ᠰᠤᠷᠲᠠᠯ᠎ᠢᠶᠠᠨ ᠬᠤᠪᠢᠷᠠᠭᠤᠯᠵᠤ ᠦᠢᠯᠡᠴᠢᠯᠡᠭᠡ ᠪᠡᠨ ᠰᠢᠯᠢᠳᠡᠭᠵᠢᠬᠦᠯᠤᠨ ᠠᠷᠠᠳ᠎ᠤᠨ ᠰᠠᠨᠠᠭᠠᠰᠢᠷᠠᠯ ᠎ᠢ ᠠᠷᠢᠯᠭᠠᠵᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠳᠦᠭᠡᠯ ᠵᠢᠡᠷ ᠠᠷᠠᠳ ᠎ᠤᠨ ᠠᠮᠢᠳᠤᠷᠠᠯ᠎ᠳᠤ ᠠᠱᠢᠭ ᠬᠦᠷᠲᠡᠭᠡᠵᠦ᠍ ᠠᠷᠠᠳ᠎ᠤᠨ ᠰᠡᠳᠭᠢᠯ ᠎ᠢ ᠳᠤᠯᠠᠭᠠᠴᠠᠭᠤᠯᠤᠨ᠎ᠠ
2025-08-25 10:11:11
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠡᠴᠡ ᠡᠷᠭᠢᠯᠡᠭ᠌ᠰᠡᠨ ᠪᠠᠶᠠᠨᠨᠠᠭᠤᠷ᠎ᠤᠨ ᠲᠤᠰᠭᠠᠶ ᠠᠵᠢᠯᠲᠠᠨ ᠡᠯᠰᠡᠬᠦ᠌ ᠬᠤᠷᠠᠯ ᠳᠡᠭᠡᠷ᠎ᠠ᠎ᠦᠶᠤᠸᠠᠨ ᠱᠢᠶᠠᠨ᠎ᠤ ᠱᠧᠩ ᠹᠸᠩ ᠲᠣᠰᠭᠣᠨ᠎ᠤ ᠠᠷᠠᠳ ᠳ᠋ᠦᠩ ᠱᠣ᠌ ᠬᠣᠶ᠄ 《ᠡᠨᠡ ᠵᠢᠯ᠎ᠦᠨ ᠲᠠᠷᠢᠶᠠᠨ ᠭᠠᠵᠠᠷ᠎ᠤᠨ ᠬᠤᠷᠢᠶᠠᠯᠲᠠ ᠲᠡᠢᠮᠦ᠍ ᠰᠠᠢᠨ ᠪᠢᠰᠢ᠂ ᠡᠨᠡ ᠤᠳᠠᠭ᠎ᠠ᠎ᠶ᠋ᠢᠨ ᠠᠵᠢᠯ ᠣᠯᠭᠣᠯᠲᠠ ᠪᠠ ᠠᠵᠢᠯᠲᠠᠨ ᠡᠯᠰᠡᠬᠦ᠌ ᠠᠵᠢᠯ᠎ᠨᠢ ᠮᠠᠰᠢ ᠣᠯᠠᠨ ᠲᠣᠮᠣ ᠠᠵᠤ ᠠᠬᠤᠢᠯᠠᠯ᠎ᠢ ᠪᠢᠳᠠᠨ ᠳ᠋ᠤ ᠲᠠᠨᠢᠯᠴᠠᠭᠤᠯᠤᠬᠰᠡᠨ ᠪᠦᠭᠡᠳ ᠡᠬᠦᠨ ᠵᠢᠡᠷ ᠲᠠᠮᠵᠢᠨ ᠪᠢ ᠪᠠᠰᠠ ᠨᠢᠭᠡ ᠰᠡᠳᠭᠢᠯ ᠬᠠᠨᠤᠮᠵᠢᠲᠠᠶ ᠠᠵᠢᠯ᠎ᠤᠨ ᠪᠠᠢᠷᠢ ᠣᠯᠵᠠᠶ᠂ ᠬᠤᠵᠢᠮ ᠰᠠᠢᠲᠤᠷ ᠠᠵᠢᠯᠯᠠᠵᠤ᠂ ᠣᠷᠣᠯᠭ᠎ᠠ᠎ᠪᠠᠨ ᠢᠯᠡᠭᠦᠬᠡᠨ ᠨᠡᠮᠡᠭ᠌ᠳᠡᠭᠦᠯᠦᠨ᠎ᠡ》 ᠭᠡᠵᠤ ᠬᠡᠯᠡᠪᠡ᠃

ᠡᠢᠮᠦᠷᠬᠦᠦ ᠠᠳᠠᠯᠢ ᠪᠤᠰᠤ ᠬᠥᠮᠦᠰ᠎ᠦᠨ ᠠᠵᠢᠯ ᠡᠷᠢᠬᠦ᠌ ᠬᠡᠷᠡᠭ᠌ᠴᠡᠭᠡ ᠱᠠᠭᠠᠷᠳᠠᠯᠭ᠎ᠠ᠂ ᠠᠳᠠᠯᠢ ᠪᠤᠰᠤ ᠠᠵᠢᠯ ᠲᠥᠷᠥᠯ᠎ᠦᠨ ᠠᠵᠢᠯᠴᠢᠨ ᠬᠡᠷᠡᠭ᠌ᠯᠡᠬᠦ᠌ ᠣᠨᠴᠠᠯᠢᠭ᠎ᠲᠤ ᠴᠢᠭ᠌ᠯᠡᠭᠦᠯᠦᠨ ᠡᠷᠭᠢᠯᠡᠭ᠌ᠰᠡᠨ 《ᠪᠠᠭ᠎ᠠ ᠮᠥᠷᠲᠡᠭᠡᠨ ᠭᠣᠶᠣ》᠂  《ᠲᠤᠰᠭᠠᠶ ᠮᠥᠷᠲᠡᠭᠡᠨ ᠨᠠᠷᠢᠯᠢᠭ》 ᠠᠵᠢᠯᠲᠠᠨ ᠡᠯᠰᠡᠬᠦ᠌ ᠠᠵᠢᠯᠯᠠᠭ᠎ᠠ ᠪᠣᠯ ᠡᠨᠡ ᠵᠢᠯ᠎ᠦᠨ ᠮᠠᠨ᠎ᠤ ᠣᠷᠣᠨ ᠎ᠤ ᠠᠵᠤ ᠠᠬᠤᠢᠯᠠᠯ ᠪᠠ ᠣᠯᠠᠨ ᠲᠦᠮᠡᠨ᠎ᠦ ᠳᠥᠭᠥᠮ ᠳᠥᠲᠡ ᠥᠨᠳᠥᠷ ᠪᠦᠲᠦᠮᠵᠢᠲᠡᠶ ᠠᠵᠢᠯ ᠣᠯᠭᠣᠯᠲᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ ᠎ᠦ ᠬᠡᠷᠡᠭ᠌ᠴᠡᠭᠡ ᠱᠠᠭᠠᠷᠳᠠᠯᠭ᠎ᠠ ᠎ᠶ᠋ᠢ ᠬᠠᠩᠭᠠᠭ᠍ᠰᠠᠨ ᠨᠢᠭᠡᠨ ᠲᠣᠢᠮᠣ ᠵᠢᠷᠤᠭ ᠪᠣᠯᠤᠨ᠎ᠠ᠃

ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠎ᠦᠨ᠎ᠬᠢᠨ ᠰᠤᠷᠤᠯᠴᠠᠬᠤ ᠪᠠᠢᠴᠠᠭᠠᠬᠤ ᠵᠠᠯᠠᠷᠠᠭᠤᠯᠬᠤ ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠳᠦᠭᠡᠯ᠎ᠢ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠠᠷᠠᠳ ᠎ᠤᠨ ᠰᠡᠳᠭᠢᠯ᠎ᠢ ᠳᠤᠯᠠᠭᠠᠴᠠᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠷᠠᠳ ᠣᠯᠠᠨ᠎ᠳᠤ ᠨᠠᠮ᠎ᠤᠨ ᠰᠤᠷᠲᠠᠯ᠎ᠤᠨ ᠪᠠᠢᠭᠤᠯᠤᠯᠲᠠ ᠎ᠶ᠋ᠢᠨ ᠱᠢᠨ᠎ᠡ ᠦᠷ᠎ᠡ ᠪᠦᠲᠦᠮᠵᠢ᠎ᠶ᠋ᠢ ᠮᠡᠳᠡᠷᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠢ ᠬᠥᠲᠥᠯᠥᠨ ᠵᠢᠯᠣᠭᠣᠳᠴᠤ᠌ ᠪᠠᠢᠭᠠᠳ ᠨᠠᠮ ᠎ᠤᠨ ᠠᠴᠢ ᠎ᠳᠤ ᠨᠠᠩ ᠦᠨᠡᠨ ᠰᠡᠳᠭᠢᠯ᠎ᠡᠴᠡ᠎ᠪᠡᠨ ᠲᠠᠯᠠᠷᠬᠠᠵᠤ᠂ ᠤᠬᠠᠮᠰᠠᠷ᠎ᠡᠴᠡ᠎ᠪᠠᠨ ᠨᠠᠮ ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠡᠷᠡᠰ ᠳᠠᠭᠠᠬᠤ ᠪᠣᠯᠭᠠᠪᠠ᠃

ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠨᠢ ᠤᠯᠠᠨ ᠲᠦᠮᠡᠨ᠎ᠲᠡᠶ ᠬᠠᠷᠢᠯᠴᠠᠬᠤ ᠪᠠ ᠤᠯᠠᠨ ᠲᠦᠮᠡᠨ᠎ᠳᠦ ᠦᠢᠯᠡᠴᠢᠯᠡᠬᠦ᠌ ᠨᠢᠭᠡᠳᠦᠭᠡᠷ ᠹᠷᠣᠨᠲ᠎ᠲᠤ ᠪᠠᠢᠵᠤ᠂ ᠰᠠᠯᠠᠭ᠎ᠠ ᠮᠥᠴᠢᠷ ᠎ᠦᠨ ᠰᠤᠷᠲᠠᠯ᠎ᠤᠨ ᠰᠠᠢ᠌ᠨ ᠮᠠᠭᠤ ᠨᠢ ᠨᠠᠮ ᠪᠠ ᠵᠠᠰᠠᠭ᠎ᠤᠨ ᠣᠷᠳᠣᠨ᠎ᠤ ᠲᠦᠷᠢ ᠲᠥᠷᠬᠦ᠌᠎ᠶ᠋ᠢ ᠱᠢᠭᠤᠳ ᠨᠥᠯᠥᠭᠡᠯᠡᠳᠡᠭ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ᠬᠢᠳᠤᠭᠠᠨ᠎ᠤ ᠢᠷ ᠎ᠢ ᠳᠣᠲᠣᠭ᠍ᠰᠢ ᠬᠠᠨᠳᠤᠭᠤᠯᠵᠤ᠂ ᠠᠰᠠᠭᠤᠳᠠᠯ ᠎ᠢ ᠦᠨᠡᠨ ᠬᠦ᠌ ᠬᠠᠯᠠᠨ ᠰᠠᠢᠵᠢᠷᠠᠭᠤᠯᠵᠤ᠂ ᠦᠨᠡᠨ ᠠᠰᠠᠭᠤᠳᠠᠯ ᠢ᠋ ᠬᠠᠯᠠᠨ ᠰᠠᠢᠵᠢᠷᠠᠭᠤᠯᠵᠤ᠂ ᠨᠠᠮ᠎ᠤᠨ ᠭᠡᠱᠢᠭᠦᠨ᠂ ᠺᠠᠳ᠋ᠷ᠎ᠤᠨ ᠬᠠᠷᠢᠭᠤᠴᠠᠯᠭᠠᠲᠤ ᠤᠬᠠᠮᠰᠠᠷ ᠪᠣᠯᠤᠨ ᠱᠢᠯᠭᠠᠯᠲᠠ ᠲᠤᠱᠢᠶᠠᠬᠤ ᠤᠬᠠᠮᠰᠠᠷ ᠎ᠢ ᠦᠷᠭᠦᠯᠵᠢᠯᠡᠨ ᠴᠢᠩᠭᠠᠳᠭᠠᠵᠤ᠂ ᠤᠯᠠᠨ ᠲᠦᠮᠡᠨ᠎ᠢ᠋ ᠴᠢᠨᠠᠷᠯᠢᠭ ᠦᠢᠯᠡᠴᠢᠯᠡᠭᠡ ᠲᠤᠮᠳᠠ ᠠᠵᠢᠯ ᠎ᠤᠨ ᠰᠤᠷᠲᠠᠯ᠎ᠤᠨ ᠬᠤᠪᠢᠷᠠᠯᠲᠠ᠎ᠶ᠋ᠢ ᠮᠡᠳᠡᠷᠡᠭᠦᠯᠪᠡ᠃ ᠴᠠᠯᠢᠩ ᠥᠷᠢᠲᠦᠬᠦ᠌ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠥᠳᠡᠯᠮᠦᠷᠢᠴᠢᠳ᠎ᠦᠨ ᠬᠦᠴᠦ ᠬᠥᠯᠥᠰᠥ᠎ᠶᠢᠨ ᠮᠦᠨᠭᠬᠦ᠎ᠵᠢ ᠡᠷᠡᠰ ᠰᠠᠢᠲᠤᠷ ᠬᠠᠮᠠᠭᠠᠯᠠᠬᠤ ᠵᠤᠭᠰᠤᠴᠠ᠎ᠡᠴᠡ 《ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠭ᠌ᠰᠡᠨ 〈ᠤᠳᠠᠭᠠᠨ ᠪᠦᠳᠦᠭᠦᠯᠢᠭ ᠬᠡᠢᠰᠪᠦᠷᠢ 〉 ᠠᠰᠠᠭᠤᠳᠠᠯ᠎ᠢ ᠵᠠᠰᠠᠬᠤ ᠲᠤᠰᠭᠠᠶ ᠴᠡᠭ᠌ᠴᠡᠯᠡᠨ ᠵᠠᠰᠠᠬᠤ ᠲᠥᠰᠦᠯ》᠎ᠢ᠋ ᠳᠠᠷᠤᠮᠠᠯᠯᠠᠨ ᠲᠠᠷᠬᠠᠭᠠᠵᠦ᠂ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ 3 ᠲᠠᠯ᠎ᠠ᠎ᠶ᠋ᠢᠨ 11 ᠪᠣᠳᠠᠲᠠᠶ ᠠᠰᠠᠭᠤᠳᠠᠯ ᠎ᠢ ᠲᠣᠳᠣᠷᠬᠠᠢᠯᠠᠨ᠂ 12345 ᠬᠠᠯᠠᠮᠱᠢᠯ ᠤᠲᠠᠰᠤ ᠵᠢᠴᠢ ᠵᠠᠬᠢᠳᠠᠯ ᠰᠤᠷᠪᠤᠯᠵᠢᠯᠠᠯ᠎ᠤᠨ ᠴᠠᠯᠢᠩ ᠥᠷᠢᠲᠦᠭ᠌ᠰᠡᠨ ᠰᠦᠪᠡᠭ᠌ᠴᠢ᠎ᠶ᠋ᠢᠨ ᠳ᠋ᠠᠢᠲ᠋ᠠ᠎ᠶ᠋ᠢ ᠬᠠᠮᠲᠤ᠎ᠪᠠᠷ ᠡᠳ᠋ᠯᠡᠵᠦ᠍ ᠴᠤᠭ᠍ᠯᠠᠭᠤᠯᠬᠤ ᠎ᠶ᠋ᠢ ᠪᠡᠶᠡᠯᠡᠭᠦᠯᠵᠦ᠂ ᠠᠢᠮᠠᠭ ᠬᠣᠲᠠ᠂ ᠬᠣᠱᠢᠭᠤ ᠱᠢᠶᠠᠨ ᠎ᠤ ᠬᠥᠳᠡᠯᠮᠦᠷᠢ᠎ᠶ᠋ᠢᠨ ᠬᠢᠨᠠᠨ ᠪᠠᠢᠴᠠᠭᠠᠯᠲᠠ ᠎ᠶ᠋ᠢᠨ ᠲᠤᠰᠠᠯᠠᠬᠤ ᠬᠠᠤᠯᠢ ᠬᠡᠷᠡᠭ᠌ᠵᠢᠭᠦᠯᠬᠦ᠌ ᠡᠩᠨᠡᠭᠡᠨ᠎ᠦ ᠠᠵᠢᠯᠲᠠᠨ ᠬᠦᠷᠦᠯᠴᠡᠬᠦ᠌ ᠦᠭᠡᠢ ᠠᠰᠠᠭᠤᠳᠠᠯ᠎ᠢ ᠵᠣᠬᠢᠴᠠᠭᠤᠯᠤᠨ ᠱᠢᠶ᠋ᠳᠪᠦᠷᠢᠯᠡᠵᠦ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠯᠦᠰᠦᠨ ᠲᠠᠷᠢᠶᠠᠴᠢᠨ᠎ᠤ ᠴᠠᠯᠢᠩ ᠎ᠢ ᠥᠭ᠌ᠬᠦ᠎ᠶ᠋ᠢ ᠪᠠᠲᠤᠯᠠᠬᠤ ᠳᠦᠷᠢᠮ》 ᠢ᠋ ᠨᠡᠢᠲᠡᠯᠡᠬᠦ᠌᠎ᠶ᠋ᠢ ᠠᠬᠢᠭᠤᠯᠤᠨ᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠎ᠶ᠋ᠢᠨ ᠱᠢᠰᠲ᠋ᠧᠮ᠂ ᠴᠠᠯᠢᠩ ᠥᠷᠢᠲᠦᠬᠦ᠌ ᠰᠦᠪᠡᠭ᠌ᠴᠢ᠎ᠶ᠋ᠢᠨ 《ᠭᠤᠷᠪᠠ᠎ᠶ᠋ᠢ ᠨᠢᠭᠡᠳᠭᠡᠬᠦ᠌》 ᠲᠣᠭ᠍ᠲᠠᠴᠠ᠎ᠵᠢ ᠪᠠᠢᠭᠤᠯᠵᠤ᠂ ᠢᠲᠡᠭᠡᠯ ᠠᠯᠳᠠᠵᠤ ᠴᠠᠯᠢᠩ ᠥᠷᠢᠲᠦᠭ᠌ᠰᠡᠨ 118 ᠭᠤᠤᠯ ᠴᠣᠭ᠍ᠴᠠ᠎ᠶ᠋ᠢ ᠬᠣᠯᠪᠣᠭᠠᠯᠠᠨ ᠵᠠᠯᠬᠠᠭᠠᠨ ᠴᠡᠭᠡᠷᠯᠡᠭᠦᠯᠵᠦ᠂ ᠴᠠᠯᠢᠩ ᠥᠷᠢᠲᠦᠬᠦ᠌᠎ᠶ᠋ᠢ ᠵᠠᠰᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭ᠌ᠰᠢᠯᠡᠪᠡ᠃ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ᠍᠂  5 ᠰᠠᠷ᠎ᠠ᠎ᠶ᠋ᠢᠨ ᠰᠡᠭᠦᠯᠴᠢ᠎ᠡᠴᠡ ᠡᠬᠢᠯᠡᠨ 《ᠤᠳᠠᠭᠠᠨ ᠪᠦᠳᠦᠭᠦᠯᠢᠭ ᠬᠡᠢᠰᠪᠦᠷᠢ》 ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ 《ᠤᠳᠠᠭᠠᠨ ᠪᠦᠳᠦᠭᠦᠯᠢᠭ ᠬᠡᠢᠰᠪᠦᠷᠢ 》 ᠭᠤᠷᠪᠠᠨ ᠲᠠᠯ᠎ᠠ᠎ᠶ᠋ᠢᠨ 16 ᠪᠣᠳᠠᠲᠠᠶ ᠢᠯᠡᠷᠡᠯ᠎ᠢ ᠭᠦᠨᠵᠡᠭᠡᠶ ᠪᠠᠢᠴᠠᠭᠠᠨ ᠡᠷᠢᠵᠦ᠍ ᠴᠡᠭ᠌ᠴᠡᠯᠡᠨ ᠵᠠᠰᠠᠪᠠ᠃

ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠦ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠬᠡᠷᠡᠭ᠌ᠴᠡᠭᠡ ᠱᠠᠭᠠᠷᠳᠠᠯᠭ᠎ᠠ ᠪᠠ ᠲᠤᠬᠠᠢᠯᠠᠭ᠍ᠰᠠᠨ ᠠᠵᠢᠯ᠎ᠤᠨ ᠠᠬᠤᠶ ᠪᠠᠢᠳᠠᠯ᠎ᠢ ᠦᠨᠳᠦᠰᠦᠯᠡᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ 18 《ᠨᠢᠭᠡ ᠬᠦᠰᠦᠨᠦᠭ᠌ᠲᠦ᠍᠎ᠪᠡᠷ ᠨᠡᠪᠲᠡᠷᠡᠭᠦ》 ᠳ᠋ᠠᠢᠲ᠋ᠠ᠎ᠶ᠋ᠢᠨ ᠬᠦᠰᠦᠨᠦᠭ᠌ᠲᠦ᠍᠎ᠶ᠋ᠢ ᠲᠣᠭ᠍ᠲᠠᠭᠠᠵᠤ᠂ ᠡᠯ᠎ᠡ ᠠᠢᠮᠠᠭ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ 《ᠨᠢᠭᠡ ᠬᠦᠰᠦᠨᠦᠭ᠌ᠲᠦ᠍ ᠎ᠪᠡᠷ ᠨᠡᠪᠲᠡᠷᠡᠭᠦ》 ᠱᠢᠰᠲ᠋ᠧᠮ ᠎ᠦᠨ 《ᠳ᠋ᠠᠢᠲ᠋ᠠ ᠎ᠶ᠋ᠢ ᠬᠢᠨᠠᠨ ᠬᠠᠷᠭᠤᠭᠤᠯᠤᠭ᠍ᠴᠢ᠂ ᠲᠤᠬᠠᠢᠯᠠᠭ᠍ᠰᠠᠨ ᠠᠵᠢᠯ᠎ᠤᠨ ᠬᠢᠨᠠᠨ ᠬᠠᠷᠭᠤᠭᠤᠯᠤᠭ᠍ᠴᠢ᠂ ᠳ᠋ᠠᠢᠲ᠋ᠠ᠎ᠶ᠋ᠢ ᠬᠠᠮᠠᠭᠠᠯᠠᠭ᠍ᠴᠢ》 ᠶ᠋ᠢᠨ ᠭᠤᠷᠪᠠᠨ ᠬᠥᠮᠦᠨ ᠎ᠦ ᠲᠠᠩᠰᠠᠨ ᠨᠣᠮᠧᠷ 887 ᠎ᠶ᠋ᠢ ᠴᠤᠭ᠍ᠯᠠᠭᠤᠯᠬᠤ᠎ᠶ᠋ᠢᠨ ᠬᠠᠮᠲᠤ ᠨᠡᠪᠲᠡᠷᠡᠭᠦᠯᠵᠦ᠍᠂ ᠳ᠋ᠠᠢᠲ᠋ᠠ᠎ᠶ᠋ᠢᠨ ᠦᠨᠳᠦᠰᠦᠨ ᠱᠠᠲᠤᠨ᠎ᠳᠤ ᠬᠦᠴᠦᠨ ᠤᠯᠭᠤᠬᠤ᠂ ᠳ᠋ᠠᠢᠲ᠋ᠠ᠎ᠶ᠋ᠢᠨ ᠬᠦᠰᠦᠨᠦᠭ᠌ᠲᠦ᠍᠎ᠶ᠋ᠢ ᠲᠠᠭ᠍ᠯᠠᠨ ᠮᠡᠳᠡᠭᠦᠯᠬᠦ᠌᠎ᠵᠢ ᠪᠠᠭᠠᠰᠬᠠᠬᠤ ᠎ᠵᠢ ᠪᠡᠶᠡᠯᠡᠭᠦᠯᠵᠦ᠂ ᠠᠷᠠᠳ᠎ᠤᠨ ᠠᠮᠢᠳᠤᠷᠠᠯ᠎ᠢ ᠨᠡᠪᠲᠡᠷᠡᠭᠦᠯᠬᠦ᠌ ᠠᠵᠢᠯ ᠪᠠ ᠦᠨᠳᠦᠰᠦᠨ ᠱᠠᠲᠤᠨ ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ 《1 + 1 > 2》 ᠤ᠋ᠨ ᠦᠷ᠎ᠡ ᠪᠦᠲᠦᠮᠵᠢ᠎ᠵᠢ ᠪᠡᠶᠡᠯᠡᠭᠦᠯᠪᠡ᠃

《ᠨᠢᠭᠡ ᠬᠥᠮᠦᠨ ᠣᠯᠠᠨ ᠺᠠᠷᠲ ᠲᠠᠢ》᠂ 《ᠨᠢᠭᠡ ᠶᠠᠪᠤᠳᠠᠯ᠎ᠳᠤ ᠨᠢᠭᠡ ᠺᠠᠷᠲ ᠬᠡᠷᠡᠭᠯᠡᠬᠦ》 ᠵᠡᠷᠭᠡ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 9 ᠰᠠᠷ᠎ᠠ᠎ᠶ᠋ᠢᠨ 1᠎ᠤ᠋ ᠡᠳᠦᠷ᠎ᠡᠴᠡ ᠡᠬᠢᠯᠡᠨ ᠬᠡᠷᠡᠭ᠌ᠵᠢᠭᠦᠯᠬᠦ ᠪᠠᠷ ᠪᠠᠢᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠨᠡᠢᠭᠡᠮ᠎ᠦᠨ ᠪᠠᠲᠤᠯᠠᠭ᠎ᠠ ᠎ᠶ᠋ᠢᠨ ᠺᠠᠷᠲ᠎ᠤᠨ ᠰᠠᠭᠤᠭᠠᠯᠢ ᠠᠷᠠᠳ᠎ᠤᠨ ᠦᠶ᠋ᠯᠡᠴᠢᠯᠡᠭᠡᠨ ᠎ᠦ ᠪᠦᠷᠢᠨ ᠴᠢᠳᠠᠮᠵᠢᠲᠦ ᠺᠠᠷᠲ᠎ᠤᠨ ᠲᠦᠷᠢᠮ》 ᠢ᠋ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠵᠦᠪᠰᠢᠶᠠᠷᠠᠬᠦᠯᠬᠦ ᠪᠠᠷ ᠳᠡᠪᠰᠢᠬᠦᠯᠤᠨ ᠨᠡᠢᠲᠡᠯᠡᠵᠦ᠍᠂ ᠺᠠᠷᠲ᠎ᠲᠠᠶ ᠬᠥᠮᠦᠨ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠠᠷ᠎ᠢᠶᠠᠨ ᠭᠠᠵᠠᠷ ᠣᠷᠣᠨ ᠠᠯᠤᠰᠯᠠᠨ᠂ ᠬᠦᠷᠢᠶ᠎ᠡ ᠴᠠᠷᠠᠭ᠎ᠠ ᠠᠯᠤᠰᠯᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠪᠠ ᠣᠯᠠᠨ ᠨᠡᠢᠲᠡ᠎ᠶ᠋ᠢᠨ ᠦᠶ᠋ᠯᠡᠴᠢᠯᠡᠭᠡ ᠭᠥᠷᠳᠡᠬᠦ᠌᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠪᠠᠷ ᠪᠤᠢ᠃ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌ ᠦᠷ᠎ᠡ ᠪᠦᠲᠦᠮᠵᠢ᠎ᠪᠡᠷ ᠥᠨᠳᠥᠷ ᠪᠢᠰᠢ᠂ ᠨᠠᠷᠢᠯᠢᠭ᠍ᠵᠢᠭᠤᠯᠤᠭ᠍ᠰᠠᠨ᠎ᠢᠶᠠᠷ ᠬᠦᠷᠦᠯᠴᠡᠬᠦ᠌ ᠥᠬᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠬᠤᠯᠪᠤᠭᠳᠠᠯ ᠪᠥᠬᠥᠶ ᠰᠠᠯᠠᠭ᠎ᠠ ᠮᠥᠴᠢᠷ᠎ᠲᠡᠶ ᠵᠣᠯᠭᠠᠭᠤᠯᠵᠤ᠂ ᠠᠵᠢᠯ ᠣᠯᠭᠣᠬᠤ ᠦᠶ᠋ᠯᠡᠰ ᠪᠤᠰᠬᠠᠬᠤ ᠬᠦᠷᠢᠶᠡᠨ᠎ᠳᠡᠬᠢ ᠪᠠᠢᠭᠠᠯᠢ ᠬᠥᠮᠦᠨ᠎ᠦ ᠰᠠᠭᠤᠷᠢ ᠬᠥᠮᠥᠷᠭᠡ᠂ ᠬᠠᠤᠯᠢ ᠎ᠶ᠋ᠢᠨ ᠡᠷᠬᠡᠲᠡᠨ᠎ᠦ ᠬᠥᠮᠥᠷᠭᠡ᠎ᠶ᠋ᠢ ᠪᠠᠢᠭᠤᠯᠵᠤ᠂ ᠳᠣᠲᠣᠭᠠᠳᠤ᠎ᠶ᠋ᠢ ᠬᠠᠮᠠᠭᠠᠯᠠᠬᠤ᠂ ᠠᠷᠠᠳ᠎ᠤᠨ ᠶᠠᠪᠤᠳᠠᠯ ᠵᠡᠷᠭᠡ 14 ᠰᠠᠯᠠᠭ᠎ᠠ ᠮᠥᠴᠢᠷ᠎ᠲᠡᠶ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠰᠠᠷ᠎ᠠ ᠳᠤᠮᠳᠠᠴᠢ᠎ᠪᠠᠷ ᠴᠠᠭ ᠲᠤᠬᠠᠶ᠎ᠳᠤᠨᠢ ᠬᠠᠮᠲᠤ᠎ᠪᠠᠷ ᠡᠳ᠋ᠯᠡᠬᠦ᠌ ᠳ᠋ᠠᠢᠲ᠋ᠠ 700 ᠲᠦᠮᠡ ᠭᠠᠷᠤᠶ ᠤᠳᠠᠭ᠎ᠠ ᠬᠦᠷᠴᠦ᠍᠂ ᠨᠡᠢᠲᠡ 14 ᠲᠢᠩᠬᠢᠮ ᠲᠣᠪᠴᠢᠶ᠎ᠠ᠎ᠶ᠋ᠢᠨ ᠨᠢᠭᠡᠴᠢ᠎ᠶ᠋ᠢᠨ 25.25 ᠳ᠋ᠦᠩᠱᠢᠭᠤᠷ ᠵᠤᠷᠪᠤᠰ ᠳ᠋ᠠᠢᠲ᠋ᠠ᠎ᠶ᠋ᠢ ᠪᠥᠭᠡᠮ᠎ᠢᠶᠡᠷ ᠤᠯᠪᠠ᠃ ᠡᠭᠦᠨ᠎ᠡᠴᠡ ᠭᠠᠳᠠᠨ᠎ᠠ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ ᠰᠠᠢᠲᠤᠷ ᠱᠢᠶ᠋ᠳᠪᠦᠷᠢᠯᠡᠬᠦ᠌᠎ᠪᠡᠷ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢᠨ ᠵᠠᠩᠭᠢᠯᠠᠭ᠎ᠠ᠎ᠶ᠋ᠢᠨ ᠴᠡᠭ ᠪᠠ ᠬᠦᠴᠦᠯᠡᠬᠦ᠌ ᠴᠡᠭ ᠪᠣᠯᠭᠠᠵᠤ᠂ ᠦᠨᠳᠦᠰᠦᠨ ᠱᠠᠲᠤᠨ᠎ᠤ ᠣᠯᠠᠨ ᠨᠡᠢᠲᠡ᠎ᠶ᠋ᠢᠨ ᠠᠵᠢᠯ ᠣᠯᠭᠣᠬᠤ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ᠎ᠵᠢᠨ ᠲᠤᠭᠤᠷᠢᠨ᠎ᠳᠦ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ 《ᠭᠠᠷ ᠭᠠᠷ᠎ᠢᠶᠠᠨ ᠬᠣᠯᠪᠣᠬᠤ》 ᠬᠠᠪᠰᠤᠷᠤᠯᠴᠠᠭ᠎ᠠ ᠪᠠᠢᠭᠤᠯᠤᠨ ᠦᠨᠳᠦᠰᠦᠨ ᠱᠠᠲᠤ᠎ᠲᠠᠶ ᠬᠠᠷᠢᠯᠴᠠᠬᠤ ᠠᠵᠢᠯ᠎ᠢ ᠠᠬᠢᠭᠤᠯᠵᠤ᠂ ᠦᠶ᠋ᠯᠡᠴᠢᠯᠡᠬᠦ᠌ ᠡᠲᠡᠭᠡᠳ ᠪᠠ ᠦᠨᠳᠦᠰᠦᠨ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠠᠵᠢᠯᠲᠠᠳ᠎ᠲᠠᠶ ᠨᠢᠭᠤᠷᠲᠠᠨ ᠰᠣᠯᠢᠯᠴᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠠᠢ᠃

ᠠᠵᠢᠯ ᠣᠯᠭᠣᠬᠤ ᠬᠠᠩᠭᠠᠯᠭ᠎ᠠ ᠬᠡᠷᠡᠭ᠌ᠴᠡᠭᠡ᠎ᠶ᠋ᠢᠨ ᠵᠣᠯᠭᠠᠯᠴᠠᠭ᠎ᠠ ᠣᠨᠣᠪᠴᠢ ᠥᠬᠡᠶ᠂ ᠮᠡᠳᠡᠭᠡ ᠵᠠᠩᠭᠢᠴᠢᠯᠠᠯᠲᠠ᠎ᠶ᠋ᠢᠨ ᠬᠡᠮᠵᠢᠶ᠎ᠡ ᠥᠨᠳᠥᠷ ᠪᠢᠰᠢ ᠵᠡᠷᠭᠡ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠣᠷᠣᠨ᠎ᠳᠤ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠠᠷᠠᠳ᠎ᠲᠤ ᠲᠥᠬᠥᠮ ᠦᠵᠡᠭᠦᠯᠬᠦ᠌ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠢᠳᠡᠪᠬᠢᠲᠡᠶ ᠪᠠᠢᠭᠤᠯᠵᠤ᠂ 《ᠦᠪᠦᠷ ᠮᠤᠨᠭᠭᠤᠯ᠎ᠤᠨ ᠠᠵᠢᠯ ᠤᠯᠭᠤᠯᠲᠠ》  ᠠᠵᠢᠯ ᠡᠷᠢᠵᠤ ᠠᠵᠢᠯᠲᠠᠨ ᠡᠯᠰᠡᠬᠦ᠌ ᠲᠠᠪᠴᠠᠩ ᠪᠠ 《ᠮᠧᠨᠭ ᠰᠦ᠍ ᠫᠢᠨ》 ᠨᠡᠭᠦᠳᠡᠯ ᠬᠡᠷᠡᠭ᠌ᠯᠡᠭ᠌ᠴᠢ᠎ᠶ᠋ᠢᠨ ᠰᠢᠯᠵᠢᠶ᠎ᠡ᠎ᠵᠢ ᠠᠰᠢᠬᠯᠠᠯᠲᠠ ᠳ᠋ᠦ ᠤᠷᠤᠭᠤᠯᠤᠨ ᠠᠵᠢᠯᠯᠠᠭᠤᠯᠵᠤ᠂ ᠲᠣᠮᠣ ᠳ᠋ᠠᠢᠲ᠋ᠠ᠎ᠶ᠋ᠢᠨ ᠠᠷᠭ᠎ᠠ ᠪᠠᠷᠢᠯ᠎ᠢ ᠭᠦᠶ᠋ᠴᠡᠳ ᠠᠱᠢᠭ᠍ᠯᠠᠨ ᠬᠥᠮᠦᠨ᠎ᠪᠤᠯᠤᠨ ᠠᠵᠢᠯ᠎ᠤᠨ ᠪᠠᠢᠷᠢ᠎ᠶ᠋ᠢᠨ ᠣᠶᠤᠨᠴᠢ ᠵᠣᠬᠢᠴᠠᠭᠤᠯᠭ᠎ᠠ᠎ᠶ᠋ᠢ ᠠᠬᠢᠭᠤᠯᠵᠤ᠂ 53.39 ᠲᠦᠮᠡᠨ ᠠᠵᠢᠯ᠎ᠤᠨ ᠪᠠᠢᠷᠢ ᠨᠡᠢᠲᠡᠯᠡᠬᠦ᠌᠎ᠶ᠋ᠢᠨ ᠬᠠᠮᠲᠤ ᠠᠵᠢᠯᠲᠠᠨ ᠡᠯᠰᠡᠬᠦ᠌ ᠴᠤᠭ᠍ᠯᠠᠭᠠᠨ᠎ᠢ ᠬᠤᠳᠠᠯᠳᠤᠭᠠᠨ᠎ᠤ ᠲᠣᠭᠣᠷᠢᠭ᠂ ᠴᠤᠭ᠍ᠯᠠᠭ᠎ᠠ ᠮᠠᠢᠮᠠᠶ᠂ ᠰᠦᠮ᠎ᠡ᠎ᠬᠡᠢᠳ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠲᠤ ᠬᠦᠷᠲᠡᠯ᠎ᠡ ᠡᠷᠭᠢᠯᠡᠵᠦ᠍᠂ ᠦᠨᠳᠦᠰᠦᠨ ᠱᠠᠲᠤᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ 300 ᠥᠷᠲᠡᠭᠡ᠎ᠶ᠋ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠠᠵᠢᠯ᠎ᠢ ᠪᠦᠬᠦᠨ᠎ᠢ ᠡᠬᠢᠯᠡᠭᠦᠯᠵᠦ᠍᠂ ᠣᠯᠠᠨ ᠲᠦᠮᠡᠨ᠎ᠳᠦ ᠨᠠᠩ ᠥᠨᠳᠥᠷ ᠪᠦᠲᠦᠮᠵᠢᠲᠡᠶ ᠳᠥᠭᠥᠮ ᠳᠥᠲᠡ ᠬᠥᠮᠦᠨ᠎ᠦ ᠬᠦᠴᠦᠨ᠎ᠤ ᠡᠬᠢ ᠪᠠᠶᠠᠯᠢᠭ ᠪᠠ ᠨᠡᠢᠭᠡᠮ᠎ᠦᠨ ᠪᠠᠳᠤᠯᠠᠭ᠎ᠠ ᠵᠢᠨ ᠦᠢᠯᠡᠴᠢᠯᠡᠭᠡ ᠬᠦᠷᠳᠡᠭᠡᠬᠦ ᠪᠡᠷ ᠴᠢᠷᠮᠠᠢᠪᠠ᠃ 1—7 ᠰᠠᠷ᠎ᠠ᠎ᠳᠤ᠂ ᠪᠥᠬᠥ᠌ ᠣᠷᠣᠨ᠎ᠳᠤ ᠡᠯ᠎ᠡ ᠲᠥᠷᠥᠯ᠎ᠦᠨ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠠᠵᠢᠯᠲᠠᠨ ᠡᠯᠰᠡᠬᠦ᠌ ᠴᠤᠭ᠍ᠯᠠᠭᠠᠨ᠎ᠢ ᠨᠡᠢᠲᠡ 2006 ᠲᠠᠯᠠᠪᠤᠷ ᠡᠷᠭᠢᠯᠡᠵᠦ᠍᠂ 2024 ᠣᠨ᠎ᠤ ᠠᠳᠠᠯᠢ ᠬᠤᠭᠤᠴᠠᠭᠠᠨ᠎ᠤ᠎ᠬᠢ᠎ᠡᠴᠡ 77.4 % ᠎ᠪᠠᠷ ᠨᠡᠮᠡᠭ᠌ᠳᠡᠪᠡ᠃ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠤᠯᠬᠤ᠎ᠳᠤ ᠬᠦᠴᠢᠷᠲᠡᠶ᠂ ᠦᠶ᠋ᠯᠡᠰ ᠴᠣᠭ᠍ᠴᠠᠯᠠᠬᠤ᠎ᠳᠤ ᠬᠦᠴᠢᠷᠲᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠣᠰ ᠵᠢᠯ᠎ᠳᠦ ᠲᠡᠭᠦᠰᠦᠭ᠌ᠰᠡᠳ᠎ᠢ ᠮᠠᠭᠠᠳᠯᠠᠨ ᠲᠣᠭ᠍ᠲᠠᠭᠠᠬᠤ ᠨᠥᠬᠥᠴᠡᠯ᠎ᠢ ᠠᠭᠤᠵᠢᠭᠤ ᠲᠠᠯᠪᠢᠵᠤ᠂ ᠴᠢᠳᠠᠪᠤᠷᠢᠲᠠᠨ ᠨᠥᠭᠡᠴᠡᠯᠡᠬᠦ᠌ ᠪᠠ ᠠᠵᠢᠯ ᠣᠯᠭᠣᠯᠲᠠ᠎ᠶ᠋ᠢᠨ ᠳᠠᠳᠤᠯᠭ᠎ᠠ᠎ᠶ᠋ᠢᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ ᠨᠢᠭᠡ ᠯᠡ ᠤᠳᠠᠭ᠎ᠠ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ ᠥᠷᠭᠡᠳᠭᠡᠬᠦ᠌ ᠨᠥᠬᠥᠪᠥᠷᠢ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠨᠢᠭᠡ ᠯᠡ ᠤᠳᠠᠭ᠎ᠠ᠎ᠶ᠋ᠢᠨ ᠴᠢᠨᠠᠷᠲᠠᠶ ᠠᠵᠢᠯᠳᠠᠨ ᠡᠯᠰᠡᠬᠦ ᠬᠦᠮᠦᠨ᠎ᠤ ᠲᠤᠭ᠎ᠠ ᠴᠠᠯᠢᠩ ᠬᠥᠯᠥᠰᠥ᠍ ᠵᠢ ᠨᠡᠮᠡᠭ᠌ᠳᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠭᠦᠯᠵᠦ᠍᠂ ᠦᠶ᠋ᠯᠡᠰ ᠴᠣᠭ᠍ᠴᠠᠯᠠᠬᠤ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ 1 ᠲᠦᠮᠡᠨ ᠲᠥᠭᠥᠷᠢᠭ ᠪᠠᠢᠭ᠍ᠰᠠᠨ᠎ᠡᠴᠡ ᠬᠠᠮᠤᠭ᠎ᠤᠨ ᠥᠨᠳᠥᠷ᠎ᠲᠡᠬᠡᠨ 5 ᠲᠦᠮᠡᠨ ᠲᠥᠭᠥᠷᠢᠭ ᠪᠣᠯᠭᠠᠨ ᠳᠡᠭᠡᠭ᠌ᠰᠢᠯᠡᠭᠦᠯᠪᠡ᠃

ᠬᠣᠲᠠ ᠬᠥᠳᠡᠭᠡ ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠣᠯᠭᠣᠮᠵᠢ᠎ᠶ᠋ᠢ ᠱᠢᠶ᠋ᠳᠪᠦᠷᠢᠯᠡᠬᠦ᠌᠂ ᠪᠡᠯᠡ ᠬᠤᠷᠠᠮᠳᠤᠭᠤᠯᠬᠤ ᠲᠦᠪᠰᠢᠨ ᠳᠣᠣᠷ᠎ᠠ ᠪᠠᠢᠭ᠎ᠠ ᠵᠡᠷᠭᠡ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠣᠷᠣᠨ᠎ᠳᠤ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠪᠠᠲᠤᠯᠠᠭ᠎ᠠ᠎ᠶ᠋ᠢᠨ ᠬᠠᠮᠲᠤ᠎ᠶ᠋ᠢᠨ ᠠᠵᠤ ᠠᠬᠤᠶ᠎ᠶ᠋ᠢᠨ ᠲᠤᠰᠠᠯᠠᠮᠵᠢ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠵᠦ᠍᠂ ᠵᠢᠯ᠎ᠦᠨ ᠳᠣᠲᠣᠷ᠎ᠠ ᠬᠣᠱᠢᠭᠤ ᠱᠢᠶᠠᠨ ᠨᠢᠭᠡᠪᠦᠷᠢ᠎ᠳᠦ ᠠᠳᠠᠭ᠎ᠲᠠᠭᠠᠨ 1 ᠭᠠᠴᠠᠭ᠎ᠠ ᠲᠣᠰᠭᠣᠨ᠎ᠳᠤ ᠬᠠᠮᠲᠤ᠎ᠶ᠋ᠢᠨ ᠨᠥᠬᠥᠪᠥᠷᠢ ᠤᠯᠭᠤᠬᠤ ᠵᠢ ᠥᠷᠨᠢᠭᠦᠯᠬᠦ᠌᠎ᠶ᠋ᠢ ᠲᠣᠳᠣᠷᠬᠠᠢᠯᠠᠪᠠ᠃ 7 ᠳ᠋ᠤᠭᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ 87 ᠬᠣᠱᠢᠭᠤ ᠱᠢᠶᠠᠨ ᠲᠣᠭᠣᠷᠢᠭ᠎ᠤᠨ 328 ᠭᠠᠴᠠᠭ᠎ᠠ ᠲᠣᠰᠭᠣᠨ᠎ᠳᠤ ᠬᠠᠮᠲᠤ᠎ᠶ᠋ᠢᠨ ᠨᠥᠬᠥᠪᠥᠷᠢ 285 ᠲᠦᠮᠡᠨ ᠲᠥᠭᠥᠷᠢᠭ ᠤᠯᠭᠤᠬᠤ ᠵᠢ᠎ᠪᠡᠶᠡᠯᠡᠭᠦᠯᠵᠦ᠍᠂ 1.5 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号