ᠠᠷᠪᠢᠯᠠᠨ ᠭᠠᠮᠨᠠᠬᠤ᠎ᠶ᠋ᠢ ᠴᠢᠩᠭ᠎ᠠ ᠬᠡᠷᠡᠭ᠌ᠵᠢᠭᠦᠯᠵᠦ᠍ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ
2025-08-24 11:20:25
ᠵᠣᠬᠢᠶᠠᠭ᠍ᠴᠢ᠄
ᠶᠠᠩ ᠸᠧᠢ ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠡᠴᠡ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠢᠮᠠᠭ᠍ᠲᠠ ᠪᠣᠯᠭᠣᠮᠵᠢᠲᠠᠢ ᠰᠠᠢᠲᠤᠷ ᠠᠳᠭᠤᠬᠤ᠎ᠶ᠋ᠢᠨ ᠲᠥᠯᠥᠭᠡ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠵᠢᠯ᠎ᠤᠨ ᠪᠠᠢᠷᠢᠯᠠᠭᠤᠯᠤᠯᠲᠠ ᠶᠣᠰᠣᠭᠠᠷ ᠥᠪᠥᠷ ᠮᠣᠩᠭᠣᠯ ᠠᠷᠪᠢᠯᠠᠨ ᠭᠠᠮᠨᠠᠵᠤ ᠠᠮᠢᠳᠤᠷᠠᠬᠤ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠷᠪᠢᠯᠠᠨ ᠭᠠᠮᠨᠠᠬᠤ᠎ᠶ᠋ᠢ ᠴᠢᠩᠭ᠎ᠠ ᠬᠡᠷᠡᠭ᠌ᠵᠢᠭᠦᠯᠵᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃

《ᠥᠪᠥᠷ ᠮᠣᠩᠭᠣᠯ ᠠᠷᠪᠢᠯᠠᠨ ᠭᠠᠮᠨᠠᠵᠤ ᠠᠮᠢᠳᠤᠷᠠᠬᠤ᠎ᠶ᠋ᠢ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠲᠥᠰᠦᠪ᠎ᠦᠨ ᠬᠠᠮᠢᠶᠠᠷᠤᠯᠲᠠ᠎ᠶ᠋ᠢ ᠴᠢᠩᠭᠠᠳᠭᠠᠬᠤ᠂ ᠲᠥᠰᠦᠪ᠎ᠦᠨ ᠬᠢᠵᠠᠭᠠᠷᠯᠠᠯ᠎ᠢ ᠴᠢᠩᠭᠠᠷᠠᠭᠤᠯᠬᠤ᠂ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠠᠢ᠌ᠩᠭᠤᠵᠢᠭ᠍ᠰᠠᠨ ᠪᠠᠢᠭᠤᠯᠤᠯ᠎ᠦᠨ ᠱᠢᠰᠲ᠋ᠧᠮ᠎ᠢ ᠪᠠᠢᠭᠤᠯᠵᠤ᠂ ᠠᠷᠪᠢᠯᠠᠨ ᠭᠠᠮᠨᠠᠬᠤ᠎ᠶ᠋ᠢ ᠴᠢᠩᠭ᠎ᠠ ᠬᠡᠷᠡᠭ᠌ᠵᠢᠭᠦᠯᠵᠦ᠍ ᠨᠠᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ ᠪᠣᠶ》 ᠭᠡᠵᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠳᠡᠳ᠋ ᠳᠠᠷᠤᠭ᠎ᠠ ᠸᠠᠩ ᠹᠧᠩ ᠴᠢ ᠬᠡᠯᠡᠪᠡ᠃

ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶ᠋ᠢ ᠬᠡᠷᠬᠢᠨ ᠨᠠᠢᠳᠠᠪᠤᠷᠢᠵᠢᠭᠤᠯᠬᠤ ᠪᠤᠢ? ᠥᠪᠥᠷ ᠮᠣᠩᠭᠣᠯ ᠲᠦᠷᠢᠮ ᠲᠣᠭ᠍ᠲᠠᠭᠠᠯ ᠲᠣᠭ᠍ᠲᠠᠭᠠᠬᠤ ᠲᠠᠯ᠎ᠠ᠎ᠪᠠᠷ ᠬᠦᠴᠦᠯᠡᠵᠦ᠍ ᠪᠠᠢᠨ᠎ᠠ᠃ ᠣᠢᠷ᠎ᠠ᠎ᠶ᠋ᠢᠨ ᠵᠢᠯ᠎ᠦᠨ ᠲᠤᠷᠰᠢ ᠥᠪᠡᠷᠲᠡᠭᠡᠨ ᠵᠠᠰᠠᠬᠤ ᠣᠷᠣᠨ᠎ᠡᠴᠡ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠬᠠᠮᠢᠶᠠᠷᠤᠯᠲᠠ᠎ᠶ᠋ᠢ ᠴᠢᠩᠳᠠᠯᠠᠬᠤ ᠵᠡᠷᠭᠡ ᠠᠯᠢ ᠣᠯᠠᠨ ᠪᠠᠢᠭᠤᠯᠤᠯ ᠠᠷᠭ᠎ᠠ ᠬᠡᠮᠵᠢᠶ᠎ᠡ᠎ᠶ᠋ᠢ ᠤᠷᠢᠳ ᠬᠣᠵᠢᠳ ᠨᠡᠢᠲᠡᠯᠡᠵᠦ᠍᠂ ᠲᠥᠰᠦᠪ ᠨᠠᠢᠷᠠᠭᠤᠯᠤᠨ ᠵᠣᠬᠢᠶᠠᠬᠤ᠂ ᠲᠥᠰᠦᠪ᠎ᠦᠨ ᠣᠷᠣᠯᠭ᠎ᠠ᠂ ᠲᠥᠰᠦᠪ᠎ᠦᠨ ᠵᠠᠷᠤᠯᠭ᠎ᠠ᠂ ᠲᠥᠰᠦᠪ᠎ᠦᠨ ᠬᠡᠷᠡᠭ᠌ᠵᠢᠭᠦᠯᠦᠯᠲᠡ᠂ ᠲᠥᠷᠥᠯ ᠵᠦᠶ᠋ᠯ᠎ᠦᠨ ᠬᠥᠮᠥᠷᠭᠡ᠎ᠶ᠋ᠢᠨ ᠬᠠᠮᠢᠶᠠᠷᠤᠯᠲᠠ ᠵᠢᠴᠢ ᠲᠤᠰᠭᠠᠶ ᠵᠦᠶ᠋ᠯ᠎ᠦᠨ ᠪᠠᠯᠠ ᠮᠥᠩᠭᠥ᠌᠂ ᠬᠢᠨᠠᠯᠲᠠ ᠬᠢᠭᠡᠳ ᠲᠥᠰᠦᠪ᠎ᠦᠨ ᠠᠮᠵᠢᠯᠲᠠ ᠪᠦᠲᠦᠮᠵᠢ᠎ᠶ᠋ᠢᠨ ᠲᠠᠯ᠎ᠠ᠎ᠶ᠋ᠢᠨ ᠲᠥᠰᠦᠪ᠎ᠦᠨ ᠬᠠᠮᠢᠶᠠᠷᠤᠯᠲᠠ᠎ᠶ᠋ᠢᠨ ᠪᠠᠢᠭᠤᠯᠤᠯ᠎ᠦᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠪᠠ᠃ ᠡᠨᠡ ᠬᠦ᠌ ᠶᠠᠪᠤᠴᠠ᠎ᠳᠤ ᠥᠪᠡᠷᠲᠡᠭᠡᠨ ᠵᠠᠰᠠᠬᠤ ᠣᠷᠣᠨ ᠡᠩ᠎ᠦᠨ ᠴᠢᠨᠠᠷᠲᠠᠶ ᠵᠠᠷᠤᠯᠭ᠎ᠠ ᠪᠣᠯᠤᠨ 《ᠭᠤᠷᠪᠠᠨ ᠵᠦᠶ᠋ᠯ᠎ᠦᠨ ᠠᠯᠪᠠᠨ ᠵᠠᠷᠤᠳᠠᠯ》 ᠤ᠋ᠨ ᠲᠦᠷᠢᠮ᠎ᠦᠨ ᠬᠢᠵᠠᠭᠠᠷᠯᠠᠯ᠎ᠢ ᠴᠢᠩᠭᠠᠳᠭᠠᠵᠤ᠂ ᠲᠥᠰᠦᠪ ᠨᠠᠢᠷᠠᠭᠤᠯᠤᠨ ᠵᠣᠬᠢᠶᠠᠬᠤ ᠠᠵᠢᠯ᠎ᠢ ᠱᠢᠨᠵᠢᠯᠡᠬᠦ᠌ ᠤᠬᠠᠭᠠᠨᠴᠢ ᠨᠠᠷᠢᠯᠢᠭ ᠣᠨᠣᠴᠠᠲᠠᠶ ᠰᠠᠢᠲᠤᠷ ᠬᠢᠵᠦ᠍᠂ ᠭᠤᠤᠯᠳᠠᠯᠭᠠᠲᠦ ᠪᠤᠰᠤ᠂ ᠵᠠᠢᠯᠠᠰᠢ ᠥᠬᠡᠶ ᠪᠤᠰᠤ ᠴᠢᠨᠠᠷᠲᠠᠶ ᠵᠠᠷᠤᠯᠭ᠎ᠠ᠎ᠶ᠋ᠢ ᠦᠷᠭᠦᠯᠵᠢᠯᠡᠨ ᠪᠠᠭᠠᠰᠭᠠᠵᠤ᠂ ᠵᠠᠷᠤᠯᠭ᠎ᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠨ᠂ ᠲᠥᠷᠥᠯ ᠵᠦᠶ᠋ᠯ᠎ᠦᠨ ᠲᠥᠰᠦᠪ᠎ᠢ ᠬᠢᠨᠠᠨ ᠲᠣᠭ᠍ᠲᠠᠭᠠᠬᠤ᠎ᠶ᠋ᠢ ᠴᠢᠩᠭᠠᠳᠭᠠᠵᠤ᠂ ᠲᠥᠰᠦᠪ᠎ᠦᠨ ᠬᠠᠮᠢᠶᠠᠷᠤᠯᠲᠠ᠎ᠳᠠᠬᠢ ᠰᠣᠬᠣᠷ ᠪᠠᠯᠠᠶ᠎ᠪᠠᠷ ᠵᠢᠱ᠌ᠢᠵᠦ᠍ ᠬᠠᠭᠤᠷᠮᠠᠭ᠍ᠯᠠᠨ ᠪᠤᠳᠤᠬᠤ᠂ ᠪᠠᠷᠢᠮᠵᠢᠶ᠎ᠠ᠎ᠡᠴᠡ ᠬᠡᠲᠦᠷᠡᠭᠦᠯᠦᠨ ᠳᠣᠭᠢᠷᠠᠭᠤᠯᠬᠤ ᠵᠡᠷᠭᠡ ᠠᠰᠠᠭᠤᠳᠠᠯ᠎ᠢ ᠡᠷᠡᠰ ᠵᠠᠯᠠᠷᠠᠭᠤᠯᠪᠠ; ᠲᠥᠰᠦᠪ᠎ᠢ ᠴᠢᠩᠭ᠎ᠠ ᠬᠡᠷᠡᠭ᠌ᠵᠢᠭᠦᠯᠵᠦ᠍᠂ ᠲᠥᠰᠦᠪ᠎ᠢ ᠨᠡᠮᠡᠬᠦ᠌ ᠪᠠ ᠲᠣᠬᠢᠷᠠᠭᠤᠯᠬᠤ᠎ᠶ᠋ᠢ ᠴᠢᠩᠭ᠎ᠠ ᠬᠢᠵᠠᠭᠠᠷᠯᠠᠵᠤ᠂ ᠡᠳ᠋᠎ᠦᠨ ᠵᠠᠰᠠᠭ᠎ᠤᠨ ᠦᠯᠡᠳᠡᠭᠡᠯ ᠪᠠᠯᠠ ᠮᠥᠩᠭᠥ᠎ᠶ᠋ᠢᠨ ᠠᠮᠢᠳᠤᠯᠢᠭ ᠡᠷᠴᠢᠮ᠎ᠢ ᠴᠢᠩᠭᠠᠷᠠᠭᠤᠯᠤᠨ᠂ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢᠨ ᠬᠡᠷᠡᠭ᠌ᠯᠡᠬᠦ᠌ ᠦᠷ᠎ᠡ ᠠᠱᠢᠭ᠎ᠢ ᠳᠡᠭᠡᠭ᠌ᠰᠢᠯᠡᠭᠦᠯᠪᠡ; ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠦᠨ ᠪᠡᠯᠡ ᠮᠥᠩᠭᠥ᠎ᠶ᠋ᠢᠨ ᠬᠠᠮᠢᠶᠠᠷᠤᠯᠲᠠ᠎ᠶ᠋ᠢ ᠴᠢᠩᠳᠠᠯᠠᠵᠤ᠂ ᠰᠣᠬᠣᠷ ᠪᠠᠯᠠᠶ᠎ᠪᠠᠷ ᠪᠦᠲᠦᠭᠡᠨ ᠪᠠᠢᠭᠤᠯᠬᠤ᠂ ᠲᠥᠷᠥᠯ ᠵᠦᠢᠯ ᠡᠬᠢᠯᠡᠭᠦᠯᠬᠦ᠌᠎ᠶ᠋ᠢ ᠴᠢᠩᠭ᠎ᠠ ᠬᠠᠮᠢᠶᠠᠷᠴᠤ᠌᠂ ᠲᠣᠭ᠍ᠲᠠᠭᠠᠯ᠎ᠡᠴᠡ ᠵᠥᠷᠢᠴᠡᠨ ᠲᠣᠢᠮᠣ ᠲᠥᠰᠦᠪ᠎ᠡᠴᠡ ᠳᠠᠪᠠᠭᠤᠯᠬᠤ ᠠᠰᠠᠭᠤᠳᠠᠯ ᠭᠠᠷᠬᠤ᠎ᠶ᠋ᠢ ᠡᠷᠡᠰ ᠬᠣᠷᠢᠭ᠍ᠯᠠᠪᠠ; ᠲᠤᠨᠤᠮᠠᠯ ᠪᠡᠯᠡ ᠮᠥᠩᠭᠥ᠎ᠶ᠋ᠢ ᠲᠤᠢᠯᠪᠤᠷᠢᠳᠠᠢ ᠪᠠᠢᠴᠠᠭᠠᠬᠤ ᠠᠵᠢᠯᠯᠠᠭ᠎ᠠ᠎ᠶ᠋ᠢ ᠥᠷᠨᠢᠭᠦᠯᠦᠭ᠌ᠰᠡᠨ ᠰᠠᠭᠤᠷᠢᠨ ᠳᠡᠭᠡᠷ᠎ᠡ ᠤᠯᠤᠰ᠎ᠤᠨ ᠥᠮᠴᠢᠯᠡᠯ ᠤ᠋ᠨ ᠡᠳ᠋ ᠬᠥᠷᠥᠩᠭᠡ᠎ᠶ᠋ᠢᠨ ᠡᠬᠢ ᠪᠠᠶᠠᠯᠢᠭ᠎ᠢ ᠢᠯᠭᠠᠷᠠᠭᠤᠯᠤᠨ ᠪᠠᠢᠴᠠᠭᠠᠬᠤ ᠪᠠ ᠠᠮᠢᠳᠤᠯᠢᠭ ᠪᠣᠯᠭᠠᠬᠤ ᠠᠵᠢᠯ᠎ᠢ ᠤᠯᠠᠮ ᠨᠢᠭᠡ ᠠᠯᠬᠤᠮ ᠥᠷᠨᠢᠭᠦᠯᠵᠦ᠍᠂ ᠡᠳ᠋ ᠬᠥᠷᠥᠩᠭᠡ ᠡᠬᠢ ᠪᠠᠶᠠᠯᠢᠭ᠎ᠢ ᠪᠦᠬᠦ᠌ ᠲᠠᠯ᠎ᠠ᠎ᠪᠠᠷ ᠨᠢᠭᠡᠳᠦᠯᠲᠡᠶ ᠲᠥᠯᠥᠪᠵᠢᠬᠦᠯᠤᠨ ᠠᠱᠢᠭ᠍ᠯᠠᠬᠤ᠎ᠶ᠋ᠢ ᠠᠬᠢᠭᠤᠯᠪᠠ; ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶᠠᠷᠤᠯᠲᠠ᠎ᠶ᠋ᠢ ᠴᠢᠩᠭᠠᠳᠭᠠᠵᠤ᠂ 12 ᠠᠢᠮᠠᠭ ᠬᠣᠲᠠ ᠴᠥᠮ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠶ᠋ᠯ᠎ᠢ ᠤᠨᠳᠤᠤ ᠭᠠᠵᠠᠷ᠎ᠲᠤ ᠬᠢᠨᠠᠨ ᠲᠣᠭ᠍ᠲᠠᠭᠠᠬᠤ᠎ᠶ᠋ᠢ ᠪᠡᠶᠡᠯᠡᠭᠦᠯᠪᠠ; ᠤᠴᠢᠷ ᠶᠠᠪᠤᠳᠠᠯ᠎ᠦᠨ ᠡᠮᠦᠨᠡᠬᠢ ᠠᠮᠵᠢᠯᠲᠠ ᠪᠦᠲᠦᠮᠵᠢ᠎ᠶ᠋ᠢ ᠦᠨᠡᠯᠡᠨ ᠵᠢᠱ᠌ᠢᠬᠦ᠌᠂ ᠤᠴᠢᠷ ᠶᠠᠪᠤᠳᠠᠯ᠎ᠦᠨ ᠳᠤᠮᠳᠠᠬᠢ ᠠᠮᠵᠢᠯᠲᠠ ᠪᠦᠲᠦᠮᠵᠢ᠎ᠶ᠋ᠢ ᠬᠢᠨᠠᠨ ᠡᠵᠡᠮᠳᠡᠬᠦ᠌᠂ ᠤᠴᠢᠷ ᠶᠠᠪᠤᠳᠠᠯ᠎ᠦᠨ ᠳᠠᠷᠠᠭᠠᠬᠢ ᠠᠮᠵᠢᠯᠲᠠ ᠪᠦᠲᠦᠮᠵᠢ᠎ᠶ᠋ᠢ ᠦᠨᠡᠯᠡᠬᠦ᠌ ᠵᠢᠴᠢ ᠦᠷ᠎ᠡ ᠳ᠋ᠦᠩ᠎ᠢ ᠬᠡᠷᠡᠭ᠌ᠯᠡᠬᠦ᠌᠎ᠶ᠋ᠢ ᠬᠠᠮᠤᠷᠤᠭ᠍ᠰᠠᠨ ᠲᠥᠰᠦᠪ᠎ᠦᠨ ᠠᠮᠵᠢᠯᠲᠠ ᠪᠦᠲᠦᠮᠵᠢ᠎ᠶ᠋ᠢᠨ ᠪᠦᠬᠦ᠌ ᠲᠠᠯ᠎ᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠳᠤᠮᠳᠠ ᠡᠳ᠋᠎ᠦᠨ ᠵᠠᠰᠠᠭ᠎ᠤᠨ ᠵᠠᠷᠤᠯᠭ᠎ᠠ᠎ᠶ᠋ᠢ ᠠᠷᠪᠢᠯᠠᠪᠠ; ᠡᠳ᠋᠎ᠦᠨ ᠶᠠᠪᠤᠳᠠᠯ ᠨᠢᠭ᠍ᠲᠠᠯᠠᠨ ᠪᠤᠳᠤᠯᠳᠠ᠎ᠶ᠋ᠢᠨ ᠬᠢᠨᠠᠯᠲᠠ᠎ᠶ᠋ᠢ ᠭᠦᠨᠵᠡᠭᠡᠢᠷᠡᠭᠦᠯᠵᠦ᠍᠂ ᠪᠦᠬᠦ ᠲᠠᠯ᠎ᠠ ᠵᠢᠨ ᠪᠡᠯᠡ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠣᠷᠣ ᠲᠥᠯᠥᠪ᠎ᠢ ᠪᠠᠢᠭᠤᠯᠵᠤ᠂ ᠠᠷᠪᠢᠯᠡᠨ ᠭᠠᠮᠨᠠᠵᠤ ᠠᠮᠢᠳᠤᠷᠠᠬᠤ᠎ᠶ᠋ᠢᠨ ᠵᠢᠷᠤᠮᠵᠢᠭᠤᠯᠤᠯᠲᠠ᠎ᠶ᠋ᠢ ᠠᠬᠢᠭᠤᠯᠪᠠ᠃

ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶ᠋ᠢ ᠬᠡᠷᠬᠢᠨ ᠨᠠᠢᠳᠠᠪᠤᠷᠢᠵᠢᠭᠤᠯᠬᠤ ᠪᠤᠢ? ᠥᠪᠥᠷ ᠮᠣᠩᠭᠣᠯ ᠪᠠᠯᠠ ᠣᠷᠣᠭᠤᠯᠤᠯᠲᠠ᠎ᠶ᠋ᠢᠨ ᠭᠤᠤᠯᠯᠡᠨ ᠬᠠᠮᠢᠶᠠᠷᠬᠤ ᠰᠠᠯᠠᠭ᠎ᠠ ᠮᠥᠴᠢᠷ᠎ᠦᠨ ᠲᠠᠭᠠᠭᠤᠯᠤᠬᠴᠢ ᠦᠶ᠋ᠯᠡᠳᠦᠯ᠎ᠢ ᠪᠠᠳᠠᠷᠠᠭᠤᠯᠬᠤ ᠲᠠᠯ᠎ᠠ᠎ᠪᠠᠷ ᠬᠦᠴᠦᠯᠡᠵᠦ᠍ ᠪᠣᠶ᠃ 《ᠪᠢᠳᠡ ᠪᠠᠯᠠ ᠣᠷᠣᠭᠤᠯᠤᠯᠲᠠ᠎ᠶ᠋ᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢ ᠶᠡᠷᠦᠩᠬᠡᠢᠯᠡᠨ ᠠᠳᠭᠤᠵᠤ ᠰᠠᠢᠲᠤᠷ ᠬᠢᠵᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠴᠢᠩᠭ᠎ᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠌᠎ᠪᠡᠷ ᠳᠠᠮᠵᠢᠨ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠲᠣᠬᠢᠷᠠᠭᠤᠯᠤᠯᠲᠠ ᠡᠮᠬᠢᠯᠡᠯᠲᠡ᠎ᠶ᠋ᠢ ᠪᠠᠢᠩᠭᠤ ᠥᠷᠨᠢᠭᠦᠯᠵᠦ᠍᠂ ᠠᠷᠪᠢᠯᠠᠨ ᠭᠠᠮᠨᠠᠬᠤ ᠵᠢ ᠴᠢᠨᠭᠭ᠎ᠠ ᠭᠡᠷᠡᠭᠵᠢᠬᠦᠯᠵᠤ ᠲᠦᠷᠦᠭᠦᠯᠡᠨ ᠠᠷᠪᠢᠯᠡᠨ ᠭᠠᠮᠨᠠᠵᠤ ᠠᠮᠢᠳᠤᠷᠠᠵᠤ ᠪᠤᠢ》 ᠭᠡᠵᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠭᠠᠵᠠᠷ᠎ᠤᠨ ᠳᠠᠷᠤᠭ᠎ᠠ ᠵᠠᠩ ᠭᠦᠸᠧ ᠳ᠋ᠦᠩ ᠬᠡᠯᠡᠪᠡ᠃

ᠣᠢᠷ᠎ᠠ᠎ᠶ᠋ᠢᠨ ᠵᠢᠯ᠎ᠳ᠋ᠤ᠂ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠴᠢᠩᠭ᠎ᠠ ᠬᠠᠮᠢᠶᠠᠷᠬᠤ ᠱᠢᠰᠲ᠋ᠧᠮ ᠢ᠋ ᠪᠦᠷᠢᠨᠱᠢᠭᠦᠯᠦᠨ ᠲᠡᠭᠦᠯᠳᠡᠷᠵᠢᠭᠦᠯᠬᠦ᠌ ᠲᠠᠯ᠎ᠠ᠎ᠪᠠᠷ᠂ ᠪᠥᠬᠥ᠌ ᠣᠷᠣᠨ᠎ᠤ ᠡᠯ᠎ᠡ ᠱᠠᠲᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠨᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠂ ᠬᠤᠯᠪᠤᠬᠳᠠᠯ ᠪᠥᠬᠥᠶ ᠠᠵᠢᠯ ᠲᠥᠷᠥᠯ᠎ᠦᠨ ᠭᠤᠤᠯᠯᠡᠨ ᠬᠠᠮᠢᠶᠠᠷᠬᠤ ᠰᠠᠯᠠᠭ᠎ᠠ ᠮᠥᠴᠢᠷ᠎ᠯᠤᠭᠡ ᠬᠠᠮᠲᠤᠷᠠᠨ ᠵᠠᠰᠠᠭ᠎ᠤᠨ ᠣᠷᠳᠣᠨ᠎ᠤ ᠲᠥᠷᠥᠯ ᠵᠦᠶ᠋ᠯ᠎ᠢ ᠵᠥᠪᠱᠢᠶᠡᠷᠡᠨ ᠣᠷᠣᠭᠤᠯᠬᠤ ᠪᠣᠭᠣᠮᠲᠠ᠎ᠶ᠋ᠢ ᠴᠢᠩᠭ᠎ᠠ ᠰᠠᠬᠢᠵᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠲᠥᠰᠦᠪᠯᠡᠨ ᠬᠡᠷᠡᠭ᠌ᠵᠢᠭᠦᠯᠬᠦ᠌᠎ᠶ᠋ᠢ ᠴᠢᠨᠠᠷ ᠰᠠᠢᠲᠠᠶ᠎ᠪᠠᠷ ᠠᠬᠢᠭᠤᠯᠪᠠ; ᠥᠪᠡᠷᠲᠡᠭᠡᠨ ᠵᠠᠰᠠᠬᠤ ᠣᠷᠣᠨ ᠡᠴᠡ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠬᠠᠮᠢᠶᠠᠷᠤᠯᠲᠠ᠎ᠶ᠋ᠢᠨ ᠲᠠᠰ ᠳᠠᠷᠠᠭᠠᠯᠠᠯ᠎ᠢ ᠴᠢᠩᠭ᠎ᠠ ᠬᠡᠷᠡᠭ᠌ᠵᠢᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠠᠰ ᠳᠠᠷᠠᠭᠠᠯᠠᠯ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ》 ᠢ᠋ ᠳᠠᠷᠤᠮᠠᠯᠯᠠᠨ ᠲᠠᠷᠬᠠᠭᠠᠵᠤ᠂ ᠲᠣᠰ ᠱᠠᠲᠤᠨ᠎ᠤ ᠲᠥᠷᠥᠯ ᠵᠦᠶ᠋ᠯ᠎ᠢ ᠲᠥᠷᠥᠯ ᠵᠦᠶ᠋ᠯ ᠲᠣᠭ᠍ᠲᠠᠭᠠᠵᠤ ᠬᠢᠨᠠᠨ ᠵᠥᠪᠱᠢᠶᠡᠷᠡᠬᠦ᠌᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠡᠴᠡ ᠬᠢᠨᠠᠨ ᠲᠣᠭ᠍ᠲᠠᠭᠠᠬᠤ ᠴᠢᠬᠤᠯᠠᠲᠠᠶ ᠪᠥᠭᠡᠳ ᠪᠥᠲᠥᠭᠡᠨ ᠪᠠᠢᠭᠤᠯᠤᠯᠲᠠ᠎ᠶ᠋ᠢᠨ ᠪᠠᠯᠠ ᠮᠥᠩᠭᠥ᠎ᠶ᠋ᠢ ᠨᠠᠢᠳᠠᠪᠤᠷᠢᠵᠢᠭᠤᠯᠤᠭ᠍ᠰᠠᠨ᠎ᠤ ᠳᠠᠷᠠᠭ᠎ᠠ᠂ ᠲᠥᠷᠥᠯ ᠵᠦᠶ᠋ᠯ ᠲᠣᠭ᠍ᠲᠠᠭᠠᠵᠤ ᠬᠢᠨᠠᠨ ᠵᠥᠪᠱᠢᠶᠡᠷᠡᠬᠦ᠌ ᠠᠵᠢᠯ᠎ᠢ ᠦᠷᠨᠢᠭᠦᠯᠬᠦ᠎ᠶ᠋ᠢ ᠠᠬᠢᠭᠤᠯᠵᠤ᠂ 《ᠬᠠᠮᠠᠭᠠᠯᠠᠭᠴᠢ》 ᠵᠢᠨ ᠦᠶ᠋ᠯᠡᠳᠦᠯ᠎ᠢ ᠪᠠᠳᠠᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠡᠭᠦᠨ᠎ᠦ ᠬᠠᠮᠲᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠢ ᠲᠣᠬᠢᠷᠠᠭᠤᠯᠤᠨ ᠡᠮᠬᠢᠯᠡᠬᠦ᠌ ᠠᠵᠢᠯ᠎ᠢ ᠪᠠᠢᠩᠭᠤ ᠥᠷᠨᠢᠭᠦᠯᠬᠦ᠌ ᠲᠠᠯ᠎ᠠ᠎ᠪᠠᠷ᠂ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ᠎ᠶ᠋ᠢᠨ ᠲᠥᠯᠥᠭᠡ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠡᠴᠡ ᠨᠠᠭᠠᠰᠢ᠂ ᠪᠥᠬᠥ᠌ ᠣᠷᠣᠨ᠎ᠤ ᠬᠢᠨ ᠣᠯᠠᠨ ᠲᠠᠯ᠎ᠠ᠎ᠡᠴᠡ ᠴᠢᠬᠤᠯᠠ ᠶᠡᠬᠡ ᠲᠥᠷᠥᠯ ᠵᠦᠶ᠋ᠯ᠎ᠦᠨ ᠪᠠᠢ᠌ᠩᠭᠤᠵᠢᠭ᠍ᠰᠠᠨ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠱᠢᠰᠲ᠋ᠧᠮ᠎ᠦᠨ ᠴᠢᠨᠠᠷᠲᠠᠶ ᠡᠮᠬᠢᠯᠡᠯᠲᠡ᠎ᠶ᠋ᠢ ᠥᠷᠨᠢᠭᠦᠯᠪᠡ — 《ᠬᠠᠭᠠᠰ ᠳᠤᠲᠠᠭᠤ ᠤᠷᠬᠢᠭᠰᠠᠨ ᠢᠨᠵᠧᠨᠧᠷᠢᠩ》 ᠢ᠋ ᠲᠤᠢᠯᠪᠦᠷᠢᠲᠠᠢ ᠪᠠᠢᠴᠠᠭᠠᠬᠤ ᠠᠵᠢᠯ᠎ᠢ ᠡᠬᠢᠯᠡᠭᠦᠯᠵᠦ᠍᠂ ᠲᠣᠰ ᠠᠵᠢᠯ᠎ᠢ 2022 ᠣᠨ᠎ᠳᠤ ᠡᠬᠢᠯᠡᠭᠦᠯᠦᠨ ᠬᠡᠷᠡᠭ᠌ᠵᠢᠭᠦᠯᠵᠦ᠍᠂ ᠪᠥᠬᠥ᠌ ᠣᠷᠣᠨ᠎ᠳᠤ ᠨᠡᠢᠲᠡ 387 ᠲᠥᠷᠥᠯ ᠵᠦᠶ᠋ᠯ᠎ᠢ ᠡᠮᠬᠢᠯᠡᠵᠦ᠂ 《ᠨᠢᠭᠡ ᠲᠥᠷᠥᠯ ᠵᠦᠶ᠋ᠯ᠎ᠳᠤ ᠨᠢᠭᠡ ᠲᠥᠰᠦᠯ》 ᠵᠢᠡᠷ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠢ ᠱᠢᠶ᠋ᠳᠪᠦᠷᠢᠯᠡᠵᠦ᠍᠂ 2023 ᠣᠨ᠎ᠤ ᠰᠡᠭᠦᠯᠴᠢ᠎ᠪᠡᠷ 《ᠬᠠᠭᠠᠰ ᠳᠤᠲᠠᠭᠤ ᠤᠷᠬᠢᠭᠰᠠᠨ ᠢᠨᠵᠧᠨᠧᠷᠢᠩ》 ᠢ᠋ ᠪᠦᠬᠦᠨ᠎ᠢ ᠠᠮᠢᠳᠤᠯᠢᠭ᠍ᠵᠢᠭᠤᠯᠤᠨ ᠳ᠋ᠤᠭᠠᠷ᠎ᠢ ᠬᠠᠰᠤᠪᠠ; ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢ ᠴᠢᠩᠭ᠎ᠠ ᠲᠥᠷᠥᠯ ᠬᠤᠪᠢᠶᠠᠨ ᠴᠢᠩᠭᠠᠳᠭᠠᠵᠤ᠂ 2024 ᠣᠨ᠎ᠡᠴᠡ ᠡᠨᠡ ᠵᠢᠯ᠎ᠦᠨ ᠳᠡᠭᠡᠳᠦ ᠬᠠᠭᠠᠰ ᠵᠢᠯ ᠪᠣᠯᠲᠠᠯ᠎ᠠ᠂ ᠪᠥᠬᠥ᠌ ᠣᠷᠣᠨ᠎ᠳᠤ ᠲᠣᠰ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠵᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ᠎ᠦᠨ ᠲᠥᠷᠥᠯ ᠵᠦᠶ᠋ᠯ᠎ᠳᠤ ᠴᠢᠩᠭ᠎ᠠ ᠬᠦᠴᠦᠲᠡᠢ ᠲᠠᠰ ᠳᠡᠪᠱᠢᠭᠰᠡᠨ ᠨᠤᠲᠠᠯᠠᠯᠲᠠ ᠬᠢᠵᠦ᠂ ᠳᠡᠮᠵᠢᠯᠭᠡ ᠪᠠᠲᠤᠯᠠᠭ᠎ᠠ᠎ᠶ᠋ᠢᠨ ᠲᠥᠷᠥᠯ᠎ᠦᠨ ᠲᠥᠷᠥᠯ ᠵᠦᠶ᠋ᠯ᠎ᠢ ᠭᠠᠷᠭᠠᠪᠠᠯ᠂ ᠵᠠᠷᠴᠢᠮ ᠳᠡᠭᠡᠷ᠎ᠡ᠎ᠪᠡᠨ ᠪᠤᠰᠤᠳ ᠲᠥᠷᠥᠯ ᠵᠦᠶ᠋ᠯ᠎ᠢ ᠱᠢᠨ᠎ᠡ᠎ᠪᠡᠷ ᠪᠠᠢᠭᠤᠯᠬᠤ ᠥᠬᠡᠶ᠂ ᠦᠨᠡᠬᠡᠷ ᠱᠢᠨ᠎ᠡ᠎ᠪᠡᠷ ᠪᠠᠢᠭᠤᠯᠬᠤ ᠴᠢᠬᠤᠯᠠᠲᠠᠶ ᠪᠣᠯ᠂ ᠨᠢᠭᠡᠳ ᠨᠢᠭᠡ᠎ᠪᠡᠷ ᠴᠢᠩᠭ᠎ᠠ ᠨᠤᠲᠠᠯᠠᠵᠤ᠂ ᠪᠥᠲᠥᠭᠡᠨ ᠪᠠᠢᠭᠤᠯᠤᠯᠲᠠ᠎ᠶ᠋ᠢᠨ ᠪᠠᠯᠠ ᠮᠥᠩᠭᠥ᠎ᠶ᠋ᠢᠨ ᠢᠷᠡᠯᠲᠡ᠎ᠶ᠋ᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠪᠠᠯᠠ ᠣᠷᠣᠭᠤᠯᠤᠯᠲᠠ᠎ᠶ᠋ᠢ ᠪᠠᠭᠠᠰᠭᠠᠵᠤ ᠳᠡᠢᠯᠬᠦ᠌ ᠲᠥᠷᠥᠯ ᠵᠦᠶ᠋ᠯ᠎ᠢ ᠡᠷᠡᠰ ᠪᠠᠭᠠᠰᠬᠠᠭᠰᠠᠨ ᠪᠠᠢᠨ᠎ᠠ; 《ᠳᠦᠷᠢ ᠲᠥᠷᠬᠦ᠌᠎ᠶ᠋ᠢᠨ ᠢᠨᠵᠧᠨᠧᠷᠢᠩ》᠂ 《ᠠᠵᠢᠯ᠎ᠤᠨ ᠪᠦᠳᠦᠮᠵᠢ᠎ᠶ᠋ᠢᠨ ᠢᠨᠵᠧᠨᠧᠷᠢᠩ》 ᠵᠡᠷᠭᠡ ᠠᠰᠠᠭᠤᠳᠠᠯ᠎ᠢ ᠵᠢᠭ᠍ᠰᠠᠭᠠᠨ ᠪᠠᠢᠴᠠᠭᠠᠬᠤ ᠠᠵᠢᠯ᠎ᠢ ᠴᠢᠩᠭ᠎ᠠ ᠥᠷᠨᠢᠭᠦᠯᠵᠦ᠍᠂ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢ ᠬᠦᠨᠳᠦ ᠨᠣᠴᠢᠲᠠᠶ ᠪᠦᠷᠢᠯᠭᠡᠨ ᠰᠦᠶ᠋ᠳᠭᠡᠭ᠌ᠰᠡᠨ ᠵᠡᠷᠭᠡ ᠠᠰᠠᠭᠤᠳᠠᠯ ᠣᠷᠣᠱᠢᠵᠤ ᠪᠠᠢᠬᠤ ᠡᠰᠡᠬᠦ᠌᠎ᠶ᠋ᠢ ᠪᠥᠬᠥ᠌ ᠲᠠᠯ᠎ᠠ᠎ᠪᠠᠷ ᠡᠮᠬᠢᠯᠡᠪᠡ᠃

ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶ᠋ᠢ ᠬᠡᠷᠬᠢᠨ ᠨᠠᠢᠳᠠᠪᠤᠷᠢᠵᠢᠭᠤᠯᠬᠤ ᠪᠤᠢ ? ᠳᠦᠷᠢᠮ ᠲᠣᠭ᠍ᠲᠠᠭᠠᠯ ᠲᠣᠭ᠍ᠲᠠᠭᠠᠬᠤ ᠪᠠ ᠭᠣᠣᠯᠳᠠᠯᠭ᠎ᠠ᠎ᠲᠠᠶ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠪᠠᠷ ᠳᠠᠮᠵᠢᠨ᠂ ᠥᠪᠥᠷ ᠮᠣᠩᠭᠣᠯ ᠰᠠᠢᠲᠤᠷ ᠭᠠᠮᠨᠠᠨ ᠠᠷᠪᠢᠯᠠᠬᠤ ᠳᠤᠮᠳᠠ ᠠᠩᠬ᠎ᠠ ᠠᠯᠬᠤᠮ᠎ᠤᠨ ᠠᠮᠵᠢᠯᠲᠠ ᠣᠯᠪᠠ᠃

— 2021 ᠣᠨ — 2024 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠭᠤᠤᠯᠳᠠᠯᠭᠠᠲᠦ ᠪᠤᠰᠤ᠂ ᠵᠠᠢᠯᠠᠰᠢ ᠥᠬᠡᠶ ᠪᠤᠰᠤ ᠴᠢᠨᠠᠷᠲᠠᠶ ᠵᠠᠷᠤᠯᠭ᠎ᠠ᠎ᠶ᠋ᠢ ᠲᠣᠰ ᠲᠣᠰ 55.5 ᠳ᠋ᠦᠩᠱᠢᠭᠤᠷ ᠲᠥᠭᠥᠷᠢᠭ᠂ 29.5 ᠳ᠋ᠦᠩᠱᠢᠭᠤᠷ ᠲᠥᠭᠥᠷᠢᠭ᠂ 53 ᠳ᠋ᠦᠩᠱᠢᠭᠤᠷ ᠲᠥᠭᠥᠷᠢᠭ᠂ 138.4 ᠳ᠋ᠦᠩᠱᠢᠭᠤᠷ ᠲᠥᠭᠥᠷᠢᠭ ᠪᠠᠭᠠᠰᠭᠠᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠠᠮᠢᠶ᠎ᠠ ᠪᠥᠬᠥᠶ ᠲᠤᠰᠭᠠᠶ ᠪᠠᠯᠠ ᠮᠥᠩᠭᠥ᠎ᠶ᠋ᠢ 1 / 3 ᠪᠡᠷ ᠪᠠᠭᠠᠰᠬᠠᠵᠤ 61 ᠳ᠋ᠦᠩᠱᠢᠭᠤᠷ ᠲᠥᠭᠥᠷᠢᠭ ᠪᠠᠭᠠᠰᠭᠠᠪᠠ᠃

— 2021 ᠣᠨ — 2025 ᠣᠨ᠎ᠤ ᠲᠥᠰᠦᠪ᠎ᠦᠨ ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 《ᠭᠤᠷᠪᠠᠨ ᠵᠦᠢᠯ᠎ᠤᠨ ᠠᠯᠪᠠᠨ ᠵᠠᠷᠤᠳᠠᠯ》 ᠤ᠋ᠨ ᠲᠥᠰᠦᠪ᠎ᠨᠢ ᠵᠢᠯ ᠪᠦᠷᠢ ᠳᠤᠮᠳᠠᠴᠢ᠎ᠪᠠᠷ  2.33% ᠪᠠᠷ ᠪᠠᠭᠤᠷᠠᠪᠠ᠃

— ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ ᠳ᠋ᠦ ᠨᠢᠭᠡᠨᠲᠡ 40 ᠭᠠᠷᠤᠶ ᠵᠦᠶ᠋ᠯ᠎ᠦᠨ ᠲᠥᠰᠦᠪ᠎ᠦᠨ ᠵᠠᠷᠤᠯᠭ᠎ᠠ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠵᠤ᠂ ᠠᠩᠬ᠎ᠠ ᠠᠯᠬᠤᠮ᠎ᠤᠨ ᠬᠡᠪᠴᠢᠶᠡᠵᠢᠭᠰᠡᠨ ᠵᠠᠷᠤᠯᠭ᠎ᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠲᠥᠰᠦᠪ᠎ᠦᠨ ᠣᠨᠣᠪᠴᠢᠲᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃

— ᠲᠥᠰᠦᠪ᠎ᠦᠨ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠲᠠᠪᠴᠠᠩ᠎ᠢ ᠪᠠᠢᠭᠤᠯᠬᠤ᠎ᠪᠠᠷ ᠳᠡᠮᠵᠢᠨ᠂ ᠥᠪᠥᠷ ᠮᠣᠩᠭᠣᠯ ᠣᠢᠷ᠎ᠠ᠎ᠶ᠋ᠢᠨ ᠵᠢᠯ᠎ᠦᠨ ᠲᠤᠷᠰᠢ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠱᠠᠭᠠᠷᠳᠠᠯᠭ᠎ᠠ ᠶᠣᠰᠣᠭᠠᠷ 182 ᠵᠤᠷᠪᠤᠰ ᠤᠷᠢᠳᠴᠢᠯᠠᠨ ᠰᠡᠷᠡᠮᠵᠢᠯᠡᠭᠦᠯᠬᠦ᠌ ᠲᠦᠷᠢᠮ ᠲᠣᠭ᠍ᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ᠌ ᠲᠤᠭ᠎ᠠ ᠪᠠᠷᠢᠮᠳᠠ ᠵᠢ ᠨᠡᠢᠲᠡ 21 ᠲᠦᠮᠡ ᠭᠠᠷᠤᠶ ᠵᠤᠷᠪᠤᠰ ᠬᠢᠨᠠᠨ ᠬᠠᠷᠭᠤᠭᠤᠯᠵᠤ ᠱᠢᠶ᠋ᠳᠪᠦᠷᠢᠯᠡᠨ᠂ ᠬᠣᠯᠪᠣᠭ᠍ᠳᠠᠭ᠍ᠰᠠᠨ ᠪᠠᠯᠠ ᠮᠥᠩᠭᠥ᠌ 32.09 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠥᠰᠦᠪ ᠎ᠲᠦ ᠦᠭᠡᠢ ᠲᠦᠰᠦᠪ᠎ᠡᠴᠡ ᠳᠠᠪᠠᠭ᠍ᠰᠠᠨ ᠵᠠᠷᠤᠯᠭ᠎ᠠ᠂ ᠨᠢᠭᠤᠨ ᠲᠠᠯᠳᠠᠯᠠᠭᠰᠠᠨ ᠰᠢᠯᠵᠢᠭᠦᠯᠦᠭᠰᠡᠨ ᠵᠠᠷᠤᠯᠭ᠎ᠠ ᠪᠠ ᠪᠦᠷᠢᠯᠭᠡᠨ ᠰᠦᠶ᠋ᠳᠭᠡᠬᠦ᠌᠂ ᠵᠣᠭᠣᠰ᠎ᠮᠦᠨᠭᠭᠦ ᠪᠠᠨ ᠱᠠᠯᠠᠪᠳᠠᠨ ᠵᠠᠷᠤᠬᠤ ᠵᠡᠷᠭᠡ ᠦᠶ᠋ᠯᠡ ᠠᠵᠢᠯᠯᠠᠭ᠎ᠠ᠎ᠶ᠋ᠢ ᠡᠷᠡᠰ ᠬᠣᠷᠢᠭ᠍ᠯᠠᠪᠠ᠃

《ᠪᠢᠳᠡ ᠲᠥᠰᠦᠪ᠎ᠢ ᠨᠠᠢᠷᠠᠭᠤᠯᠤᠨ ᠵᠣᠬᠢᠶᠠᠬᠤ ᠪᠠ ᠬᠡᠷᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠴᠢᠩᠳᠠᠯᠠᠵᠤ᠂ ᠲᠥᠰᠦᠪ᠎ᠦᠨ ᠬᠢᠵᠠᠭᠠᠷᠯᠠᠬᠤ ᠬᠦᠴᠦᠨ᠎ᠢ ᠴᠢᠩᠭᠠᠷᠠᠭᠤᠯᠵᠤ᠂ ᠠᠷᠪᠢᠯᠠᠨ ᠭᠠᠮᠨᠠᠵᠤ ᠠᠮᠢᠳᠤᠷᠠᠬᠤ ᠬᠥᠳᠡᠯᠦᠩᠭᠦᠶ ᠬᠢᠨᠠᠨ ᠡᠵᠡᠮᠳᠡᠯ᠎ᠢ ᠴᠢᠩᠭᠠᠳᠭᠠᠵᠤ᠂ ᠡᠳ᠋᠎ᠦᠨ ᠶᠠᠪᠤᠳᠠᠯ ᠪᠠ ᠨᠢᠭ᠍ᠲᠠᠯᠠᠨ ᠪᠤᠳᠤᠬᠤ ᠬᠢᠨᠠᠯᠲᠠ᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠷᠪᠢᠯᠠᠨ ᠭᠠᠮᠨᠠᠬᠤ ᠵᠢ ᠴᠢᠩᠭ᠎ᠠ ᠭᠡᠷᠡᠭᠵᠢᠬᠦᠯᠬᠦ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌ ᠳᠤᠮᠳᠠ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ᠎ᠠ》 ᠭᠡᠵᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠲᠥᠰᠦᠪ᠎ᠦᠨ ᠭᠠᠵᠠᠷ᠎ᠤᠨ ᠳᠠᠷᠤᠭ᠎ᠠ ᠯᠢᠦ ᡁᠢ ᠸᠧᠶ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号