ᠲᠠᠯ᠎ᠠ ᠨᠤᠲᠤᠭᠵᠢᠡᠷ ᠵᠢᠭᠤᠯᠴᠢᠯᠠᠨ ᠰᠡᠯᠡᠭᠦᠴᠡᠵᠦ᠂ ᠲᠡᠯᠭᠡᠷ ᠨᠠᠭᠠᠳᠤᠮ ᠰᠤᠨᠢᠷᠬᠠᠨ᠎ᠠ᠃ 8 ᠰᠠᠷ᠎ᠠ᠎ᠶ᠋ᠢᠨ 8 ᠤ᠋ ᠡᠳᠦᠷ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠵᠤᠭ᠎ᠠ ᠰᠡᠯᠡᠭᠦᠴᠡᠯ᠎ᠤᠨ ᠪᠡᠶ᠎ᠡ᠎ᠶ᠋ᠢᠨ ᠲᠠᠮᠢᠷ᠎ᠤᠨ ᠴᠤᠬᠯᠠᠭᠠᠨ·2025 ᠬᠢᠩᠭᠠᠨ ᠠᠢᠮᠠᠭ᠎ᠤᠨ ᠨᠠᠭᠠᠳᠤᠮ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠠᠭᠠᠨᠮᠣᠳᠣ ᠰᠤᠮᠤ᠎ᠶ᠋ᠢᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠪᠣᠯᠪᠠᠰᠤᠷᠠᠯ᠎ᠤᠨ ᠰᠠᠭᠤᠷᠢᠨ ᠳ᠋ᠦ ᠡᠬᠢᠯᠡᠵᠦ᠂ ᠳᠤᠮᠳᠠᠳᠤ ᠭᠠᠳᠠᠭᠠᠳᠤ᠎ᠶ᠋ᠢᠨ 10 ᠲᠦᠮᠡ ᠭᠠᠷᠤᠢ ᠵᠢᠭᠤᠯᠴᠢᠯᠠᠬᠰᠠᠳ ᠲᠠᠯ᠎ᠠ ᠨᠤᠲᠤᠭ᠎ᠲᠤ ᠪᠤᠯᠵᠤᠪᠠ᠃

ᠡᠬᠢᠯᠡᠯᠲᠡ᠎ᠶ᠋ᠢᠨ ᠶᠣᠰᠣᠯᠠᠯ ᠲᠥᠪ ᠶᠡᠬᠡᠮᠰᠦᠭ ᠡᠮᠬᠢ ᠵᠢᠷᠤᠮ᠎ᠲᠠᠶ ᠶᠠᠪᠤᠭ᠍ᠳᠠᠵᠤ᠂ ᠤᠷᠠᠨ ᠰᠠᠢᠬᠠᠨ᠎ᠤ ᠲᠣᠭ᠍ᠯᠠᠯᠲᠠ ᠨᠢ ᠦᠨᠳᠦᠰᠦᠲᠡᠨ᠎ᠦ ᠣᠨᠴᠠᠯᠢᠭ ᠪᠣᠯᠤᠨ ᠴᠠᠭ ᠦᠶ᠎ᠡ᠎ᠶ᠋ᠢᠨ ᠤᠨᠴᠠᠯᠢᠭ᠎ᠢ ᠠᠭᠤᠰᠤᠯᠴᠠᠭᠤᠯᠤᠨ᠂ ᠲᠠᠯ᠎ᠠ ᠨᠤᠲᠤᠭ᠎ᠤᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠪᠡ᠃《ᠲᠦᠮᠡᠨ ᠠᠭ᠍ᠲᠠ᠎ᠶ᠋ᠢᠨ ᠲᠦᠪᠡᠷᠭᠡᠨ》 ᠮᠣᠷᠢᠨ ᠤᠷᠤᠯᠳᠤᠭᠠᠨ ᠨᠢ ᠬᠤᠷᠠᠬᠰᠠᠨ ᠲᠦᠮᠡᠨ ᠵᠢᠡᠨ ᠪᠠᠶᠠᠰᠬᠠᠵᠤ᠂ 500 ᠠᠵᠢᠨᠠᠶ ᠬᠦᠯᠦᠭ ᠲᠠᠯᠠᠪᠠᠢ ᠳ᠋ᠦ ᠲᠠᠪᠬᠢᠨ ᠤᠷᠤᠵᠤ᠂ ᠰᠦᠷ ᠵᠢᠪᠬᠤᠯᠠᠩᠲᠤ ᠳᠠᠭᠤᠤ ᠬᠥᠭ᠌ᠵᠢᠮ᠎ᠲᠡᠶ ᠬᠦᠭ ᠠᠢᠵᠠᠮ ᠨᠡᠢᠯᠡᠨ ᠲᠠᠯ᠎ᠠ ᠨᠤᠲᠤᠭ᠎ᠤᠨ ᠬᠡᠢᠮᠤᠷᠢ ᠵᠢᠪᠬᠤᠭ᠎ᠠ ᠵᠢ ᠰᠡᠷᠬᠦᠭᠡᠪᠡ᠃ ᠲᠤᠰ ᠡᠳᠦᠷ ᠤᠯᠠᠮᠵᠢᠯᠠᠯᠲᠤ 《ᠡᠷ᠎ᠡ᠎ᠶ᠋ᠢᠨ ᠭᠤᠷᠪᠠᠨ ᠨᠠᠭᠠᠳᠤᠮ》 ᠤ᠋ᠨ ᠤᠷᠤᠯᠳᠤᠭᠠᠨ ᠪᠣᠯᠤᠨ 《ᠦᠵᠡᠰᠬᠦᠯᠡᠩᠳᠦ ᠰᠠᠢᠬᠠᠨ ᠬᠡᠷ ᠣᠷᠣᠨ》 ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠡᠷᠭᠡ ᠪᠡᠷ ᠡᠬᠢᠯᠡᠵᠦ᠂ ᠮᠣᠷᠢ ᠤᠷᠤᠯᠳᠤᠬᠤ᠂ ᠰᠤᠷ ᠬᠠᠷᠪᠤᠬᠤ᠂ ᠪᠥᠬᠡ ᠪᠠᠷᠢᠯᠳᠤᠬᠤ ᠵᠡᠷᠭᠡ ᠤᠯᠠᠮᠵᠢᠯᠠᠯᠲᠤ ᠲᠥᠷᠥᠯ ᠵᠦᠶ᠋ᠯ ᠪᠣᠯᠤᠨ ᠰᠣᠨᠢᠷᠬᠠᠯᠲᠤ ᠪᠡᠶ᠎ᠡ ᠵᠢᠨ ᠲᠠᠮᠢᠷ᠎ᠢ ᠬᠠᠷᠢᠯᠴᠠᠨ ᠤᠶᠠᠯᠳᠤᠭᠤᠯᠵᠤ᠂ ᠢᠳᠡᠪᠬᠢᠲᠡᠶ ᠥᠭᠡᠳᠡᠯᠡᠨ ᠳᠠᠪᠱᠢᠬᠤ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠳᠠᠮᠵᠢᠭᠤᠯᠪᠠ᠃
20 ᠨᠠᠰᠤᠲᠠᠢ ᠳᠤᠮᠳᠠᠳᠤ᠎ᠶ᠋ᠢᠨ ᠬᠠᠷᠢᠶᠠᠲᠤ ᠵᠢᠶᠠᠩ ᠴᠤᠸᠠᠨ ᠯᠢ ᠠᠨ ᠨᠠᠢ 《ᠪᠢ ᠬᠠᠷᠠᠬᠠᠨ ᠪᠠᠭ᠎ᠠ᠎ᠠᠴᠠ᠎ᠪᠠᠨ ᠬᠢᠲᠠᠳ ᠬᠡᠯᠡ ᠰᠤᠷᠴᠤ᠌᠂ ᠶᠡᠬᠡ ᠰᠤᠷᠭᠠᠭᠤᠯᠢ ᠪᠡᠨ ᠳᠤᠮᠳᠠᠳᠤ ᠤᠯᠤᠰ᠎ᠲᠤ ᠰᠤᠷᠤᠯᠴᠠᠪᠠ᠃ ᠵᠢᠯ ᠪᠦᠷᠢ᠎ᠶ᠋ᠢᠨ ᠡᠪᠦᠯ ᠵᠤᠨ᠎ᠤ ᠠᠮᠠᠷᠠᠯᠲᠠ᠎ᠳᠤ ᠪᠢ ᠪᠦᠷ ᠳᠤᠮᠳᠠᠳᠤ ᠤᠯᠤᠰ᠎ᠤᠨ ᠦᠵᠡᠰᠭᠦᠯᠡᠩᠲᠦ ᠰᠠᠢᠬᠠᠨ ᠠᠭᠤᠯᠠ ᠤᠰᠤ᠎ᠶ᠋ᠢ ᠲᠤᠭᠤᠷᠢᠨ ᠪᠠᠬᠠᠷᠬᠠᠳᠠᠬ᠂ ᠡᠨᠡ ᠵᠢᠯ ᠥᠪᠥᠷ ᠮᠣᠩᠭᠣᠯ᠎ᠳᠤ ᠢᠷᠡᠵᠠᠢ᠃ ᠠᠵᠠ᠎ᠪᠠᠷ ᠨᠠᠭᠠᠳᠤᠮ᠎ᠳᠤ ᠣᠷᠣᠯᠴᠠᠭ᠍ᠰᠠᠨ ᠨᠢ ᠨᠠᠳᠠ᠎ᠳᠤ ᠳᠤᠮᠳᠠᠳᠤ᠎ᠶ᠋ᠢᠨ ᠰᠣᠶᠣᠯ᠎ᠤᠨ ᠥᠷᠭᠡᠨ ᠳᠡᠯᠭᠡᠷ ᠭᠦᠨ ᠵᠤᠵᠠᠭᠠᠨᠢ ᠮᠡᠳᠡᠷᠡᠭᠦᠯᠪᠡ》 ᠬᠡᠵᠦ ᠰᠤᠷᠪᠤᠯᠵᠢᠯᠠᠭ᠍ᠴᠢ᠎ᠳᠤ ᠬᠡᠯᠡᠪᠡ᠃

ᠬᠠᠩᠭᠠᠷᠢ᠎ᠶ᠋ᠢᠨ ᠤᠶᠤᠨᠴᠢ ᠬᠦᠮᠦᠷᠭᠡ ᠵᠢᠨ ᠧᠦ᠋ᠷᠣᠫᠠ ᠠᠽᠢᠶ᠎ᠠ᠎ᠶ᠋ᠢᠨ ᠲᠥᠪ᠎ᠦᠨ ᠡᠷᠬᠢᠯᠡᠭ᠌ᠴᠢ ᠯᠸᠸᠸᠨ᠋ᠲᠸ· ᠾᠦᠸᠸᠷᠸᠠᠲ ᠨᠠᠭᠠᠳᠤᠮ᠎ᠤᠨ ᠶᠡᠬᠡ ᠬᠤᠷᠠᠯ ᠳᠡᠭᠡᠷᠡᠬᠢ ᠮᠣᠩᠭᠣᠯ ᠦᠨᠳᠦᠰᠦᠲᠡᠨ᠎ᠦ 《ᠡᠷ᠎ᠡ᠎ᠶ᠋ᠢᠨ ᠭᠤᠷᠪᠠᠨ ᠨᠠᠭᠠᠳᠤᠮ》᠎ᠤ᠋ᠨ ᠤᠷᠤᠯᠳᠤᠭᠠᠨ᠎ᠢ ᠰᠣᠨᠢᠷᠬᠠᠭᠠᠳ᠄ 《ᠪᠢ ᠠᠳᠤᠭᠤᠨ ᠰᠣᠶᠣᠯ᠎ᠳᠤ ᠮᠠᠰᠢ ᠲᠤᠷ᠎ᠠ ᠪᠠᠬᠠᠲᠠᠢ᠂ ᠬᠠᠩᠭᠠᠷᠢ ᠳ᠋ᠦ ᠪᠠᠰᠠ ᠪᠠᠭ᠎ᠠ ᠬᠡᠯᠪᠡᠷᠢ᠎ᠶ᠋ᠢᠨ ᠮᠣᠷᠢ ᠤᠷᠤᠯᠳᠤᠬᠤ ᠠᠵᠢᠯᠯᠠᠭ᠎ᠠ ᠡᠷᠬᠢᠯᠡᠳᠡᠭ᠂ ᠬᠣᠢᠱᠢᠳᠠ ᠪᠢᠳᠡ ᠬᠠᠷᠢᠯᠴᠠᠨ ᠰᠣᠯᠢᠯᠴᠠᠵᠤ᠂ ᠬᠠᠮᠳᠤ ᠪᠡᠷ ᠠᠵᠢᠯᠯᠠᠭ᠎ᠠ ᠦᠷᠨᠢᠭᠦᠯᠵᠦ᠂ ᠬᠣᠶᠠᠷ ᠲᠠᠯ᠎ᠠ᠎ᠶ᠋ᠢᠨ ᠰᠣᠶᠣᠯ᠎ᠤᠨ ᠰᠤᠯᠢᠯᠴᠠᠭ᠎ᠠ ᠶᠠᠪᠤᠯᠴᠠᠭ᠎ᠠ ᠵᠢ ᠠᠬᠢᠭᠤᠯᠵᠤ ᠪᠣᠯᠤᠨ᠎ᠠ》 ᠬᠡᠪᠡ᠃
ᠤᠢᠯᠠᠭᠠᠬᠰᠠᠨ ᠵᠢᠡᠷ᠂ ᠲᠤᠰ ᠬᠤᠭᠤᠴᠠᠭᠠᠨ᠎ᠤ ᠴᠤᠬᠯᠠᠭᠠᠨ᠎ᠳᠤ 25 ᠵᠦᠢᠯ᠎ᠦᠨ ᠤᠷᠤᠯᠳᠤᠭᠠᠨ᠎ᠤ ᠠᠵᠢᠯᠯᠠᠭ᠎ᠠ ᠲᠤᠬᠢᠷᠠᠭᠤᠯᠵᠤ᠂ ᠭᠣᠣᠯ ᠬᠤᠷᠠᠯ᠎ᠤᠨ ᠲᠠᠯᠠᠪᠠᠢ᠎ᠳ᠋ᠤ 10 ᠵᠦᠢᠯ ᠂ ᠬᠤᠪᠢᠶᠠᠷᠢ ᠬᠤᠷᠠᠯ᠎ᠤᠨ ᠲᠠᠯᠠᠪᠠᠢ᠎ᠳ᠋ᠤ 15 ᠵᠦᠢᠯ᠎ᠢ ᠤᠷᠤᠯᠳᠤᠨ᠎ᠠ᠃ ᠤᠷᠤᠯᠳᠤᠭᠠᠨ ᠨᠢ 9 ᠰᠠᠷ᠎ᠠ ᠪᠣᠯᠲᠠᠯ᠎ᠠ ᠶᠠᠪᠤᠭ᠍ᠳᠠᠨ᠎ᠠ᠃ ᠤᠳᠤᠬᠠᠨ ᠪᠤᠯᠳᠠᠯ᠎ᠠ᠂ ᠭᠤᠤᠯ ᠲᠠᠯᠠᠪᠤᠷ᠎ᠤᠨ ᠥᠲᠥᠨ ᠪᠥᠮᠪᠥᠭᠡ᠎ᠶ᠋ᠢᠨ ᠬᠠᠮᠲᠤ᠎ᠶ᠋ᠢᠨ ᠤᠷᠤᠯᠳᠤᠭᠠᠨ᠂ ᠲᠤᠤᠷ ᠪᠥᠮᠪᠥᠭᠡ᠎ᠶ᠋ᠢᠨ ᠬᠤᠪᠢᠶᠠᠷᠢ ᠲᠠᠯᠠᠪᠠᠢ ᠵᠢᠨ ᠤᠷᠤᠯᠳᠤᠭᠠᠨ᠂ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ ᠵᠡᠷᠭᠡ ᠠᠮᠵᠢᠯᠲᠠ᠎ᠲᠠᠶ ᠶᠠᠪᠤᠭ᠍ᠳᠠᠵᠤ᠂ ᠵᠠᠯᠭᠠᠭᠠᠳ ᠪᠠᠰᠠ ᠲᠠᠯ᠎ᠠ ᠨᠤᠲᠤᠭ᠎ᠤᠨ ᠬᠥᠯ ᠪᠥᠮᠪᠥᠭᠡ᠎ᠶ᠋ᠢᠨ ᠤᠷᠤᠯᠳᠤᠭᠠᠨ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠲᠠᠯ᠎ᠠ ᠨᠤᠲᠤᠭ᠎ᠤᠨ ᠠᠶᠠᠯᠠᠯ᠂ ᠠᠭᠤᠯᠠᠨ ᠭᠠᠵᠠᠷ᠎ᠤᠨ ᠳᠤᠭᠤᠶ ᠲᠡᠷᠭᠡᠨ᠎ᠦ ᠤᠷᠤᠯᠳᠤᠭᠠᠨ ᠵᠡᠷᠭᠡ ᠠᠵᠢᠯᠯᠠᠭ᠎ᠠ ᠶᠠᠪᠤᠬᠳᠠᠬᠤ ᠪᠤᠯᠤᠨ᠎ᠠ᠃ ᠬᠤᠪᠢᠶᠠᠷᠢ ᠤᠷᠤᠯᠳᠤᠭᠠᠨ᠎ᠤ ᠲᠠᠯᠠᠪᠠᠶ᠎ᠳᠤ᠂ ᠬᠤᠪᠢᠰᠭᠠᠯᠳᠤᠰᠤᠶᠤᠯᠤᠨ ᠭᠤᠤᠯ ᠰᠡᠳᠦᠪᠳᠦ ᠪᠡᠶ᠎ᠡ ᠵᠢᠨ ᠲᠠᠮᠢᠷ᠎ᠤᠨ ᠤᠷᠤᠯᠳᠤᠭᠠᠨ᠂ ᠷᠠᠱᠢᠶᠠᠨ᠎ᠤ ᠮᠠᠷᠠᠽᠤᠨ ᠤᠷᠤᠯᠳᠤᠭᠠᠨ ᠵᠡᠷᠭᠡ ᠤᠷᠤᠯᠳᠤᠭᠠᠨ ᠦᠪᠡᠷᠮᠢᠴᠡ ᠲᠠᠳᠠᠬᠤ ᠬᠦᠴᠦᠨ ᠲᠠᠢ ᠶᠠᠪᠤᠭᠳᠠᠨ᠂ ᠤᠯᠠᠮᠵᠢᠯᠠᠯ ᠪᠠ ᠣᠲᠣ ᠦᠶ᠎ᠡ᠎ᠶ᠋ᠢᠨ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠠᠭᠤᠰᠤᠯᠴᠠᠯ᠎ᠢ ᠢᠯᠡᠷᠡᠬᠦᠯᠪᠡ᠃

ᠥᠪᠥᠷ ᠮᠣᠩᠭᠣᠯ᠎ᠤᠨ ᠲᠠᠯ᠎ᠠ ᠨᠤᠲᠤᠭ᠎ᠤᠨ ᠵᠤᠭ᠎ᠠ ᠰᠡᠯᠡᠭᠦᠴᠡᠯᠤᠨᠪᠡᠶᠡᠶ᠋ᠢᠨ ᠲᠠᠮᠢᠷ᠎ᠤᠨ ᠴᠤᠬᠯᠠᠭᠠᠨ ᠪᠣᠯ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠲᠠᠰ ᠳᠡᠪᠱᠢᠭᠦᠯᠬᠦ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠢ ᠪᠣᠢᠵᠢᠭᠤᠯᠤᠨ ᠬᠥᠭ᠌ᠵᠢᠭᠦᠯᠬᠦ᠌᠎ᠪᠡᠷ ᠵᠤᠷᠢᠯᠭ᠎ᠠ ᠪᠤᠯᠭᠠᠭᠰᠠᠨ ᠨᠠᠷᠠᠲᠤ ᠲᠥᠷᠥᠯ ᠲᠡᠮᠳᠡᠭᠳᠦ ᠠᠵᠢᠯᠯᠠᠭ᠎ᠠ ᠪᠣᠯᠤᠨ᠎ᠠ᠃ 2015 ᠣᠨ᠎ᠳᠤ ᠠᠩᠬ᠎ᠠ ᠤᠳᠠᠭ᠎ᠠ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠳᠤ ᠶᠠᠪᠤᠭ᠍ᠳᠠᠵᠤ᠂ ᠠᠷᠪᠠᠨ ᠵᠢᠯ᠎ᠦᠨ ᠬᠦᠭᠵᠢᠯᠳᠡ᠎ᠪᠠᠷ ᠳᠡᠮᠵᠢᠨ ᠨᠢᠭᠡᠨᠲᠡ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠭᠤᠤᠯᠳᠠᠯᠭ᠎ᠠ᠎ᠲᠠᠶ ᠳᠡᠮᠵᠢᠵᠦ᠍ ᠪᠠᠢᠭ᠎ᠠ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠠᠷᠠᠲᠤ ᠲᠦᠷᠦᠯ ᠲᠡᠮᠳᠡᠭ ᠪᠤᠯᠵᠤ᠂《ᠣᠷᠣᠨ ᠪᠦᠰᠡ᠎ᠶ᠋ᠢᠨ ᠤᠷᠤᠯᠳᠤᠭᠠᠨ》 ᠡᠴᠠ 《ᠪᠥᠬᠥ᠌ ᠤᠯᠤᠰ᠎ᠤᠨ ᠠᠩᠬᠠᠷᠤᠯ᠎ᠢ ᠲᠠᠲᠠᠭ᠍ᠰᠠᠨ》 ᠳᠠᠪᠠᠯᠲᠠ᠎ᠶ᠋ᠢ ᠠᠮᠵᠢᠯᠲᠠ᠎ᠲᠠᠶ ᠪᠡᠶᠡᠯᠡᠭᠦᠯᠪᠡ᠃ ᠡᠭᠦᠨ᠎ᠦ ᠬᠠᠮᠲᠤ᠂ ᠴᠤᠬᠯᠠᠭᠠᠨ᠎ᠨᠢ ᠲᠠᠩ ᠭᠠᠭ᠍ᠴᠠ ᠤᠷᠤᠯᠳᠤᠭᠠᠨ᠎ᠤ ᠶᠠᠪᠤᠳᠠᠯ᠎ᠠᠴᠠ《ᠤᠷᠤᠯᠳᠤᠭᠠᠨ᠂ ᠦᠵᠡᠭᠦᠯᠭᠡ᠂ ᠲᠣᠭ᠍ᠯᠠᠯᠲᠠ᠂ ᠵᠢᠭᠤᠯᠴᠢᠯᠠᠯ᠂ ᠬᠤᠳᠠᠯᠳᠤᠨ ᠠᠪᠬᠤ》ᠣᠯᠠᠨ ᠡᠱᠢᠲᠦ ᠠᠭᠤᠯᠭ᠎ᠠ᠎ᠶ᠋ᠢ ᠬᠠᠮᠤᠷᠤᠭ᠍ᠰᠠᠨ IP ᠪᠣᠯᠵᠣ᠂ ᠲᠠᠯ᠎ᠠ ᠨᠤᠲᠤᠭ᠎ᠤᠨ ᠠᠮᠢᠵᠢᠷᠠᠯ᠎ᠤᠨ ᠬᠦᠴᠦᠨ᠎ᠢ ᠢᠯᠡᠷᠡᠭᠦᠯᠬᠦ᠌᠂ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠬᠤ ᠪᠡᠯᠭᠡ ᠲᠡᠮᠳᠡᠭ᠎ᠦᠨ ᠴᠢᠨᠠᠷᠲᠠᠶ ᠲᠠᠪᠴᠠᠩ ᠵᠢᠴᠢ ᠬᠢᠩᠭᠠᠨ ᠠᠢᠮᠠᠭ᠎ᠤᠨ ᠱᠢᠯᠢᠳᠡᠭ ᠬᠡᠷ᠎ᠦᠨ ᠭᠠᠳᠠᠨᠠᠬᠢ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠡᠬᠢ ᠪᠠᠶᠠᠯᠢᠭ᠎ᠢ ᠪᠥᠬᠥ᠌ ᠦᠵᠡᠮᠵᠢ᠎ᠪᠡᠷ ᠳᠡᠯᠭᠡᠨ ᠦᠵᠡᠭᠦᠯᠬᠦ᠌ ᠴᠢᠬᠤᠯᠠ ᠴᠤᠩᠬᠤᠪᠴᠢ ᠪᠣᠯᠵᠦ ᠪᠤᠢ᠃
(ᠭᠡᠷᠡᠯ ᠵᠢᠷᠤᠭ᠎ᠢ ᠪᠠᠢ ᠬᠠᠢ ᠱᠦᠨ ᠰᠡᠭᠦᠳᠡᠷᠯᠡᠪᠡ)