《 ᠨᠠᠮᠴᠢ ᠴᠢᠨᠠᠷ ᠤ᠋ᠨ ᠪᠣᠯᠪᠠᠰᠤᠷᠠᠯ ᠵᠢᠡᠨ ᠴᠢᠩᠭᠠᠳᠭᠠᠵᠤ᠂ ᠠᠵᠢᠯ ᠤ᠋ᠨ ᠰᠤᠷᠲᠠᠯ ᠵᠢᠡᠨ ᠰᠠᠢᠵᠢᠷᠠᠭᠤᠯᠵᠤ᠂ ᠤᠯᠠᠨ ᠲᠦᠮᠡᠨ ᠲᠠᠢ ᠨᠢᠭ᠍ᠲᠠ ᠬᠠᠷᠢᠯᠴᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ᠌ ᠦᠵᠡᠯ ᠪᠣᠯᠤᠨ ᠱᠠᠯᠢᠨ ᠪᠦᠷᠢᠯᠭᠡᠬᠦ᠌ ᠰᠤᠷᠲᠠᠯ ᠢ᠋ ᠡᠰᠡᠷᠭᠦᠴᠡᠵᠦ᠍᠂ ᠲᠥᠪᠦᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠰᠡᠳᠭᠢᠯᠳᠡᠭᠡᠨ ᠬᠠᠳᠠᠩᠱᠢᠭᠤᠯᠵᠤ᠂ ᠦᠢᠯᠡ ᠠᠵᠢᠯᠯᠠᠭᠠᠳᠠᠭᠠᠨ ᠢᠯᠡᠷᠡᠭᠦᠯᠬᠦ᠌ ᠬᠡᠷᠡᠭ᠌ᠲᠡᠢ ᠁》 ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠵᠢᠨ 47 ᠳ᠋ᠤᠭᠠᠷ ᠬᠤᠭᠤᠴᠠᠭᠠᠨ ᠤ᠋ ᠢᠳᠡᠷ ᠵᠠᠯᠠᠭᠤᠴᠤᠳ ᠤ᠋ᠨ ᠠᠩᠬᠢ ᠵᠢᠨ ᠰᠤᠷᠤᠯᠭᠠᠳᠠᠨ ᠯᠢᠦᠢ ᠶᠠ ᠵᠢᠤᠸᠠᠨ ᠤ᠋ ᠲᠡᠮᠳᠡᠭ᠌ᠯᠡᠯᠦᠨ ᠳᠡᠪᠲᠡᠷ ᠢ᠋ ᠤᠷᠪᠠᠭᠤᠯᠬᠤᠶᠠ᠂ 《ᠵᠥᠪ ᠣᠨᠣᠪᠴᠢᠲᠠᠢ ᠵᠠᠰᠠᠭ ᠤ᠋ᠨ ᠠᠵᠢᠯ ᠤ᠋ᠨ ᠠᠮᠵᠢᠯᠲᠠ ᠵᠢᠨ ᠦᠵᠡᠯᠲᠡ ᠵᠢ ᠪᠤᠢ ᠪᠣᠯᠭᠠᠬᠤ ᠬᠡᠷᠡᠭ᠌ᠲᠡᠢ》᠂ 《ᠤᠯᠤᠰ ᠲᠦᠷᠦ᠍ ᠵᠢᠨ ᠲᠠᠯ᠎ᠠ ᠪᠡᠷ ᠪᠠᠲᠤ ᠴᠢᠩᠭ᠎ᠠ ᠪᠠᠢᠬᠤ ᠬᠡᠷᠡᠭ᠌ᠲᠡᠢ》᠂ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ 》 ᠭᠡᠬᠥ ᠵᠡᠷᠭᠡ ᠵᠠᠩᠭᠢᠯᠠᠭ᠎ᠠ ᠵᠢᠨ ᠦᠭᠡᠰ ᠢ᠋ ᠨᠢᠭᠡᠳ ᠨᠢᠭᠡ ᠪᠡᠷ ᠤᠨᠴᠠᠯᠠᠨ ᠳᠡᠮᠳᠡᠭᠯᠡᠭᠰᠡᠨ ᠪᠠᠢᠪᠠ᠂ ᠡᠨᠡ ᠪᠣᠯ ᠮᠠᠨ ᠤ᠋ ᠣᠷᠣᠨ ᠤ᠋ ᠨᠠᠮ ᠤ᠋ᠨ ᠭᠡᠱᠢᠭᠦᠨ ᠺᠠᠳ᠋ᠷᠴᠤᠳ ᠤ᠋ᠨ ᠨᠠᠮᠴᠢ ᠴᠢᠨᠠᠷ ᠤ᠋ᠨ ᠪᠤᠯᠪᠠᠰᠤᠷᠠᠯ ᠢ᠋ ᠳᠠᠪᠳᠠᠨ ᠪᠤᠯᠪᠠᠰᠤᠷᠠᠭᠤᠯᠵᠦ᠂ ᠰᠤᠷᠳᠠᠯ ᠤ᠋ᠨ ᠪᠠᠢᠭᠤᠯᠤᠯᠳᠠ ᠵᠢ ᠬᠦᠨᠵᠡᠭᠡᠢᠷᠡᠬᠦᠯᠬᠦ ᠠᠮᠢᠳᠤᠯᠢᠭ ᠬᠤᠷᠢᠶᠠᠩᠭᠤᠢ ᠲᠦᠷᠰᠦ ᠪᠤᠯᠤᠨ᠎ᠠ᠃
ᠰᠤᠷᠲᠠᠯ ᠤ᠋ᠨ ᠠᠰᠠᠭᠤᠳᠠᠯ ᠪᠣᠯ ᠦᠨᠳᠦᠰᠦᠨ ᠳᠡᠭᠡᠷᠡᠪᠡᠨ ᠨᠠᠮᠴᠢ ᠴᠢᠨᠠᠷ ᠤ᠋ᠨ ᠠᠰᠠᠭᠤᠳᠠᠯ ᠮᠥᠨ᠂ ᠭᠠᠭ᠍ᠴᠠ ᠬᠦ᠌ ᠨᠠᠮᠴᠢ ᠴᠢᠨᠠᠷ ᠢ᠋ ᠴᠢᠩᠭᠠᠳᠭᠠᠪᠠᠯ ᠰᠠᠶᠢ ᠰᠤᠷᠲᠠᠯ ᠤ᠋ᠨ ᠪᠠᠢᠭᠤᠯᠤᠯᠲᠠ ᠵᠢᠨ ᠲᠠᠯ᠎ᠠ ᠪᠡᠷ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ ᠲᠥᠪᠦᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰᠤᠨ ᠬᠢᠨ ᠨᠠᠮ ᠤ᠋ᠨ ᠭᠡᠱᠢᠭᠦᠨ ᠺᠠᠳ᠋ᠷ ᠤ᠋ᠨ ᠠᠵᠢᠯ ᠤ᠋ᠨ ᠠᠮᠵᠢᠯᠲᠠ ᠵᠢᠨ ᠦᠵᠡᠯᠲᠡ ᠵᠢᠨ ᠵᠥᠷᠢᠢᠡ᠂ ᠬᠠᠷᠢᠭᠤᠴᠠᠯᠭ᠎ᠠ ᠡᠭᠦᠷᠭᠡᠯᠡᠬᠦ᠌ ᠦᠭᠡᠢ ᠠᠵᠢᠯ ᠬᠢᠬᠦ᠌ ᠦᠭᠡᠢ᠂ ᠬᠠᠷᠢᠯᠴᠠᠨ ᠲᠦᠯᠬᠢᠯᠴᠡᠬᠦ᠌ ᠵᠡᠷᠭᠡ ᠠᠰᠠᠭᠤᠳᠠᠯ ᠢ᠋ ᠱᠢᠢᠳᠪᠦᠷᠢᠯᠡᠬᠦ᠌ᠳᠦ ᠠᠩᠬᠠᠷᠤᠯ ᠵᠢᠡᠨ ᠲᠥᠪᠯᠡᠷᠡᠭᠦᠯᠵᠦ᠍᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ ᠤ᠋ᠨ ᠲᠥᠰᠦᠯ ᠢ᠋ ᠲᠣᠭ᠍ᠲᠠᠭᠠᠨ ᠬᠡᠷᠡᠭ᠌ᠵᠢᠭᠦᠯᠵᠦ᠍᠂ 《ᠨᠠᠮᠴᠢ ᠴᠢᠨᠠᠷ ᠤ᠋ᠨ ᠬᠥᠮᠦᠵᠢᠯᠦᠨ ᠬᠢᠴᠢᠶᠡᠯᠦᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌᠂ ᠨᠠᠮᠴᠢ ᠴᠢᠨᠠᠷ ᠤ᠋ᠨ ᠬᠥᠮᠦᠵᠢᠯᠦᠨ ᠤᠨᠤᠯ ᠢ᠋ ᠪᠣᠳᠠᠲᠠᠢᠲᠠᠶ ᠤᠶᠠᠯᠳᠤᠭᠤᠯᠬᠤ ᠵᠢ ᠠᠬᠢᠭᠤᠯᠬᠤ᠂ ᠨᠠᠮᠴᠢ ᠴᠢᠨᠠᠷ ᠤ᠋ᠨ ᠬᠥᠮᠦᠵᠢᠯ ᠢ᠋ ᠪᠣᠯᠪᠠᠰᠤᠷᠠᠯ ᠬᠠᠮᠢᠶᠠᠷᠤᠯᠲᠠ ᠵᠢᠨ ᠪᠦᠬᠦ᠌ ᠶᠠᠪᠤᠴᠠ ᠳ᠋ᠦ ᠲᠤᠭᠤᠱᠢᠯᠠᠭᠤᠯᠬᠤ》ᠭᠤᠷᠪᠠᠨ ᠲᠠᠯ᠎ᠠ᠎ᠠᠴᠠ ᠣᠨᠣᠴᠠᠲᠠᠢ ᠪᠡᠷ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠨᠠᠮ ᠤ᠋ᠨ ᠭᠡᠱᠢᠭᠦᠨ ᠺᠠᠳ᠋ᠷ ᠤ᠋ᠨ ᠨᠠᠮᠴᠢ ᠴᠢᠨᠠᠷ ᠤ᠋ᠨ ᠬᠥᠮᠦᠵᠢᠯ ᠭᠦᠨᠵᠡᠭᠡᠢ ᠪᠣᠳᠠᠲᠠᠢ ᠪᠢᠰᠢ ᠪᠠᠢᠬᠤ ᠠᠰᠠᠭᠤᠳᠠᠯ ᠢ᠋ ᠬᠦᠴᠦᠯᠡᠨ ᠱᠢᠢᠳᠪᠦᠷᠢᠯᠡᠪᠡ ᠃
《ᠪᠢᠳᠡ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠲᠠᠢ ᠬᠠᠮᠲᠤᠷᠠᠨ ᠭᠤᠤᠯ ᠴᠣᠭ᠍ᠴᠠ ᠵᠢᠨ ᠠᠩᠭᠢ ᠵᠢᠨ ᠰᠤᠷᠤᠯᠭᠠᠳᠠᠳ ᠤ᠋ᠨ 〈ᠨᠠᠮᠴᠢ ᠴᠢᠨᠠᠷ ᠤ᠋ᠨ ᠵᠠᠳᠠᠯᠤᠯᠲᠠ ᠵᠢᠨ ᠠᠵᠢᠯ ᠤ᠋ᠨ ᠲᠥᠰᠦᠯ (ᠲᠤᠷᠱᠢᠨ ᠬᠡᠷᠡᠭ᠌ᠵᠢᠭᠦᠯᠬᠦ᠌)〉᠂ 〈ᠪᠥᠬᠥ᠌ ᠦᠶᠡᠯᠡᠯᠦᠨ ᠬᠤᠭᠤᠴᠠᠭ᠎ᠠ ᠪᠥᠬᠥ᠌ ᠬᠡᠯᠬᠢᠶᠡᠨᠦ ᠨᠠᠮᠴᠢ ᠴᠢᠨᠠᠷ ᠤ᠋ᠨ ᠬᠥᠮᠦᠵᠢᠯᠦᠨ ᠬᠡᠷᠡᠭ᠌ᠵᠢᠭᠦᠯᠬᠦ᠌ ᠲᠥᠰᠦᠯ〉 ᠂ 〈ᠨᠠᠮᠴᠢ ᠴᠢᠨᠠᠷ ᠤ᠋ᠨ ᠪᠣᠯᠪᠠᠰᠤᠷᠠᠯ ᠢ᠋ ᠬᠡᠮᠵᠢᠶᠡᠵᠢᠭᠦᠯᠦᠨ ᠬᠢᠨᠠᠨ ᠱᠢᠯᠭᠠᠬᠤ ᠭᠦᠶ᠋ᠴᠡᠳᠭᠡᠯ ᠲᠣᠭ᠎ᠠ〉 ᠵᠢ ᠲᠣᠭ᠍ᠲᠠᠭᠠᠨ ᠬᠡᠷᠡᠭ᠌ᠵᠢᠭᠦᠯᠵᠦ᠍᠂ ᠰᠤᠷᠤᠯᠭᠠᠳᠠᠳ ᠤ᠋ᠨ ᠪᠥᠬᠥ᠌ ᠶᠠᠪᠤᠴᠠ ᠵᠢᠨ ᠨᠠᠮᠴᠢ ᠴᠢᠨᠠᠷ ᠤ᠋ᠨ ᠬᠥᠮᠦᠵᠢᠯ ᠬᠠᠮᠢᠶᠠᠷᠤᠯᠲᠠ ᠵᠢ ᠵᠢᠷᠤᠮᠵᠢᠭᠤᠯᠪᠠ》 ᠭᠡᠵᠦ 8 ᠰᠠᠷ᠎ᠠ ᠵᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰᠦᠨ ᠺᠠᠳ᠋ᠷ ᠤ᠋ᠨ ᠬᠥᠮᠦᠵᠢᠯᠦᠨ ᠭᠠᠵᠠᠷ ᠤ᠋ᠨ ᠳᠠᠷᠤᠭ᠎ᠠ ᠶᠢᠨ ᠼᠦᠨ ᠯᠢᠶᠠᠩ ᠲᠠᠨᠢᠯᠴᠠᠭᠤᠯᠤᠨ᠎ᠠ᠃ ᠲᠡᠷᠡ ᠪᠠᠰᠠ᠂ ᠨᠢᠭᠡ ᠢᠵᠢ ᠬᠠᠮ ᠠᠷᠭ᠎ᠠ ᠬᠡᠮᠵᠢᠶ᠎ᠡ ᠠᠪᠤᠭᠰᠠᠨ ᠵᠢᠡᠷ᠂ ᠨᠠᠮᠴᠢ ᠴᠢᠨᠠᠷ ᠤ᠋ᠨ ᠬᠥᠮᠦᠵᠢᠯ 《ᠵᠥᠭᠡᠯᠡᠨ ᠱᠠᠭᠠᠷᠳᠠᠯᠭ᠎ᠠ》 ᠪᠢᠰᠢ ᠬᠠᠷᠢᠨ 《ᠬᠠᠲᠠᠭᠤ ᠬᠢᠵᠠᠭᠠᠷᠯᠠᠯ》 ᠪᠣᠯᠵᠣ᠂ ᠨᠠᠮᠴᠢ ᠴᠢᠨᠠᠷ ᠤ᠋ᠨ ᠳᠠᠪᠳᠠᠯᠳᠠ ᠵᠢ ᠪᠤᠯᠪᠠᠰᠤᠷᠠᠯ ᠤ᠋ᠨ ᠪᠦᠬᠦ ᠶᠠᠪᠤᠴᠠ ᠳ᠋ᠦ ᠲᠤᠭᠤᠱᠢᠯᠠᠭᠤᠯᠵᠤ᠂ ᠬᠠᠨᠳᠤᠯᠭᠠᠲᠤ ᠴᠢᠨᠠᠷ ᠢ᠋ ᠨᠠᠩ ᠣᠨᠣᠪᠴᠢᠲᠠᠶ ᠪᠣᠯᠭᠠᠵᠤ᠂ ᠨᠠᠢᠳᠠᠪᠤᠷᠢᠵᠢᠭᠤᠯᠬᠤ ᠴᠡᠭ ᠢ᠋ ᠨᠠᠩ ᠪᠣᠳᠠᠲᠠᠶ ᠪᠣᠯᠭᠠᠵᠤ᠂ ᠨᠡᠪᠲᠡᠯᠬᠦ᠌ ᠬᠦᠴᠦᠨ ᠪᠠ ᠨᠥᠯᠥᠭᠡᠯᠡᠬᠦ᠌ ᠬᠦᠴᠦᠨ ᠢ᠋ ᠢᠯᠡᠳᠲᠡ ᠴᠢᠩᠭᠠᠷᠠᠭᠤᠯᠪᠠ ᠭᠡᠪᠡ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰᠤᠨ ᠬᠢᠨ ᠨᠠᠮ ᠤ᠋ᠨ ᠭᠡᠱᠢᠭᠦᠨ ᠺᠠᠳ᠋ᠷ ᠤ᠋ᠨ ᠨᠠᠮᠴᠢ ᠴᠢᠨᠠᠷ ᠤ᠋ᠨ ᠬᠥᠮᠦᠵᠢᠯᠦᠨ ᠠᠭᠤᠯᠭ᠎ᠠ ᠵᠢ ᠭᠦᠨᠵᠡᠭᠡᠢ ᠰᠤᠷᠤᠯᠴᠠᠵᠤ᠂ ᠭᠣᠣᠯ ᠬᠢᠴᠢᠶᠡᠯᠦᠨ ᠱᠢᠰᠲᠸᠮ ᠤ᠋ᠨ ᠪᠠᠢᠭᠤᠯᠤᠯᠲᠠ ᠳ᠋ᠦ ᠠᠩᠬᠠᠷᠤᠯ ᠵᠢᠡᠨ ᠲᠥᠪᠯᠡᠷᠡᠭᠦᠯᠵᠦ᠍᠂ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠲᠠᠢ ᠬᠠᠮᠲᠤᠷᠠᠨ ᠨᠠᠮᠴᠢ ᠴᠢᠨᠠᠷ ᠤ᠋ᠨ ᠬᠥᠮᠦᠵᠢᠯᠦᠨ ᠬᠢᠴᠢᠶᠡᠯᠦᠨ ᠲᠤᠬᠢᠷᠠᠭᠤᠯᠤᠯᠳᠠ ᠵᠢᠨ ᠠᠷᠭ᠎ᠠ ᠵᠢ ᠲᠣᠭ᠍ᠲᠠᠭᠠᠵᠤ᠂ ᠭᠠᠵᠠᠷ ᠣᠷᠣᠨ ᠤ᠋ ᠣᠨᠴᠠᠯᠢᠭ ᠪᠠ ᠳᠠᠪᠠᠭᠤᠯᠢᠭ ᠢ᠋ ᠢᠯᠡᠷᠡᠭᠦᠯᠦᠭ᠌ᠰᠡᠨ ᠭᠤᠷᠪᠠᠨ ᠱᠠᠲᠤᠨ ᠤ᠋ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠨᠠᠮᠴᠢ ᠴᠢᠨᠠᠷ ᠤ᠋ᠨ ᠬᠥᠮᠦᠵᠢᠯᠦᠨ ᠵᠢᠭᠠᠨ ᠰᠤᠷᠭᠠᠯᠲᠠ ᠵᠢᠨ ᠬᠥᠲᠥᠯᠪᠦᠷᠢ ᠪᠠ ᠬᠢᠴᠢᠶᠡᠯᠦᠨ ᠱᠢᠰᠲᠸᠮ ᠢ᠋ ᠲᠣᠭ᠍ᠲᠠᠭᠠᠨ ᠲᠡᠭᠦᠯᠳᠡᠷᠵᠢᠭᠦᠯᠪᠡ᠃ 《ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ (ᠲᠤᠷᠱᠢᠨ ᠬᠡᠷᠡᠭ᠌ᠵᠢᠭᠦᠯᠬᠦ᠌)》᠂《ᠥᠪᠥᠷ ᠮᠣᠩᠭᠣᠯ ᠤ᠋ᠨ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠦᠶ᠋ᠯᠡᠳᠦᠯᠭᠡ ᠵᠢᠨ ᠭᠡᠷᠡᠭ ᠤ᠋ᠨ ᠵᠢᠱ᠌ᠢᠶ᠎ᠡ》 ᠵᠡᠷᠭᠡ 9 ᠵᠢᠭᠠᠬᠤ ᠮᠠᠲ᠋ᠧᠷᠢᠶᠠᠯ ᠤ᠋ᠨ ᠬᠥᠲᠥᠯᠪᠦᠷᠢ ᠵᠢ ᠠᠱᠢᠭ᠍ᠯᠠᠯᠲᠠ ᠳ᠋ᠦ ᠣᠷᠣᠭᠤᠯᠵᠤ᠂ ᠨᠠᠮᠴᠢ ᠴᠢᠨᠠᠷ ᠤ᠋ᠨ ᠬᠥᠮᠦᠵᠢᠯ ᠪᠣᠯᠪᠠᠰᠤᠷᠠᠯ ᠳ᠋ᠦ ᠳᠡᠮᠵᠢᠯᠭᠡ ᠪᠠ ᠪᠠᠲᠤᠯᠠᠭ᠎ᠠ ᠬᠠᠩᠭᠠᠪᠠ᠃
ᠡᠭᠦᠨᠦ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰᠤᠨ ᠬᠢᠨ ᠦᠶ᠋ᠯᠡᠳᠦᠯᠭᠡ ᠵᠢᠨ ᠤᠳᠤᠷᠢᠳᠤᠮᠵᠢ ᠪᠣᠯᠤᠨ ᠦᠷ᠎ᠡ ᠪᠦᠲᠦᠮᠵᠢ ᠵᠢᠨ ᠤᠳᠤᠷᠢᠳᠤᠮᠵᠢ ᠵᠢ ᠪᠠᠷᠢᠮᠲᠠᠯᠠᠵᠤ᠂ ᠨᠢᠭᠡ ᠲᠠᠯ᠎ᠠ ᠪᠡᠷ ᠣᠷᠣᠨ ᠤ᠋ ᠳᠣᠲᠣᠷᠠᠬᠢ ᠬᠤᠪᠢᠰᠭᠠᠯ ᠤ᠋ᠨ ᠡᠬᠢ ᠪᠠᠶᠠᠯᠢᠭ ᠢ᠋ ᠭᠦᠨᠵᠡᠭᠡᠶ ᠠᠭᠤᠳᠠᠯᠵᠤ᠂ ᠡᠯ᠎ᠡ ᠠᠢᠮᠠᠭ ᠬᠣᠲᠠ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠲᠠᠢ ᠬᠠᠮᠲᠤᠷᠠᠨ ᠭᠤᠤᠯ ᠰᠡᠳᠦᠪ ᠲᠣᠪᠣᠢᠮ᠎ᠠ᠂ ᠠᠭᠤᠯᠤᠭ᠍ᠳᠠᠬᠤᠨ ᠵᠢᠡᠷ ᠪᠠᠶᠠᠯᠢᠭ᠂ ᠲᠤᠬᠠᠶ ᠵᠢᠨ ᠲᠠᠯᠠᠪᠠᠶ ᠵᠢᠨ ᠮᠡᠳᠡᠷᠡᠮᠵᠢᠪᠡᠷ ᠴᠢᠩᠭ᠎ᠠ ᠵᠢᠭᠠᠨ ᠰᠤᠷᠭᠠᠯᠲᠠ ᠵᠢᠨ ᠴᠡᠭ ᠪᠣᠯᠤᠨ ᠵᠢᠭᠠᠨ ᠰᠤᠷᠭᠠᠯᠲᠠ ᠵᠢᠨ ᠱᠤᠭᠤᠮ ᠢ᠋ ᠬᠦᠴᠦᠯᠡᠨ ᠴᠣᠭ᠍ᠴᠠᠯᠠᠵᠤ᠂ ᠰᠤᠷᠤᠭ᠍ᠴᠢᠳ ᠲᠣ᠌ ᠶᠠᠪᠤᠵᠤ ᠰᠠᠭᠤᠬᠤ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠤᠢᠯᠠᠭᠠᠭᠤᠯᠵᠠᠢ᠃ ᠨᠥᠭᠥᠭᠡ ᠲᠠᠯ᠎ᠠ ᠪᠡᠷ ᠬᠡᠷᠡᠭ᠌ᠴᠡᠭᠡ ᠶᠣᠰᠣᠭᠠᠷ ᠵᠢᠭᠠᠨ ᠰᠤᠷᠭᠠᠬᠤ᠂ ᠲᠥᠷᠥᠯ ᠬᠤᠪᠢᠶᠠᠨ ᠵᠢᠯᠣᠭᠣᠳᠭᠤ ᠵᠢ ᠪᠠᠷᠢᠮᠲᠠᠯᠠᠵᠠᠢ᠃ ᠤᠳᠤᠷᠢᠳᠭᠤ ᠺᠠᠳ᠋ᠷᠴᠤᠳᠲᠤ ᠬᠠᠨᠳᠤᠭᠤᠯᠤᠨ᠂ ᠵᠠᠰᠠᠭ ᠤ᠋ᠨ ᠠᠵᠢᠯ ᠤ᠋ᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠭᠦᠯᠬᠦ᠌ ᠵᠡᠷᠭᠡ ᠠᠭᠤᠯᠭᠠᠲᠠᠶ ᠤᠶᠠᠯᠳᠤᠭᠤᠯᠤᠨ ᠬᠢᠴᠢᠶᠡᠯ ᠣᠷᠣᠵᠤ᠂ ᠺᠠᠳ᠋ᠷᠴᠤᠳᠤᠨ ᠪᠡᠶᠡᠪᠡᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠨ ᠬᠠᠷᠢᠭᠤᠴᠠᠬᠤ ᠬᠠᠷᠢᠶ᠎ᠠ ᠤᠷᠤᠨ ᠵᠢᠡᠨ ᠴᠢᠩᠭ᠎ᠠ ᠬᠠᠮᠢᠶᠠᠷᠬᠤ ᠵᠢ ᠬᠥᠮᠦᠵᠢᠭᠦᠯᠦᠨ ᠬᠦᠳᠦᠯᠦᠨ ᠵᠢᠯᠤᠭᠤᠳᠪᠠ; ᠵᠠᠯᠠᠭᠤ ᠺᠠᠳ᠋ᠷᠴᠤᠳᠲᠤ ᠬᠠᠨᠳᠤᠭᠤᠯᠤᠨ᠂ ᠨᠠᠮ ᠤ᠋ᠨ ᠱᠢᠯᠢᠳᠡᠭ ᠤᠯᠠᠮᠵᠢᠯᠠᠯ ᠪᠠ ᠰᠤᠷᠲᠠᠯ ᠢ᠋ ᠪᠠᠳᠠᠷᠠᠭᠤᠯᠬᠤ ᠵᠡᠷᠭᠡ ᠠᠭᠤᠯᠭ᠎ᠠ ᠵᠢᠨ ᠲᠣᠭᠣᠷᠢᠨ ᠳ᠋ᠦ ᠬᠢᠴᠢᠶᠡᠯ ᠣᠷᠣᠵᠤ᠂ ᠺᠠᠳ᠋ᠷᠴᠤᠳᠤᠨ ᠠᠷᠢᠭᠤᠨ ᠴᠢᠬᠡᠴᠢᠪᠡᠷ ᠵᠠᠰᠠᠭ ᠪᠠᠷᠢᠬᠤ ᠵᠢᠨ 《ᠲᠡᠷᠢᠬᠦᠨ ᠵᠠᠩᠬᠢᠯᠠᠭ᠎ᠠ》 ᠵᠢ ᠰᠠᠢᠳᠤᠷ ᠠᠳᠬᠤᠬᠤ ᠵᠢ ᠬᠦᠮᠦᠵᠢᠭᠦᠯᠦᠨ ᠬᠦᠳᠦᠯᠦᠨ ᠵᠢᠯᠤᠭᠤᠳᠪᠠ; ᠦᠨᠳᠦᠰᠦᠨ ᠱᠠᠲᠤᠨ ᠤ᠋ ᠺᠠᠳ᠋ᠷᠴᠤᠳᠲᠤ ᠬᠠᠨᠳᠤᠭᠤᠯᠤᠨ᠂ ᠤᠯᠠᠨ ᠲᠦᠮᠡᠨᠦ ᠠᠵᠢᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠵᠡᠷᠭᠡ ᠠᠭᠤᠯᠭ᠎ᠠ ᠵᠢᠨ ᠲᠣᠭᠣᠷᠢᠨ ᠳ᠋ᠦ ᠬᠢᠴᠢᠶᠡᠯ ᠣᠷᠣᠵᠤ᠂ ᠺᠠᠳ᠋ᠷᠴᠤᠳᠤᠨ ᠵᠣᠷᠢᠯᠲᠠ ᠵᠢᠨ ᠤᠬᠠᠮᠰᠠᠷ ᠵᠢᠡᠨ ᠴᠢᠩᠭᠠᠳᠭᠠᠵᠤ᠂ ᠠᠷᠠᠳ ᠤ᠋ᠨ ᠲᠥᠯᠥᠭᠡ ᠵᠢᠳᠬᠦᠬᠦ ᠬᠠᠢᠷ᠎ᠠ ᠰᠡᠳᠭᠢᠯᠭᠡ ᠪᠠᠨ ᠵᠤᠵᠠᠭᠠᠳᠭᠠᠬᠤ ᠵᠢ ᠬᠦᠮᠦᠵᠢᠭᠦᠯᠦᠨ ᠬᠦᠳᠦᠯᠦᠨ ᠵᠢᠯᠤᠭᠤᠳᠪᠠ᠃ ᠡᠨᠡ ᠬᠦ᠌ 《ᠨᠠᠷᠢᠯᠢᠭ ᠣᠨᠣᠴᠠᠲᠠᠶ ᠳᠤᠰᠤᠯᠠᠭᠠᠨ ᠤᠰᠤᠯᠠᠬᠤ》 ᠵᠠᠭ᠍ᠪᠤᠷ ᠵᠢᠡᠷ ᠳᠠᠮᠵᠢᠭᠤᠯᠤᠨ᠂ ᠨᠠᠮᠴᠢ ᠴᠢᠨᠠᠷ ᠤ᠋ᠨ ᠬᠥᠮᠦᠵᠢᠯ ᠢ᠋ ᠪᠣᠳᠠᠲᠤ ᠲᠥᠷᠥᠭ᠌ᠳᠡᠯ ᠲᠠᠢ ᠪᠣᠯᠭᠠᠬᠤ᠂ ᠣᠶᠤᠨ ᠲᠠᠷᠢᠬᠢᠨ ᠳ᠋ᠤᠨᠢ ᠬᠠᠳᠠᠩᠱᠢᠭᠤᠯᠬᠤ ᠵᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠵᠢ ᠠᠬᠢᠭᠤᠯᠵᠠᠢ᠃