《ᠬᠠᠳᠠᠨ ᠪᠠᠳᠤ ᠪᠠᠷᠢᠯᠳᠤᠯᠭ᠎ᠠ》 ᠦᠨᠳᠦᠰᠦᠳᠡᠨ᠎ᠤ ᠭᠠᠷ ᠤᠷᠠᠯᠠᠯ᠎ᠤᠨ ᠲᠦᠷᠦᠯ ᠲᠡᠮᠳᠡᠭ ᠢ ᠡᠬᠦᠳᠴᠤ᠂ ᠪᠡᠭᠡᠵᠢᠩ ᠤᠨ ᠦᠨᠳᠦᠰᠦᠲᠡᠨ᠎ᠦ ᠰᠣᠶᠣᠯ ᠤᠨ ᠣᠷᠳᠣᠨ᠎ᠳᠤ ᠦᠨᠳᠦᠰᠦᠲᠡᠨ᠎ᠦ ᠭᠠᠷ ᠦᠶ᠋ᠯᠡᠳᠪᠦᠷᠢ᠎ᠶ᠋ᠢᠨ ᠲᠦᠷᠦᠯ ᠲᠡᠮᠳᠡᠭ ᠢ ᠲᠠᠨᠢᠯᠴᠠᠭᠤᠯᠬᠤ ᠬᠤᠷᠠᠯ ᠡᠷᠭᠢᠯᠡᠪᠡ;
《ᠠᠨᠠᠷ᠎ᠦᠨ ᠦᠷ᠎ᠠ ᠰᠡᠳᠬᠢᠯ ᠵᠢᠷᠦᠭᠡ ᠪᠠᠨ ᠬᠤᠯᠪᠤᠵᠤ·ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ》 《ᠠᠷᠪᠠᠨ ᠨᠢᠭᠡ》 ᠵᠢᠨ ᠢᠨᠵᠧᠨᠧᠷᠢᠩ᠎ᠢ᠋ ᠥᠷᠨᠢᠭᠦᠯᠵᠦ᠍᠂ 21 ᠭᠤᠤᠯ ᠰᠡᠳᠦᠪᠲᠦ ᠳᠠᠭᠤᠤ᠂ 17 ᠭᠤᠤᠯ ᠰᠡᠳᠦᠪᠲᠦ ᠵᠦᠴᠦᠭᠡ ᠵᠢ ᠨᠠᠢᠷᠠᠭᠤᠯᠤᠨ ᠵᠤᠬᠢᠶᠠᠵᠤ᠂ 56 ᠰᠣᠶᠣᠯ᠎ᠤᠨ ᠪᠦᠳᠦᠭᠡᠯᠴᠢ ᠦᠢᠯᠡᠳᠬᠦᠨ᠎ᠢ ᠵᠤᠬᠢᠶᠠᠨ ᠪᠦᠳᠦᠭᠡᠵᠤ᠂ 56 ᠨᠡᠢᠲᠡᠯᠢᠭ ᠵᠢᠱ᠌ᠢᠶ᠎ᠡ᠎ᠶ᠋ᠢ ᠰᠣᠩᠭᠣᠨ ᠰᠢᠯᠭᠠᠷᠠᠭᠤᠯᠵᠤ᠂ 326 ᠲᠠᠯᠠᠪᠤᠷ ᠭᠤᠤᠯ ᠰᠡᠳᠦᠪᠲᠦ ᠠᠵᠢᠯᠯᠠᠭ᠎ᠠ ᠡᠷᠭᠢᠯᠡᠪᠡ;
16 ᠬᠠᠷᠢᠯᠴᠠᠨ ᠱᠢᠭᠢᠳᠭᠡᠬᠦ ᠮᠠᠶᠢᠭ ᠤᠨ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠴᠡᠭ ᠦᠨ ᠨᠡᠢᠭᠡᠮ ᠲᠣᠭᠣᠷᠢᠭ ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦ ᠠᠭᠤᠰᠤᠯᠴᠠᠠ ᠰᠣᠯᠢᠯᠴᠠᠬᠤ ᠬᠥᠭᠥᠷᠭᠡ᠎ᠶ᠋ᠢ ᠪᠠᠢᠭᠤᠯᠪᠠ;
᠁ ᠁
ᠪᠠᠶᠠᠨᠨᠠᠭᠤᠷ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠤᠯᠤᠰ ᠲᠥᠷᠥ᠎ᠪᠡᠷ ᠬᠦᠳᠦᠯᠦᠨ ᠲᠠᠭᠠᠭᠤᠯᠬᠤ ᠵᠢ ᠴᠢᠩᠭᠠᠳᠭᠠᠵᠤ᠂ ᠰᠣᠶᠣᠯ᠎ᠤᠨ ᠮᠡᠳᠡᠷᠡᠮᠵᠢ᠎ᠵᠢ ᠭᠦᠨᠵᠡᠭᠡᠢᠷᠡᠭᠦᠯᠦᠨ᠂ ᠨᠡᠢᠭᠡᠮ᠎ᠦᠨ ᠠᠭᠤᠰᠤᠯᠴᠠᠯ ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢᠨ ᠦᠶ᠋ᠯᠡᠰ᠎ᠲᠦ ᠠᠮᠢᠳᠤᠯᠢᠭ ᠦᠯᠢᠭᠡᠷ ᠵᠢᠱ᠌ᠢᠶ᠎ᠡ ᠬᠠᠩᠭᠠᠵᠤ ᠪᠤᠢ᠃

ᠦᠨᠳᠦᠰᠦᠳᠡᠨ᠎ᠤ ᠭᠠᠷ ᠤᠷᠠᠯᠠᠯ᠎ᠤᠨ ᠪᠦᠳᠦᠭᠡᠭᠳᠡᠬᠦᠨ᠎ᠢᠶᠡᠨ ᠲᠠᠨᠢᠯᠴᠠᠭᠤᠯᠤᠨ᠎ᠠ
ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠣᠷᠳᠣᠨ ᠡᠴᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠪᠦᠬᠦ᠌ ᠬᠣᠲᠠ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ ᠪᠠ 《2035 ᠣᠨ᠎ᠤ ᠠᠯᠤᠰ᠎ᠤᠨ ᠬᠠᠷᠠᠯᠲᠠ》 ᠳ᠋ᠤ ᠣᠷᠣᠭᠤᠯᠵᠤ᠂ 《〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭ᠍ᠲᠠᠭᠠᠯ〉 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠶᠠᠨᠨᠠᠭᠤᠷ ᠬᠣᠲᠠ᠎ᠶ᠋ᠢᠨ ᠬᠤᠷᠢᠶ᠎ᠠ ᠵᠢᠨ ᠬᠡᠷᠡᠭ᠌ᠵᠢᠭᠦᠯᠬᠦ᠌ ᠲᠥᠰᠦᠯ》᠂ 《ᠪᠠᠶᠠᠨᠨᠠᠭᠤᠷ ᠬᠣᠲᠠ᠎ᠶ᠋ᠢᠨ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠬᠥᠭ᠌ᠵᠢᠯᠲᠡ᠎ᠶ᠋ᠢᠨ ᠲᠥᠯᠥᠪᠵᠢᠭᠦᠯᠭᠡ (2021—2025 ᠣᠨ)》ᠵᠡᠷᠭᠡ ᠱᠢᠷᠢᠰ ᠪᠢᠴᠢᠭ ᠮᠠᠲ᠋ᠧᠷᠢᠶᠠᠯ᠎ᠢ ᠲᠣᠭ᠍ᠲᠠᠭᠠᠨ ᠨᠡᠢᠲᠡᠯᠡᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠶᠠᠨᠨᠠᠭᠤᠷ ᠤᠨ ᠡᠯ᠎ᠡ ᠵᠦᠢᠯ᠎ᠦᠨ ᠠᠵᠢᠯ᠎ᠳᠤ ᠪᠦᠬᠦ᠌ ᠲᠠᠯ᠎ᠠ᠎ᠪᠠᠷ ᠭᠦᠨᠵᠡᠭᠡᠢᠷᠡᠬᠦᠯᠦᠨ ᠲᠤᠭᠤᠱᠢᠯᠠᠭᠤᠯᠬᠤ᠎ᠶ᠋ᠢ ᠠᠬᠢᠭᠤᠯᠪᠠ᠃

ᠰᠤᠷᠭᠠᠭᠤᠯᠢ ᠵᠢᠨ ᠬᠦᠷᠢᠶᠠᠨ᠎ᠳᠡᠬᠢ ᠪᠠᠶᠠᠷᠳᠤ ᠴᠠᠭ ᠮᠦᠴᠡ
ᠪᠠᠶᠠᠨᠨᠠᠭᠤᠷ ᠬᠣᠲᠠ 2024 ᠣᠨ ᠳᠤ᠂ ᠣᠷᠣᠨ᠎ᠤ ᠳᠣᠲᠣᠨ᠎ᠠ ᠭᠠᠳᠠᠨᠠᠬᠢ 8 ᠲᠤᠰᠭᠠᠢ ᠮᠡᠷᠭᠡᠵᠢᠯᠲᠡᠨ ᠡᠷᠳᠡᠮᠲᠡᠨ ᠢ ᠬᠤᠳᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ ᠰᠤᠳᠤᠯᠭᠠᠨ᠎ᠤ ᠤᠶᠤᠨ᠎ᠤ ᠬᠥᠮᠥᠷᠭᠡ᠎ᠶ᠋ᠢᠨ ᠲᠤᠰᠭᠠᠢ ᠮᠡᠷᠭᠡᠵᠢᠯᠲᠡᠨ᠎ᠢᠶᠡᠷ ᠤᠷᠢᠵᠤ᠂ ᠳᠤᠮᠳᠠᠳᠤ ᠤᠯᠤᠰ᠎ᠤᠨ ᠦᠨᠳᠦᠰᠦᠲᠡᠨ᠎ᠦ ᠰᠣᠨᠢᠨ᠎ᠤ ᠬᠣᠷᠢᠢ᠎ᠠ᠎ᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠭ᠍ᠯᠠᠯᠲᠠ᠎ᠶ᠋ᠢᠨ ᠴᠡᠭ ᠪᠤᠯᠵᠠᠢ᠃ ᠡᠨᠡ ᠵᠢᠯ᠎ᠦᠨ 4 ᠰᠠᠷ᠎ᠠ᠎ᠶ᠋ᠢᠨ ᠰᠡᠭᠦᠯᠴᠢ᠎ᠡᠴᠡ 5 ᠰᠠᠷ᠎ᠠ᠎ᠶ᠋ᠢᠨ ᠳᠤᠮᠳᠠᠴᠢ ᠪᠣᠯᠲᠠᠯ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠣᠲᠠ᠎ᠶ᠋ᠢᠨ《ᠣᠨᠣᠯ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ》 ᠦ᠋ᠨ ᠬᠤᠪᠢᠶᠠᠷᠢᠴᠢᠯᠠᠭᠰᠠᠨ ᠣᠯᠠᠨ ᠲᠦᠮᠡᠨᠴᠢᠯᠡᠭ᠌ᠰᠡᠨ ᠤᠬᠠᠭᠤᠯᠤᠨ ᠲᠠᠢᠯᠪᠤᠷᠢᠯᠠᠬᠤ ᠪᠦᠯᠬᠦᠮ ᠪᠥᠬᠥ᠌ ᠬᠣᠲᠠ᠎ᠶ᠋ᠢᠨ 7 ᠬᠣᠱᠢᠭᠤ ᠱᠢᠶᠠᠨ ᠲᠣᠭᠣᠷᠢᠭ᠎ᠲᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃ ᠡᠨᠡ ᠵᠢᠯ᠎ᠡᠴᠡ ᠨᠠᠭᠠᠰᠢ᠂ ᠪᠠᠶᠠᠨᠨᠠᠭᠤᠷ ᠬᠣᠲᠠ ᠨᠢᠭᠡᠨᠲᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 435 ᠤᠳᠠᠭ᠎ᠠ ᠥᠷᠨᠢᠭᠦᠯᠵᠦ᠍᠂ 2 ᠲᠦᠮᠡ ᠭᠠᠷᠤᠶ ᠬᠥᠮᠦᠨ ᠤᠳᠠᠭᠠᠤᠷᠤᠯᠴᠠᠵᠠᠢ᠃
ᠣᠶᠤᠨ ᠰᠠᠨᠠᠭᠠᠨ᠎ᠤ ᠬᠣᠯᠪᠣᠭᠠᠰᠤ᠎ᠶ᠋ᠢ ᠪᠡᠬᠢᠵᠢᠬᠦᠯᠦᠨ᠎ᠡ
ᠤᠷᠠᠳ᠎ᠤᠨ ᠳᠤᠮᠳᠠᠳᠤ ᠬᠣᠱᠢᠭᠤᠨ᠎ᠤ《ᠬᠠᠳᠠᠨ ᠪᠠᠳᠤ ᠪᠠᠷᠢᠯᠳᠤᠯᠭ᠎ᠠ》ᠰᠡᠳᠬᠢᠯ ᠨᠢᠭᠡᠳᠤᠨ ᠦᠢᠯᠡᠰ ᠪᠤᠰᠭᠠᠬᠤ ᠵᠡᠭᠡᠯᠢ᠎ᠳᠦ᠂ ᠤᠯᠠᠮᠵᠢᠯᠠᠯᠲᠤ ᠭᠠᠷ ᠤᠷᠠᠯᠠᠯ ᠬᠢᠭᠡᠳ ᠤᠳᠤ ᠦᠶ᠎ᠡ᠎ᠶ᠋ᠢᠨ ᠵᠢᠷᠤᠭ ᠲᠥᠯᠥᠪᠯᠡᠭᠡ᠎ᠶ᠋ᠢᠨ ᠠᠭᠤᠰᠤᠯᠴᠠᠯ ᠨᠢ ᠰᠣᠶᠣᠯ᠎ᠤᠨ ᠪᠦᠳᠦᠭᠡᠯᠴᠢ ᠠᠵᠤ ᠦᠢᠯᠡᠰ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍ ᠪᠤᠢ᠃ ᠮᠤᠨᠢ ᠠᠭᠤᠯᠠ᠎ᠶ᠋ᠢᠨ ᠬᠠᠳᠠᠨ ᠵᠢᠷᠤᠭ᠎ᠤ᠋ᠨ ᠬᠡᠪ ᠨᠠᠮᠪᠠ ᠪᠦᠬᠦᠢ ᠸᠠᠭᠠᠷ ᠱᠠᠭᠠᠵᠠᠩ ᠮᠥᠩᠭᠥᠨ ᠠᠶᠠᠭ᠎ᠠ ᠵᠡᠷᠭᠡ ᠰᠣᠶᠣᠯ᠎ᠤᠨ ᠪᠦᠳᠦᠭᠡᠯᠴᠢ ᠦᠢᠯᠡᠳᠬᠦᠨ᠎ᠦ ᠰᠠᠷ᠎ᠠ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠶ᠎ᠡ 6 ᠲᠦᠮᠡᠨ ᠲᠥᠭᠥᠷᠢᠭ᠎ᠢ ᠳᠠᠪᠠᠵᠤ᠂ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠰᠠᠢᠲᠤᠷ ᠶᠠᠷᠢᠬᠤ ᠠᠮᠢᠳᠤᠯᠢᠭ ᠠᠴᠢᠶᠠᠯᠠᠪᠤᠷᠢ ᠪᠣᠯᠪᠠ᠃ ᠪᠠᠶᠠᠨᠨᠠᠭᠤᠷ ᠬᠣᠲᠠ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠲᠣᠢᠮᠣ》 ᠳ᠋ᠡᠬᠢ ᠳᠤᠮᠳᠠᠳᠤ ᠶ᠋ᠢᠨ ᠰᠣᠶᠣᠯ᠎ᠤᠨ ᠲᠡᠮᠳᠡᠭ᠎ᠢ ᠠᠭᠤᠳᠠᠯᠬᠤ᠂ ᠤᠨᠳᠤᠤᠰᠢᠭᠤᠯᠬᠤ᠎ᠪᠠᠷ ᠳᠠᠮᠵᠢᠨ᠂ 《ᠬᠠᠳᠠᠨ ᠪᠠᠳᠤ ᠪᠠᠷᠢᠯᠳᠤᠯᠭ᠎ᠠ》 ᠰᠣᠶᠣᠯ ᠤᠨ ᠪᠦᠳᠦᠭᠡᠯᠴᠢ ᠦᠢᠯᠡᠳᠬᠦᠨ᠎ᠤ ᠲᠦᠷᠦᠯ ᠲᠡᠮᠳᠡᠭ ᠢ ᠡᠬᠦᠳᠴᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠭᠠᠷ ᠤᠷᠠᠯᠠᠯ ᠤᠨ ᠪᠦᠲᠦᠭᠡᠭ᠌ᠳᠡᠬᠦᠨ᠎ᠦ ᠠᠷᠤ᠎ᠳᠠᠬᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠯᠢᠭᠡᠷ᠎ᠢ ᠰᠠᠢᠲᠤᠷ ᠶᠠᠷᠢᠵᠤ ᠪᠤᠢ᠃
ᠯᠢᠨ ᠾᠧ ᠲᠣᠭᠣᠷᠢᠭ ᠤᠨ ᠬᠤᠢ ᠹᠸᠩ ᠰᠤᠷᠭᠠᠭᠤᠯᠢ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ ᠤ ᠰᠤᠷᠤᠭ᠍ᠴᠢᠳ᠎ᠲᠤ ᠦᠨᠳᠦᠰᠦᠲᠡᠨ ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ ᠦᠨ ᠬᠢᠴᠢᠶᠡᠯ ᠨᠡᠭᠡᠭᠡᠵᠦ᠍᠂ 12 ᠬᠢᠴᠢᠶᠡᠯ ᠦᠨ ᠴᠠᠭ᠎ᠤᠨ ᠵᠢᠭᠠᠨ ᠰᠤᠷᠭᠠᠯᠲᠠ᠎ᠪᠠᠷ ᠡᠯ᠎ᠡ ᠦᠨᠳᠦᠰᠦᠲᠡᠨ ᠦ ᠲᠡᠦᠬᠡ᠎ᠶ᠋ᠢᠨ ᠡᠬᠢ ᠰᠤᠷᠪᠤᠯᠵᠢ ᠪᠣᠯᠤᠨ ᠤᠨᠴᠠᠯᠢᠬ᠍ᠳᠤ ᠰᠣᠶᠣᠯ᠎ᠢ ᠲᠠᠢᠯᠪᠤᠷᠢᠯᠠᠨ ᠶᠠᠷᠢᠵᠤ᠂ ᠦᠨᠳᠦᠰᠦᠲᠡᠨ ᠦ ᠪᠦᠯᠬᠦᠮᠳᠡᠯ᠎ᠦᠨ ᠴᠢᠬᠤᠯᠠ ᠠᠴᠢ ᠬᠣᠯᠪᠣᠭ᠍ᠳᠠᠯ᠎ᠢ ᠤᠬᠠᠭᠤᠯᠤᠨ ᠰᠤᠷᠳᠠᠯᠴᠢᠯᠠᠵᠤ ᠪᠤᠢ᠃ ᠡᠬᠦᠨ ᠤ ᠬᠠᠮᠳᠤ᠂ 45 ᠬᠤᠪᠢᠰᠭᠠᠯᠳᠤ ᠬᠥᠮᠦᠵᠢᠯ᠎ᠦᠨ ᠰᠠᠭᠤᠷᠢᠨ ᠳ᠋ᠤ ᠲᠦᠱᠢᠭ᠌ᠯᠡᠨ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠢ ᠵᠣᠬᠢᠶᠠᠨ ᠪᠠᠢᠭᠤᠯᠤᠨ ᠤᠯᠤᠰ᠎ᠢᠶᠠᠨ ᠬᠠᠢᠷᠠᠯᠠᠬᠤ ᠦᠵᠡᠯ᠎ᠦᠨ ᠦᠶ᠋ᠯᠡᠳᠦᠯᠭᠡ᠎ᠶ᠋ᠢ ᠥᠷᠨᠢᠭᠦᠯᠵᠦ ᠪᠤᠢ᠃
ᠡᠨᠡ ᠵᠢᠯ᠎ᠦᠨ 5 ᠰᠠᠷ᠎ᠠ᠎ᠶ᠋ᠢᠨ 24 ᠤ᠋ ᠡᠳᠦᠷ᠂ 《ᠮᠤᠨᠢ ᠠᠭᠤᠯᠠ ᠵᠢᠨ ᠬᠤᠷᠮᠤᠢ ᠳ᠋ᠤ》 ᠬᠡᠬᠦ ᠭᠤᠤᠯ ᠰᠡᠳᠦᠪᠲᠦ ᠳᠠᠭᠤᠤ ᠵᠦᠴᠦᠭᠡ ᠵᠢᠨ ᠨᠡᠢᠲᠡᠯᠡᠬᠦ᠌ ᠬᠤᠷᠠᠯ ᠳᠡᠭᠡᠷ᠎ᠡ 《ᠮᠤᠨᠢ ᠠᠭᠤᠯᠠ᠎ᠶ᠋ᠢᠨ ᠠᠶᠠᠯᠠᠯ》ᠵᠡᠷᠭᠡ 7 ᠳᠠᠭᠤᠤ ᠵᠦᠴᠦᠭᠡ᠎ᠶ᠋ᠢ ᠨᠡᠢᠲᠡᠯᠡᠪᠡ᠃ ᠡᠳᠡᠭᠡᠷ ᠳᠠᠭᠤᠤ᠎ᠶ᠋ᠢᠨ ᠵᠣᠬᠢᠶᠠᠨ ᠪᠦᠲᠦᠭᠡᠯᠭᠡ ᠪᠣᠯ ᠪᠠᠶᠠᠨᠨᠠᠭᠤᠷ ᠬᠣᠲᠠ ᠶ᠋ᠢᠨ ᠪᠣᠷᠣᠲᠣᠬᠣᠢ᠎ᠶ᠋ᠢᠨ ᠰᠣᠶᠣᠯ᠎ᠤᠨ ᠠᠭᠤᠯᠤᠭ᠍ᠳᠠᠬᠤᠨ ᠢ ᠭᠦᠨᠵᠡᠭᠡᠢ ᠠᠭᠤᠳᠠᠯᠵᠤ᠂ ᠭᠠᠵᠠᠷ ᠣᠷᠣᠨ ᠤ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠦᠭ᠌ᠰᠡᠨ ᠠᠮᠢᠳᠤᠯᠢᠭ ᠦᠢᠯᠡᠳᠦᠯᠭᠡ ᠮᠥᠨ᠃ ᠪᠠᠶᠠᠨᠨᠠᠭᠤᠷ ᠬᠣᠲᠠ ᠤᠮᠠᠷᠠᠲᠤ ᠬᠢᠯᠢ᠎ᠶ᠋ᠢᠨ ᠰᠣᠶᠣᠯ ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠪᠠᠷ ᠬᠥᠲᠥᠯᠦᠮᠵᠢ ᠪᠣᠯᠭᠠᠵᠤ᠂ 《ᠠᠨᠠᠷ᠎ᠦᠨ ᠦᠷ᠎ᠠ ᠰᠡᠳᠬᠢᠯ ᠵᠢᠷᠦᠭᠡ ᠪᠠᠨ ᠬᠤᠯᠪᠤᠵᠤ·ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 《ᠠᠷᠪᠠᠨ ᠨᠢᠭᠡ》 ᠵᠢᠨ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ 21 ᠭᠤᠤᠯ ᠰᠡᠳᠦᠪᠲᠦ ᠳᠠᠭᠤᠤ᠂ 17 ᠭᠤᠤᠯ ᠰᠡᠳᠦᠪᠲᠦ ᠵᠦᠴᠦᠭᠡ ᠵᠢ ᠨᠠᠢᠷᠠᠭᠤᠯᠤᠨ ᠵᠤᠬᠢᠶᠠᠵᠤ᠂ 56 ᠰᠣᠶᠣᠯ᠎ᠤᠨ ᠪᠦᠳᠦᠭᠡᠯᠴᠢ ᠦᠢᠯᠡᠳᠬᠦᠨ᠎ᠢ ᠵᠤᠬᠢᠶᠠᠨ ᠪᠦᠳᠦᠭᠡᠵᠤ᠂ 56 ᠨᠡᠢᠲᠡᠯᠢᠭ ᠵᠢᠱ᠌ᠢᠶ᠎ᠡ᠎ᠶ᠋ᠢ ᠰᠣᠩᠭᠣᠨ ᠰᠢᠯᠭᠠᠷᠠᠭᠤᠯᠵᠤ᠂ 326 ᠲᠠᠯᠠᠪᠤᠷ ᠭᠤᠤᠯ ᠰᠡᠳᠦᠪᠲᠦ ᠠᠵᠢᠯᠯᠠᠭ᠎ᠠ ᠡᠷᠭᠢᠯᠡᠵᠤ᠂ 19 ᠭᠣᠣᠯ ᠰᠡᠳᠦᠪᠲᠦ ᠴᠡᠴᠡᠷᠯᠢᠭ ᠠᠭᠤᠳᠠᠮ ᠲᠠᠯᠠᠪᠠᠢ᠂ 26 ᠭᠣᠣᠯ ᠰᠡᠳᠦᠪᠲᠦ ᠲᠠᠯᠠᠪᠤᠷ ᠣᠷᠳᠣᠨ᠎ᠢ ᠪᠠᠢᠭᠤᠯᠵᠤ᠂ ᠰᠡᠳᠭᠢᠯ ᠨᠢᠭᠡᠳᠦᠨ ᠦᠢᠯᠡᠰ ᠪᠣᠰᠭᠠᠵᠤ ᠠᠵᠢᠯ ᠣᠯᠭᠣᠬᠤ 23 ᠵᠡᠭᠡᠯᠢ ᠲᠣᠭᠣᠷᠢᠭ᠎ᠢ ᠪᠠᠢᠭᠤᠯᠵᠤ᠂ 32 ᠰᠣᠳᠣᠨ ᠰᠤᠳᠤᠯᠤᠨ ᠰᠤᠷᠤᠯᠴᠠᠬᠤ ᠱᠤᠭᠤᠮ᠎ᠢ ᠨᠡᠭᠡᠭᠡᠨ ᠬᠥᠭ᠌ᠵᠢᠭᠦᠯᠪᠡ᠃
ᠱᠢᠭᠢᠳᠬᠡᠬᠦ ᠮᠠᠶᠢᠭ᠎ᠦᠨ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠎ᠠ
ᠬᠠᠭᠤᠴᠢᠨ ᠬᠣᠲᠠ᠎ᠶ᠋ᠢᠨ ᠲᠣᠭᠣᠷᠢᠭ᠎ᠤᠨ ᠥᠭᠡᠷᠡᠴᠢᠯᠡᠯᠲᠡ᠂ ᠱᠢᠨ᠎ᠡ ᠲᠣᠭᠣᠷᠢᠭ᠎ᠤᠨ ᠪᠦᠲᠦᠭᠡᠨ ᠪᠠᠢᠭᠤᠯᠤᠯᠲᠠ᠂ ᠬᠢᠮᠳᠠ ᠲᠦᠷᠢᠶᠡᠰᠦᠨ ᠤᠷᠤᠨ ᠰᠠᠭᠤᠴᠠ ᠵᠢᠨ ᠪᠦᠲᠦᠭᠡᠨ ᠪᠠᠢᠭᠤᠯᠤᠯᠲᠠ ᠪᠠ ᠨᠡᠢᠭᠡᠮ ᠲᠣᠭᠣᠷᠢᠭ᠎ᠤᠨ ᠬᠠᠮᠢᠶᠠᠷᠤᠯᠲᠠ᠎ᠶ᠋ᠢ ᠢᠳᠡᠪᠬᠢᠲᠡᠢ ᠠᠬᠢᠭᠤᠯᠵᠤ᠂ 16 ᠬᠠᠷᠢᠯᠴᠠᠨ ᠱᠢᠭᠢᠳᠭᠡᠬᠦ ᠮᠠᠶᠢᠭ᠎ᠤᠨ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠨᠡᠢᠭᠡᠮ ᠲᠣᠭᠣᠷᠢᠭ᠎ᠢ ᠪᠠᠢᠭᠤᠯᠪᠠ᠃ ᠡᠭᠦᠨ᠎ᠳᠦ᠂ ᠯᠢᠨ ᠾᠧ ᠲᠣᠭᠣᠷᠢᠭ᠎ᠤᠨ ᠵᠢᠶᠠᠩ ᠯᠢᠨ ᠨᠡᠢᠭᠡᠮ ᠲᠣᠭᠣᠷᠢᠭ᠎ᠤᠨ ᠬᠢᠨ ᠦᠨᠳᠦᠰᠦᠨ ᠱᠠᠲᠤᠨ᠎ᠤ ᠨᠠᠮ ᠤᠨ ᠪᠠᠢᠭᠤᠯᠤᠯᠲᠠ᠂ ᠨᠡᠢᠭᠡᠮ᠎ᠦᠨ ᠵᠠᠰᠠᠯᠲᠠ᠂ ᠦᠨᠳᠦᠰᠦᠲᠡᠨ᠎ᠦ ᠪᠦᠯᠬᠦᠮᠳᠡᠯ᠎ᠢ ᠨᠢᠭᠡ ᠴᠣᠭ᠍ᠴᠠᠵᠢᠭᠤᠯᠤᠭ᠍ᠰᠠᠨ 《ᠪᠦᠷᠢᠨ ᠰᠠᠯᠠᠭᠠᠨ᠎ᠤ ᠲᠣᠣᠷᠵᠢᠯ》 ᠢ᠋ ᠪᠠᠢᠭᠤᠯᠵᠤ᠂ ᠬᠠᠷᠢᠯᠴᠠᠨ ᠱᠢᠭᠢᠳᠭᠡᠭ᠌ᠰᠡᠨ ᠮᠠᠶᠢᠭ᠎ᠤᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠪᠠ᠃ 《ᠤᠯᠠᠭᠠᠨ ᠠᠨᠠᠷ》ᠰᠣᠶᠣᠯ᠎ᠤᠨ ᠤᠷᠳᠤ ᠬᠤᠨᠭᠬᠢᠯᠢ ᠪᠠᠢᠭᠤᠯᠵᠤ᠂ 《ᠠᠨᠠᠷ᠎ᠤᠨ ᠦᠷ᠎ᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ》ᠵᠡᠷᠭᠡ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ 《ᠱᠢᠶᠤᠤ ᠶᠠᠩ ᠲᠠᠨ᠎ᠤ ᠬᠡᠯᠡᠬᠦ᠌᠎ᠶ᠋ᠢ ᠰᠣᠨᠣᠰᠤᠨ᠎ᠠ》ᠭᠡᠬᠦ ᠬᠡᠷᠡᠭ ᠵᠥᠪᠯᠡᠬᠦ᠌ ᠲᠠᠪᠴᠠᠩ᠎ᠢ ᠪᠠᠢᠭᠤᠯᠪᠠ ᠁ ᠠᠯᠢ ᠤᠯᠠᠨ ᠠᠮᠢᠳᠤᠯᠢᠭ ᠦᠢᠯᠡᠳᠦᠯᠭᠡ᠎ᠶ᠋ᠢᠨ ᠠᠷᠭ᠎ᠠ ᠬᠡᠯᠪᠡᠷᠢ ᠨᠢ ᠦᠨᠳᠦᠰᠦᠲᠡᠨ᠎ᠦ ᠪᠦᠯᠬᠦᠮᠳᠡᠯ᠎ᠦᠨ ᠦᠷ᠎ᠡ ᠶ᠋ᠢ ᠨᠡᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠦ ᠰᠡᠳᠭᠢᠯ ᠦᠨ ᠬᠦᠨ ᠳ᠋ᠤ ᠦᠨᠳᠦᠰᠦᠯᠡᠬᠦᠯᠪᠠ᠃ 《ᠪᠢᠳᠡ ᠣᠯᠠᠨ ᠲᠠᠯ᠎ᠠ᠎ᠶ᠋ᠢᠨ ᠡᠬᠢ ᠪᠠᠶᠠᠯᠢᠭ ᠢ ᠨᠡᠢᠳᠭᠡᠨ᠂ ᠣᠯᠠᠨ ᠶᠠᠩᠵᠤ᠎ᠶ᠋ᠢᠨ ᠨᠠᠷᠢᠯᠢᠭ ᠣᠨᠣᠴᠠᠲᠠᠶ ᠦᠶ᠋ᠯᠡᠴᠢᠯᠡᠭᠡ ᠬᠠᠩᠭᠠᠵᠤ᠂ ᠠᠭᠤᠰᠤᠯᠴᠠᠨ ᠰᠣᠯᠢᠯᠴᠠᠬᠤ ᠬᠥᠭᠥᠷᠭᠡ᠎ᠶ᠋ᠢ ᠪᠠᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠤ ᠬᠠᠷᠢᠯᠴᠠᠨ ᠣᠢᠯᠠᠭᠠᠯᠴᠠᠵᠤ᠂ ᠬᠠᠷᠢᠯᠴᠠᠨ ᠰᠤᠷᠤᠯᠴᠠᠵᠤ᠂ ᠬᠠᠮᠲᠤ᠎ᠪᠠᠷ ᠪᠠᠢᠭᠤᠯᠵᠤ ᠬᠠᠮᠳᠤ ᠪᠡᠷ ᠡᠳ᠋ᠯᠡᠬᠦ ᠤᠷᠴᠢᠨ ᠨᠦᠬᠦᠴᠡᠯ᠎ᠢ ᠬᠦᠴᠦᠯᠡᠨ ᠡᠬᠦᠳᠤᠨ᠎ᠠ》 ᠭᠡᠵᠦ᠍ ᠵᠢᠶᠠᠩ ᠯᠢᠨ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠶᠠᠩ ᠫᠠᠨ ᠬᠡᠯᠡᠪᠡ᠃
ᠪᠠᠶᠠᠨᠨᠠᠭᠤᠷ ᠬᠣᠲᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠦᠨ ᠡᠭᠦᠳᠦᠨ ᠪᠠᠢᠭᠤᠯᠬᠤ《ᠵᠠᠭᠤ ᠮᠢᠩᠭ᠎ᠠ ᠵᠢᠨ ᠢᠨᠵᠧᠨᠧᠷᠢᠩ》 ᠪᠠ 《ᠬᠢᠯᠢ ᠬᠢᠵᠠᠭᠠᠷ᠎ᠤᠨ ᠠᠨᠠᠷ᠎ᠤᠨ ᠦᠷ᠎ᠡ᠎ᠶ᠋ᠢᠨ ᠭᠡᠷ ᠣᠷᠣᠨ᠎ᠤ ᠪᠦᠲᠦᠭᠡᠨ ᠪᠠᠢᠭᠤᠯᠤᠯᠲᠠ》᠎ᠶ᠋ᠢᠨ ᠢᠨᠵᠧᠨᠧᠷᠢᠩ᠎ᠢ ᠬᠡᠷᠡᠭ᠌ᠵᠢᠭᠦᠯᠪᠡ᠃ ᠣᠳᠣᠬᠠᠨ ᠪᠣᠯᠲᠠᠯ᠎ᠠ᠂ ᠨᠡᠢᠲᠡ 4 ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ (ᠭᠠᠵᠠᠷ ᠣᠷᠣᠨ)᠂ 58 ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠨᠢᠭᠡᠴᠢ (ᠭᠠᠵᠠᠷ ᠣᠷᠣᠨ) ᠵᠢ ᠬᠦᠮᠦᠵᠢᠬᠦᠯᠤᠨ ᠪᠤᠢᠵᠢᠭᠤᠯᠵᠤ᠂ ᠪᠥᠬᠥ᠌ ᠤᠯᠤᠰ᠎ᠤᠨ ᠵᠢᠱ᠌ᠢᠶᠡᠴᠢ ᠬᠠᠮᠲᠤ ᠨᠡᠢᠲᠡ12᠂ ᠵᠢᠱ᠌ᠢᠶᠡᠴᠢ ᠬᠤᠪᠢ ᠬᠥᠮᠦᠨ 13᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠬᠠᠮᠲᠤ ᠨᠡᠢᠲᠡ110᠂ ᠦᠪᠡᠷᠳᠡᠭᠡᠨ ᠵᠠᠰᠠᠬᠤ ᠤᠷᠤᠨ᠎ᠤ ᠵᠢᠱ᠌ᠢᠶᠡᠴᠢ ᠬᠤᠪᠢ ᠬᠥᠮᠦᠨ 150 ᠴᠤᠯᠭᠤᠷᠠᠨ ᠭᠠᠷᠴᠠᠢ᠃
ᠡᠬᠡ ᠤᠯᠤᠰ᠎ᠤᠨ ᠤᠮᠠᠷᠠᠲᠤ ᠬᠢᠯᠢ᠎ᠳᠦ᠂ ᠮᠤᠨᠢ ᠠᠭᠤᠯᠠ᠎ᠶ᠋ᠢᠨ ᠬᠣᠷᠮᠣᠶ᠎ᠠᠴᠠ ᠬᠠᠲᠤᠨ ᠭᠤᠤᠯ᠎ᠤᠨ ᠡᠷᠭᠢ ᠬᠦᠷᠲᠡᠯ᠎ᠡ᠂ ᠪᠠᠶᠠᠨᠨᠠᠭᠤᠷ ᠬᠣᠲᠠ ᠶᠠᠭ ᠱᠢᠰᠲ᠋ᠧᠮ᠎ᠳᠦ ᠰᠡᠳᠭᠢᠬᠦᠶ᠎ᠪᠡᠷ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ᠎ᠢ ᠪᠣᠳᠠᠲᠠᠢᠵᠢᠭᠤᠯᠬᠤ᠂ ᠳᠦᠷᠰᠦᠵᠢᠭᠦᠯᠬᠦ᠌᠂ ᠪᠠᠢᠩᠭᠤᠵᠢᠭᠤᠯᠬᠤ᠎ᠶ᠋ᠢ ᠠᠬᠢᠭᠤᠯᠵᠤ᠂ 《ᠮᠡᠳᠡᠷᠡᠬᠦ — ᠠᠭᠤᠰᠤᠯᠴᠠᠬᠤ — ᠬᠥᠭ᠌ᠵᠢᠬᠦᠯᠬᠦ》ᠰᠠᠢᠨ ᠤᠷᠴᠢᠯ᠎ᠦᠨ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ ᠪᠠᠢᠭᠤᠯᠵᠤ ᠪᠠᠢᠨ᠎ᠠ᠃