠣᠯᠢᠯᠴᠠᠭ᠎ᠠ᠎ᠶ᠋ᠢ ᠴᠢᠩᠭᠠᠳᠭᠠᠵᠤ᠂ ᠬᠠᠯᠠᠮᠵᠢᠯᠠᠨ ᠬᠠᠢᠷᠠᠯᠠᠬᠤ ᠠᠵᠢᠯᠯᠠᠭ᠎ᠠ᠎ᠶ᠋ᠢᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ ᠪᠤᠢ᠃ ᠰᠠᠢᠨ ᠳᠤᠷᠠᠴᠤᠳ᠎ᠤᠨ ᠡᠩᠨᠡᠭᠡ ᠥᠷᠭᠡᠵᠢᠵᠦ᠍᠂ ᠠᠵᠢᠯᠯᠠᠭᠠᠨ᠎ᠤ ᠬᠡᠯᠪᠡᠷᠢ ᠨᠢ ᠴᠦ᠍ ᠣᠶᠤᠨ ᠰᠠᠨᠠᠭᠠᠨ᠎ᠤ ᠬᠠᠯᠠᠮᠵᠢᠯᠠᠯ᠂ ᠡᠳ᠋ ᠪᠣᠳᠠᠰ᠎ᠢᠶᠠᠷ ᠬᠠᠪᠰᠤᠷᠤᠨ ᠲᠡᠳᠬᠦᠬᠦ᠌ ᠡᠴᠡ ᠲᠥᠷᠥᠯ ᠰᠠᠳᠤᠨ᠎ᠤ ᠬᠠᠢᠷ᠎ᠠ ᠬᠠᠯᠠᠮᠵᠢ ᠬᠦᠷᠳᠡᠭᠡᠬᠦ᠂ ᠠᠵᠤ ᠠᠬᠤᠶ᠎ᠵᠢᠨ ᠳᠠᠯ᠎ᠠ᠎ᠪᠠᠷ ᠬᠠᠪᠰᠤᠷᠤᠨ ᠲᠡᠳᠬᠦᠬᠦ᠌ ᠵᠡᠷᠭᠡ ᠣᠯᠠᠨ ᠡᠰᠢᠳᠦ ᠪᠣᠯᠵᠣ᠂ 《ᠭᠠᠷᠠᠭ᠎ᠤᠨ ᠰᠡᠭᠦᠯᠴᠢ᠎ᠶ᠋ᠢᠨ ᠡᠵᠢ》 ᠰᠠᠢᠨ ᠲᠤᠷ᠎ᠠ ᠵᠢᠨ ᠠᠵᠢᠯᠯᠠᠭ᠎ᠠ ᠨᠢ  ᠲᠤᠬᠠᠶ᠎ᠶ᠋ᠢᠨ ᠭᠠᠵᠠᠷ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ ᠠᠵᠢᠯ᠎ᠤᠨ ᠨᠠᠷᠠᠲᠤ ᠲᠦᠷᠦᠯ ᠲᠡᠮᠳᠡᠭ ᠪᠣᠯᠵᠠᠶ᠃ ᠣᠳᠣᠬᠠᠨ ᠪᠣᠯᠲᠠᠯ᠎ᠠ᠂ ᠤᠷᠠᠳ᠎ᠤᠨ ᠬᠣᠢᠲᠤ ᠬᠣᠱᠢᠭᠤ《ᠨᠢᠯᠬ᠎ᠠ ᠨᠠᠬᠢᠶ᠎ᠠ》 ᠶ᠋ᠢ ᠬᠠᠯᠠᠮᠵᠢᠯᠠᠬᠤ ᠪᠠᠯᠠ ᠮᠥᠩᠭᠥ᠎ᠶ᠋ᠢ ᠨᠡᠢᠲᠡ 120 ᠭᠠᠷᠤᠶ ᠲᠦᠮᠡᠨ ᠲᠥᠭᠥᠷᠢᠭ ᠪᠠᠭᠤᠯᠭᠠᠵᠤ᠂ 170 ᠲᠦᠮᠡ ᠱᠢᠬᠠᠮ ᠲᠥᠭᠥᠷᠢᠭ᠎ᠤᠨ ᠲᠥᠷᠥᠯ ᠵᠦᠶ᠋ᠯ ᠪᠠ ᠬᠠᠢᠷ᠎ᠠ ᠬᠠᠯᠠᠮᠵᠢ᠎ᠶ᠋ᠢᠨ ᠡᠳ᠋ ᠪᠣᠳᠠᠰ᠎ᠢ  ᠣᠯᠵᠤ᠂ 600 ᠭᠠᠷᠤᠶ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠪᠰᠤᠷᠴᠤ᠂ 194 ᠬᠤᠤᠰ ᠬᠠᠪᠰᠤᠷᠤᠯᠴᠠᠭ᠎ᠠ ᠪᠠᠢᠭᠤᠯᠪᠠ᠃

《ᠭᠠᠷᠠᠭ᠎ᠤᠨ ᠰᠡᠭᠦᠯᠴᠢ᠎ᠶ᠋ᠢᠨ ᠡᠵᠢ》 ᠠᠷᠪᠠᠨ ᠬᠡᠳᠦᠨ ᠵᠢᠯ᠎ᠤᠨ ᠲᠤᠷᠰᠢ ᠡᠨᠡᠷᠢᠯ ᠬᠠᠢᠷ᠎ᠠ᠎ᠪᠠᠷ᠎ᠢᠶᠠᠨ ᠲᠣᠭ᠎ᠠ ᠲᠣᠮᠰᠢ ᠦᠭᠡᠢ ᠤᠯᠠᠨ ᠭᠡᠷ᠎ᠲᠡᠭᠡᠨ ᠬᠣᠴᠣᠷᠤᠭ᠍ᠰᠠᠨ ᠬᠦᠴᠢᠷᠳᠡᠯᠲᠡᠢ ᠬᠡᠦᠬᠡᠳ᠎ᠦᠨ ᠰᠡᠳᠭᠢᠯ᠎ᠢ ᠳᠤᠯᠠᠭᠠᠴᠠᠭᠤᠯᠪᠠ᠃ ᠲᠡᠳᠡ ᠪᠣᠳᠠᠲᠤ ᠠᠵᠢᠯᠯᠠᠭ᠎ᠠ᠎ᠪᠠᠷ᠎ᠢᠶᠠᠨ《ᠶᠡᠬᠡ ᠬᠠᠢᠷ᠎ᠠ ᠬᠢᠵᠠᠭᠠᠷ ᠦᠭᠡᠢ》ᠬᠡᠳᠡᠭ ᠦᠨᠡᠨ ᠶᠣᠰᠣ᠎ᠶ᠋ᠢ ᠲᠠᠢᠯᠪᠤᠷᠢᠯᠠᠵᠤ᠂ ᠨᠠᠩ ᠣᠯᠠᠨ ᠬᠡᠦᠬᠡᠳ᠎ᠦᠨ ᠢᠷᠡᠭᠡᠳᠦᠶ᠎ᠶ᠋ᠢᠨ ᠵᠠᠮ᠎ᠢ ᠭᠡᠷᠡᠯᠲᠦᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号