ᠬᠢᠯᠢ ᠬᠠᠮᠠᠭᠠᠯᠠᠭ᠍ᠴᠢᠳ ᠤ᠋ᠨ ᠡᠪᠡᠳᠴᠢᠨ ᠦᠵᠡᠭᠦᠯᠬᠦ᠌ 《ᠰᠠᠭᠠᠳ ᠦᠭᠡᠢ ᠨᠡᠪᠲᠡᠷᠡᠬᠦ᠌ ᠵᠠᠮ》 ᠨᠡᠭᠡᠭᠡᠭ᠌ᠳᠡᠪᠡ !
2025-08-27 16:25:06
ᠵᠣᠬᠢᠶᠠᠭ᠍ᠴᠢ᠄
ᠪᠠᠢ ᠰᠡᠴᠠᠨ
ᠣᠩᠱᠢᠭ᠍ᠰᠠᠨ ᠣᠳᠠᠭ᠎ᠠ᠄
★★★☆☆

《ᠵᠣᠬᠢᠶᠠᠨ ᠪᠠᠢᠭᠤᠯᠤᠯᠲᠠ ᠡᠴᠡ ᠪᠢᠳᠠᠨ ᠳ᠋ᠤ ᠤᠯᠭᠤᠭᠰᠠᠨ ᠡᠨᠡ ᠬᠦ᠌ ᠴᠢᠩ ᠦᠨᠡᠨᠴᠢ ᠬᠠᠯᠠᠮᠵᠢᠯᠠᠯ ᠨᠢ ᠮᠠᠰᠢ ᠬᠠᠯᠠᠭᠤᠨ ᠳᠤᠯᠠᠭᠠᠨ ᠰᠠᠨᠠᠭ᠍ᠳᠠᠵᠤ ᠪᠠᠢᠨ᠎ᠠ᠃ ᠰᠠᠭᠠᠳ ᠥᠬᠡᠶ ᠨᠡᠪᠲᠡᠷᠡᠬᠦ᠌ ᠵᠠᠮ᠎ᠨᠢ ᠪᠢᠳᠡ ᠪᠣᠯᠤᠨ ᠬᠡᠷ᠎ᠦᠨ ᠬᠥᠮᠦᠰ᠎ᠦᠨ ᠡᠷᠡᠭᠦᠯ ᠮᠡᠨᠳᠦ᠍᠎ᠶ᠋ᠢᠨ ᠪᠠᠳᠤ ᠲᠦᠰᠢᠭ ᠪᠤᠯᠵᠤ᠂ ᠪᠢᠳᠡᠨ᠎ᠢ ᠨᠡᠩ ᠰᠠᠨᠠᠭ᠎ᠠ ᠠᠮᠤᠷ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠠᠵᠢᠯ᠎ᠳᠤ ᠣᠷᠣᠯᠴᠠᠭᠤᠯᠬᠤ ᠪᠣᠯᠤᠯ᠎ᠠ 》 ᠭᠡᠵᠦ᠍ ᠬᠢᠯᠢ ᠬᠠᠮᠠᠭᠠᠯᠠᠭ᠍ᠴᠢ ᠬᠠᠰᠭᠡᠷᠡᠯ ᠰᠡᠳᠭᠢᠯ ᠳᠣᠭ᠍ᠳᠣᠯᠤᠨ ᠬᠡᠯᠡᠪᠡ᠃


QQ20250827-162440.png


ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠦᠨ ᠰᠡᠷᠭᠡᠢᠯᠡᠯᠲᠡ᠎ᠶ᠋ᠢ ᠪᠡᠬᠢᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠠᠷᠪᠠ  ᠵᠠᠭᠤ ᠮᠢᠩᠭ᠎ᠠ ᠲᠦᠮᠡ》 ᠶ᠋ᠢᠨ ᠢᠨᠵᠧᠨᠧᠷᠢᠩ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢᠨ ᠲᠥᠯᠥᠭᠡ ᠬᠥᠯᠥᠨ ᠪᠦᠢᠷ᠎ᠦᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ ᠵᠢᠨ ᠬᠢᠨ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠯᠤᠭ᠎ᠠ ᠢᠳᠡᠪᠬᠢᠲᠡᠢ ᠵᠣᠬᠢᠴᠠᠭᠤᠯᠭ᠎ᠠ ᠬᠢᠵᠦ᠂ ᠬᠢᠯᠢ ᠬᠠᠮᠠᠭᠠᠯᠠᠭ᠍ᠴᠢᠳ᠎ᠤᠨ ᠡᠪᠡᠳᠴᠢᠨ ᠦᠵᠡᠭᠦᠯᠭᠦ 《ᠰᠠᠭᠠᠳ ᠦᠭᠡᠢ ᠨᠡᠪᠲᠡᠷᠡᠬᠦ᠌ ᠵᠠᠮ》 ᠢ᠋ ᠲᠤᠰᠭᠠᠢᠯᠠᠨ ᠨᠡᠪᠲᠡᠷᠡᠭᠦᠯᠪᠡ᠃ ᠡᠨᠡ ᠬᠦ᠌ ᠠᠷᠭ᠎ᠠ ᠬᠡᠮᠵᠢᠶ᠎ᠡ ᠨᠢ ᠬᠢᠯᠢ ᠬᠠᠮᠠᠭᠠᠯᠠᠭ᠍ᠴᠢᠳ᠎ᠤᠨ ᠰᠠᠨᠠᠭᠠᠱᠢᠷᠠᠯ ᠵᠤᠪᠠᠨᠢᠯ᠎ᠢ ᠦᠨᠡᠨ ᠬᠦ᠌ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠰᠠᠯᠪᠤᠷᠢ ᠠᠩᠭᠢ᠎ᠶ᠋ᠢᠨ ᠬᠢᠨ᠎ᠤ ᠬᠢᠯᠢ ᠵᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠲᠠᠯ᠎ᠠ᠎ᠪᠠᠷ ᠵᠠᠩᠭᠢᠯᠠᠭ᠎ᠠ᠎ᠶ᠋ᠢᠨ ᠠᠯᠬᠤᠮ ᠠᠯᠬᠤᠭ᠍ᠰᠠᠨ᠎ᠢ ᠬᠠᠷᠠᠭᠤᠯᠵᠤ ᠪᠠᠢᠨ᠎ᠠ᠃


QQ20250827-162449.png


ᠬᠢᠯᠢ ᠬᠠᠮᠠᠭᠠᠯᠠᠭ᠍ᠴᠢᠳ ᠪᠡᠷᠬᠡ ᠬᠠᠲᠠᠭᠤᠵᠢᠯᠲᠠᠶ ᠬᠢᠯᠢ ᠬᠢᠵᠠᠭᠠᠷ ᠣᠷᠣᠨ ᠳ᠋ᠤ ᠵᠢᠯ ᠲᠤᠵᠢ ᠰᠠᠬᠢᠨ ᠰᠠᠭᠤᠵᠤ᠂ ᠡᠪᠡᠳᠴᠢᠨ ᠦᠵᠡᠭᠦᠯᠬᠦ᠌᠎ᠳᠦ ᠳᠥᠭᠥᠮ ᠦᠭᠡᠢ᠂ ᠲᠦᠷᠭᠡᠨ ᠡᠪᠡᠳᠴᠢᠨ᠎ᠢ ᠠᠪᠤᠷᠠᠨ ᠵᠠᠰᠠᠬᠤ ᠳ᠋ᠤ ᠬᠦᠴᠢᠷᠲᠡᠶ ᠪᠠᠢᠬᠤ ᠪᠣᠯ ᠲᠡᠳᠡᠨ᠎ᠳᠦ ᠲᠤᠯᠭᠠᠷᠠᠵᠤ ᠪᠠᠢᠭ᠎ᠠ ᠪᠣᠳᠠᠲᠠᠶ ᠬᠦᠴᠢᠷ ᠠᠰᠠᠭᠤᠳᠠᠯ ᠪᠤᠯᠤᠨ᠎ᠠ᠃ ᠰᠠᠭᠠᠳ ᠥᠬᠡᠶ ᠨᠡᠪᠲᠡᠷᠡᠬᠦ᠌ ᠵᠠᠮ᠎ᠨᠢ ᠡᠨᠡ ᠬᠦ᠌  ᠬᠡᠷᠡᠭ᠌ᠴᠡᠭᠡ ᠱᠠᠭᠠᠷᠳᠠᠯᠭ᠎ᠠ ᠳ᠋ᠤ ᠠᠩᠬᠠᠷᠤᠯ ᠵᠢᠡᠨ ᠲᠦᠪᠯᠡᠷᠡᠬᠦᠯᠵᠦ᠂《ᠤᠷᠢᠳ᠎ᠢᠶᠠᠷ ᠡᠮᠨᠡᠭᠦᠯᠬᠦ᠌》᠂《ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠢ ᠲᠦᠷᠭᠡᠨ ᠡᠮᠨᠡᠨ ᠵᠠᠰᠠᠬᠤ》᠂ 《ᠤᠷᠢᠳ᠎ᠢᠶᠠᠷ ᠣᠨᠣᠱᠢᠯᠠᠨ ᠡᠮᠨᠡᠬᠦᠯᠵᠤ ᠳᠠᠷᠠᠭ᠎ᠠ᠎ᠨᠢ ᠰᠦᠶ᠋ᠳᠭᠡᠯ ᠲᠤᠱᠢᠶᠠᠬᠤ》ᠵᠡᠷᠭᠡ ᠠᠯᠢ ᠣᠯᠠᠨ ᠦᠶ᠋ᠯᠡᠴᠢᠯᠡᠭᠡ ᠬᠠᠩᠭᠠᠵᠤ᠂ ᠬᠢᠯᠢ ᠬᠠᠮᠠᠭᠠᠯᠠᠭᠴᠢᠳ᠎ᠤᠨ ᠭᠡᠨᠡᠳᠲᠡ᠎ᠶ᠋ᠢᠨ ᠡᠪᠡᠳᠴᠢᠨ ᠡᠮᠭᠡᠭ ᠲᠸ᠋ ᠨᠡᠷᠪᠡᠭᠳᠡᠬᠦ ᠪᠤᠶᠤ ᠡᠭᠦᠷᠭᠡ ᠭᠦᠶ᠋ᠴᠡᠳᠭᠡᠬᠦ ᠲᠤᠮᠳᠠ ᠱᠢᠷᠬᠠᠲᠤᠵᠤ ᠬᠡᠮᠳᠦᠭᠰᠡᠨ ᠦᠶ᠎ᠡ᠎ᠳᠦ  ᠲᠠᠷᠤᠢᠬᠠᠨ ᠲᠤᠰᠭᠠᠶ ᠮᠡᠷᠭᠡᠵᠢᠯ ᠎ᠤᠨ  ᠡᠮᠴᠢᠯᠡᠭᠡ ᠠᠪᠤᠷᠠᠨ ᠵᠠᠰᠠᠯᠲᠠ ᠬᠢᠬᠦ᠌᠎ᠶ᠋ᠢ ᠦᠨᠡᠨ ᠬᠦ᠌ ᠪᠠᠲᠤᠯᠠᠪᠠ᠃ ᠰᠠᠯᠪᠤᠷᠢ ᠠᠩᠭᠢ ᠵᠢᠨ ᠬᠢᠨ ᠪᠠᠰᠠ ᠡᠮᠨᠡᠯᠭᠡ᠎ᠶ᠋ᠢᠨ ᠬᠣᠷᠢᠶ᠎ᠠ᠎ᠲᠠᠶ ᠪᠠᠢᠩᠭᠤᠵᠢᠭ᠍ᠰᠠᠨ ᠨᠡᠪᠲᠡᠷᠡᠯᠴᠡᠬᠦ᠌ ᠲᠣᠭ᠍ᠲᠠᠴᠠ ᠵᠢ ᠪᠠᠢᠭᠤᠯᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠡᠷᠡᠭ᠌ᠴᠡᠭᠡ ᠱᠠᠭᠠᠷᠳᠠᠯᠭ᠎ᠠ᠎ᠶ᠋ᠢ ᠵᠣᠯᠭᠠᠭᠤᠯᠵᠤ ᠂ ᠶᠠᠪᠤᠴᠠ ᠵᠢ ᠱᠢᠯᠢᠳᠡᠭ᠌ᠵᠢᠭᠦᠯᠵᠦ᠍᠂ 《ᠰᠠᠭᠠᠳ ᠦᠭᠡᠢ ᠨᠡᠪᠳᠡᠷᠡᠬᠦ ᠵᠠᠮ》 ᠎ᠤ᠋ᠨ ᠢᠮᠠᠭ᠍ᠲᠠ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ ᠂ ᠬᠢᠯᠢ ᠬᠠᠮᠠᠭᠠᠯᠠᠭ᠍ᠴᠢ᠎ᠳᠤ ᠪᠠᠲᠤ ᠪᠠᠬᠢ《ᠡᠷᠡᠭᠦᠯ ᠮᠡᠨᠳᠦ᠍᠎ᠶ᠋ᠢᠨ ᠰᠡᠷᠭᠡᠢᠯᠡᠯᠲᠡ᠎ᠶ᠋ᠢᠨ ᠱᠤᠭᠤᠮ》 ᠢ᠋ ᠪᠠᠢᠭᠤᠯᠵᠤ ᠥᠭ᠌ᠴᠡᠶ᠃

ᠤᠢᠯᠠᠭᠠᠭᠰᠠᠨ᠎ᠢᠶᠡᠷ᠂ ᠬᠥᠯᠥᠨ ᠪᠣᠢᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ ᠤᠳᠤ ᠨᠢᠭᠡᠨᠲᠡ 967 ᠬᠢᠯᠢ ᠬᠠᠮᠠᠭᠠᠯᠠᠭ᠍ᠴᠢ᠎ᠶ᠋ᠢᠨ ᠲᠤᠰᠭᠠᠶ ᠮᠡᠷᠭᠡᠵᠢᠯ᠎ᠦᠨ ᠡᠩᠨᠡᠭᠡ᠎ᠶ᠋ᠢ ᠬᠥᠮᠦᠵᠢᠭᠦᠯᠪᠡ᠃ ᠲᠠᠳᠠ ᠪᠣᠯ ᠬᠢᠯᠢ᠎ᠶ᠋ᠢᠨ ᠱᠤᠭᠤᠮ ᠳᠡᠭᠡᠷᠡᠬᠢ 《ᠨᠡᠭᠦᠳᠡᠯ ᠬᠠᠷᠠᠭᠤᠯ᠎ᠤᠨ ᠭᠠᠵᠠᠷ》 ᠪᠠᠢᠵᠤ᠂《ᠬᠢᠯᠢ ᠬᠠᠮᠠᠭᠠᠯᠠᠭ᠍ᠴᠢ + ᠣᠯᠠᠨ ᠲᠦᠮᠡᠨ》ᠤ᠋ ᠵᠠᠭ᠍ᠪᠤᠷ᠎ᠢᠶᠠᠷ ᠰᠡᠷᠭᠡᠢᠯᠡᠨ ᠡᠵᠡᠮᠳᠡᠬᠦ᠌ ᠪᠣᠰᠣᠭ᠎ᠠ ᠴᠣᠭ᠍ᠴᠠᠲᠤ ᠲᠤᠤᠷ᠎ᠢ ᠨᠢᠭ᠍ᠲᠠ ᠰᠦᠯᠵᠢᠵᠦ᠍᠂ 《ᠲᠣᠰᠭᠣᠨ ᠪᠦᠬᠦᠨ ᠪᠡᠬᠢᠯᠡᠯᠲᠡ᠂ ᠡᠷᠦᠬᠡ ᠪᠤᠯᠭᠠᠨ ᠬᠠᠷᠠᠭᠤᠯ᠎ᠤᠨ ᠭᠠᠵᠠᠷ᠂ ᠬᠥᠮᠦᠨ ᠪᠦᠷᠢ ᠬᠠᠷᠠᠭᠤᠯ᠎ᠤᠨ ᠴᠡᠷᠢᠭ》 ᠤ᠋ᠨ ᠠᠮᠢᠳᠤᠯᠢᠭ ᠵᠢᠷᠤᠭ᠎ᠢ ᠬᠢᠯᠢ᠎ᠶ᠋ᠢᠨ ᠨᠢᠭᠡᠳᠦᠭᠡᠷ ᠹᠷᠣᠨᠲ᠎ᠲᠤ ᠨᠠᠢᠳᠠᠪᠤᠷᠢᠵᠢᠭᠤᠯᠪᠠ᠃ ᠡᠨᠡ ᠵᠢᠯ᠎ᠡᠴᠡ ᠨᠠᠭᠠᠰᠢ᠂ ᠲᠡᠳᠡᠨ ᠎ᠦ ᠤᠯᠠ ᠮᠥᠷ ᠨᠢ ᠬᠢᠯᠢ᠎ᠶ᠋ᠢᠨ ᠦᠨᠴᠦᠭ ᠪᠤᠯᠤᠩ ᠦᠭᠡᠢ ᠲᠦᠭᠡᠵᠤ᠂ 6000 ᠭᠠᠷᠤᠶ ᠤᠳᠠᠭ᠎ᠠ ᠲᠣᠭᠣᠷᠢᠨ ᠴᠠᠭ᠍ᠳᠠᠬᠤ᠎ᠳᠤ ᠣᠷᠣᠯᠴᠠᠵᠤ᠂ ᠬᠢᠯᠢ᠎ᠶ᠋ᠢᠨ ᠮᠡᠳᠡᠭᠡ ᠵᠠᠩᠭᠢ᠎ᠶ᠋ᠢ 1.6 ᠲᠦᠮᠡ ᠭᠠᠷᠤᠢ ᠵᠤᠷᠪᠤᠰ ᠬᠠᠩᠭᠠᠵᠤ᠂ ᠨᠠᠷᠢᠯᠢᠭ ᠣᠨᠣᠴᠠᠲᠠᠢ᠎ᠪᠠᠷ ᠰᠡᠷᠭᠡᠢᠯᠡᠨ ᠡᠵᠡᠮᠳᠡᠬᠦ᠌᠎ᠳᠦ ᠵᠠᠩᠭᠢᠯᠠᠭ᠎ᠠ᠎ᠶ᠋ᠢᠨ ᠲᠤᠯᠭᠠᠭᠤᠷᠢᠯᠠᠯ ᠬᠠᠩᠭᠠᠪᠠ ; ᠠᠮᠤᠷ ᠲᠦᠪᠱᠢᠨ᠎ᠦ  ᠬᠡᠮ ᠰᠣᠭᠣᠭ᠎ᠢ 59  ᠵᠢᠭ᠍ᠰᠠᠭᠠᠨ ᠪᠠᠢᠴᠠᠭᠠᠵᠤ᠂ ᠠᠶᠤᠯ ᠲᠦᠭ᠌ᠰᠢᠭᠦᠷᠢ᠎ᠶ᠋ᠢ ᠴᠤᠬᠤᠢᠵᠤ ᠪᠠᠢᠭ᠎ᠠ ᠪᠠᠢᠳᠠᠯ᠎ᠳᠤᠨᠢ ᠠᠷᠢᠯᠭᠠᠪᠠ; ᠮᠡᠬᠡᠯᠡᠯ᠎ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠵᠢ 89 ᠤᠳᠠᠭ᠎ᠠ ᠬᠠᠮᠵᠢᠨ ᠥᠷᠨᠢᠭᠦᠯᠪᠠ; ᠭᠠᠮᠱᠢᠭ᠎ᠠᠴᠠ ᠠᠪᠤᠷᠠᠬᠤ᠂ ᠲᠦᠷᠦ᠍᠎ᠶ᠋ᠢᠨ ᠪᠤᠳᠤᠯᠭ᠎ᠠ᠎ᠶ᠋ᠢ  ᠤᠬᠠᠭᠤᠯᠬᠤ ᠵᠡᠷᠭᠡ ᠠᠵᠢᠯᠯᠠᠭ᠎ᠠ᠎ᠳᠤ 500 ᠭᠠᠷᠤᠢ ᠤᠳᠠᠭ᠎ᠠ ᠣᠷᠣᠯᠴᠠᠵᠤ᠂ ᠴᠠᠭ᠍ᠳᠠᠭ᠎ᠠ ᠠᠷᠠᠳ᠎ᠤᠨ《ᠰᠡᠳᠭᠢᠯ᠎ᠦᠨ ᠬᠤᠯᠪᠤᠭᠠᠰᠤ》 ᠪᠣᠯᠪᠠ ;68 ᠤᠳᠠᠭ᠎ᠠ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠵᠦ᠍᠂ 1.5 ᠲᠦᠮᠡ ᠭᠠᠷᠤᠶ ᠲᠡᠷᠭᠡ ᠬᠥᠰᠭᠡ᠂ 3.8 ᠲᠦᠮᠡ ᠭᠠᠷᠤᠶ ᠬᠥᠮᠦᠨ ᠤᠳᠠᠭ᠎ᠠ ᠶ᠋ᠢ ᠪᠠᠢᠴᠠᠭᠠᠵᠠᠢ ᠁ ᠲᠡᠳᠡ ᠬᠢᠯᠢ ᠬᠢᠵᠠᠭᠠᠷ᠎ᠢ ᠰᠡᠷᠭᠡᠢᠯᠡᠨ ᠡᠵᠡᠮᠳᠡᠬᠦ᠌ ᠡᠯ᠎ᠡ ᠭᠣᠭ᠍ᠴᠣᠭ᠎ᠠ᠎ᠳᠤ ᠴᠥᠮ ᠢᠳᠡᠪᠬᠢᠯᠡᠨ ᠤᠷᠤᠯᠴᠠᠵᠤ᠂ ᠨᠢᠭᠡᠨᠲᠡ ᠤᠮᠠᠷᠠᠲᠤ ᠬᠢᠯᠢ᠎ᠶ᠋ᠢᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠬᠤ᠎ᠳᠤ ᠳᠤᠲᠠᠭ᠍ᠳᠠᠵᠤ ᠪᠣᠯᠤᠰᠢ ᠥᠬᠡᠶ ᠴᠢᠬᠤᠯᠠ ᠬᠦᠴᠦᠨ ᠪᠣᠯᠤᠭ᠍ᠰᠠᠨ ᠪᠠᠢᠨ᠎ᠠ᠃

ᠤᠳᠣᠬᠠᠨ᠎ᠳᠤ᠂ ᠡᠮᠴᠢᠯᠡᠭᠡᠨ᠎ᠦ ᠰᠠᠭᠠᠳ ᠥᠬᠡᠶ ᠨᠡᠪᠲᠡᠷᠡᠬᠦ᠌ ᠵᠠᠮ᠎ᠢ ᠨᠡᠭᠡᠭᠡᠭ᠌ᠰᠡᠨ᠎ᠢᠶᠡᠷ ᠬᠢᠯᠢ ᠬᠠᠮᠠᠭᠠᠯᠠᠭ᠍ᠴᠢᠳ ᠨᠠᠩ ᠴᠤ᠌ ᠰᠠᠨᠠᠭᠠᠱᠢᠷᠠᠬᠤ ᠵᠦᠶ᠋ᠯ ᠥᠬᠡᠶ ᠪᠣᠯᠵᠠᠶ᠃ ᠲᠠᠳᠠ ᠦᠷᠭᠦᠯᠵᠢᠯᠡᠨ ᠬᠢᠯᠢ ᠬᠢᠵᠠᠭᠠᠷ᠎ᠲᠤ ᠦᠨᠳᠦᠰᠦᠯᠡᠵᠤ᠂ ᠬᠢᠯᠢ᠎ᠶ᠋ᠢᠨ ᠬᠠᠮᠢᠶᠠᠷᠤᠯᠲᠠ᠎ᠶ᠋ᠢᠨ ᠡᠩᠨᠡᠭᠡ᠎ᠲᠡᠶ ᠮᠥᠷᠥ᠍ ᠵᠡᠷᠭᠡᠴᠡᠨ᠂ ᠡᠬᠡ ᠤᠯᠤᠰ᠎ᠤᠨ ᠤᠮᠠᠷᠠᠲᠤ᠎ᠬᠢᠯᠢ ᠵᠢᠨ ᠠᠮᠤᠷ ᠲᠤᠭᠳᠠᠭᠤᠨ᠎ᠢ ᠪᠠᠳᠤ ᠰᠠᠬᠢᠬᠤ ᠳ᠋ᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号