ᠬᠢᠨᠠᠨ ᠱᠢᠯᠭᠠᠬᠤ ᠲᠠᠷᠤᠭᠠᠰᠤ᠎ᠶᠢ ᠬᠦᠩᠭᠡᠷᠡᠭᠦᠯᠵᠦ ᠺᠠᠳ᠋ᠷᠴᠤᠳ ᠲᠦ᠍ ᠬᠥᠴᠥᠨ ᠣᠯᠭᠣᠪᠠ
2025-08-29 09:48:08
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠪᠤᠭᠤᠲᠤ ᠬᠤᠳᠠ᠎ᠳᠤ ᠣᠨᠴᠠ ᠪᠠᠢᠳᠠᠭ ᠬᠣᠪᠣᠷ ᠱᠢᠷᠣᠢ᠎ᠶ᠋ᠢᠨ ᠡᠬᠢ ᠪᠠᠶᠠᠯᠢᠭ᠎ᠲᠤ ᠴᠢᠭ᠌ᠯᠡᠭᠦᠯᠦᠨ 《ᠬᠣᠪᠣᠷ ᠱᠢᠷᠣᠢ᠎ᠶ᠋ᠢ ᠲᠤᠬᠠᠢ᠎ᠶ᠋ᠢᠨ ᠭᠠᠵᠠᠷ᠎ᠲᠤᠨᠢ ᠡᠳ᠋ᠱᠢᠭᠦᠯᠦᠨ ᠣᠨᠳᠣᠣᠱᠢᠭᠤᠯᠬᠤ ᠨᠤᠷᠮ᠎ᠠ》 ᠵᠢ ᠥᠪᠡᠷᠮᠢᠴᠡ ᠣᠨᠴᠠᠯᠢᠭ᠎ᠲᠠᠶ ᠬᠢᠨᠠᠨ ᠱᠢᠯᠭᠠᠬᠤ ᠭᠦᠢᠴᠡᠳᠭᠡᠯ ᠲᠣᠭ᠎ᠠ ᠪᠣᠯᠭᠠᠪᠠ; ᠠᠮᠢ ᠠᠬᠤᠶ᠎ᠶ᠋ᠢᠨ ᠴᠢᠳᠠᠮᠵᠢ᠎ᠪᠠᠷ ᠴᠢᠬᠤᠯᠠ ᠪᠣᠯᠬᠤ ᠠᠯᠠᠱᠠ ᠠᠢᠮᠠᠭ᠎ᠲᠤ ᠪᠣᠯ ᠬᠠᠷᠢᠨ ᠳᠥᠭᠥᠮᠬᠡᠨ᠎ᠢᠶᠡᠷ 《ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ》 ᠵᠡᠷᠭᠡ ᠤᠯᠠᠮᠵᠢᠯᠠᠯᠲᠤ ᠠᠵᠤ ᠠᠬᠤᠶ᠎ᠶ᠋ᠢᠨ ᠭᠦᠶ᠋ᠴᠡᠳᠭᠡᠯ ᠲᠣᠭ᠎ᠠ᠎ᠪᠠᠷ ᠬᠥᠭ᠌ᠵᠢᠯᠲᠡ᠎ᠶ᠋ᠢᠨ ᠪᠣᠳᠠᠲᠤ ᠠᠮᠵᠢᠯᠲᠠ᠎ᠶ᠋ᠢ ᠬᠡᠮᠵᠢᠬᠦ᠌ ᠪᠢᠰᠢ ᠁ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠡᠯ᠎ᠡ ᠠᠢᠮᠠᠭ ᠬᠣᠲᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠂ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠡᠭᠦᠷᠭᠡᠯᠡᠭ᠌ᠰᠡᠨ ᠵᠡᠷᠭᠡ ᠪᠠᠢᠳᠠᠯ ᠳ᠋ᠤ ᠰᠠᠭᠤᠷᠢᠯᠠᠨ ᠤᠷᠤᠯᠳᠤᠭᠠᠨ᠎ᠤ ᠵᠠᠮ ᠎ᠢ ᠢᠯᠭᠠᠵᠤ᠂ ᠵᠦᠷᠢᠶᠡᠴᠢᠯᠡᠭ᠌ᠰᠡᠨ᠂ ᠣᠨᠣᠴᠠᠵᠢᠭᠤᠯᠤᠭᠰᠠᠨ ᠬᠢᠨᠠᠨ ᠱᠢᠯᠭᠠᠯᠲᠠ ᠬᠢᠭ᠌ᠰᠡᠨ ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃

ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠦᠷᠭᠦᠯᠵᠢᠯᠡᠨ ᠠᠬᠢᠭᠤᠯᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢᠨ ᠲᠥᠯᠥᠭᠡ ᠡᠨᠡ ᠵᠢᠯ᠎ᠦᠨ 6 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠲᠦᠷᠦᠭᠦᠯᠡᠨ ᠦᠨᠳᠦᠰᠦᠨ ᠱᠠᠲᠤᠨ᠎ᠤ ᠬᠢᠨᠠᠨ ᠱᠢᠯᠭᠠᠯᠲᠠ᠎ᠳᠤ ᠣᠨᠣᠪᠴᠢ ᠥᠬᠡᠶ ᠵᠤᠬᠢᠰ ᠦᠭᠡᠢ ᠪᠠᠢᠬᠤ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠬᠢᠨᠠᠨ ᠱᠢᠯᠭᠠᠬᠤ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠥᠬᠡᠶ ᠵᠢᠴᠢ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ )᠎ᠶ᠋ᠢᠨ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠶ᠋ᠢᠨ ᠬᠡᠪᠴᠢᠶ᠎ᠡ᠎ᠡᠴᠡ ᠳᠠᠪᠠᠭ᠍ᠰᠠᠨ ᠭᠦᠶ᠋ᠴᠡᠳᠭᠡᠯ ᠲᠣᠭ᠎ᠠ ᠵᠡᠷᠭᠡ ᠦᠨᠳᠦᠰᠦᠨ ᠱᠠᠲᠤᠨ᠎ᠤ ᠬᠢᠨᠠᠨ ᠱᠢᠯᠭᠠᠯᠲᠠ᠎ᠳᠤ ᠣᠨᠣᠪᠴᠢ ᠥᠬᠡᠶ ᠪᠠᠢᠬᠤ ᠠᠰᠠᠭᠤᠳᠠᠯ᠂ ᠬᠢᠨᠠᠨ ᠱᠢᠯᠭᠠᠬᠤ ᠠᠷᠭ᠎ᠠ ᠬᠡᠯᠪᠡᠷᠢ ᠪᠤᠳᠤᠯᠢᠶᠠᠨᠲᠠᠶ ᠪᠠᠢᠬᠤ ᠵᠢᠴᠢ ᠬᠢᠨᠠᠨ ᠱᠢᠯᠭᠠᠯᠳᠠ ᠪᠤᠳᠠᠳᠠᠢ ᠪᠠᠢᠳᠠᠯ ᠡᠴᠡ ᠰᠠᠯᠤᠩᠭᠢᠷᠠᠭ᠍ᠰᠠᠨ ᠵᠡᠷᠭᠡ ᠦᠨᠳᠦᠰᠦᠨ ᠱᠠᠲᠤᠨ᠎ᠤ ᠬᠢᠨᠠᠨ ᠱᠢᠯᠭᠠᠯᠲᠠ᠎ᠳᠤ ᠤᠷᠤᠰᠢᠵᠤ  ᠪᠠᠢᠬᠤ ᠠᠰᠠᠭᠤᠳᠠᠯ ᠎ᠢ ᠬᠦᠴᠦᠯᠡᠨ ᠱᠢᠶ᠋ᠳᠪᠦᠷᠢᠯᠡᠵᠦ᠍᠂ ᠬᠢᠨᠠᠨ ᠱᠢᠯᠭᠠᠬᠤ᠎ᠳᠠᠷᠤᠭᠠᠰᠤ᠎ᠶ᠋ᠢ ᠬᠥᠩᠭᠡᠷᠡᠭᠦᠯᠬᠦ᠌᠎ᠨᠢ ᠦᠨᠡᠨ ᠬᠦ᠌ ᠺᠠᠳ᠋ᠷ᠎ᠲᠤ ᠬᠥᠴᠤᠨ ᠣᠯᠭᠣᠵᠤ᠂ ᠥᠭᠡᠷᠡᠴᠢᠯᠡᠯᠲᠡ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠪᠡ᠃

《ᠣᠳᠣᠬᠠᠨ᠎ᠳᠤ ᠨᠢᠭᠡ ᠬᠢᠨᠠᠨ ᠱᠢᠯᠭᠠᠬᠤ ᠳᠤᠭᠤᠢᠯᠠᠩ ᠨᠢᠭᠡ ᠤᠳᠠᠭ᠎ᠠ᠎ᠳᠤ ᠬᠢᠨᠠᠨ ᠱᠢᠯᠭᠠᠯᠲᠠ᠎ᠶ᠋ᠢ ᠪᠡᠶᠡᠯᠡᠭᠦᠯᠵᠦ᠍᠂  ᠨᠡᠩ ᠢᠯᠡᠭᠦᠦ ᠤᠶᠤᠨ ᠤᠬᠠᠭᠠᠨ᠎ᠢᠶᠠᠨ ᠲᠥᠪᠯᠡᠷᠡᠭᠦᠯᠦᠨ ᠪᠣᠳᠠᠲᠠᠢ ᠠᠰᠠᠭᠤᠳᠠᠯ᠎ᠢ ᠱᠢᠢᠳᠪᠦᠷᠢᠯᠡᠵᠦ᠍᠂ ᠺᠠᠳ᠋ᠷ᠎ᠤᠨ ᠡᠷᠴᠢ ᠵᠣᠷᠢᠭ ᠨᠡᠩ ᠭᠦᠢᠴᠡᠳ ᠪᠣᠯᠵᠠᠢ》 ᠭᠡᠵᠦ 8 ᠰᠠᠷ᠎ᠠ᠎ᠶ᠋ᠢᠨ 27 ᠎ᠤ᠋ ᠡᠳᠦᠷ ᠬᠢᠨᠠᠨ ᠱᠢᠯᠭᠠᠬᠤ ᠠᠵᠢᠯ᠎ᠤᠨ ᠬᠤᠪᠢᠷᠠᠯᠲᠠ᠎ᠶ᠋ᠢᠨ ᠲᠤᠬᠠᠶ ᠬᠢᠩᠭᠠᠨ ᠠᠢᠮᠠᠭ ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠳᠡᠪᠰᠡᠭ ᠪᠠᠯᠭᠠᠰᠤᠨ᠎ᠤ ᠨᠠᠮ ᠎ᠤᠨ ᠬᠤᠷᠢᠶ᠎ᠠ ᠵᠢᠨ ᠳᠡᠳ᠋ ᠱᠦᠵᠢ᠂ ᠪᠠᠯᠭᠠᠰᠤᠨ ᠳᠠᠷᠤᠭ᠎ᠠ ᠵᠧᠸ᠋ ᡁᠢ ᠬᠤᠤ ᠭᠦᠨ ᠲᠥᠷᠥᠭ᠌ᠳᠡᠯ᠎ᠲᠡᠶ ᠬᠡᠯᠡᠪᠡ᠃

ᠮᠠᠨ᠎ᠤ ᠣᠷᠣᠨ ᠱᠠᠲᠤᠴᠢ ᠴᠢᠨᠠᠷᠲᠠᠶ ᠬᠥᠭ᠌ᠵᠢᠯᠲᠡ᠎ᠵᠢ ᠪᠠᠷᠢᠮᠳᠠᠯᠠᠵᠤ᠂ ᠳᠤᠲᠠᠭᠤᠳᠠᠯ ᠪᠠᠭᠤᠷᠠᠶ ᠲᠠᠯ᠎ᠠ᠎ᠳᠤ ᠶᠠᠭᠤ ᠬᠡᠷᠡᠭ᠌ᠰᠡᠪᠡᠯ ᠶᠠᠭᠤ᠎ᠵᠢ ᠬᠢᠨᠠᠨ ᠰᠢᠯᠭᠠᠪᠠ᠃ ᠬᠣᠶᠠᠷ ᠰᠠᠷ᠎ᠠ ᠭᠠᠷᠤᠶ᠎ᠶ᠋ᠢᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠎ᠪᠠᠷ ᠳᠡᠮᠵᠢᠨ ᠡᠯ᠎ᠡ ᠱᠠᠲᠤᠨ ᠎ᠤ ᠬᠢᠨᠠᠨ ᠰᠢᠯᠭᠠᠬᠤ ᠭᠦᠶ᠋ᠴᠡᠳᠭᠡᠯ ᠲᠣᠭ᠎ᠠ ᠎ᠶ᠋ᠢ ᠶᠡᠬᠡ᠎ᠪᠡᠷ ᠴᠤᠮᠬᠠᠳᠬᠠᠪᠠ᠄ ᠥᠪᠡᠷᠲᠡᠭᠡᠨ ᠵᠠᠰᠠᠬᠤ ᠣᠷᠣᠨ᠎ᠠᠴᠠ ᠠᠢᠮᠠᠭ ᠬᠣᠲᠠ᠂ ᠠᠢᠮᠠᠭ ᠬᠣᠲᠠ᠎ᠠᠴᠠ ᠬᠣᠱᠢᠭᠤ ᠱᠢᠶᠠᠨ (ᠬᠣᠲᠠ᠂ ᠲᠣᠭᠣᠷᠢᠭ) ᠎ᠢ᠋ ᠬᠢᠨᠠᠨ ᠰᠢᠯᠭᠠᠬᠤ ᠭᠦᠶ᠋ᠴᠡᠳᠭᠡᠯ ᠲᠣᠭ᠎ᠠ᠎ᠶ᠋ᠢᠨ ᠲᠣᠭ᠎ᠠ ᠬᠡᠮᠵᠢᠶ᠎ᠡ᠎ᠶ᠋ᠢ ᠳᠡᠭᠡᠷ᠎ᠡ ᠵᠢᠯ᠎ᠦᠨ᠎ᠬᠢ᠎ᠡᠴᠡ ᠲᠣᠰ ᠲᠣᠰ 20.72%᠂ 13.17% ᠎ᠪᠠᠷ ᠴᠤᠮᠬᠠᠳᠬᠠᠪᠠ᠃ ᠬᠣᠱᠢᠭᠤ ᠱᠢᠶᠠᠨ (ᠬᠣᠲᠠ᠂ ᠲᠣᠭᠣᠷᠢᠭ) ᠎ᠨᠢ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ ) ᠎ᠶ᠋ᠢᠨ ᠲᠣᠭ᠍ᠲᠠᠭᠠᠭ᠍ᠰᠠᠨ ᠬᠢᠨᠠᠨ ᠰᠢᠯᠭᠠᠬᠤ ᠭᠦᠶ᠋ᠴᠡᠳᠭᠡᠯ ᠲᠣᠭ᠎ᠠ᠎ᠶ᠋ᠢ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠎ᠶ᠋ᠢᠨ ᠦᠨᠳᠦᠰᠦᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠨᠭᠰᠠ᠎ᠪᠠᠷ ᠴᠢᠩᠭ᠎ᠠ ᠦᠨᠳᠦᠰᠦᠯᠡᠯ ᠪᠣᠯᠭᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠨᠭᠰᠠ᠎ᠠᠴᠠ ᠭᠠᠳᠠᠨᠠᠬᠢ ᠵᠦᠶ᠋ᠯᠡᠰ᠎ᠢ ᠴᠥᠮ ᠬᠢᠨᠠᠨ ᠰᠢᠯᠭᠠᠬᠤ ᠭᠦᠶ᠋ᠴᠡᠳᠭᠡᠯ ᠲᠣᠭ᠎ᠠ ᠪᠣᠯᠭᠠᠵᠤ ᠪᠣᠯᠬᠤ ᠥᠬᠡᠶ᠂ ᠶᠡᠷᠦᠩᠬᠡᠶ ᠲᠣᠭ᠎ᠠ᠎ᠶ᠋ᠢ ᠳᠤᠮᠳᠠᠴᠢ᠎ᠪᠠᠷ 48 ᠪᠣᠯᠭᠠᠵᠤ᠂ ᠬᠢᠨᠠᠨ ᠰᠢᠯᠭᠠᠬᠤ᠎ᠶ᠋ᠢ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠦᠨ 《ᠭᠦᠶ᠋ᠴᠡᠳᠭᠡᠯ ᠲᠣᠭ᠎ᠠ᠎ᠶ᠋ᠢ ᠲᠦᠱᠢᠭ᠌ᠯᠡᠬᠦ᠌》 ᠪᠠ ᠱᠢᠯᠭᠠᠨ ᠪᠠᠢᠴᠠᠭᠠᠭ᠍ᠳᠠᠬᠤ ᠭᠠᠵᠠᠷ ᠣᠷᠣᠨ ᠨᠢᠭᠡᠴᠢ᠎ᠶ᠋ᠢᠨ 《ᠲᠣᠭ᠎ᠠ ᠪᠠᠷᠢᠮᠲᠠ᠎ᠶ᠋ᠢᠨ ᠳᠣᠲᠣᠭᠠᠳᠤ᠎ᠵᠢᠨ ᠦᠷᠢᠰᠦᠯᠳᠦᠭᠡᠨ》 ᠤ᠋ ᠪᠠᠢᠳᠠᠯ᠎ᠢ ᠪᠦᠲᠦᠮᠵᠢᠲᠡᠶ ᠬᠤᠪᠢᠷᠠᠭᠤᠯᠪᠠ᠃

ᠬᠢᠨᠠᠨ ᠰᠢᠯᠭᠠᠬᠤ ᠠᠷᠭ᠎ᠠ ᠬᠡᠯᠪᠡᠷᠢ᠎ᠶ᠋ᠢᠨ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠠᠴᠠ ᠦᠨᠡᠨ ᠬᠦ᠌ ᠬᠠᠲᠠᠭᠤ᠎ᠲᠠᠶ᠎ᠨᠢ ᠬᠠᠯᠳᠠᠵᠤ ᠨᠡᠢᠳᠭᠡᠵᠦ ᠱᠢᠯᠢᠳᠡᠭ᠌ᠵᠢᠭᠦᠯᠬᠦ᠌᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠳᠤ 49 ᠰᠠᠯᠠᠭ᠎ᠠ ᠮᠥᠴᠢᠷ᠎ᠦᠨ ᠵᠤᠷᠪᠤᠰ ᠱᠤᠭᠤᠮ᠎ᠤᠨ ᠬᠢᠨᠠᠨ ᠰᠢᠯᠭᠠᠯᠲᠠ᠎ᠶ᠋ᠢ ᠪᠦᠬᠦᠨ᠎ᠢ ᠬᠦᠴᠦᠨ ᠥᠬᠡᠶ ᠪᠣᠯᠭᠠᠵᠤ᠂ ᠵᠥᠪᠬᠡᠨ 1 ᠶᠡᠷᠦᠩᠬᠡᠢᠯᠡᠭ᠌ᠰᠡᠨ ᠬᠢᠨᠠᠨ ᠰᠢᠯᠭᠠᠯᠳᠠ ᠪᠠ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠱᠢᠪᠲᠤᠯᠬᠤ ᠳᠠᠢᠯᠠᠯᠳᠤᠭᠠᠨ᠎ᠤ ᠬᠢᠨᠠᠨ ᠰᠢᠯᠭᠠᠯᠳᠠ ᠵᠡᠷᠭᠡ 6 ᠲᠤᠰᠭᠠᠶ ᠵᠦᠶ᠋ᠯ᠎ᠦᠨ ᠬᠢᠨᠠᠨ ᠰᠢᠯᠭᠠᠯᠲᠠ᠎ᠶ᠋ᠢ ᠦᠯᠡᠳᠡᠭᠡᠵᠦ᠍᠂  ᠬᠣᠱᠢᠭᠤ ᠱᠢᠶᠠᠨ (ᠬᠣᠲᠠ᠂ ᠲᠣᠭᠣᠷᠢᠭ) ᠵᠢᠴᠢ ᠲᠡᠭᠦᠨ᠎ᠡᠴᠡ ᠳᠣᠷᠣᠭ᠍ᠰᠢᠬᠢ ᠲᠠᠰ ᠳᠠᠪᠬᠤᠷᠭ᠎ᠠ᠎ᠳᠤ ᠵᠥᠪᠬᠡᠨ 1 ᠶᠡᠷᠦᠩᠬᠡᠢᠯᠡᠭ᠌ᠰᠡᠨ ᠬᠢᠨᠠᠨ ᠰᠢᠯᠭᠠᠯᠲᠠ ᠶ᠋ᠢ ᠥᠷᠨᠢᠭᠦᠯᠵᠦ᠍᠂ 《ᠣᠯᠠᠨ ᠬᠢᠨᠠᠨ ᠱᠢᠯᠭᠠᠯᠲᠠ᠎ᠶ᠋ᠢ ᠨᠡᠢᠳᠭᠡᠵᠦ ᠨᠢᠭᠡ ᠪᠣᠯᠭᠠᠬᠤ 》 ᠎ᠶ᠋ᠢ ᠪᠡᠶᠡᠯᠡᠭᠦᠯᠪᠡ᠃

ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠺᠠᠳ᠋ᠷ᠎ᠤᠨ ᠨᠢᠭᠡᠳᠦᠭᠡᠷ ᠭᠠᠵᠠᠷ᠎ᠤᠨ ᠠᠵᠢᠯᠲᠠᠨ᠎ᠤ ᠲᠠᠨᠢᠯᠴᠠᠭᠤᠯᠤᠭ᠍ᠰᠠᠨ᠎ᠢᠶᠠᠷ᠂ ᠠᠳᠠᠯᠢ ᠨᠢᠭᠡ ᠰᠠᠯᠠᠭ᠎ᠠ ᠮᠥᠴᠢᠷ᠎ᠢᠶᠡᠷ ᠲᠦᠷᠦᠭᠦᠯᠡᠭᠦᠯᠦᠭ᠌ᠰᠡᠨ ᠣᠯᠠᠨ ᠵᠦᠶ᠋ᠯ᠎ᠦᠨ ᠬᠢᠨᠠᠨ ᠰᠢᠯᠭᠠᠬᠤ ᠭᠦᠶ᠋ᠴᠡᠳᠭᠡᠯ ᠲᠣᠭ᠎ᠠ ᠪᠠ ᠠᠳᠠᠯᠢ ᠪᠤᠰᠤ ᠰᠠᠯᠠᠭ᠎ᠠ ᠮᠥᠴᠢᠷ ᠎ᠢᠶᠡᠷ ᠲᠦᠷᠦᠭᠦᠯᠡᠭᠦᠯᠦᠭ᠌ᠰᠡᠨ ᠪᠣᠯᠪᠠᠴᠤ᠌ ᠠᠭᠤᠯᠭ᠎ᠠ᠎ᠨᠢ ᠠᠳᠠᠯᠢᠪᠲᠤᠷ ᠬᠢᠨᠠᠨ ᠰᠢᠯᠭᠠᠬᠤ ᠭᠦᠶ᠋ᠴᠡᠳᠭᠡᠯ ᠲᠣᠭ᠎ᠠ᠎ᠶ᠋ᠢ ᠨᠢᠭᠡᠳᠦᠯᠲᠡᠶ ᠲᠥᠯᠥᠪᠵᠢᠭᠦᠯᠦᠨ ᠨᠡᠢᠯᠡᠭᠦᠯᠵᠦ᠍᠂ ᠭᠦᠶ᠋ᠴᠡᠳᠭᠡᠯ ᠲᠣᠭ᠎ᠠ᠎ᠶ᠋ᠢ ᠬᠤᠷᠢᠶᠠᠩᠭᠤᠢᠯᠠᠨ ᠪᠤᠳᠤᠬᠤ ᠪᠤᠶᠤ ᠡᠳᠦᠷ ᠲᠤᠲᠤᠮ᠎ᠤᠨ ᠤᠢᠯᠠᠭᠠᠨ ᠡᠵᠡᠮᠱᠢᠭ᠌ᠰᠡᠨ ᠪᠠᠢᠳᠠᠯ᠎ᠲᠠᠶ ᠤᠶᠠᠯᠳᠤᠭᠤᠯᠤᠨ ᠬᠢᠨᠠᠨ ᠰᠢᠯᠭᠠᠬᠤ ᠦᠷ᠎ᠡ ᠳ᠋ᠦᠩ᠎ᠢ ᠣᠯᠵᠤ ᠳᠡᠢᠯᠪᠡᠯ ᠪᠣᠳᠠᠲᠠᠶ ᠭᠠᠵᠠᠷ ᠎ᠲᠤᠨᠢ ᠬᠢᠨᠠᠨ ᠰᠢᠯᠭᠠᠵᠤ ᠪᠣᠯᠬᠤ ᠥᠬᠡᠶ᠂ ᠥᠪᠡᠷᠲᠡᠭᠡᠨ ᠵᠠᠰᠠᠬᠤ ᠣᠷᠣᠨ ᠠᠢᠮᠠᠭ ᠬᠣᠲᠠ ᠎ᠶ᠋ᠢᠨ ᠭᠦᠶ᠋ᠴᠡᠳᠭᠡᠯ ᠲᠣᠭ᠎ᠠ᠎ᠵᠢ ᠬᠢᠨᠠᠨ ᠰᠢᠯᠭᠠᠬᠤ᠎ᠳᠠᠭᠠᠨ ᠪᠣᠳᠠᠲᠠᠶ ᠭᠠᠵᠠᠷ ᠎ᠲᠤᠨᠢ ᠬᠢᠨᠠᠨ ᠰᠢᠯᠭᠠᠬᠤ ᠴᠢᠬᠤᠯᠠᠲᠠᠶ ᠨᠢ ᠵᠥᠪᠬᠡᠨ 5.53% ᠎ᠶ᠋ᠢ ᠡᠵᠡᠯᠡᠬᠦ ᠪᠤᠯᠭᠠᠪᠠ᠃

ᠬᠢᠨᠠᠨ ᠱᠢᠯᠭᠠᠯᠲᠠ᠎ᠶ᠋ᠢᠨ ᠡᠴᠦᠰ᠎ᠦᠨ ᠵᠣᠷᠢᠯᠭ᠎ᠠ ᠪᠣᠯ ᠪᠣᠳᠠᠲᠠᠢ ᠠᠵᠢᠯᠯᠠᠬᠤ᠎ᠶ᠋ᠢ ᠠᠬᠢᠭᠤᠯᠵᠤ᠂ ᠬᠥᠭ᠌ᠵᠢᠯᠲᠡ᠎ᠶ᠋ᠢ ᠠᠬᠢᠭᠤᠯᠬᠤ ᠎ᠶ᠋ᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠬᠢᠨᠠᠨ ᠱᠢᠯᠭᠠᠬᠤ ᠠᠵᠢᠯ᠎ᠤᠨ ᠵᠥᠪ ᠴᠢᠭ᠌ᠯᠡᠯ᠎ᠢᠶᠡᠷ ᠤᠷᠮᠠᠱᠢᠭᠤᠯᠬᠤ ᠪᠠ ᠭᠡᠳᠡᠷᠭᠦ᠌ ᠱᠢᠬᠠᠮᠳᠠᠭᠤᠯᠬᠤ ᠦᠶ᠋ᠯᠡᠳᠦᠯ ᠎ᠢ ᠴᠢᠩᠭᠠᠳᠭᠠᠵᠤ᠂ ᠬᠢᠨᠠᠨ ᠱᠢᠯᠭᠠᠭ᠍ᠰᠠᠨ ᠦᠷ᠎ᠡ ᠳ᠋ᠦᠩ ᠪᠣᠯᠤᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠴᠠᠯᠢᠩ᠂ ᠺᠠᠳ᠋ᠷ ᠎ᠢ ᠰᠣᠩᠭᠣᠨ ᠲᠣᠮᠢᠯᠠᠬᠤ ᠪᠠ ᠲᠤᠱᠢᠶᠠᠯ᠎ᠤᠨ ᠲᠠᠰ ᠳᠡᠪᠱᠢᠭᠦᠯᠬᠦ᠌᠂ ᠱᠢᠯᠢᠳᠡᠭ᠎ᠢ ᠱᠢᠯᠭᠠᠷᠠᠭᠤᠯᠵᠤ ᠲᠡᠷᠢᠭᠦᠨ᠎ᠦ ᠬᠢ᠎ᠶ᠋ᠢ ᠱᠢᠯᠭᠠᠷᠠᠭᠤᠯᠬᠤ ᠵᠡᠷᠭᠡ᠎ᠶ᠋ᠢ ᠴᠢᠩᠭ᠎ᠠ ᠬᠣᠯᠪᠣᠭ᠍ᠳᠠᠭᠤᠯᠵᠤ᠂ ᠣᠨ᠎ᠤ ᠬᠢᠨᠠᠨ ᠱᠢᠯᠭᠠᠭ᠍ᠰᠠᠨ ᠦᠷ᠎ᠡ ᠳ᠋ᠦᠩ᠎ᠦᠨ ᠨᠡᠷᠡᠰ᠎ᠦᠨ ᠵᠢᠭ᠍ᠰᠠᠭᠠᠯᠲᠠ᠎ᠳᠤ ᠬᠣᠢᠨ᠎ᠠ ᠵᠢᠭ᠍ᠰᠠᠭᠠᠭ᠍ᠳᠠᠭ᠍ᠰᠠᠨ ᠤᠳᠤᠷᠢᠳᠭᠤ ᠺᠠᠳ᠋ᠷ᠎ᠲᠠᠶ ᠪᠣᠯᠵᠣᠨ ᠶᠠᠷᠢᠯᠴᠠᠵᠤ ᠰᠠᠨᠠᠭᠤᠯᠤᠨ᠂ 2 ᠵᠢᠯ ᠳᠠᠷᠠᠭᠠᠯᠠᠨ ᠨᠡᠷᠡᠰ᠎ᠦᠨ ᠵᠢᠭ᠍ᠰᠠᠭᠠᠯᠲᠠ᠎ᠳᠤ ᠬᠣᠢᠨ᠎ᠠ ᠵᠢᠭ᠍ᠰᠠᠭᠠᠭ᠍ᠳᠠᠭ᠍ᠰᠠᠨ ᠤᠳᠤᠷᠢᠳᠭᠤ ᠺᠠᠳ᠋ᠷ ᠲᠸ᠋ ᠵᠣᠬᠢᠶᠠᠨ ᠪᠠᠢᠭᠤᠯᠤᠯᠲᠠ᠎ᠶ᠋ᠢᠨ ᠲᠣᠬᠢᠷᠠᠭᠤᠯᠤᠯᠲᠠ ᠬᠢᠵᠦ᠍᠂ ᠰᠠᠢᠨ ᠠᠵᠢᠯᠯᠠᠪᠠᠯ ᠡᠷᠡᠮᠡᠯᠵᠡᠯ᠎ᠲᠡᠶ᠂ ᠰᠠᠢᠨ ᠠᠵᠢᠯᠯᠠᠬᠤ ᠥᠬᠡᠶ ᠪᠣᠯ ᠰᠠᠭᠤᠵᠤ ᠳᠡᠢᠯᠬᠦ᠌ ᠥᠬᠡᠶ ᠪᠣᠯᠭᠠᠵᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ᠂ ᠲᠡᠷᠢᠭᠦᠨ᠎ᠦ᠎ᠬᠢ ᠪᠣᠯᠬᠤ᠎ᠪᠠᠷ ᠴᠢᠷᠮᠠᠢᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号