ᠬᠢᠩᠭᠠᠨ ᠠᠢᠮᠠᠭ ᠤᠨ ᠵᠠᠯᠠᠢᠳ ᠬᠣᠱᠢᠭᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠶ᠋ᠢᠨ ᠬᠦᠷᠢᠶᠡᠨ ᠳᠦ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠦᠵᠡᠯ ᠰᠠᠨᠠᠭᠠᠨ ᠳᠤ ᠣᠷᠣᠭᠤᠯᠬᠤ᠎ᠶ᠋ᠢ ᠪᠦᠲᠦᠮᠵᠢᠲᠡᠢ ᠠᠬᠢᠭᠤᠯᠵᠤ᠂ ᠳᠤᠮᠳᠠᠳᠤ ᠪᠠᠨ ᠬᠠᠢᠷᠠᠯᠠᠬᠤ ᠦᠷ᠎ᠡ᠎ᠶ᠋ᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠡᠳᠭᠢᠯ᠎ᠦᠨ ᠭᠦᠨ᠎ᠳᠦ ᠦᠨᠳᠦᠰᠦᠯᠡᠭᠦᠯᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ 《ᠲᠦᠷᠪᠡ᠎ᠶᠢ ᠬᠠᠮᠲᠤᠳᠬᠠᠬᠤ》 ᠣᠢᠯᠠᠭᠠᠭ᠍ᠳᠠᠬᠤᠨ᠎ᠢ ᠪᠠᠲᠤ ᠴᠤᠭᠴᠠᠯᠠᠵᠤ᠂ 《ᠲᠠᠪᠤᠨ ᠬᠠᠮᠲᠤ ᠵᠢᠨ ᠲᠠᠨᠢᠯᠲᠠ》 ᠵᠢ ᠪᠠᠳᠤ ᠱᠤᠭᠤᠨ᠎ᠠ᠃
ᠦᠨᠳᠦᠰᠦᠲᠡᠨᠨᠤᠬᠦᠳᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ᠎ᠶ᠋ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠬᠤᠰᠢᠭᠤᠨ ᠤ᠋ ᠲᠤᠮᠲᠠᠲᠤ ᠪᠠᠭ᠎ᠠ ᠰᠤᠷᠭᠠᠭᠤᠯᠢ ᠵᠢᠴᠢ ᠪᠡᠭᠡᠵᠢᠩ ᠬᠤᠳᠠ᠎ᠶ᠋ᠢᠨ ᠠᠷᠪᠠᠨ ᠬᠣᠶᠠᠳᠤᠭᠠᠷ ᠳᠤᠮᠳᠠᠳᠤ ᠰᠤᠷᠭᠠᠭᠤᠯᠢ᠂ ᠪᠡᠭᠡᠵᠢᠩ ᠬᠤᠳᠠ ᠶ᠋ᠢᠨ ᠹᠸᠡᠭ ᠲᠠᠢ ᠲᠣᠭᠣᠷᠢᠭ ᠤᠨ ᠾᠧ ᠢ ᠰᠤᠷᠭᠠᠭᠤᠯᠢ᠎ᠯᠤᠭ᠎ᠠ《ᠪᠡᠭᠡᠵᠢᠩ ᠥᠪᠥᠷ ᠮᠣᠩᠭᠣᠯ ᠰᠡᠳᠭᠢᠯ ᠨᠢᠭᠡᠳᠦᠨ ᠳᠤᠮᠳᠠᠳᠤ᠎ᠶ᠋ᠢᠨ ᠰᠦᠭ ᠰᠦᠨᠡᠰᠦ᠎ᠶ᠋ᠢ ᠬᠠᠮᠲᠤ᠎ᠪᠠᠷ ᠱᠤᠭᠤᠨ᠎ᠠ》 ᠭᠡᠬᠦ ᠪᠠᠷ ᠭᠣᠣᠯ ᠰᠡᠳᠦᠪ ᠪᠣᠯᠭᠠᠭᠰᠠᠨ 《ᠭᠠᠷ ᠭᠠᠷ᠎ᠢᠶᠠᠨ ᠬᠣᠯᠪᠣᠯᠴᠠᠬᠤ》ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ ᠤᠨ ᠰᠡᠳᠬᠢᠯ ᠳ᠋ᠤ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠪᠦᠯᠢ ᠮᠡᠲᠦ ᠳᠣᠲᠣᠨᠣ》 ᠪᠠᠢᠬᠤ ᠣᠢᠯᠠᠭᠠᠭ᠍ᠳᠠᠬᠤᠨ ᠢ ᠪᠠᠲᠤ ᠪᠤᠢ ᠪᠤᠯᠭᠠᠪᠠ᠃ ᠵᠢᠯ᠎ᠦᠨ ᠡᠬᠢᠨ᠎ᠡᠴᠡ ᠨᠠᠭᠠᠰᠢ ᠤᠳᠤ ᠪᠤᠯᠳᠠᠯ᠎ᠠ ᠲᠤᠰ ᠠᠵᠢᠯᠯᠠᠭ᠎ᠠ ᠶᠢ ᠨᠡᠢᠳᠡ 8 ᠪᠦᠯᠦᠭ ᠤᠳᠠᠭ᠎ᠠ ᠥᠷᠨᠢᠭᠦᠯᠵᠦ᠍᠂ 1037 ᠵᠠᠯᠠᠭᠤᠴᠤᠳ ᠪᠠᠭᠠᠴᠤᠳ ᠤᠷᠤᠯᠴᠠᠵᠠᠢ᠃ ᠡᠬᠦᠨ᠎ᠤ ᠬᠠᠮᠳᠤ ᠰᠤᠷᠤᠭ᠍ᠴᠢᠳ᠎ᠢ ᠵᠣᠬᠢᠶᠠᠨ ᠪᠠᠢᠭᠤᠯᠵᠤ ᠲᠤᠲᠤᠷᠭ᠎ᠠ ᠳᠠᠷᠢᠬᠤ ᠦᠵᠡᠮᠵᠢ᠎ᠶ᠋ᠢᠨ ᠣᠷᠣᠨ᠂ ᠴᠤᠤᠯ ᠭᠤᠤᠯ ᠤᠨ ᠲᠠᠷᠢᠶᠠᠯᠠᠩ᠎ᠤᠨ ᠮᠦᠽᠧᠶ᠂ ᠤᠯᠠᠭᠠᠨᠬᠣᠲᠠ᠎ᠶ᠋ᠢᠨ 《ᠨᠢᠭᠡ ᠣᠷᠳᠣᠨ ᠭᠤᠷᠪᠠᠨ ᠪᠠᠭᠤᠷᠢ》᠂ ᠵᠢᠶᠠᠩ ᠴᠢᠶᠣᠤ᠎ᠶ᠋ᠢᠨ ᠶᠠᠫᠣᠨ ᠢ ᠡᠰᠡᠷᠭᠦᠴᠡᠬᠦ᠌ ᠲᠡᠢᠨ᠎ᠦ ᠳᠤᠷᠠᠰᠭᠠᠯ᠎ᠤᠨ ᠣᠷᠳᠣᠨ ᠵᠡᠷᠭᠡ ᠭᠠᠵᠠᠷ᠎ᠲᠤ ᠬᠦᠷᠴᠦ᠍᠂ 300 ᠭᠠᠷᠤᠶ ᠲᠠᠯᠠᠪᠤᠷ ᠤᠳᠠᠭ᠎ᠠ ᠵᠢᠨ ᠨᠡᠢᠭᠡᠮ᠎ᠦᠨ ᠶᠡᠷᠦᠩᠬᠡᠢᠯᠡᠭ᠌ᠰᠡᠨ ᠦᠶ᠋ᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ 5000 ᠭᠠᠷᠤᠶ ᠰᠣᠷᠣᠭ᠍ᠴᠢ ᠤᠳᠠᠭ᠎ᠠ ᠣᠷᠣᠯᠴᠠᠨ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ ᠰᠤᠷᠤᠯᠴᠠᠬᠤ ᠤᠷ᠎ᠠ ᠴᠢᠳᠠᠪᠤᠷᠢ᠂ ᠰᠠᠢᠨ ᠨᠠᠢᠵᠠ ᠪᠣᠯᠤᠯᠴᠠᠬᠤ᠂ ᠠᠮᠢᠳᠤᠷᠠᠯ ᠢᠶᠠᠨ ᠪᠠᠶᠠᠯᠢᠭ᠍ᠵᠢᠭᠤᠯᠬᠤ᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠠᠵᠠ ᠲᠣᠬᠢᠶᠠᠯ ᠬᠠᠩᠭᠠᠵᠠᠢ᠃
ᠪᠠᠭ᠍ᠰᠢ ᠰᠤᠷᠤᠭ᠍ᠴᠢᠳᠤᠨᠰᠤᠳᠤᠯᠤᠨ ᠰᠤᠷᠤᠯᠴᠠᠬᠤ ᠠᠵᠢᠯᠯᠠᠭ᠎ᠠ ᠵᠢ ᠵᠣᠬᠢᠶᠠᠨ ᠪᠠᠢᠭᠤᠯᠵᠤ᠂ ᠲᠢᠶᠠᠨ ᠠᠨ ᠮᠧᠨ ᠤ ᠤᠯᠤᠰ ᠤᠨ ᠲᠣᠭ ᠮᠠᠨᠳᠤᠭᠤᠯᠬᠤ ᠶᠣᠰᠣᠯᠠᠯ᠂ ᠦᠨᠳᠦᠰᠦᠲᠡᠨ᠎ᠦ ᠰᠣᠶᠣᠯ᠎ᠤᠨ ᠣᠷᠳᠣᠨ᠂ ᠣᠷᠳᠣ ᠴᠠᠭᠠᠨ ᠬᠡᠷᠡᠮ᠂ ᠬᠠᠭᠠᠨ᠎ᠤ ᠣᠷᠳᠣᠨ᠎ᠤ ᠮᠦᠽᠧᠶ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ ᠵᠢᠴᠢ ᠪᠡᠭᠡᠵᠢᠩ᠎ᠦᠨ ᠨᠠᠷᠠᠲᠤ ᠶᠡᠬᠡ ᠳᠡᠭᠡᠳᠦ ᠰᠤᠷᠭᠠᠭᠤᠯᠢ ᠵᠡᠷᠭᠡ ᠭᠠᠵᠠᠷ᠎ᠢᠶᠠᠷ ᠲᠣᠭᠣᠷᠢᠨ ᠦᠵᠡᠬᠦ ᠠᠵᠢᠯᠯᠠᠭ᠎ᠠ ᠵᠢ ᠦᠷᠨᠢᠬᠦᠯᠵᠦ᠂ ᠮᠠᠨ᠎ᠤ ᠤᠯᠤᠰ᠎ᠤᠨ ᠥᠷᠭᠡᠨ ᠳᠡᠯᠭᠡᠷ ᠭᠦᠨ ᠭᠦᠨᠵᠡᠭᠡᠶ ᠲᠡᠦᠬᠡ ᠰᠣᠶᠣᠯ ᠪᠠ ᠬᠤᠪᠢᠰᠭᠠᠯᠲᠤ ᠰᠣᠶᠣᠯ᠎ᠤᠨ ᠠᠭᠤᠯᠤᠭ᠍ᠳᠠᠬᠤᠨ᠎ᠢ ᠪᠠᠭᠰᠢ ᠰᠤᠷᠤᠭᠴᠢᠳ ᠲᠸ᠋ ᠤᠢᠯᠠᠭᠠᠭᠤᠯᠬᠤ᠎ᠶ᠋ᠢᠨ ᠬᠠᠮᠲᠤ᠂ ᠪᠡᠭᠡᠵᠢᠩ᠎ᠦᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠠᠶ ᠨᠥᠬᠥᠷᠰᠡᠭᠰᠤᠯᠢᠯᠴᠠᠭᠠ ᠵᠢ ᠠᠬᠢᠭᠤᠯᠵᠠᠢ᠃ ᠴᠢᠩᠬᠤᠸᠠ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ 41 ᠨᠡᠷ᠎ᠡ ᠰᠤᠳᠤᠯᠤᠨ ᠰᠤᠷᠤᠯᠴᠠᠬᠤ ᠰᠤᠷᠤᠭᠴᠢ ᠶ᠋ᠢ ᠵᠣᠬᠢᠶᠠᠨ ᠪᠠᠢᠭᠤᠯᠵᠤ ᠵᠠᠯᠠᠢᠳ ᠬᠣᠱᠢᠭᠤᠨ᠎ᠤ ᠢᠨᠳᠡᠷ ᠨᠢᠭᠡᠳᠦᠭᠡᠷ ᠳᠤᠮᠳᠠᠳᠤ ᠰᠤᠷᠭᠠᠭᠤᠯᠢ᠎ᠳᠤ 《ᠪᠡᠭᠡᠵᠢᠩ ᠥᠪᠥᠷ ᠮᠣᠩᠭᠣᠯ ᠰᠡᠳᠭᠢᠯ ᠨᠢᠭᠡᠲᠤᠨ ᠬᠠᠮᠲᠤ᠎ᠪᠠᠷ ᠤᠷᠤᠭ᠍ᠰᠢᠯᠠᠨᠠᠮ》 ᠭᠡᠬᠦ ᠭᠤᠤᠯ ᠰᠡᠳᠦᠪᠳᠦ ᠠᠵᠢᠯᠯᠠᠭ᠎ᠠ ᠥᠷᠨᠢᠭᠦᠯᠵᠦ᠍᠂ ᠵᠠᠯᠠᠢᠳ ᠬᠣᠱᠢᠭᠤᠨ᠎ᠤ ᠲᠡᠦᠬᠡ᠂ ᠪᠠᠢᠭᠠᠯᠢ᠂ ᠦᠨᠳᠦᠰᠦᠲᠡᠨ᠎ᠦ ᠰᠣᠶᠣᠯ᠎ᠤᠨ ᠷᠢᠳᠢ ᠱᠢᠳᠢ᠎ᠶ᠋ᠢ ᠪᠡᠶᠡᠴᠢᠯᠡᠨ ᠣᠢᠯᠠᠭᠠᠬᠤ ᠵᠡᠷᠭᠡ ᠠᠷᠭ᠎ᠠ ᠬᠡᠯᠪᠡᠷᠢ᠎ᠪᠡᠷ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠦᠷ᠎ᠡ ᠪᠦᠲᠦᠭᠡᠯ᠎ᠦᠨ ᠲᠤᠬᠠᠶ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠵᠦ᠍᠂ ᠰᠤᠷᠤᠭ᠍ᠴᠢᠳ᠎ᠤᠨ ᠨᠡᠢᠭᠡᠮ᠎ᠦᠨ ᠬᠠᠷᠢᠭᠤᠴᠠᠯᠭᠠᠲᠤ ᠰᠡᠳᠭᠢᠯᠭᠡ ᠪᠠ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠦᠷᠭᠦᠯᠵᠢᠯᠡᠨ ᠴᠢᠡᠭᠭᠠᠳᠬᠠᠪᠠ᠃