2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠢᠳᠡ ᠭᠦᠭ ᠲᠠᠢ ᠶᠠᠪᠤᠭᠳᠠᠵᠦ ᠪᠤᠢ
2025-08-27 09:37:52
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠬᠥᠯ ᠪᠥᠮᠪᠥᠭᠡ᠎ᠶ᠋ᠢᠨ ᠠᠵᠢᠯ᠎ᠤᠨ ᠲᠤᠬᠠᠶ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠬᠥᠯ ᠪᠥᠮᠪᠥᠭᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠲᠤᠬᠠᠶ ᠤᠯᠤᠰ᠎ᠤᠨ ᠠᠵᠢᠯ᠎ᠤᠨ ᠱᠠᠭᠠᠷᠳᠠᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨᠴᠢ ᠬᠥᠯ ᠪᠥᠮᠪᠥᠭᠡ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠭ᠌ᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ 8 ᠰᠠᠷ᠎ᠠ᠎ᠶ᠋ᠢᠨ 23᠎ᠤ᠋ ᠤᠷᠤᠢ ᠬᠥᠬᠡᠬᠣᠲᠠ᠎ᠳ᠋ᠡᠬᠢ ᠤᠯᠤᠰ᠎ᠤᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠦ ᠡᠬᠢᠯᠡᠪᠡ᠃

ᠲᠤᠰ ᠤᠳᠠᠭᠠᠨ᠎ᠤ ᠤᠷᠤᠯᠳᠤᠭᠠᠨ᠎ᠤ ᠬᠥᠱᠢᠭᠡ ᠰᠡᠬᠦᠬᠦ᠌ ᠤᠷᠤᠯᠳᠤᠭᠠᠨ᠎ᠳᠦ ᠤᠯᠠᠭᠠᠨᠴᠠᠪ᠎ᠤᠨ ᠠᠩᠭᠢ ᠪᠠ ᠬᠥᠬᠡᠬᠣᠲᠠ᠎ᠶ᠋ᠢᠨ ᠠᠩᠭᠢ ᠦᠷᠢᠰᠦᠯᠳᠦᠵᠦ᠂ ᠤᠯᠠᠭᠠᠨᠴᠠᠪ᠎ᠤᠨ ᠠᠩᠭᠢ 2᠄ 0᠎ᠵᠢᠡᠷ ᠬᠥᠬᠡᠬᠣᠲᠠ᠎ᠶ᠋ᠢᠨ ᠠᠩᠭᠢ᠎ᠶ᠋ᠢ ᠢᠯᠠᠪᠠ᠃ ᠲᠥᠪ ᠲᠸᠯᠸᠢᠰ᠎ᠦᠨ ᠸᠢᠳᠢᠣ᠋ ᠲᠤᠰ ᠲᠠᠯᠠᠪᠤᠷ ᠤᠷᠤᠯᠳᠤᠭᠠᠨ᠎ᠢ ᠱᠢᠭᠤᠳ ᠨᠡᠪᠲᠡᠷᠡᠭᠦᠯᠵᠦ᠍᠂ ᠲᠤᠬᠠᠢ᠎ᠶ᠋ᠢᠨ ᠲᠠᠯᠠᠪᠠᠢ᠎ᠳ᠋ᠤ 13866 ᠬᠥᠮᠦᠨ᠂ ᠰᠦᠯᠵᠢᠶᠡᠨ ᠳᠡᠭᠡᠷ᠎ᠡ 377825 ᠬᠥᠮᠦᠨ᠎ᠬᠦᠯᠢᠶᠡᠨ ᠠᠪᠴᠦ ᠦᠵᠡᠪᠡ᠃

ᠤᠢᠯᠠᠭᠠᠭᠰᠠᠨ ᠵᠢᠡᠷ᠂ 8 ᠰᠠᠷ᠎ᠠ᠎ᠶ᠋ᠢᠨ 23᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠠᠩᠬᠠᠨ᠎ᠤ ᠡᠭᠡᠯᠵᠢ᠎ᠶ᠋ᠢᠨ 4 ᠲᠠᠯᠠᠪᠤᠷ ᠤᠷᠤᠯᠳᠤᠭᠠᠨ ᠲᠤᠬᠢᠷᠠᠭᠤᠯᠵᠤ᠂ ᠬᠥᠱᠢᠭᠡ ᠰᠡᠬᠦᠬᠦ᠌ ᠤᠷᠤᠯᠳᠤᠭᠠᠨ ᠡᠴᠡ ᠭᠠᠳᠠᠨ᠎ᠠ᠂ ᠪᠤᠭᠤᠲᠤ᠎ᠶ᠋ᠢᠨ ᠠᠩᠭᠢ ᠪᠤᠯᠤᠨ ᠤᠯᠠᠭᠠᠨᠬᠠᠳᠠ᠎ᠶ᠋ᠢᠨ ᠠᠩᠭᠢ 1᠄ 1 ᠎ᠪᠠᠷ ᠲᠡᠨᠭᠴᠡᠪᠡ; ᠣᠷᠳᠣᠰ ᠎ᠤᠨ ᠠᠩᠭᠢ 3᠄ 0 ᠵᠢᠡᠷ ᠬᠥᠯᠥᠨ ᠪᠣᠢᠷ᠎ᠤᠨ ᠠᠩᠭᠢ᠎ᠶ᠋ᠢ ᠢᠯᠠᠪᠠ; ᠲᠦᠩᠯᠢᠶᠣᠤ᠎ᠶ᠋ᠢᠨ ᠠᠩᠭᠢ 1᠄ 0 ᠵᠢᠡᠷ ᠪᠠᠶᠠᠨᠨᠠᠭᠤᠷ᠎ᠤᠨ ᠠᠩᠭᠢ᠎ᠶ᠋ᠢ ᠢᠯᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢ ᠮᠠᠨ᠎ᠤ ᠣᠷᠣᠨ᠎ᠡᠴᠡ ᠡᠷᠬᠢᠯᠡᠵᠦ ᠪᠠᠢᠭ᠎ᠠ ᠬᠠᠮᠤᠭ᠎ᠤᠨ ᠥᠨᠳᠥᠷ ᠬᠢᠷᠢ ᠲᠦᠪᠱᠢᠨ ᠪᠥᠬᠥᠶ ᠬᠥᠯ ᠪᠥᠮᠪᠥᠭᠡ᠎ᠶ᠋ᠢᠨ ᠤᠷᠤᠯᠳᠤᠭᠠᠨ ᠪᠣᠯᠤᠭ᠍ᠰᠠᠨ᠎ᠤ ᠬᠤᠪᠢ᠎ᠳᠤ᠂ ᠦᠷᠭᠡᠨ ᠤᠯᠠᠨ ᠬᠦᠯ ᠪᠦᠮᠪᠦᠭᠡ ᠵᠢᠨ ᠲᠠᠮᠢᠷᠴᠢᠳ ᠲᠸ᠋ ᠲᠤᠮᠤ ᠤᠷᠤᠯᠳᠤᠭᠠᠨ᠎ᠤ ᠲᠠᠪᠴᠠᠩ ᠬᠠᠩᠭᠠᠭᠰᠠᠨ ᠵᠢᠡᠷ ᠪᠠᠷᠠᠬᠤ ᠥᠬᠡᠶ᠂ ᠨᠠᠩ ᠴᠤ᠌ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠭᠠᠷᠳᠠᠴᠠ ᠪᠤᠯᠤᠬᠰᠠᠨ ᠶᠤᠮ᠃ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠲᠣᠰ ᠤᠳᠠᠭᠠᠨ᠎ᠤ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ  ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠦᠶ᠋ᠯᠡᠰ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠠᠵᠦ ᠠᠬᠤᠢ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠬᠥᠯ ᠪᠥᠮᠪᠥᠭᠡ᠎ᠶ᠋ᠢ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠬᠦ᠌ ᠭᠢᠯᠠᠯᠵᠠᠮ᠎ᠠ ᠨᠡᠷ᠎ᠡ᠎ᠶ᠋ᠢᠨ ᠬᠠᠭᠤᠳᠠᠰᠤ ᠪᠣᠯᠭᠠᠬᠤ ᠪᠡᠷ ᠬᠦᠴᠦᠯᠡᠨ ᠴᠢᠷᠮᠠᠢᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号