ᠴᠠᠭ ᠦᠶ᠎ᠠ ᠲᠠᠢ ᠵᠡᠷᠭᠡ ᠪᠠᠷ ᠤᠷᠤᠭᠰᠢᠯᠠᠵᠤ ᠵᠠᠭᠠᠭ ᠭᠢᠵᠠᠭᠠᠷ ᠲᠠᠪᠠᠨ ᠠᠭᠤᠰᠤᠯᠴᠠᠨ᠎ᠠ
2025-08-27 11:23:11
ᠵᠣᠬᠢᠶᠠᠭ᠍ᠴᠢ᠄
ᠭᠤᠤ ᠷᠦᠢ ᠹᠸᠩ
ᠣᠩᠱᠢᠭ᠍ᠰᠠᠨ ᠣᠳᠠᠭ᠎ᠠ᠄
★★★☆☆

ᠪᠤᠳᠠᠰ᠎ᠤᠨ ᠪᠤᠰᠤ ᠰᠤᠶᠤᠯ᠎ᠤᠨ ᠦᠪ ᠪᠤᠯ ᠲᠤᠮᠳᠠᠳᠤ ᠵᠢᠨ ᠦᠨᠳᠦᠰᠦᠳᠡᠨ᠎ᠤ ᠪᠤᠯᠪᠠᠰᠤᠨ᠎ᠤ ᠭᠸᠨ ᠪᠠᠢᠵᠤ᠂ ᠦᠨᠳᠦᠰᠦᠳᠡᠨ ᠎ᠤ ᠲᠡᠦᠭᠡ ᠪᠤᠯᠤᠨ ᠰᠤᠶᠤᠯ᠎ᠢ ᠠᠴᠢᠶᠠᠯᠠᠵᠤ ᠪᠠᠢᠳᠠᠭ᠃ ᠰᠤᠶᠤᠯ᠎ᠤᠨ ᠦᠨᠳᠦᠰᠤ ᠰᠠᠭᠤᠷᠢ ᠪᠠᠨ ᠪᠠᠳᠤ ᠰᠠᠭᠢᠬᠤ ᠵᠢᠨ ᠬᠠᠮᠳᠤ ᠴᠠᠭ ᠦᠶ᠎ᠠ ᠲᠠᠢ ᠵᠡᠷᠭᠡ ᠪᠠᠷ ᠤᠷᠤᠭᠰᠢᠯᠠᠵᠤ᠂ ᠵᠠᠭᠠᠭ ᠭᠢᠵᠠᠭᠠᠷ ᠲᠠᠪᠠᠨ ᠠᠭᠤᠰᠤᠯᠴᠠᠪᠠᠯ ᠪᠤᠳᠠᠰ᠎ᠤᠨ ᠪᠤᠰᠤ ᠰᠤᠶᠤᠯ᠎ᠤᠨ ᠦᠪ ᠨᠢ  ᠰᠠᠶᠢ ᠨᠡᠩ ᠶᠡᠭᠡ ᠠᠮᠢᠵᠢᠷᠠᠯ᠎ᠤᠨ ᠭᠦᠴᠦᠨ ᠲᠠᠢ ᠪᠤᠯᠵᠤ ᠴᠢᠳᠠᠨ᠎ᠠ᠃

ᠪᠤᠳᠠᠰ᠎ᠤᠨ ᠪᠤᠰᠤ ᠰᠤᠶᠤᠯ᠎ᠤᠨ ᠦᠪ᠎ᠤᠨ ᠰᠢᠨ᠎ᠠ ᠵᠢ ᠡᠭᠦᠳᠦᠨ ᠠᠭᠤᠰᠤᠯᠴᠠᠬᠤ ᠨᠢ ᠡᠩ ᠲᠡᠷᠢᠭᠦᠨ ᠎ᠳᠤ ᠤᠳᠤᠭᠢᠴᠢᠯᠠᠭᠰᠠᠨ ᠰᠢᠨᠵᠢᠯᠡᠭᠡ ᠮᠡᠷᠭᠡᠵᠢᠯ ᠲᠠᠢ ᠤᠷᠭᠠᠨᠢᠭ ᠵᠢᠡᠷ ᠤᠶᠠᠯᠳᠤᠬᠤ᠎ᠳᠤ ᠢᠯᠡᠷᠡᠵᠤ ᠪᠤᠢ᠃ ᠲᠤᠭᠠᠴᠢᠯᠠᠭᠰᠠᠨ ᠮᠡᠷᠭᠡᠵᠢᠯ ᠨᠢ ᠪᠤᠳᠠᠰ᠎ᠤᠨ ᠪᠤᠰᠤ ᠰᠤᠶᠤᠯ᠎ᠤᠨ ᠦᠪ᠎ᠢ ᠬᠠᠮᠠᠭᠠᠯᠠᠬᠤ ᠪᠠ ᠲᠡᠯᠭᠡᠷᠡᠭᠦᠯᠭᠦ᠎ᠳᠤ ᠴᠤ ᠰᠢᠨ᠎ᠠ ᠪᠤᠯᠤᠮᠵᠢ ᠵᠢ ᠬᠠᠨᠭᠭᠠᠵᠠᠢ᠃ ᠵᠢᠱ᠌ᠢᠶᠡᠯᠡᠪᠠᠯ᠂ ᠪᠡᠭᠡᠵᠢᠩ ᠎ᠤᠨ ᠬᠠᠭᠠᠨ ᠎ᠤ ᠤᠷᠳᠤᠨ 3D ᠮᠡᠷᠭᠡᠵᠢᠯ᠎ᠢ ᠠᠰᠢᠭᠯᠠᠵᠤ ᠲᠤᠬᠠᠢ ᠵᠢᠨ ᠠᠬᠤᠢ ᠪᠠᠢᠳᠠᠯ᠎ᠢ ᠲᠠᠭᠤᠷᠢᠶᠠᠵᠤ᠂ ᠦᠵᠡᠭᠴᠢᠳ ᠲᠤ᠌ ᠪᠠᠶᠠᠳᠠᠨ ᠤᠢᠯᠠᠭᠠᠬᠤ ᠲᠠᠪᠴᠠᠩ ᠬᠠᠨᠭᠭᠠᠪᠠ; ᠰᠢᠨ᠎ᠠ ᠵᠠᠭᠤᠴᠢᠯᠠᠭᠤᠷ᠎ᠤᠨ ᠤᠳᠤᠳ ᠡᠴᠡ ᠪᠤᠳᠠᠰ᠎ᠤᠨ ᠪᠤᠰᠤ ᠰᠤᠶᠤᠯ᠎ᠤᠨ ᠦᠪ᠎ᠤᠨ ᠲᠤᠬᠠᠢ ᠤᠬᠤᠷ ᠪᠢᠴᠢᠯᠭᠡ ᠭᠢᠵᠤ᠂ ᠵᠠᠯᠠᠭᠤᠴᠤᠳ ᠲᠤ᠌ ᠪᠤᠳᠠᠰ᠎ᠤᠨ ᠪᠤᠰᠤ ᠰᠤᠶᠤᠯ᠎ᠤᠨ ᠦᠪ᠎ᠤᠨ  ᠲᠤᠬᠠᠢ ᠮᠡᠳᠡᠯᠭᠡ ᠵᠢ ᠤᠯᠠᠮᠵᠢᠯᠠᠵᠤ ᠪᠠᠢᠬᠤ ᠭᠡᠭᠦ ᠮᠡᠳᠦ᠃

ᠲᠠᠷᠠᠭᠠᠯᠠᠪᠠᠯ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠰᠢᠨ᠎ᠠ ᠵᠢ ᠡᠭᠦᠳᠦᠨ ᠬᠠᠷᠢᠯᠴᠠᠨ ᠠᠭᠤᠰᠤᠯᠴᠠᠬᠤ᠎ᠳᠤ ᠵᠠᠭᠠᠭ ᠭᠢᠵᠠᠭᠠᠷ᠎ᠢ ᠲᠠᠪᠠᠨ ᠬᠠᠮᠳᠤᠷᠠᠵᠤ᠂ ᠠᠵᠢᠯ ᠲᠦᠷᠦᠯ᠎ᠤᠨ ᠭᠦᠷᠢᠶ᠎ᠠ ᠴᠠᠷᠠᠭ᠎ᠠ ᠵᠢ ᠡᠪᠳᠡᠭᠦ ᠭᠡᠷᠡᠭᠳᠡᠢ᠃ ᠤᠢᠷ᠎ᠠ ᠵᠢᠨ ᠵᠢᠯ ᠡᠴᠡ ᠪᠤᠳᠠᠰ᠎ᠤᠨ ᠪᠤᠰᠤ ᠰᠤᠶᠤᠯ᠎ᠤᠨ ᠦᠪ᠎ᠤᠨ  ᠴᠦᠭᠡᠨ ᠪᠤᠰᠤ ᠲᠦᠷᠦᠯ ᠵᠦᠢᠯ  ᠨᠢ ᠴᠠᠭ᠎ᠤᠨ ᠤᠷᠤᠰᠬᠠᠯ᠂ ᠺᠢᠨᠥ᠌ ᠵᠦᠴᠦᠭᠡ᠂ ᠲᠤᠭᠯᠠᠭᠠᠮ ᠵᠡᠷᠭᠡ ᠭᠦᠷᠢᠶ᠎ᠡ ᠴᠠᠷᠠᠭ᠎ᠠ ᠲᠠᠢ ᠬᠠᠮᠳᠤᠷᠠᠵᠤ᠂ ᠠᠮᠵᠢᠯᠳᠠ ᠤᠯᠤᠭᠰᠠᠨ ᠎ᠵᠢᠱ᠌ᠢᠶ᠎ᠡ ᠮᠠᠰᠢ ᠤᠯᠠᠨ ᠶᠤᠮ᠃

ᠪᠤᠳᠠᠰ᠎ᠤᠨ ᠪᠤᠰᠤ ᠰᠤᠶᠤᠯ᠎ᠤᠨ ᠦᠪ᠎ᠤᠨ ᠢᠷᠡᠭᠡᠳᠦᠢ ᠨᠢ ᠰᠢᠨ᠎ᠠ ᠵᠢ ᠡᠭᠦᠳᠭᠦ ᠲᠤᠮᠳᠠ ᠠᠮᠢᠵᠢᠷᠠᠯ᠎ᠤᠨ ᠭᠦᠴᠦᠨ ᠵᠢᠡᠨ ᠬᠠᠳᠠᠭᠠᠯᠠᠵᠤ᠂ ᠬᠠᠷᠢᠯᠴᠠᠨ ᠠᠭᠤᠰᠤᠯᠴᠠᠬᠤ ᠲᠤᠮᠳᠠ ᠰᠢᠨ᠎ᠠ ᠠᠵᠠ ᠵᠠᠪᠰᠢᠶᠠᠨ᠎ᠢ ᠡᠷᠢᠵᠤ ᠲᠠᠢᠯᠭᠦ ᠡᠰᠡᠭᠦ᠎ᠳᠤ ᠪᠤᠢ᠃ ᠰᠢᠨᠵᠢᠯᠡᠭᠦ ᠤᠬᠠᠭᠠᠨ᠎ᠤ ᠲᠦᠰᠢᠭ᠂ ᠵᠠᠭᠠᠭ ᠭᠢᠵᠠᠭᠠᠷ ᠲᠠᠪᠠᠨ ᠠᠭᠤᠰᠤᠯᠴᠠᠬᠤ ᠡᠰᠡᠭᠦᠯ᠎ᠠ ᠰᠤᠶᠤᠯ᠎ᠤᠨ ᠰᠢᠨ᠎ᠡ ᠡᠭᠦᠳᠦᠯᠳᠡ ᠭᠢᠭᠦ ᠵᠢᠨ ᠭᠤᠤᠯ ᠴᠢᠮᠦᠭᠡ ᠨᠢ ᠬᠠᠰᠢᠯᠠ ᠤᠯᠠᠮᠵᠢᠯᠠᠯᠳᠤ ᠰᠤᠶᠤᠯ ᠪᠠ ᠤᠳᠤᠭᠢᠴᠢᠯᠠᠭᠰᠠᠨ ᠠᠮᠢᠳᠤᠷᠠᠯ᠎ᠢ ᠬᠠᠷᠢᠯᠴᠠᠨ ᠠᠭᠤᠰᠤᠯᠴᠠᠭᠤᠯᠬᠤ᠎ᠳᠤ ᠪᠤᠢ᠃ ᠢᠩᠭᠢᠪᠠᠯ ᠰᠠᠶᠢ ᠪᠤᠳᠠᠰ᠎ᠤᠨ ᠪᠤᠰᠤ ᠰᠤᠶᠤᠯ᠎ᠤᠨ ᠦᠪ ᠨᠢ ᠲᠡᠦᠭᠡ ᠵᠢᠨ ᠲᠤᠷᠠᠳᠬᠠᠯ ᠡᠴᠡ ᠢᠷᠡᠭᠡᠳᠦᠢ ᠵᠢᠨ ᠭᠦᠳᠡᠯᠭᠡᠭᠴᠢ ᠭᠦᠴᠦᠨ ᠪᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号