ᠥᠪᠥᠷ ᠮᠣᠩᠭᠣᠯ᠄ ᠴᠠᠯᠢᠩ ᠥᠷᠢᠲᠦᠬᠦ᠎ᠵᠢ ᠡᠬᠢ ᠡᠭᠦᠰᠦᠯ ᠡᠴᠡ ᠨᠢ ᠵᠠᠰᠠᠬᠤ᠎ᠵᠢ ᠯᠠᠪᠳᠠᠭᠤᠨ ᠪᠠᠳᠤᠳᠠᠢ ᠠᠬᠢᠭᠤᠯᠵᠤ ᠬᠦᠳᠡᠯᠮᠤᠷᠢᠢᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠪᠠᠲᠤᠯᠠᠨ᠎ᠠ
2025-08-28 09:31:53
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

《ᠤᠳᠤ ᠪᠠᠷᠢᠯᠭ᠎ᠠ᠎ᠶ᠋ᠢᠨ ᠭᠠᠵᠠᠷ ᠲᠤ᠌ ᠬᠦᠮᠦᠨ᠎ᠤ ᠬᠦᠴᠦᠨ᠎ᠤ᠋ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠵᠢᠨ ᠰᠠᠯᠠᠭ᠎ᠠ ᠮᠦᠴᠢᠷ ᠪᠣᠯᠤᠨ ᠠᠵᠢᠯ ᠲᠦᠷᠦᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠦᠨ 〈ᠪᠠᠢᠴᠠᠭᠠᠬᠤ᠎ᠪᠠᠷ ᠰᠠᠭᠤᠭ᠎ᠠ ᠲᠤᠰᠭᠠᠢ ᠲᠤᠱᠢᠶᠠᠯᠲᠠᠨ〉 ᠪᠠᠢᠵᠤ᠂ ᠴᠠᠯᠢᠩ ᠬᠥᠯᠥᠰᠥ᠎ᠶ᠋ᠢᠨ ᠲᠠᠯ᠎ᠠ᠎ᠪᠠᠷ ᠶᠠᠮᠠᠷ ᠠᠰᠠᠭᠤᠳᠠᠯ ᠲᠤᠯᠭᠠᠷᠠᠪᠠᠯ ᠬᠡᠵᠢᠶ᠎ᠡ ᠴᠦ᠍ ᠲᠡᠳᠡᠨ᠎ᠢ ᠡᠷᠢᠵᠦ᠍ ᠪᠣᠯᠤᠨ᠎ᠠ᠂ ᠪᠢᠳᠡ ᠥᠩᠭᠡᠷᠡᠭ᠌ᠰᠡᠨ᠎ᠦ ᠬᠢ᠎ᠡᠴᠡ ᠬᠤᠯᠠ ᠰᠠᠨᠠᠭ᠎ᠠ ᠠᠮᠤᠷ ᠪᠤᠯᠵᠠᠢ》 ᠭᠡᠵᠦ᠍ 8 ᠰᠠᠷ᠎ᠠ᠎ᠶ᠋ᠢᠨ 22᠎ᠤ᠋ᠨ ᠡᠳᠦᠷ ᠬᠥᠬᠡᠬᠣᠲᠠ᠎ᠶ᠋ᠢᠨ ᠨᠢᠭᠡᠨ ᠵᠠᠰᠠᠮᠠᠯ ᠵᠠᠮ᠎ᠤᠨ ᠲᠦᠷᠦᠯ ᠵᠦᠢᠯ᠎ᠦᠨ ᠪᠠᠷᠢᠯᠭ᠎ᠠ᠎ᠶ᠋ᠢᠨ ᠠᠵᠢᠯᠲᠠᠨ ᠯᠢᠦ ᠵᠢᠶᠠᠩ ᠪᠠᠶᠠᠷᠲᠠᠢ ᠬᠡᠯᠡᠨ᠎ᠡ᠃

ᠥᠪᠥᠷ ᠮᠣᠩᠭᠣᠯ ᠴᠠᠯᠢᠩ ᠥᠷᠢᠲᠦᠬᠦ᠌ ᠠᠰᠠᠭᠤᠳᠠᠯ᠎ᠢ ᠱᠢᠶ᠋ᠳᠪᠦᠷᠢᠯᠡᠬᠦ᠌ ᠶᠠᠪᠤᠳᠠᠯ᠎ᠢ ᠢᠮᠠᠭ᠍ᠲᠠ ᠠᠷᠠᠳ᠎ᠤᠨ ᠠᠮᠢᠳᠤᠷᠠᠯ᠎ᠤᠨ ᠴᠢᠬᠤᠯᠠ ᠪᠣᠳᠠᠲᠤ ᠶᠠᠪᠤᠳᠠᠯ ᠪᠣᠯᠭᠠᠨ ᠠᠳᠭᠤᠭ᠍ᠰᠠᠭᠠᠷ ᠢᠷᠡᠵᠡᠶ᠃ ᠡᠨᠡ ᠵᠢᠯ᠎ᠡᠴᠡ ᠤᠷᠢᠳ ᠬᠣᠵᠢᠳ 《ᠴᠠᠯᠢᠩ ᠥᠷᠢᠲᠦᠬᠦ᠌ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠲᠥᠰᠦᠯ》 《ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠲᠥᠷᠥᠯ ᠵᠦᠶ᠋ᠯ᠎ᠦᠨ ᠴᠠᠯᠢᠩ ᠥᠷᠢᠲᠦᠬᠦ᠌ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠲᠥᠰᠦᠯ》᠎ᠢ᠋ ᠳᠠᠷᠤᠮᠠᠯᠯᠠᠨ ᠲᠠᠷᠬᠠᠭᠠᠵᠤ᠂ ᠪᠥᠬᠥ᠌ ᠵᠢᠯ᠎ᠳᠦ ᠲᠤᠭᠤᠰᠢᠯᠠᠭᠤᠯᠤᠭ᠍ᠰᠠᠨ ᠴᠠᠯᠢᠩ ᠥᠷᠢᠲᠦᠬᠦ᠌ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠢ ᠪᠠᠢᠷᠢᠯᠠᠭᠤᠯᠤᠨ ᠥᠷᠨᠢᠭᠦᠯᠵᠦ᠍᠂ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠂ ᠪᠠᠯᠠ ᠮᠥᠩᠭᠥ᠎ᠶ᠋ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠂ ᠲᠥᠷᠥᠯ ᠵᠦᠶ᠋ᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ》᠂ ᠴᠠᠯᠢᠩ ᠥᠷᠢᠲᠦᠬᠦ᠌ ᠰᠦᠪᠡᠭ᠌ᠴᠢ᠎ᠶ᠋ᠢ 《ᠨᠢᠭᠡᠳᠦᠯᠲᠡᠶ ᠴᠤᠭ᠍ᠯᠠᠭᠤᠯᠬᠤ᠂ ᠨᠢᠭᠡᠳᠦᠯᠲᠡᠶ ᠲᠤᠱᠢᠶᠠᠨ ᠱᠢᠶ᠋ᠳᠪᠦᠷᠢᠯᠡᠭᠦᠯᠬᠦ᠌᠂ ᠨᠢᠭᠡᠳᠦᠯᠲᠡᠶ ᠱᠠᠯᠠᠪᠳᠠᠭᠤᠯᠤᠨ ᠱᠢᠶ᠋ᠳᠪᠦᠷᠢᠯᠡᠭᠦᠯᠬᠦ᠌》 ᠵᠡᠷᠭᠡ ᠠᠵᠢᠯ᠎ᠤᠨ ᠲᠣᠭ᠍ᠲᠠᠴᠠ᠎ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠦᠬᠦ ᠬᠦᠴᠦᠨ᠎ᠵᠢᠡᠷ᠎ᠵᠢᠡᠨ ᠬᠠᠮᠠᠭᠠᠯᠠᠪᠠ᠃

ᠣᠢᠯᠠᠭᠠᠭ᠍ᠰᠠᠨ᠎ᠢᠶᠠᠷ᠂ ᠴᠠᠯᠢᠩ ᠥᠷᠢᠲᠦᠬᠦ᠌ ᠠᠰᠠᠭᠤᠳᠠᠯ᠎ᠢ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠲᠥᠯᠥᠭᠡ ᠪᠥᠬᠥ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠡᠶ ᠬᠠᠮᠲᠤᠷᠠᠨ ᠪᠥᠬᠥ᠌ ᠬᠦᠷᠢᠶᠡᠨ (ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ ᠪᠠ ᠪᠠᠷᠢᠯᠭ᠎ᠠ᠎ᠶ᠋ᠢᠨ ᠪᠤᠰᠤ ᠪᠥᠲᠥᠭᠡᠨ ᠪᠠᠢᠭᠤᠯᠤᠯᠲᠠ ᠵᠢᠨ ᠬᠦᠷᠢᠶ᠎ᠡ ᠪᠠᠭ᠍ᠲᠠᠨ᠎ᠠ)᠎ᠳ᠋ᠤ᠌ ᠳᠠᠷᠠᠭᠠᠯᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠥᠷᠨᠢᠭᠦᠯᠵᠦ᠍᠂ ᠪᠥᠬᠥ᠌ ᠣᠷᠣᠨ᠎ᠳᠤ ᠪᠠᠷᠢᠯᠭ᠎ᠠ᠎ᠶ᠋ᠢᠨ ᠬᠦᠷᠢᠶᠡᠨ᠎ᠳᠡᠬᠢ ᠪᠠᠢᠭᠤᠯᠵᠤ ᠪᠠᠢᠭ᠎ᠠ ᠲᠥᠷᠥᠯ ᠵᠦᠶ᠋ᠯ᠎ᠢ ᠨᠡᠢᠲᠡ 11063 ᠤᠳᠠᠭ᠎ᠠ ᠵᠢᠭ᠍ᠰᠠᠭᠠᠨ ᠪᠠᠢᠴᠠᠭᠠᠵᠤ᠂ ᠪᠠᠷᠢᠯᠭ᠎ᠠ᠎ᠶ᠋ᠢᠨ ᠪᠤᠰᠤ ᠬᠦᠷᠢᠶᠡᠨ᠎ᠳᠡᠬᠢ ᠠᠵᠢᠯᠴᠢᠨ ᠬᠡᠷᠡᠭ᠌ᠯᠡᠬᠦ᠌ ᠭᠤᠤᠯ ᠴᠣᠭ᠍ᠴᠠ 51677 ᠡᠷᠦᠬᠡ᠎ᠶ᠋ᠢ ᠵᠢᠭ᠍ᠰᠠᠭᠠᠨ ᠪᠠᠢᠴᠠᠭᠠᠵᠤ᠂ ᠴᠠᠯᠢᠩ ᠥᠷᠢᠲᠦᠬᠦ᠌ ᠵᠢᠴᠢ ᠴᠠᠯᠢᠩ ᠥᠭ᠌ᠬᠦ ᠪᠠᠲᠤᠯᠠᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠤᠭᠠᠳᠤᠶ ᠪᠠᠢᠬᠤ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠬᠦ᠌᠎ᠶ᠋ᠢᠨ ᠬᠠᠮᠲᠤ ᠱᠢᠶ᠋ᠳᠪᠦᠷᠢᠯᠡᠪᠡ᠃ ᠪᠥᠬᠥ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠪᠠᠰᠠ 《ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠤᠨ ᠪᠥᠬᠥ᠌ ᠬᠦᠷᠢᠶ᠎ᠡ᠂ ᠬᠥᠳᠡᠯᠮᠦᠷᠢ ᠬᠦᠴᠦ ᠠᠵᠢᠯᠴᠢᠨ ᠬᠡᠷᠡᠭ᠌ᠯᠡᠬᠦ᠌ ᠪᠥᠬᠥ᠌ ᠬᠡᠯᠬᠢᠶ᠎ᠡ》᠎ᠶ᠋ᠢᠨ ᠬᠢᠨᠠᠨ ᠪᠠᠢᠴᠠᠭᠠᠬᠤ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠵᠡᠷᠭᠡ᠎ᠪᠡᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠥᠮᠦᠨ ᠬᠡᠷᠡᠭ᠌ᠯᠡᠬᠦ᠌ ᠨᠢᠭᠡᠴᠢ᠎ᠶ᠋ᠢ ᠬᠠᠪᠰᠤᠷᠤᠨ ᠪᠥᠬᠥ᠌ ᠲᠠᠯ᠎ᠠ᠎ᠶ᠋ᠢᠨ ᠪᠠᠢᠩᠭᠤᠵᠢᠭ᠍ᠰᠠᠨ ᠠᠵᠢᠯᠴᠢᠨ ᠬᠡᠷᠡᠭ᠌ᠯᠡᠬᠦ᠌ ᠪᠠᠢᠴᠠᠭᠠᠯᠲᠠ᠎ᠶ᠋ᠢ ᠥᠷᠨᠢᠭᠦᠯᠵᠦ᠍᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠪᠠ᠃

ᠴᠠᠯᠢᠩ ᠥᠷᠢᠲᠦᠬᠦ᠌᠎ᠶ᠋ᠢ ᠵᠠᠰᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢᠨ ᠲᠥᠯᠥᠭᠡ ᠥᠪᠥᠷ ᠮᠣᠩᠭᠣᠯ ᠪᠠᠰᠠ 《ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠭ᠌ᠰᠡᠨ 〈ᠤᠳᠠᠭᠠᠨ ᠪᠦᠳᠦᠭᠦᠯᠢᠭ ᠬᠡᠢᠰᠪᠦᠷᠢ〉 ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠲᠥᠰᠦᠯ》᠂ 《ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠭ᠌ᠰᠡᠨ 〈ᠤᠳᠠᠭᠠᠨ ᠪᠦᠳᠦᠭᠦᠯᠢᠭ ᠬᠡᠢᠰᠪᠦᠷᠢ〉 ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭ᠌ᠳᠡᠯ》᠎ᠢ᠋ ᠳᠠᠷᠤᠮᠠᠯᠯᠠᠨ ᠲᠠᠷᠬᠠᠭᠠᠵᠤ᠂ 3 ᠲᠠᠯ᠎ᠠ᠎ᠶ᠋ᠢᠨ 11 ᠪᠣᠳᠠᠲᠠᠶ ᠠᠰᠠᠭᠤᠳᠠᠯ᠎ᠢ ᠭᠤᠤᠯᠳᠠᠯᠭ᠎ᠠ᠎ᠲᠠᠶ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠭ᠍ᠰᠠᠨ ᠪᠥᠭᠡᠳ ᠬᠠᠨᠳᠤᠯᠭᠠᠲᠤ ᠴᠢᠨᠠᠷᠲᠠᠶ᠎ᠪᠠᠷ 21 ᠵᠤᠷᠪᠤᠰ ᠪᠣᠳᠠᠲᠠᠶ ᠴᠡᠭ᠌ᠴᠡᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ᠂ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠳᠥᠯᠭᠢᠨ ᠠᠬᠢᠭᠤᠯᠪᠠ᠃ ᠡᠯ᠎ᠡ ᠭᠠᠵᠠᠷ ᠣᠷᠣᠨ᠂ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠳ ᠦᠨᠡᠨ ᠪᠣᠳᠠᠲᠠᠶ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠪᠡᠷ ᠳᠠᠮᠵᠢᠨ ᠡᠬᠢ ᠡᠭᠦᠰᠦᠯ᠎ᠡᠴᠡ᠎ᠨᠢ ᠵᠠᠰᠠᠬᠤ᠂ ᠶᠠᠪᠤᠴᠠ᠎ᠶ᠋ᠢ ᠬᠢᠨᠠᠨ ᠬᠠᠮᠢᠶᠠᠷᠬᠤ ᠪᠠ ᠬᠠᠷᠢᠭᠤᠴᠠᠯᠭ᠎ᠠ ᠬᠡᠯᠡᠯᠴᠡᠨ ᠦᠷ᠎ᠡ ᠪᠦᠲᠦᠮᠵᠢ᠎ᠶ᠋ᠢ ᠠᠰᠠᠭᠤᠬᠤ᠎ᠶ᠋ᠢ ᠲᠠᠰᠤᠷᠠᠯᠲᠠ ᠥᠬᠡᠶ ᠴᠢᠩᠭᠠᠳᠬᠠᠵᠤ᠂ ᠬᠥᠳᠡᠯᠮᠦᠷᠢᠴᠢᠳ᠎ᠦᠨ ᠴᠠᠯᠢᠩ ᠬᠥᠯᠥᠰᠥ᠎ᠶ᠋ᠢᠨ ᠡᠷᠬᠡ ᠠᠱᠢᠭ᠎ᠢ ᠦᠨᠡᠨ ᠬᠦ᠌ ᠪᠠᠲᠤᠯᠠᠪᠠ᠃

《ᠴᠠᠯᠢᠩ ᠳᠠᠩᠰᠠᠨ᠎ᠳᠤ ᠣᠷᠣᠬᠤ ᠦᠭᠡᠢ᠎ᠡᠴᠡ ᠵᠣᠪᠠᠬᠤ ᠬᠡᠷᠡᠭ ᠦᠭᠡᠢ᠃ ᠡᠨᠡ ᠵᠢᠯ ᠪᠠᠷᠢᠯᠭ᠎ᠠ᠎ᠶ᠋ᠢᠨ ᠭᠠᠵᠠᠷ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠦᠨ ᠬᠥᠮᠦᠨ᠎ᠦ ᠬᠦᠴᠦᠨ᠎ᠦ ᠵᠠᠷᠤᠳᠠᠯ᠎ᠢ ᠤᠷᠢᠳᠴᠢᠯᠠᠨ ᠪᠠᠭᠤᠯᠭᠠᠨ ᠥᠭ᠌ᠬᠦ ᠳᠦᠷᠢᠮ᠎ᠢ ᠬᠡᠷᠡᠭ᠌ᠵᠢᠭᠦᠯᠬᠦ᠌ ᠪᠥᠭᠡᠳ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠦᠷᠦᠯ ᠵᠦᠢᠯ ᠪᠠᠷᠢᠯᠭ᠎ᠠ᠎ᠶ᠋ᠢᠨ ᠵᠣᠭᠣᠰ ᠭᠤᠶᠤᠴᠢᠯᠠᠬᠤ ᠦᠶ᠎ᠡ᠎ᠳᠦ ᠲᠤᠰᠠᠭᠠᠷ᠎ᠢᠶᠠᠨ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠡᠴᠡ ᠬᠥᠮᠦᠨ᠎ᠦ ᠬᠦᠴᠦᠨ᠎ᠦ ᠵᠠᠷᠤᠳᠠᠯ ᠭᠤᠶᠤᠴᠢᠯᠠᠨ᠎ᠠ》 ᠭᠡᠵᠦ᠍ ᠵᠠᠰᠠᠭ᠎ᠤᠨ ᠣᠷᠳᠣᠨ᠎ᠤ ᠪᠠᠯᠠ ᠣᠷᠣᠭᠤᠯᠤᠭ᠍ᠰᠠᠨ ᠲᠦᠷᠦᠯ ᠵᠦᠢᠯ᠎ᠤᠨ ᠪᠠᠷᠢᠯᠭ᠎ᠠ᠎ᠶ᠋ᠢᠨ ᠨᠢᠭᠡᠴᠢ᠎ᠶ᠋ᠢᠨ ᠡᠳ᠋᠎ᠦᠨ ᠶᠠᠪᠤᠳᠠᠯ᠎ᠤᠨ ᠨᠢᠭᠡᠨ ᠬᠠᠷᠢᠭᠤᠴᠠᠯᠭᠠᠲᠠᠨ ᠬᠡᠯᠡᠵᠡᠶ᠃

ᠡᠨᠡ ᠵᠢᠯ ᠮᠠᠨ᠎ᠤ ᠣᠷᠣᠨ ᠵᠠᠰᠠᠭ᠎ᠤᠨ ᠣᠷᠳᠣᠨ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠲᠥᠷᠥᠯ ᠵᠦᠶ᠋ᠯ᠎ᠦᠨ ᠲᠠᠯ᠎ᠠ᠎ᠪᠠᠷ᠂ ᠲᠥᠷᠥᠯ ᠵᠦᠶ᠋ᠯ᠎ᠦᠨ ᠴᠠᠯᠢᠩ᠎ᠢ 《ᠤᠷᠢᠳᠴᠢᠯᠠᠨ ᠪᠠᠭᠤᠯᠭᠠᠨ ᠥᠭ᠌ᠬᠦ ᠲᠦᠷᠢᠮ》᠎ᠢ᠋ ᠢᠳᠡᠪᠬᠢᠲᠡᠶ ᠠᠬᠢᠭᠤᠯᠵᠤ᠂ ᠬᠥᠮᠦᠨ᠎ᠦ ᠬᠦᠴᠦᠨ᠎ᠦ ᠵᠠᠷᠤᠳᠠᠯ᠎ᠢ ᠰᠠᠷ᠎ᠠ ᠰᠠᠷ᠎ᠠ᠎ᠪᠠᠷ ᠠᠬᠢᠴᠠ ᠶᠣᠰᠣᠭᠠᠷ ᠴᠠᠯᠢᠩ᠎ᠤᠨ ᠲᠤᠰᠭᠠᠶ ᠳᠠᠩᠰᠠᠨ᠎ᠳᠦ ᠤᠷᠢᠳᠴᠢᠯᠠᠨ ᠥᠭ᠌ᠬᠦ᠎ᠶ᠋ᠢᠨ ᠬᠠᠮᠲᠤ 13 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠵᠡᠷᠭᠡ᠎ᠳᠦᠨᠢ ᠠᠬᠢᠭᠤᠯᠪᠠ᠃ ᠡᠭᠦᠨ᠎ᠡᠴᠡ ᠭᠠᠳᠠᠨ᠎ᠠ ᠪᠥᠬᠥ᠌ ᠣᠷᠣᠨ᠎ᠤ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ ᠪᠥᠬᠥ᠌ ᠴᠠᠭ᠎ᠢᠶᠠᠷ ᠰᠡᠷᠭᠡᠢᠯᠡᠨ ᠡᠵᠡᠮᠳᠡᠬᠦ᠌᠎ᠶ᠋ᠢ ᠪᠡᠶᠡᠯᠡᠭᠦᠯᠵᠦ᠍᠂ ᠪᠠᠢᠭᠤᠯᠵᠤ ᠪᠠᠢᠭ᠎ᠠ ᠲᠥᠷᠥᠯ ᠵᠦᠶ᠋ᠯ᠎ᠢ ᠴᠠᠯᠢᠩ ᠥᠭ᠌ᠬᠦ᠎ᠶ᠋ᠢ ᠬᠢᠨᠠᠨ ᠡᠵᠡᠮᠳᠡᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠳᠦ ᠣᠷᠣᠭᠤᠯᠵᠤ᠂ ᠴᠠᠯᠢᠩ ᠥᠭ᠌ᠬᠦ ᠵᠡᠷᠭᠡ ᠲᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠍᠂  ᠲᠤᠢᠯ᠎ᠤᠨ ᠣᠨᠣᠪᠴᠢᠲᠠᠶ ᠬᠢᠨᠠᠯᠲᠠ ᠬᠠᠮᠢᠶᠠᠷᠤᠯᠲᠠ᠎ᠶ᠋ᠢᠨ ᠦᠷ᠎ᠡ ᠳ᠋ᠦᠩ᠎ᠳᠦ  ᠬᠦᠷᠦᠭᠦᠯᠪᠡ᠃

ᠡᠭᠦᠨ᠎ᠦ ᠬᠠᠮᠲᠤ ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠵᠦ᠍ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠠᠤᠯᠢ᠎ᠪᠠᠷ ᠵᠠᠰᠠᠬᠤ ᠬᠦᠴᠦᠲᠡᠶ ᠳᠡᠮᠵᠢᠯᠭᠡ ᠬᠠᠩᠭᠠᠵᠤ᠂ 《ᠴᠠᠯᠢᠩ ᠥᠷᠢᠲᠦᠬᠦ᠎ᠵᠢ ᠵᠠᠰᠠᠬᠤ》 ᠵᠠᠭ᠍ᠪᠤᠷ᠎ᠢ 《ᠬᠡᠷᠡᠭ᠎ᠦᠨ ᠳᠠᠷᠠᠭ᠎ᠠ ᠵᠠᠰᠠᠬᠤ》 ᠡᠴᠡ 《ᠡᠬᠢ ᠡᠭᠦᠰᠦᠯ᠎ᠡᠴᠡ᠎ᠨᠢ ᠤᠷᠢᠳᠴᠢᠯᠠᠨ ᠰᠡᠷᠭᠡᠢᠯᠡᠬᠦ᠌》 ᠪᠣᠯᠭᠠᠨ ᠬᠤᠪᠢᠷᠠᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ ᠡᠨᠡ ᠵᠢᠯ᠎ᠦᠨ 7 ᠰᠠᠷ᠎ᠠ᠎ᠶ᠋ᠢᠨ 1 ᠎ᠤ᠋ ᠡᠳᠦᠷ ᠮᠠᠨ᠎ᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ》᠎ᠢ᠋ ᠨᠡᠢᠲᠡᠯᠡᠨ ᠬᠡᠷᠡᠭ᠌ᠵᠢᠭᠦᠯᠵᠦ᠍᠂ ᠴᠠᠯᠢᠩ ᠥᠷᠢᠲᠦᠬᠦ᠌᠎ᠶ᠋ᠢ ᠵᠠᠰᠠᠬᠤ ᠠᠵᠢᠯ᠎ᠤᠨ ᠳᠤᠮᠳᠠ ᠰᠦᠪᠡᠭ᠌ᠴᠢᠯᠡᠨ ᠭᠠᠷᠭᠠᠭᠰᠠᠨ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》《ᠭᠤᠷᠪᠠ᠎ᠶ᠋ᠢ ᠨᠢᠭᠡᠳᠭᠡᠬᠦ᠌》 ᠵᠡᠷᠭᠡ ᠠᠯᠢ ᠣᠯᠠᠨ ᠲᠤᠷᠱᠢᠯᠭ᠎ᠠ ᠠᠷᠭ᠎ᠠ ᠬᠢᠳᠡᠯ᠎ᠢ ᠬᠠᠤᠯᠢ ᠴᠠᠭᠠᠵᠠ᠎ᠶ᠋ᠢᠨ ᠬᠡᠯᠪᠡᠷᠢ᠎ᠪᠡᠷ ᠲᠣᠭ᠍ᠲᠠᠪᠤᠷᠢᠵᠢᠭᠤᠯᠵᠤ᠂ ᠬᠥᠯᠥᠰᠥᠨ ᠲᠠᠷᠢᠶᠠᠴᠢᠨ᠎ᠤ 《ᠴᠠᠯᠢᠩ᠎ᠢ ᠬᠠᠮᠠᠭᠠᠯᠠᠬᠤ》 ᠪᠠᠲᠤ ᠪᠠᠬᠢ ᠬᠠᠯᠬᠠᠪᠴᠢ᠎ᠶ᠋ᠢ ᠪᠠᠢᠭᠤᠯᠵᠤ ᠥᠭ᠌ᠭᠦᠭ᠌ᠰᠡᠨ᠎ᠢᠶᠡᠷ ᠪᠠᠷᠠᠬᠤ ᠥᠬᠡᠶ ᠨᠠᠩ ᠴᠤ᠌ ᠡᠷᠬᠡ᠎ᠶ᠋ᠢ ᠬᠠᠮᠠᠭᠠᠯᠠᠬᠤ ᠵᠠᠮ᠎ᠢ ᠨᠠᠩ ᠣᠢᠷ᠎ᠠ᠂ ᠨᠠᠩ ᠲᠦᠷᠭᠡᠨ᠂ ᠨᠠᠩ ᠪᠠᠲᠤᠯᠠᠭ᠎ᠠ᠎ᠲᠠᠶ ᠪᠤᠯᠭᠠᠵᠠᠢ᠃

ᠲᠠᠷᠠᠭᠠᠴᠢ᠎ᠶ᠋ᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ ᠭᠤᠤᠯᠳᠠᠭᠤ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠴᠢᠩᠭ᠎ᠠ ᠠᠩᠬᠠᠷᠬᠤ᠂ ᠮᠡᠳᠡᠭᠡ ᠵᠠᠩᠭᠢᠴᠢᠯᠠᠯᠲᠠ᠎ᠶ᠋ᠢᠨ ᠠᠷᠭ᠎ᠠ ᠪᠠᠷᠢᠯ᠎ᠢ ᠰᠠᠢᠲᠤᠷ ᠬᠡᠷᠡᠭ᠌ᠯᠡᠨ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠬᠤ᠂ ᠬᠡᠷᠡᠭ ᠱᠢᠶ᠋ᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠬᠢᠨᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠠᠳᠭᠤᠬᠤ ᠳᠡᠭᠡᠷ᠎ᠡ ᠬᠦᠴᠦ᠍ ᠲᠠᠯᠪᠢᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠴᠠᠯᠢᠩ ᠥᠷᠢᠲᠦᠬᠦ᠌᠎ᠶ᠋ᠢ ᠵᠠᠰᠠᠬᠤ ᠡᠯ᠎ᠡ ᠵᠦᠶ᠋ᠯ᠎ᠦᠨ ᠠᠵᠢᠯ᠎ᠢ ᠦᠨᠡᠨ ᠬᠦ᠌ ᠭᠦᠨᠵᠡᠭᠡᠶ ᠨᠠᠷᠢᠯᠢᠭ ᠪᠣᠳᠠᠲᠠᠶ ᠰᠠᠢᠲᠤᠷ ᠬᠢᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠪᠠᠲᠤ ᠪᠠᠬᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号