ᠵᠠᠩᠵᠤᠨ ᠤ᠋ ᠶᠠᠮᠤᠨ ᠤ᠋ ᠮᠦᠽᠧᠶ ᠴᠣ ᠱᠢᠨ᠎ᠡ ᠳᠦᠷᠰᠦ ᠪᠠᠢᠳᠠᠯ ᠵᠢᠡᠷ ᠵᠢᠭᠤᠯᠴᠢᠯᠠᠭᠰᠠᠳ᠎ᠢ ᠤᠭ᠍ᠲᠤᠵᠤ ᠪᠤᠢ
2025-08-23 11:31:26
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

 ᠵᠠᠩᠵᠤᠨ ᠤ᠋ ᠶᠠᠮᠤᠨ ᠤ᠋ ᠮᠦᠽᠧᠶ ᠨᠢ ᠦᠪᠦᠷ ᠮᠤᠨᠭᠭᠤᠯ ᠤᠷᠤᠨ ᠤ᠋ ᠤᠯᠤᠰ ᠲᠦᠷᠦ᠂ ᠠᠵᠤ ᠠᠬᠤᠢ᠂ ᠲᠡᠥᠬᠡ ᠰᠤᠶᠤᠯ ᠤ᠋ᠨ ᠬᠤᠪᠢᠰᠤᠯᠳᠠ᠎ᠶᠢ ᠤᠢᠯᠠᠭᠠᠬᠤ᠂ ᠴᠢᠩ ᠤᠯᠤᠰ ᠤ᠋ᠨ ᠬᠢᠯᠢ ᠬᠢᠵᠠᠭᠠᠷ ᠤᠷᠤᠨ ᠤ᠋ ᠲᠦᠷᠦ ᠵᠢᠨ ᠪᠤᠳᠤᠯᠭ᠎ᠠ᠂ ᠰᠦᠢᠶᠤᠧᠠᠨ ᠤ᠋ ᠲᠡᠥᠬᠡ ᠰᠤᠶᠤᠯ ᠢ᠋ ᠤᠢᠯᠠᠭᠠᠨ ᠰᠤᠳᠤᠯᠬᠤ ᠴᠢᠬᠤᠯᠠ ᠭᠠᠵᠠᠷ ᠪᠤᠯᠬᠤ ᠶᠤᠮ᠃ ᠲᠤᠰ ᠮᠦᠽᠧᠶ ᠵᠢᠭᠤᠯᠴᠢᠯᠠᠭᠰᠠᠳ ᠤ᠋ᠨ ᠲᠣᠭᠣᠷᠢᠨ ᠦᠵᠡᠵᠦ᠍ ᠪᠡᠶᠡᠴᠢᠯᠡᠨ ᠣᠢᠯᠠᠭᠠᠯᠳᠠ ᠵᠢ ᠤᠯᠠᠮ ᠰᠠᠢᠵᠢᠷᠠᠭᠤᠯᠤᠨ᠂ ᠲᠡᠦᠬᠡ ᠰᠣᠶᠣᠯ ᠢ᠋ ᠤᠯᠠᠮᠵᠢᠯᠠᠨ ᠪᠠᠳᠠᠷᠠᠭᠤᠯᠵᠤ᠂ ᠨᠠᠩ ᠣᠯᠠᠨ ᠬᠥᠮᠦᠨ ᠳ᠋ᠦ ᠵᠠᠩᠵᠤᠨ ᠤ᠋ ᠶᠠᠮᠤᠨ ᠤ᠋ ᠭᠦᠨ ᠵᠤᠵᠠᠭᠠᠨ ᠠᠭᠤᠯᠤᠭ᠍ᠳᠠᠬᠤᠨ ᠢ᠋ ᠣᠢᠯᠠᠭᠠᠭᠤᠯᠬᠤ ᠶ᠋ᠢᠨ ᠲᠥᠯᠥᠭᠡ ᠡᠨᠡ ᠵᠢᠯ ᠪᠥᠬᠥ᠌ ᠲᠠᠯ᠎ᠠ ᠪᠠᠷ ᠲᠠᠰ ᠳᠡᠪᠱᠢᠭᠦᠯᠦᠨ ᠥᠭᠡᠷᠡᠴᠢᠯᠡᠵᠦ᠍᠂ ᠴᠣ ᠱᠢᠨ᠎ᠡ ᠳᠦᠷᠰᠦ ᠪᠠᠢᠳᠠᠯ ᠢ᠋ᠶ᠋ᠠᠷ ᠲᠦᠷᠪᠡᠨ ᠵᠦᠭ ᠨᠠᠶ᠋ᠮᠠᠨ ᠵᠤᠪᠬᠢᠰ ᠤ᠋ᠨ ᠵᠢᠭᠤᠯᠴᠢᠯᠠᠭᠰᠠᠳ ᠢ᠋ᠶ᠋ᠡᠨ ᠤᠭ᠍ᠲᠤᠵᠦ ᠪᠠᠢᠨ᠎ᠠ᠃

ᠵᠢᠭᠤᠯᠴᠢᠯᠠᠭᠰᠠᠳ ᠲᠦ᠍ ᠨᠠᠩ ᠲᠠᠭᠠᠯᠠᠮᠵᠢᠲᠠᠶ᠂ ᠳᠥᠭᠥᠮ ᠳᠥᠲᠡ ᠲᠣᠭᠣᠷᠢᠨ ᠦᠵᠡᠬᠦ᠌ ᠣᠷᠴᠢᠨ ᠨᠦᠬᠦᠴᠡᠯ ᠢ᠋ ᠬᠠᠩᠭᠠᠬᠤ ᠶ᠋ᠢᠨ ᠲᠥᠯᠥᠭᠡ ᠵᠠᠩᠵᠤᠨ ᠤ᠋ ᠶᠠᠮᠤᠨ ᠤ᠋ ᠮᠦᠽᠧᠶ ᠨᠢ ᠵᠢᠭᠤᠯᠴᠢᠯᠠᠭᠰᠠᠳ ᠤ᠋ᠨ ᠦᠶ᠋ᠯᠡᠴᠢᠯᠡᠭᠡᠨ ᠤ᠋ ᠲᠥᠪ ᠲᠦ᠍ ᠱᠢᠰᠲ᠋ᠧᠮᠲᠦ ᠴᠢᠨᠠᠷᠲᠠᠶ ᠦᠬᠡᠷᠡᠴᠢᠯᠡᠯᠳᠡ ᠬᠢᠵᠦ᠍᠂ ᠲᠡᠦᠬᠡ ᠶ᠋ᠢᠨ ᠠᠭᠤᠯᠤᠭ᠍ᠳᠠᠬᠤᠨ ᠪᠠ ᠤᠳᠤ ᠦᠶ᠎ᠡ ᠶ᠋ᠢᠨ ᠦᠶ᠋ᠯᠡᠴᠢᠯᠡᠭᠡᠨ ᠤ᠋ ᠰᠡᠳᠬᠢᠬᠦᠢ ᠵᠢ ᠠᠭᠤᠰᠤᠯᠴᠠᠭᠤᠯᠤᠨ᠂ ᠴᠢᠳᠠᠮᠵᠢᠳᠦ ᠴᠢᠨᠠᠷ᠂ ᠰᠣᠶᠣᠯ ᠤ᠋ᠨ ᠴᠢᠨᠠᠷ ᠪᠠ ᠤᠶᠤᠨᠴᠢᠯᠠᠭ᠍ᠰᠠᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠣᠷᠣᠨ ᠵᠠᠶ ᠵᠢ ᠪᠤᠢ ᠪᠣᠯᠭᠠᠵᠠᠢ᠃ ᠦᠶ᠋ᠯᠡᠴᠢᠯᠡᠭᠡᠨ ᠤ᠋ ᠲᠥᠪ ᠲᠦ᠍ ᠠᠰᠠᠭᠤᠨ ᠯᠠᠪᠯᠠᠬᠤ ᠦᠶ᠋ᠯᠡᠴᠢᠯᠡᠭᠡᠨ ᠤ᠋ ᠲᠠᠪᠴᠠᠩ᠂ ᠣᠶᠤᠨᠴᠢ ᠬᠥᠲᠥᠯᠥᠮᠵᠢ᠂ ᠠᠮᠠᠷᠠᠬᠤ ᠲᠣᠭᠣᠷᠢᠭ᠂ ᠠᠷᠠᠳ ᠲᠦ᠍ ᠲᠥᠬᠥᠮ ᠦᠵᠡᠭᠦᠯᠬᠦ᠌ ᠦᠶ᠋ᠯᠡᠴᠢᠯᠡᠭᠡᠨ ᠤ᠋ ᠲᠥᠬᠥᠭᠡᠷᠦᠮᠵᠢ ᠵᠡᠷᠭᠡ ᠵᠢ ᠲᠤᠬᠢᠷᠠᠭᠤᠯᠤᠨ ᠵᠢᠭᠤᠯᠴᠢᠯᠠᠭᠰᠠᠳ ᠲᠦ᠍ ᠲᠦᠬᠦᠮ ᠳᠦᠳᠡ ᠨᠦᠬᠦᠴᠡᠯ ᠬᠠᠩᠭᠠᠪᠠ᠃ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠣᠯ ᠲᠣᠰ ᠤᠳᠠᠭ᠎ᠠ ᠵᠢᠨ ᠲᠠᠰ ᠳᠡᠪᠱᠢᠭᠦᠯᠬᠦ᠌ ᠶ᠋ᠢᠨ ᠭᠤᠤᠯᠳᠠᠯᠭ᠎ᠠ ᠶ᠋ᠢᠨ ᠨᠢᠭᠡ ᠪᠣᠯᠤᠨ᠎ᠠ᠃ ᠵᠠᠩᠵᠤᠨ ᠤ᠋ ᠶᠠᠮᠤᠨ ᠤ᠋ ᠮᠦᠽᠧᠶ 《ᠵᠢᠭᠤᠯᠴᠢᠯᠠᠭᠰᠠᠳ ᠢ᠋ ᠳᠡᠭᠡᠳᠦᠯᠡᠬᠦ᠌》 ᠵᠢ ᠪᠠᠷᠢᠮᠲᠠᠯᠠᠨ᠂ ᠰᠠᠢᠨ ᠳᠤᠷᠠᠴᠤᠳ ᠤ᠋ᠨ ᠪᠣᠯᠪᠠᠰᠤᠷᠠᠯ ᠢ᠋ ᠴᠢᠩᠭᠠᠳᠭᠠᠵᠤ᠂ ᠦᠶ᠋ᠯᠡᠴᠢᠯᠡᠭᠡᠨ ᠤ᠋ ᠦᠵᠡᠯ ᠤᠬᠠᠮᠰᠠᠷ ᠪᠠ ᠲᠤᠰᠭᠠᠶ ᠮᠡᠷᠭᠡᠵᠢᠯ ᠤ᠋ᠨ ᠬᠡᠪ ᠪᠣᠯᠪᠠᠰᠤᠷᠠᠯ ᠢ᠋ ᠳᠡᠭᠡᠭ᠌ᠰᠢᠯᠡᠭᠦᠯᠪᠠ᠃ ᠠᠵᠢᠯᠲᠠᠳ ᠬᠠᠯᠠᠭᠤᠮᠰᠤᠭ᠂ ᠪᠦᠷᠢᠨ ᠭᠦᠢᠴᠡᠳ ᠦᠢᠯᠡᠴᠢᠯᠡᠭᠡ ᠪᠡᠷ ᠵᠢᠭᠤᠯᠴᠢᠯᠠᠭᠴᠢ ᠨᠢᠭᠡᠪᠦᠷᠢ ᠵᠢ ᠤᠭ᠍ᠲᠤᠵᠤ᠂ ᠮᠠᠳᠠᠭ ᠲᠠᠶ ᠠᠰᠠᠭᠤᠳᠠᠯ ᠳ᠋ᠤ ᠬᠠᠷᠢᠭᠤᠯᠲᠠ ᠥᠭ᠌ᠴᠦ᠂ ᠬᠠᠪᠰᠤᠷᠤᠯᠭ᠎ᠠ ᠦᠵᠡᠭᠦᠯᠵᠦ᠍ ᠪᠠᠢᠨ᠎ᠠ᠃

ᠵᠠᠩᠵᠤᠨ ᠤ᠋ ᠶᠠᠮᠤᠨ ᠤ᠋ ᠲᠦᠪ ᠲᠦ᠍ ᠲᠡᠭᠰᠢ ᠬᠡᠮᠳᠡᠢ ᠭᠣᠣᠯ ᠪᠠᠷᠢᠯᠭ᠎ᠠ ᠵᠢ ᠪᠤᠯ ᠴᠢᠩ ᠤᠯᠤᠰ ᠤ᠋ᠨ ᠦᠶ᠎ᠡ ᠶ᠋ᠢᠨ ᠨᠢᠭᠡᠳᠦᠭᠡᠷ ᠳᠡᠰ ᠤ᠋ᠨ ᠬᠢᠯᠢ ᠵᠢᠨ ᠵᠠᠬᠢᠷᠤᠭᠴᠢ ᠶᠡᠬᠡ ᠲᠦᠰᠢᠮᠡᠯ ᠤ᠋ᠨ ᠪᠠᠷᠢᠮᠵᠢᠶ᠎ᠠ ᠬᠡᠪ ᠨᠠᠮᠪᠠ ᠪᠡᠷ ᠪᠠᠢᠭᠤᠯᠵᠤ᠂ ᠲᠣᠮᠣ ᠡᠬᠦᠳᠡᠪᠴᠢ ᠬᠡᠷᠡᠮ᠂ ᠣᠷᠳᠣᠨ ᠤ᠋ ᠬᠠᠭᠠᠯᠭ᠎ᠠ᠂ ᠶᠣᠰᠣᠯᠠᠯ ᠤ᠋ᠨ ᠬᠠᠭᠠᠯᠭ᠎ᠠ᠂ ᠶᠡᠬᠡ ᠲᠠᠩᠬᠢᠮ᠂ ᠬᠣᠶᠠᠳᠤᠭᠠᠷ ᠲᠠᠩᠬᠢᠮ᠂ ᠭᠤᠷᠪᠠᠳᠤᠭᠠᠷ ᠲᠠᠩᠬᠢᠮ ᠵᠢᠴᠢ ᠳᠥᠷᠪᠡᠨ ᠲᠠᠩᠬᠢᠮ ᠵᠡᠷᠭᠡ ᠨᠢ ᠡᠮᠦᠨ᠎ᠡ ᠡᠴᠡ ᠬᠣᠢᠰᠢ ᠳᠠᠷᠠᠭᠠᠯᠠᠨ ᠰᠢᠯᠤᠭᠤᠨ ᠱᠤᠭᠤᠮ ᠢ᠋ᠶ᠋ᠡᠷ ᠵᠢᠭᠰᠠᠨ ᠪᠠᠢᠷᠢᠯᠠᠵᠦ᠂ ᠴᠢᠩ ᠤᠯᠤᠰ ᠤ᠋ᠨ ᠦᠶ᠎ᠡ ᠶ᠋ᠢᠨ ᠠᠯᠪᠠᠨ ᠶᠠᠮᠤᠨ ᠤ᠋ ᠪᠠᠷᠢᠯᠭ᠎ᠠ ᠶ᠋ᠢᠨ ᠴᠢᠳᠠᠮᠵᠢ ᠪᠠ ᠪᠠᠢᠷᠢᠱᠢᠯ ᠢ᠋ ᠪᠦᠷᠢᠨ ᠲᠡᠭᠦᠯᠳᠡᠷ ᠬᠠᠷᠠᠭᠤᠯᠵᠠᠢ᠃ ᠣᠷᠳᠣᠨ ᠤ᠋ ᠳᠣᠲᠣᠷ᠎ᠠ ᠪᠠᠰᠠ ᠬᠣᠯᠠᠳᠠᠬᠢᠨ ᠢ᠋ ᠠᠮᠤᠷᠵᠢᠭᠤᠯᠬᠤ ᠬᠣᠲᠠ ᠶ᠋ᠢᠨ ᠡᠮᠦᠨ᠎ᠡ ᠡᠭᠦᠳᠡᠨ ᠤ᠋ 《ᠴᠧᠩ ᠱᠢᠶᠦ᠋ᠨ ᠮᠧᠨ ᠬᠠᠭᠠᠯᠭ᠎ᠠ》 ᠵᠢᠴᠢ ᠬᠣᠢᠲᠤ ᠡᠭᠦᠳᠡᠨ ᠤ᠋ 《ᠵᠧᠨ ᠨᠢᠩ ᠮᠧᠨ ᠬᠠᠭᠠᠯᠭ᠎ᠠ》 ᠶ᠋ᠢᠨ ᠴᠢᠯᠠᠭᠤᠨ ᠮᠠᠩᠨᠠᠶ ᠬᠠᠳᠠᠭᠠᠯᠠᠭ᠍ᠳᠠᠵᠤ ᠪᠣᠶ᠃ ᠡᠨᠡ ᠬᠦ᠌ ᠤᠯᠤᠰ ᠤ᠋ᠨ ᠨᠢᠭᠡᠳᠦᠭᠡᠷ ᠳᠡᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠲᠩᠷᠢ ᠲᠡᠳᠬᠦᠭ᠌ᠴᠢ ᠬᠠᠭᠠᠨ ᠎ᠤ ᠵᠠᠷᠯᠢᠭ ᠢ᠋ᠶ᠋ᠡᠷ ᠪᠢᠴᠢᠭᠦᠯᠦᠭ᠌ᠰᠡᠨ ᠪᠥᠭᠡᠳ ᠮᠠᠨᠵᠤ ᠬᠢᠲᠠᠳ ᠮᠣᠩᠭᠣᠯ ᠭᠤᠷᠪᠠᠨ ᠵᠦᠶ᠋ᠯ ᠤ᠋ᠨ ᠥᠰᠥᠭ ᠢ᠋ᠶ᠋ᠡᠷ ᠰᠡᠢᠯᠦᠭ᠌ᠰᠡᠨ ᠨᠢ ᠰᠤᠢᠶᠤᠧᠠᠨ ᠤᠷᠤᠨ ᠪᠤᠯ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠪᠣᠯᠤᠭ᠍ᠰᠠᠨ ᠤ᠋ ᠴᠢᠬᠤᠯᠠ ᠲᠡᠦᠬᠡᠨ ᠭᠡᠷᠡᠴᠢ ᠪᠠᠢᠵᠤ᠂ ᠵᠢᠭᠤᠯᠴᠢᠯᠠᠭᠰᠠᠳ ᠤ᠋ᠨ ᠠᠩᠬᠠᠷᠤᠯ ᠢ᠋ ᠲᠠᠲᠠᠭᠰᠠᠭᠠᠷ ᠢᠷᠡᠵᠠᠢ᠃ ᠵᠠᠩᠵᠤᠨ ᠤ᠋ ᠶᠠᠮᠤᠨ ᠤ᠋ ᠮᠦᠽᠧᠶ ᠲᠣᠰ ᠤᠳᠠᠭ᠎ᠠ ᠵᠢᠨ ᠲᠠᠰ ᠳᠡᠪᠱᠢᠭᠦᠯᠦᠯᠲᠡ ᠳ᠋ᠤ ᠡᠳᠡᠬᠡᠷ ᠦᠵᠡᠭᠦᠯᠭᠡ ᠶ᠋ᠢᠨ ᠲᠢᠩᠬᠢᠮ ᠢ᠋ ᠪᠦᠬᠦᠨ ᠢ᠋ ᠨᠡᠭᠡᠭᠡᠵᠦ᠍᠂ ᠵᠢᠭᠤᠯᠴᠢᠯᠠᠭᠰᠠᠳ ᠲᠦ᠍ ᠵᠠᠩᠵᠤᠨ ᠤ᠋ ᠶᠠᠮᠤᠨ ᠤ᠋ ᠲᠡᠦᠬᠡ ᠰᠣᠶᠣᠯ ᠢ᠋ ᠪᠦᠬᠦ ᠳᠠᠯ᠎ᠠ ᠪᠡᠷ ᠭᠦᠨᠵᠡᠭᠡᠶ ᠣᠢᠯᠠᠭᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号