《ᠳᠥᠷᠪᠡᠨ ᠬᠠᠮᠤᠭ ᠤ᠋ᠨ ᠴᠢᠩᠭ᠎ᠠ》 ᠱᠠᠭᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠡᠷᠭᠡᠵᠢᠯ ᠤ᠋ᠨ ᠬᠢᠨᠠᠯᠲᠠ ᠲᠠᠯᠪᠢᠯᠲᠠ ᠶ᠋ᠢᠨ ᠲᠤᠯᠭᠠᠭᠤᠷᠢᠯᠠᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠡᠮ ᠤ᠋ᠨ ᠵᠦᠶ᠋ᠯᠡᠰ ᠤ᠋ᠨ ᠶᠠᠰᠤ ᠴᠢᠨᠠᠷ ᠤ᠋ᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭᠠᠷᠠᠭᠤᠯᠬᠤ ᠶ᠋ᠢᠨ ᠲᠤᠯᠦᠭᠡ᠂ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 2025 ᠤᠨ ᠤ᠋ ᠦᠪᠡᠷᠲᠡᠭᠡᠨ ᠵᠠᠰᠠᠬᠤ ᠤᠷᠤᠨ ᠤ᠋ ᠡᠮ ᠤ᠋ᠨ ᠵᠦᠶ᠋ᠯᠡᠰ ᠤ᠋ᠨ ᠥᠯᠢᠭᠡᠷ ᠡᠳ᠋ ᠠᠪᠬᠤ ᠡᠭᠦᠷᠭᠡ ᠵᠢ ᠡᠮᠬᠢ ᠵᠢᠷᠤᠮ ᠲᠠᠢ ᠨᠠᠢᠳᠠᠪᠤᠷᠢᠵᠢᠭᠤᠯᠵᠤ᠂ ᠪᠥᠬᠥ᠌ ᠣᠷᠣᠨ ᠤ᠋ ᠥᠯᠢᠭᠡᠷ ᠡᠳ᠋ ᠠᠪᠬᠤ ᠡᠭᠦᠷᠭᠡ ᠵᠢ ᠨᠡᠢᠲᠡ 73 ᠪᠦᠯᠦᠭ ᠤᠳᠠᠭ᠎ᠠ ᠪᠡᠶᠡᠯᠡᠭᠦᠯᠪᠡ᠃
ᠲᠦᠭ᠌ᠰᠢᠭᠦᠷᠢ ᠶ᠋ᠢᠨ ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ᠂ ᠰᠤᠭᠤᠴᠢᠨ ᠪᠠᠢᠴᠠᠭᠠᠬᠤ ᠡᠴᠡ ᠡᠮᠦᠨ᠎ᠡ ᠡᠮ ᠤ᠋ᠨ ᠵᠦᠶ᠋ᠯᠡᠰ ᠢ᠋ ᠡᠵᠡᠩᠨᠡᠵᠦ᠍ ᠬᠡᠷᠡᠭ᠌ᠯᠡᠬᠦ᠌ ᠨᠢᠭᠡᠴᠢ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠱᠢᠰᠲ᠋ᠧᠮ᠂ ᠬᠠᠳᠠᠭᠠᠯᠠᠬᠤ ᠨᠥᠬᠥᠴᠡᠯ᠂ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠵᠡᠷᠭᠡ ᠵᠠᠩᠭᠢᠯᠠᠭ᠎ᠠ ᠶ᠋ᠢᠨ ᠲᠠᠯ᠎ᠠ ᠳ᠋ᠤ ᠲᠤᠬᠠᠶ ᠶ᠋ᠢᠨ ᠲᠠᠯᠠᠪᠠᠶ ᠶ᠋ᠢᠨ ᠪᠠᠢᠴᠠᠭᠠᠯᠲᠠ ᠬᠢᠪᠡ᠃ ᠭᠤᠤᠯᠳᠠᠯᠭ᠎ᠠ ᠲᠠᠢ ᠲᠥᠷᠥᠯ ᠵᠦᠶ᠋ᠯ ᠳ᠋ᠤ ᠠᠨᠭᠬᠠᠷᠤᠯ ᠢ᠋ᠶ᠋ᠡᠨ ᠲᠦᠪᠯᠡᠷᠡᠭᠦᠯᠵᠦ᠂ ᠥᠯᠢᠭᠡᠷ ᠡᠳ᠋ ᠠᠪᠬᠤ ᠲᠥᠷᠥᠯ ᠵᠦᠶ᠋ᠯ ᠤ᠋ᠨ ᠡᠮ ᠤ᠋ᠨ ᠵᠦᠢᠯᠡᠰ ᠤ᠋ᠨ ᠨᠡᠢᠳᠡᠮ ᠬᠡᠷᠡᠭ᠌ᠯᠡᠭ᠌ᠳᠡᠬᠦ᠌ ᠨᠡᠷ᠎ᠡ᠂ ᠡᠮ ᠤ᠋ᠨ ᠵᠦᠢᠯᠡᠰ ᠤ᠋ᠨ ᠲᠥᠷᠥᠯ ᠠᠩᠭᠢᠯᠠᠯ᠂ ᠦᠶ᠋ᠯᠡᠳᠪᠦᠷᠢᠯᠡᠭ᠌ᠰᠡᠨ ᠨᠢᠭᠡᠴᠢ ᠶ᠋ᠢᠨ ᠪᠠᠢᠭ᠎ᠠ ᠮᠤᠵᠢ ᠵᠡᠷᠭᠡ ᠵᠠᠩᠭᠢᠯᠠᠭ᠎ᠠ ᠶ᠋ᠢᠨ ᠲᠣᠭ᠎ᠠ ᠪᠠᠷᠢᠮᠲᠠ ᠵᠢ ᠲᠠᠬᠯᠠᠨ ᠮᠡᠳᠡᠭᠦᠯᠬᠦ ᠵᠢ ᠨᠠᠷᠢᠯᠢᠭ ᠬᠠᠷᠭᠤᠭᠤᠯᠪᠠ᠃ ᠰᠡᠷᠢᠭᠦᠨ ᠭᠠᠵᠠᠷ ᠬᠠᠳᠠᠭᠠᠯᠠᠬᠤ᠂ ᠬᠦᠢᠲᠡᠨ ᠢ᠋ᠶ᠋ᠡᠷ ᠬᠠᠳᠠᠭᠠᠯᠠᠬᠤ ᠵᠡᠷᠭᠡ ᠤᠨᠴᠠᠭᠠᠢ ᠱᠠᠭᠠᠷᠳᠠᠯᠭ᠎ᠠ ᠲᠠᠢ ᠦᠯᠢᠭᠡᠷ ᠡᠳ᠋ ᠢ᠋ ᠬᠤᠳᠠᠯᠳᠤᠨ ᠠᠪᠬᠤ ᠳ᠋ᠤ ᠱᠢᠯᠭᠠᠨ ᠪᠠᠢᠴᠠᠭᠠᠬᠰᠠᠨ ᠲᠡᠮᠲᠡᠭᠯᠡᠯ᠂ ᠬᠠᠳᠠᠭᠠᠯᠠᠵᠤ ᠠᠷᠠᠴᠢᠯᠠᠬᠤ ᠬᠠᠮᠢᠶᠠᠷᠤᠯᠲᠠ ᠵᠢ ᠴᠢᠨᠭᠭ᠎ᠠ ᠰᠢᠯᠭᠠᠨ ᠪᠠᠢᠴᠠᠭᠠᠵᠤ᠂ ᠬᠠᠳᠠᠭᠠᠯᠠᠵᠤ ᠲᠡᠭᠡᠭᠡᠪᠦᠷᠢᠯᠡᠬᠦ᠌ ᠶᠠᠪᠤᠴᠠ ᠶ᠋ᠢᠨ ᠱᠠᠭᠠᠷᠳᠠᠯᠭ᠎ᠠ ᠳ᠋ᠤ ᠨᠡᠢᠴᠡᠬᠦ᠌ ᠵᠢ ᠪᠠᠲᠤᠯᠠᠪᠠ᠃ 《ᠬᠣᠶᠠᠷ ᠢ᠋ ᠰᠤᠭᠤᠴᠢᠵᠤ᠂ ᠨᠢᠭᠡ ᠵᠢ ᠢᠯᠡ ᠪᠣᠯᠭᠠᠬᠤ》 ᠲᠦᠷᠢᠮ ᠢ᠋ ᠴᠢᠩᠭ᠎ᠠ ᠬᠡᠷᠡᠭ᠌ᠵᠢᠭᠦᠯᠵᠦ᠍᠂ ᠥᠯᠢᠭᠡᠷ ᠡᠳ᠋ ᠠᠪᠬᠤ ᠲᠠᠰ ᠳᠠᠷᠠᠭᠠᠯᠠᠯ ᠢ᠋ ᠵᠢᠷᠤᠮᠵᠢᠭᠤᠯᠤᠨ᠂ ᠡᠮ ᠤ᠋ᠨ ᠵᠦᠶ᠋ᠯᠡᠰ ᠤ᠋ᠨ ᠥᠯᠢᠭᠡᠷ ᠡᠳ᠋ ᠠᠪᠬᠤ᠂ ᠥᠯᠢᠭᠡᠷ ᠡᠳ᠋ ᠢ᠋ ᠪᠢᠲᠡᠭᠦᠮᠵᠢᠯᠡᠬᠦ᠌᠂ ᠥᠯᠢᠭᠡᠷ ᠡᠳ᠋ ᠢ᠋ ᠬᠦᠷᠭᠡᠬᠦ᠌ ᠵᠢ ᠬᠠᠤᠯᠢ ᠲᠣᠭ᠍ᠲᠠᠭᠠᠯ ᠶᠣᠰᠣᠭᠠᠷ ᠥᠷᠨᠢᠭᠦᠯᠵᠦ᠍᠂ ᠥᠯᠢᠭᠡᠷ ᠡᠳ᠋ ᠤ᠋ᠨ ᠦᠨᠡᠨ ᠪᠣᠳᠠᠲᠠᠶ᠂ ᠪᠦᠷᠢᠨ ᠪᠦᠲᠦᠨ ᠪᠠᠢᠬᠤ ᠵᠢ ᠦᠨᠡᠨ ᠬᠦ᠌ ᠪᠠᠲᠤᠯᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号