ᠥᠪᠥᠷ ᠮᠣᠩᠭᠣᠯ ᠠᠵᠢᠯ ᠣᠯᠭᠣᠯᠲᠠ᠎ᠶ᠋ᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠎ᠤᠨ ᠵᠡᠷᠭᠡ᠎ᠪᠡᠷ ᠳᠡᠭᠡᠭ᠌ᠰᠢᠯᠡᠬᠦ᠌᠎ᠶ᠋ᠢ ᠴᠢᠨᠭᠭ᠎ᠠ ᠲᠤᠯᠭᠠᠭᠤᠷᠢᠯᠠᠪᠠ
2025-08-29 09:40:24
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

ᠤᠯᠠᠷᠢᠯ ᠎ᠤᠨ ᠰᠠᠢᠬᠠᠨ ᠎ᠳᠦ ᠲᠦᠮᠡᠨ ᠪᠣᠳᠠᠰ ᠠᠮᠢᠯᠠᠨ ᠲᠥᠯᠵᠢᠵᠦ᠍᠂ ᠥᠪᠥᠷ ᠮᠣᠩᠭᠣᠯ ᠎ᠤᠨ ᠡᠬᠡ ᠭᠠᠵᠠᠷ ᠎ᠲᠤ ᠤᠯᠠᠨ ᠬᠦᠯᠭᠡ ᠣᠩᠭᠣᠴᠠ ᠦᠷᠢᠰᠦᠯᠳᠦᠨ ᠤᠷᠤᠭᠰᠢᠯᠠᠬᠤ ᠬᠥᠭ᠌ᠵᠢᠯᠲᠡ᠎ᠵᠢᠨ ᠥᠷᠨᠢᠯᠲᠡ ᠭᠠᠷᠪᠠ᠃

ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ ᠮᠥᠨ᠂ ᠨᠢᠭᠡ ᠲᠠᠯ᠎ᠠ ᠨᠢ ᠠᠵᠤ ᠠᠬᠤᠢ᠎ᠶ᠋ᠢᠨ ᠬᠦᠭᠵᠢᠯᠳᠡ ᠲᠠᠢ ᠬᠣᠯᠪᠣᠯᠳᠤᠵᠤ᠂ ᠨᠢᠭᠡ ᠲᠠᠯ᠎ᠠ ᠨᠢ ᠲᠦᠭ ᠲᠦᠮᠡᠨ ᠠᠢᠯ ᠡᠷᠦᠬᠡ᠎ᠲᠡᠶ ᠬᠣᠯᠪᠣᠯᠳᠤᠵᠤ ᠪᠠᠢᠳᠠᠭ᠃ ᠥᠪᠥᠷ ᠮᠣᠩᠭᠣᠯ ᠣᠳᠣᠬᠠᠨ᠎ᠳᠤ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠤᠢ᠂ ᠴᠢᠨᠠᠷ ᠰᠠᠢᠲᠠᠢ ᠬᠥᠭ᠌ᠵᠢᠯᠲᠡ ᠪᠣᠯᠤᠨ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠬᠡᠷᠬᠢᠨ ᠠᠬᠢᠭᠤᠯᠬᠤ ᠪᠣᠯ ᠳᠠᠷᠤᠢ ᠲᠦᠷᠭᠡᠨ ᠱᠢᠢᠳᠪᠦᠷᠢᠯᠡᠬᠦ᠌ ᠴᠢᠬᠤᠯᠠᠲᠠᠢ ᠴᠢᠬᠤᠯᠠ ᠰᠡᠳᠦᠪ ᠪᠣᠯᠤᠨ᠎ᠠ᠃ ᠣᠢᠷ᠎ᠠ᠎ᠶ᠋ᠢᠨ ᠡᠳᠦᠷ᠎ᠦᠳ᠎ᠲᠦ ᠰᠤᠷᠪᠤᠯᠵᠢᠯᠠᠭ᠍ᠴᠢ ᠠᠵᠤ ᠠᠬᠤᠢᠯᠠᠯ᠎ᠤᠨ ᠦᠶ᠋ᠯᠡᠳᠪᠦᠷᠢ᠎ᠶ᠋ᠢᠨ ᠲᠠᠰᠤᠭ᠂ ᠦᠶ᠋ᠯᠡᠰ ᠪᠤᠰᠬᠠᠬᠤ ᠬᠦᠷᠢᠶᠡᠯᠡᠩ ᠲᠣᠭᠣᠷᠢᠭ᠂ ᠶᠡᠬᠡ ᠳᠡᠭᠡᠳᠦ ᠰᠤᠷᠭᠠᠭᠤᠯᠢ᠎ᠶ᠋ᠢᠨ ᠳᠠᠳᠤᠯᠭ᠎ᠠ ᠪᠣᠯᠪᠠᠰᠤᠷᠠᠯ᠎ᠤᠨ ᠲᠠᠰᠤᠭ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠴᠡᠭ ᠵᠡᠷᠭᠡ ᠲᠠᠯᠠᠪᠤᠷ᠎ᠲᠤ ᠬᠦᠷᠴᠦ᠍᠂ ᠥᠪᠥᠷ ᠮᠣᠩᠭᠣᠯ᠎ᠤᠨ ᠠᠵᠢᠯ ᠣᠯᠭᠣᠯᠲᠠ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠦᠶ᠋ᠯᠡᠳᠦᠯᠭᠡ᠎ᠶ᠋ᠢᠨ ᠠᠷᠭ᠎ᠠ ᠵᠠᠮ᠎ᠢ ᠬᠠᠢᠨ ᠰᠦᠪᠡᠭ᠌ᠴᠢᠯᠡᠪᠡ᠃

ᠠᠵᠤ ᠦᠶ᠋ᠯᠡᠰ᠎ᠦᠨ ᠠᠵᠢᠯ ᠎ᠤᠨ ᠪᠠᠢᠷᠢ ᠎ᠶ᠋ᠢ ᠥᠷᠭᠡᠳᠭᠡᠨ ᠠᠵᠢᠯ ᠣᠯᠭᠣᠯᠲᠠ᠎ᠵᠢᠨ ᠲᠤᠬᠢᠶᠠᠯ᠎ᠢ ᠨᠡᠮᠡᠭᠳᠡᠭᠦᠯᠵᠦ ᠲᠠᠷᠤᠯᠳᠠ᠎ᠶᠢ ᠨᠠᠮᠳᠠᠭᠤᠯᠪᠠ

ᠡᠨᠡ ᠵᠢᠯ ᠥᠪᠥᠷ ᠮᠣᠩᠭᠣᠯ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠦᠷᠭᠦᠯᠵᠢᠯᠡᠨ ᠭᠦᠨᠵᠡᠭᠡᠶ ᠬᠡᠷᠡᠭ᠌ᠵᠢᠭᠦᠯᠵᠦ᠍᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠠᠵᠢᠯ ᠣᠯᠭᠣᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠵᠤ ᠦᠶ᠋ᠯᠡᠰ᠎ᠢ ᠬᠥᠭ᠌ᠵᠢᠭᠦᠯᠬᠦ᠌᠎ᠪᠡᠷ ᠳᠡᠮᠵᠢᠨ ᠨᠠᠩ ᠣᠯᠠᠨ ᠠᠵᠢᠯ᠎ᠤᠨ ᠪᠠᠢᠷᠢ ᠡᠭᠦᠳᠪᠡ᠃

ᠠᠵᠤ ᠦᠢᠯᠡᠰ᠎ᠤᠨ ᠬᠦᠭᠵᠢᠯᠳᠡ ᠪᠡᠷ ᠠᠵᠢᠯ ᠣᠯᠭᠣᠯᠲᠠ᠎ᠶᠢ ᠲᠠᠢᠴᠢᠯᠠᠬᠤ ᠪᠣᠯ ᠥᠪᠥᠷ ᠮᠣᠩᠭᠣᠯ᠎ᠤᠨ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠴᠢᠬᠤᠯᠠ ᠠᠷᠭ᠎ᠠ ᠬᠡᠮᠵᠢᠶ᠎ᠡ᠎ᠶ᠋ᠢᠨ ᠨᠢᠭᠡ ᠪᠣᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ》 ᠎ᠢ᠋ ᠳᠠᠷᠤᠮᠠᠯᠯᠠᠨ ᠲᠠᠷᠬᠠᠭᠠᠵᠤ᠂ ᠠᠵᠤ ᠦᠶ᠋ᠯᠡᠰ᠎ᠦᠨ ᠬᠥᠭ᠌ᠵᠢᠯᠲᠡ ᠎ᠪᠡᠷ ᠠᠵᠢᠯ ᠣᠯᠭᠣᠯᠲᠠ᠎ᠶᠢ ᠳᠠᠢᠴᠢᠯᠠᠬᠤ ᠬᠦᠴᠦᠨ᠎ᠢ ᠳᠡᠭᠡᠭ᠌ᠰᠢᠯᠡᠭᠦᠯᠬᠦ᠌᠂ ᠦᠶ᠋ᠯᠡᠰ ᠪᠤᠰᠬᠠᠬᠤ ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ᠎ᠶ᠋ᠢ ᠵᠣᠷᠢᠭ᠍ᠵᠢᠭᠤᠯᠬᠤ᠂ ᠪᠦᠲᠦᠴᠡ ᠎ᠶ᠋ᠢᠨ ᠴᠢᠨᠠᠷᠲᠠᠶ ᠠᠵᠢᠯ ᠣᠯᠭᠣᠯᠲᠠ᠎ᠶ᠋ᠢᠨ ᠵᠥᠷᠢᠴᠡᠯ᠎ᠢ ᠱᠢᠶ᠋ᠳᠪᠦᠷᠢᠯᠡᠬᠦ᠌ ᠵᠡᠷᠭᠡ ᠲᠠᠯ᠎ᠠ᠎ᠪᠠᠷ ᠬᠦᠴᠦᠯᠡᠨ ᠱᠢᠪᠲᠤᠯᠤᠯᠲᠠ ᠬᠢᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠪᠠ᠃

ᠠᠵᠤ ᠦᠶ᠋ᠯᠡᠰ᠎ᠢᠶᠡᠷ ᠠᠵᠢᠯ ᠣᠯᠭᠣᠯᠲᠠ᠎ᠶ᠋ᠢ ᠳᠠᠢᠴᠢᠯᠠᠵᠤ᠂ ᠠᠵᠢᠯ ᠣᠯᠭᠣᠯᠲᠠ᠎ᠪᠠᠷ ᠠᠵᠤ ᠦᠶ᠋ᠯᠡᠰ᠎ᠢ ᠠᠬᠢᠭᠤᠯᠵᠤ᠂ ᠥᠪᠡᠷᠮᠢᠴᠡ ᠡᠬᠢ ᠪᠠᠶᠠᠯᠢᠭ ᠎ᠤᠨ ᠳᠠᠪᠠᠭᠤᠯᠢᠭ᠎ᠲᠠᠭᠠᠨ ᠲᠦᠱᠢᠭ᠌ᠯᠡᠨ ᠥᠪᠥᠷ ᠮᠣᠩᠭᠣᠯ ᠶᠠᠭ ᠭᠤᠤᠯᠳᠠᠯᠭ᠎ᠠ᠎ᠲᠠᠶ ᠠᠵᠤ ᠦᠶ᠋ᠯᠡᠰ᠂ ᠴᠢᠬᠤᠯᠠ ᠶᠡᠬᠡ ᠲᠥᠷᠥᠯ ᠵᠦᠶ᠋ᠯ᠎ᠦᠨ ᠲᠦᠷᠭᠡᠨ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠨᠢᠭᠡ ᠪᠦᠯᠦᠭ ᠠᠵᠢᠯ᠎ᠤᠨ ᠪᠠᠢᠷᠢ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢ ᠳᠠᠢᠴᠢᠯᠠᠵᠤ ᠪᠣᠶ᠃ ᠡᠨᠡ ᠵᠢᠯ ᠪᠥᠬᠥ᠌ ᠣᠷᠣᠨ᠎ᠤ ᠨᠥᠭᠡᠴᠡ ᠴᠢᠬᠤᠯᠠ ᠶᠡᠬᠡ ᠲᠥᠷᠥᠯ ᠵᠦᠶ᠋ᠯ 3352 ᠪᠠᠢᠵᠤ᠂ ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ ᠲᠥᠷᠥᠯ ᠵᠦᠶ᠋ᠯ 99 ᠪᠠᠢᠵᠤ᠂ ᠠᠷᠠᠯᠵᠢᠶᠠᠴᠢᠨ ᠤᠷᠢᠵᠤ ᠪᠠᠯᠠ ᠮᠦᠨᠭᠬᠦ ᠣᠷᠣᠭᠤᠯᠤᠨ ᠠᠪᠴᠢᠷᠠᠬᠤ ᠲᠥᠷᠥᠯ ᠵᠦᠶ᠋ᠯ᠎ᠢ 101 ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠵᠢᠨ ᠪᠠᠭ᠍ᠲᠠᠭᠠᠮᠵᠢ᠎ᠶ᠋ᠢ ᠲᠠᠰᠤᠷᠠᠯᠲᠠ ᠥᠬᠡᠶ ᠥᠷᠭᠡᠳᠭᠡᠪᠡ᠃

ᠡᠭᠦᠨ᠎ᠦ ᠬᠠᠮᠲᠤ ᠥᠪᠥᠷ ᠮᠣᠩᠭᠣᠯ ᠵᠠᠬ᠎ᠠ ᠳᠡᠯᠭᠡᠭᠦᠷ᠎ᠦᠨ ᠬᠦᠴᠦᠨ᠎ᠢ ᠭᠦᠶ᠋ᠴᠡᠳ ᠳᠠᠢᠴᠢᠯᠠᠵᠤ᠂ ᠬᠥᠮᠦᠨ ᠎ᠦ ᠬᠦᠴᠦᠨ ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠭᠤᠤᠯᠯᠠᠭ᠍ᠴᠢ ᠠᠵᠤ ᠠᠬᠤᠢᠯᠠᠯ ᠎ᠢ ᠪᠣᠢᠵᠢᠭᠤᠯᠬᠤ ᠢᠨᠵᠧᠨᠧᠷᠢᠩ ᠪᠠ ᠳᠠᠭᠠᠭᠤᠯᠤᠭ᠍ᠴᠢ ᠴᠢᠳᠠᠪᠤᠷᠢᠲᠠᠨ᠎ᠢ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠠᠵᠤ ᠦᠶ᠋ᠯᠡᠰ᠎ᠦᠨ ᠬᠦᠷᠢᠶᠡᠯᠡᠩ᠎ᠢ ᠨᠡᠢᠲᠡ 4 ᠪᠠᠢᠭᠤᠯᠵᠤ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠡᠵᠡᠩᠨᠡᠯᠲᠡ᠎ᠶ᠋ᠢᠨ ᠴᠢᠨᠠᠷᠲᠠᠶ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢ 1292 ᠎ᠲᠦ᠍ ᠬᠦᠷᠦᠭᠦᠯᠵᠦ᠍᠂ ᠠᠵᠢᠯᠴᠢᠨ ᠤᠷᠢᠵᠤ ᠬᠡᠷᠡᠭ᠌ᠯᠡᠬᠦ᠌᠂ ᠠᠵᠢᠯ᠎ᠤᠨ ᠪᠠᠢᠷᠢ᠎ᠶ᠋ᠢ ᠠᠭᠤᠳᠠᠯᠵᠤ ᠠᠵᠢᠯ᠎ᠤᠨ ᠪᠠᠢᠷᠢ᠎ᠶ᠋ᠢ ᠥᠷᠭᠡᠳᠭᠡᠬᠦ᠌᠂ ᠬᠥᠳᠡᠯᠮᠦᠷᠢ ᠦᠶ᠋ᠯᠡᠴᠢᠯᠡᠭᠡᠨ᠎ᠦ ᠬᠠᠮᠵᠢᠯᠴᠠᠭ᠎ᠠ ᠬᠢᠬᠦ᠌ ᠵᠡᠷᠭᠡ ᠠᠵᠢᠯ ᠣᠯᠭᠣᠯᠲᠠ᠎ᠶ᠋ᠢᠨ ᠦᠶ᠋ᠯᠡᠴᠢᠯᠡᠭᠡ ᠎ᠶ᠋ᠢ ᠥᠷᠭᠡᠨ᠎ᠢᠶᠡᠷ ᠥᠷᠨᠢᠭᠦᠯᠪᠡ᠃ ᠳᠡᠭᠡᠷ᠎ᠡ ᠬᠠᠭᠠᠰ ᠵᠢᠯ᠎ᠳᠦ ᠪᠥᠬᠥ᠌ ᠣᠷᠣᠨ᠎ᠤ ᠬᠣᠲᠠ ᠪᠠᠯᠭᠠᠰᠤᠨ᠎ᠤ 12.3 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠣᠨ᠎ᠤ ᠬᠠᠷᠠᠯᠲᠠ᠎ᠶ᠋ᠢᠨ 68.4% ᠎ᠶ᠋ᠢ ᠪᠡᠶᠡᠯᠡᠭᠦᠯᠵᠦ᠍᠂ ᠠᠵᠢᠯ ᠣᠯᠭᠣᠯᠲᠠ᠎ᠶ᠋ᠢᠨ ᠪᠠᠢᠳᠠᠯ ᠲᠣᠭ᠍ᠲᠠᠭᠤᠨ᠎ᠤ ᠳᠤᠮᠳᠠ ᠰᠠᠢᠵᠢᠷᠠᠪᠠ᠃

ᠲᠥᠷᠥ᠎ᠶ᠋ᠢᠨ ᠪᠣᠳᠣᠯᠭ᠎ᠠ ᠪᠡᠷ ᠠᠵᠢᠯ᠎ᠤᠨ ᠪᠠᠢᠷᠢ᠎ᠵᠢ ᠲᠤᠭᠲᠠᠪᠤᠷᠢᠵᠢᠭᠤᠯᠵᠤ  ᠠᠵᠢᠯ ᠣᠯᠭᠣᠯᠲᠠ᠎ᠶ᠋ᠢᠨ ᠦᠨᠳᠦᠰᠦᠨ ᠪᠠᠢᠳᠠᠯ᠎ᠢ ᠪᠠᠲᠤ ᠡᠵᠡᠮᠳᠡᠪᠡ

ᠡᠨᠡ ᠵᠢᠯ ᠥᠪᠥᠷ ᠮᠣᠩᠭᠣᠯ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ ᠪᠠᠯᠠ ᠮᠥᠩᠭᠥ᠎ᠶ᠋ᠢᠨ ᠣᠷᠣᠭᠤᠯᠤᠯᠲᠠ᠎ᠪᠠᠨ ᠦᠷᠭᠦᠯᠵᠢᠯᠡᠨ ᠴᠢᠩᠭᠠᠳᠭᠠᠵᠤ᠂ ᠠᠯᠢ ᠣᠯᠠᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠨᠡᠢᠲᠡᠯᠡᠵᠦ᠍᠂ ᠠᠵᠤ ᠠᠬᠤᠢᠯᠠᠯ᠎ᠢ ᠬᠠᠪᠰᠤᠷᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ᠎ᠶ᠋ᠢᠨ ᠬᠠᠮᠲᠤ ᠨᠠᠩ ᠣᠯᠠᠨ ᠠᠵᠢᠯ ᠣᠯᠭᠣᠬᠤ ᠲᠣᠬᠢᠶᠠᠯ᠎ᠢ ᠡᠭᠦᠳᠴᠦ᠍᠂ ᠠᠵᠢᠯ ᠣᠯᠭᠣᠯᠲᠠ᠎ᠶ᠋ᠢᠨ ᠦᠨᠳᠦᠰᠦᠨ ᠪᠠᠢᠳᠠᠯ᠎ᠢ ᠪᠠᠲᠤ ᠡᠵᠡᠮᠳᠡᠪᠡ᠃

ᠡᠨᠡ ᠵᠢᠯ  ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠮᠥᠩᠭᠥᠨ ᠭᠦᠶ᠋ᠯᠭᠡᠭᠡᠨ᠎ᠢᠶᠡᠷ ᠠᠵᠤ ᠠᠬᠤᠢᠯᠠᠯ᠎ᠢ ᠲᠤᠰᠠᠯᠠᠵᠤ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠠᠵᠢᠯ᠎ᠤᠨ ᠪᠠᠢᠷᠢ᠎ᠶ᠋ᠢ ᠦᠷᠭᠡᠳᠭᠡᠬᠦ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠪᠠᠭ᠎ᠠ ᠵᠢᠵᠢᠭ ᠠᠵᠤ ᠠᠬᠤᠢᠯᠠᠯ᠎ᠤᠨ ᠢᠲᠡᠭᠡᠮᠵᠢ ᠣᠯᠭᠣᠬᠤ ᠬᠠᠮᠤᠭ᠎ᠤᠨ ᠥᠨᠳᠥᠷ ᠲᠣᠭ᠎ᠠ ᠬᠡᠮᠵᠢᠶ᠎ᠡ᠎ᠶ᠋ᠢ 3000 ᠲᠦᠮᠡᠨ ᠲᠥᠭᠥᠷᠢᠭ ᠪᠠᠢᠭ᠍ᠰᠠᠨ᠎ᠠᠴᠠ 5000 ᠲᠦᠮᠡᠨ ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ ᠪᠠᠭ᠎ᠠ ᠵᠢᠵᠢᠭ ᠠᠵᠤ ᠠᠬᠤᠢᠯᠠᠯ᠎ᠤᠨ ᠡᠵᠡᠨ ᠪᠠ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ ᠵᠡᠷᠭᠡ ᠬᠤᠪᠢ ᠬᠥᠮᠦᠨ᠎ᠳᠦ ᠣᠷᠣᠭᠤᠯᠵᠤ᠂ ᠢᠲᠡᠭᠡᠮᠵᠢ ᠣᠯᠭᠣᠬᠤ ᠬᠠᠮᠤᠭ᠎ᠤᠨ ᠥᠨᠳᠥᠷ ᠲᠣᠭ᠎ᠠ ᠬᠡᠮᠵᠢᠶ᠎ᠡ᠎ᠶ᠋ᠢ 1000 ᠲᠦᠮᠡᠨ ᠲᠥᠭᠥᠷᠢᠭ ᠪᠣᠯᠭᠠᠪᠠ᠃ ᠵᠢᠭᠡᠯᠡᠯᠭᠡ᠎ᠶ᠋ᠢᠨ ᠬᠦᠦ ᠮᠥᠩᠭᠥ᠎ᠶ᠋ᠢᠨ ᠨᠣᠷᠮ᠎ᠠ ᠨᠢ ᠬᠠᠮᠤᠭ ᠥᠨᠳᠥᠷ᠎ᠲᠡᠬᠡᠨ 4% ᠎ᠡᠴᠡ ᠬᠡᠲᠦᠷᠡᠵᠦ᠍ ᠪᠣᠯᠬᠤ ᠦᠭᠡᠶ᠂ ᠬᠠᠮᠤᠭ ᠳᠣᠣᠷ᠎ᠠ᠎ᠳᠠᠭᠠᠨ 2.9% ᠬᠦᠷᠴᠦ᠍ ᠪᠣᠯᠤᠨ᠎ᠠ᠃ ᠲᠦᠷᠦᠭᠦᠦ 6 ᠰᠠᠷ᠎ᠠ᠎ᠳᠤ᠂ ᠪᠥᠬᠥ᠌ ᠣᠷᠣᠨ ᠠᠵᠤ ᠠᠬᠤᠢᠯᠠᠯ᠎ᠳᠤ ᠲᠤᠰᠠᠯᠠᠬᠤ ᠵᠢᠭᠡᠯᠡᠯᠭᠡ᠎ᠶ᠋ᠢ ᠨᠡᠢᠲᠡ 3.72 ᠳ᠋ᠦᠩᠱᠢᠭᠤᠷ ᠲᠥᠭᠥᠷᠢᠭ ᠲᠠᠯᠪᠢᠵᠤ᠂ 1438 ᠦᠶ᠋ᠯᠡᠰ ᠪᠤᠰᠬᠠᠬᠤ ᠭᠤᠤᠯ ᠴᠣᠭ᠍ᠴᠠ᠎ᠶ᠋ᠢ ᠬᠠᠪᠰᠤᠷᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠵᠦ᠍ ᠠᠵᠢᠯ ᠣᠯᠭᠣᠯᠲᠠ᠎ᠶ᠋ᠢ ᠠᠬᠢᠭᠤᠯᠪᠠ᠃

ᠭᠤᠤᠯᠳᠠᠯᠭ᠎ᠠ᠎ᠲᠠᠶ ᠬᠥᠮᠦᠰ᠎ᠲᠤ ᠦᠶ᠋ᠯᠡᠰ ᠪᠤᠰᠬᠠᠬᠤ ᠨᠥᠬᠥᠪᠥᠷᠢ ᠣᠯᠭᠣᠵᠤ᠂ ᠦᠶ᠋ᠯᠡᠰ ᠪᠤᠰᠬᠠᠬᠤ ᠪᠠᠯᠠ ᠬᠤᠷᠠᠮᠳᠤᠭᠤᠯᠬᠤ ᠳᠡᠮᠵᠢᠯᠭᠡ᠎ᠶ᠋ᠢ ᠨᠡᠮᠡᠭ᠌ᠳᠡᠭᠦᠯᠵᠦ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠭ᠍ᠰᠠᠨ ᠦᠶ᠋ᠯᠡᠰ ᠪᠤᠰᠬᠠᠬᠤ ᠬᠦᠷᠢᠶᠡᠯᠡᠩ᠎ᠤᠨ ᠣᠷᠣᠵᠤ ᠰᠠᠭᠤᠬᠤ ᠪᠠᠷᠢᠮᠵᠢᠶ᠎ᠠ᠎ᠶ᠋ᠢ ᠠᠭᠤᠵᠢᠭᠤ ᠪᠣᠯᠭᠠᠪᠠ ᠁ ᠥᠪᠥᠷ ᠮᠣᠩᠭᠣᠯ ᠠᠯᠢ ᠣᠯᠠᠨ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠶ᠋ᠢ ᠬᠡᠷᠡᠭ᠌ᠯᠡᠨ᠂ ᠦᠶ᠋ᠯᠡᠰ ᠪᠤᠰᠬᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠨ  ᠳᠠᠬᠢᠨ᠎ᠢᠶᠠᠷ ᠨᠡᠮᠡᠭ᠌ᠳᠡᠭᠦᠯᠬᠦ᠌ ᠦᠶ᠋ᠯᠡᠳᠦᠯ᠎ᠢ ᠪᠠᠳᠠᠷᠠᠭᠤᠯᠪᠠ᠃

ᠬᠢᠩᠭᠠᠨ ᠠᠢᠮᠠᠭ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠦᠶ᠋ᠯᠡᠰ ᠪᠤᠰᠭᠠᠵᠤ ᠱᠢᠨ᠎ᠡ᠎ᠶ᠋ᠢ ᠡᠭᠦᠳᠬᠦ᠌ ᠰᠠᠭᠤᠷᠢᠨ᠎ᠳᠤ  ᠦᠶ᠋ᠯᠡᠰ ᠪᠣᠰᠭᠠᠭ᠍ᠴᠢ ᠵᠣᠣ ᠴᠦᠨ ᠬᠤᠸᠠ᠄ 《ᠮᠠᠨ᠎ᠤ ᠲᠥᠷᠥᠯ ᠵᠦᠶ᠋ᠯ ᠲᠣᠭᠠᠴᠢᠯᠠᠭ᠍ᠰᠠᠨ ᠢᠬᠡᠷ᠎ᠡ ᠭᠤᠷᠪᠠᠨ ᠬᠡᠮᠵᠢᠯᠳᠦ ᠲᠣᠭ᠎ᠠ ᠪᠠᠷᠢᠮᠲᠠ᠎ᠶ᠋ᠢᠨ ᠬᠡᠷᠡᠭ᠌ᠯᠡᠭᠡᠨ᠎ᠦ ᠱᠢᠰᠲ᠋ᠧᠮ᠎ᠢ ᠰᠤᠳᠤᠯᠤᠨ ᠨᠡᠭᠡᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠪᠠᠢᠨ᠎ᠠ᠂ ᠣᠲᠣ ᠬᠦᠷᠢᠶᠡᠯᠡᠩ ᠲᠣᠭᠣᠷᠢᠭ᠎ᠤᠨ ᠬᠡᠷ᠎ᠦᠨ ᠲᠦᠷᠢᠶᠡᠰᠦ᠂ ᠠᠳᠠᠯ ᠠᠬᠤᠶ᠎ᠶ᠋ᠢᠨ ᠰᠦᠶ᠋ᠳᠭᠡᠯ᠎ᠢ ᠪᠦᠬᠦᠨ᠎ᠢ ᠬᠡᠯᠲᠦᠷᠢᠭᠦᠯᠪᠡ 》 ᠭᠡᠪᠡ᠃

ᠲᠤᠰ ᠺᠣᠮᠫᠠᠨᠢ ᠨᠢ ᠰᠤᠳᠤᠯᠤᠨ ᠦᠢᠯᠡᠳᠦᠭ᠌ᠰᠡᠨ 《ᠲᠣᠭᠠᠴᠢᠯᠠᠭ᠍ᠰᠠᠨ ᠢᠬᠡᠷ᠎ᠡ ᠤᠶᠤᠨᠲᠤ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ᠎ᠶ᠋ᠢᠨ ᠱᠢᠰᠲ᠋ᠧᠮ》 ᠵᠢᠡᠷ᠎ᠢᠶᠡᠨ ᠬᠢᠩᠭᠠᠨ ᠠᠢᠮᠠᠭ᠎ᠤᠨ ᠵᠢᠷᠭᠤᠳᠤᠭᠠᠷ ᠬᠤᠭᠤᠴᠠᠭᠠᠨ᠎ᠤ ᠦᠢᠯᠡᠰ ᠪᠤᠰᠭᠠᠵᠤ ᠱᠢᠨ᠎ᠡ ᠎ᠶ᠋ᠢ ᠡᠭᠦᠳᠬᠦ᠌ ᠤᠷᠤᠯᠳᠤᠭᠠᠨ᠎ᠤ ᠦᠢᠯᠡᠳᠬᠦ᠌ ᠦᠢᠯᠡᠰ᠎ᠦᠨ ᠳᠤᠭᠤᠢᠯᠠᠩ᠎ᠤᠨ ᠬᠣᠶᠠᠳᠤᠭᠠᠷ ᠳᠡᠰ᠎ᠤᠨ ᠱᠠᠩᠨᠠᠯ ᠵᠢᠴᠢ 8000 ᠲᠥᠭᠥᠷᠢᠭ᠎ᠦᠨ ᠱᠠᠩᠨᠠᠯ᠎ᠤᠨ ᠮᠦᠩᠭᠦ ᠬᠦᠷᠳᠡᠵᠤ᠂ ᠣᠳᠣᠬᠠᠨ᠎ᠳᠤ 15 ᠬᠥᠮᠦᠨ᠎ᠢ ᠲᠠᠢ᠌ᠴᠢᠯᠠᠨ ᠠᠵᠢᠯ ᠣᠯᠭᠣᠵᠤ᠂ ᠡᠨᠡ ᠵᠢᠯ ᠪᠠ ᠢᠷᠡᠬᠦ᠌ ᠵᠢᠯ᠎ᠳᠦ ᠲᠠᠬᠢᠨ 15  ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠡᠯᠰᠡᠬᠦ᠌᠎ᠪᠡᠷ ᠲᠥᠯᠥᠪᠯᠡᠵᠦ᠍ ᠪᠠᠢᠨ᠎ᠠ᠃

ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ ᠪᠣᠯ ᠠᠵᠢᠯ ᠣᠯᠭᠣᠯᠲᠠ᠎ᠵᠢ ᠲᠠᠲᠠᠬᠤ 《ᠭᠤᠤᠯ ᠬᠦᠴᠦᠨ》 ᠮᠥᠨ᠃ ᠡᠨᠡ ᠵᠢᠯ  ᠥᠪᠥᠷ ᠮᠣᠩᠭᠣᠯ ᠠᠵᠢᠯ᠎ᠠᠴᠠ ᠪᠣᠯᠤᠭ᠍ᠰᠠᠨ ᠭᠡᠮᠲᠦᠯ ᠪᠠ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠦᠶ᠋ᠳᠭᠡᠯ᠎ᠦᠨ ᠨᠣᠷᠮ᠎ᠠ᠎ᠶ᠋ᠢ ᠱᠠᠲᠤ ᠦᠶᠡᠴᠢ ᠴᠢᠨᠠᠷᠲᠠᠶ᠎ᠪᠠᠷ ᠪᠠᠭᠤᠷᠠᠭᠤᠯᠬᠤ᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠨᠦᠬᠦᠪᠦᠷᠢ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠪᠠᠷ ᠶᠡᠬᠡ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠂ ᠳᠤᠮᠳᠠ ᠪᠠᠭ᠎ᠠ ᠵᠢᠵᠢᠭ ᠠᠵᠤ ᠠᠬᠤᠢᠯᠠᠯ ᠵᠡᠷᠭᠡ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠳᠡᠮᠵᠢᠬᠦ᠌᠎ᠪᠡᠨ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠴᠡᠪᠡᠷ ᠠᠱᠢᠭ᠎ᠢ ᠨᠡᠢᠲᠡ 50.6 ᠳ᠋ᠦᠩᠱᠢᠭᠤᠷ ᠲᠥᠭᠥᠷᠢᠭ ᠭᠠᠷᠭᠠᠵᠤ᠂ ᠪᠥᠬᠥ᠌ ᠣᠷᠣᠨ᠎ᠤ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠶᠡᠷᠦᠩᠬᠡᠶ ᠬᠡᠮᠵᠢᠶ᠎ᠡ ᠬᠥᠭ᠌ᠵᠢᠭᠡᠳ 293.2 ᠲᠦᠮᠡᠨ ᠡᠷᠦᠬᠡ ᠪᠣᠯᠪᠠ᠃

ᠤᠷ᠎ᠠ ᠴᠢᠳᠠᠪᠤᠷᠢ ᠪᠡᠷ ᠠᠵᠢᠯ ᠎ᠤᠨ ᠪᠠᠢᠷᠢ ᠎ᠶ᠋ᠢ ᠬᠦᠴᠦᠷᠬᠡᠭ᠌ᠵᠢᠭᠦᠯᠵᠦ᠍  ᠠᠵᠢᠯ ᠣᠯᠭᠣᠯᠲᠠ᠎ᠶ᠋ᠢᠨ ᠦᠨ᠎ᠡ ᠥᠷᠲᠡᠭ᠎ᠢ ᠳᠡᠭᠡᠭ᠌ᠰᠢᠯᠡᠭᠦᠯᠪᠠ

ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠪᠣᠯ ᠮᠡᠷᠭᠡᠵᠢᠯ ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠪᠦᠲᠦᠴᠡ᠎ᠶ᠋ᠢᠨ ᠴᠢᠨᠠᠷᠲᠠᠶ ᠠᠵᠢᠯ ᠣᠯᠭᠣᠯᠲᠠ᠎ᠶ᠋ᠢᠨ ᠵᠥᠷᠢᠴᠡᠯ᠎ᠢ ᠨᠠᠮᠳᠠᠭᠤᠯᠬᠤ᠎ᠶ᠋ᠢᠨ ᠵᠠᠩᠭᠢᠯᠠᠭ᠎ᠠ ᠪᠣᠯᠤᠨ᠎ᠠ᠃ 《ᠬᠢᠬᠦ ᠬᠦᠮᠦᠨ ᠪᠠᠢᠭᠠᠳ ᠠᠵᠢᠯ ᠪᠠᠢᠬᠤ ᠥᠬᠡᠶ》 ᠪᠠ 《ᠠᠵᠢᠯ ᠪᠠᠢᠬᠤ᠎ᠳᠤ ᠬᠢᠬᠦ ᠬᠥᠮᠦᠨ ᠥᠬᠡᠶ》 ᠠᠵᠢᠯ ᠣᠯᠭᠣᠯᠲᠠ᠎ᠶ᠋ᠢᠨ ᠵᠥᠷᠢᠴᠡᠯ᠎ᠳᠦ ᠴᠢᠭ᠌ᠯᠡᠭᠦᠯᠦᠨ᠂ ᠡᠨᠡ ᠵᠢᠯ᠎ᠦᠨ 5 ᠰᠠᠷ᠎ᠠ᠎ᠠᠴᠠ ᠡᠬᠢᠯᠡᠨ᠂ ᠥᠪᠥᠷ ᠮᠣᠩᠭᠣᠯ ᠤᠷ᠎ᠠ ᠴᠢᠳᠠᠪᠤᠷᠢ᠎ᠪᠠᠷ ᠢᠷᠡᠭᠡᠳᠦᠶ᠎ᠶ᠋ᠢ ᠭᠡᠷᠡᠯᠳᠦᠭᠦᠯᠬᠦ》 ᠪᠣᠯᠪᠠᠰᠤᠷᠠᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠭᠤᠤᠯᠳᠠᠭᠤ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠪᠠᠷ ᠶᠡᠬᠡ᠂ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ ᠲᠣᠪᠣᠢᠮ᠎ᠠ ᠬᠦᠷᠢᠶ᠎ᠡ᠎ᠪᠡᠷ ᠭᠤᠤᠯᠯᠠᠭᠤᠯᠤᠨ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢᠶᠠᠷ ᠳᠠᠮᠵᠢᠭᠤᠯᠤᠨ ᠬᠥᠳᠡᠯᠮᠦᠷᠢᠴᠢᠳ᠎ᠢ ᠬᠠᠪᠰᠤᠷᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠵᠣᠬᠢᠴᠠᠭᠤᠯᠪᠠ᠃ ᠬᠣᠶᠠᠷ ᠰᠠᠷ᠎ᠠ᠎ᠶ᠋ᠢᠨ ᠡᠮᠦᠨ᠎ᠡ᠂ ᠦᠬᠠᠶ᠎ᠳᠤ ᠰᠠᠭᠤᠭ᠎ᠠ ᠠᠵᠢᠯ ᠡᠷᠢᠭ᠌ᠴᠢ ᠸᠠᠩ ᠲᠤᠤ ᠰᠠᠭᠤᠭᠠᠯᠢ ᠲᠣᠭᠣᠷᠢᠭ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠵᠢᠷᠬᠢᠶ᠎ᠡ᠎ᠵᠢᠨ ᠲᠤᠭᠤᠷᠢᠭ᠎ᠲᠤ᠂ ᠠᠵᠢᠯ ᠣᠯᠭᠣᠯᠲᠠ᠎ᠶ᠋ᠢᠨ ᠰᠠᠯᠠᠭ᠎ᠠ ᠮᠥᠴᠢᠷ᠎ᠦᠨ ᠨᠡᠢᠲᠡᠯᠡᠭ᠌ᠰᠡᠨ ᠨᠥᠬᠥᠪᠥᠷᠢ᠎ᠶ᠋ᠢᠨ ᠴᠢᠨᠠᠷᠲᠠᠶ ᠪᠣᠯᠪᠠᠰᠤᠷᠠᠯ᠎ᠤᠨ ᠮᠡᠳᠡᠭᠡ ᠵᠠᠩᠭᠢ᠎ᠶ᠋ᠢ ᠤᠯᠵᠤ ᠦᠵᠡᠵᠦ᠍᠂ ᠲᠠᠯᠬ᠎ᠠ ᠬᠠᠭ᠍ᠰᠠᠭᠠᠬᠤ ᠰᠦᠶ᠋ᠳᠭᠡᠯ ᠬᠤᠷᠢᠶᠠᠬᠤ ᠥᠬᠡᠶ ᠪᠣᠯᠪᠠᠰᠤᠷᠠᠯ᠎ᠢ ᠨᠡᠷ᠎ᠡ ᠮᠡᠳᠡᠭᠦᠯᠵᠦ᠍ ᠰᠤᠷᠤᠯᠴᠠᠪᠠ᠃ ᠸᠠᠩ ᠲᠤᠤ᠄ 《ᠪᠣᠯᠪᠠᠰᠤᠷᠠᠯ ᠵᠢᠡᠷ ᠳᠠᠮᠵᠢᠨ ᠪᠢ ᠨᠢᠭᠡ ᠵᠦᠢᠯ᠎ᠦᠨ ᠮᠡᠷᠭᠡᠵᠢᠯ᠎ᠲᠡᠶ ᠪᠣᠯᠤᠭ᠍ᠰᠠᠨ ᠮᠥᠷᠲᠡᠭᠡᠨ ᠪᠠᠰᠠ ᠬᠠᠨᠤᠮᠵᠢᠲᠠᠢ ᠠᠵᠢᠯ ᠣᠯᠵᠠᠢ》  ᠭᠡᠪᠡ᠃

ᠬᠥᠳᠡᠯᠮᠦᠷᠢᠯᠡᠭ᠌ᠴᠢᠳ᠎ᠦᠨ ᠠᠵᠢᠯ ᠣᠯᠬᠤ ᠥᠷᠢᠰᠥᠯᠳᠦᠬᠦ᠌ ᠬᠦᠴᠦᠨ᠎ᠢ ᠴᠢᠩᠭᠠᠳᠬᠠᠵᠤ᠂ ᠵᠠᠬ᠎ᠠ ᠳᠡᠯᠭᠡᠭᠦᠷ᠎ᠦᠨ ᠤᠷᠢᠬᠤ ᠬᠡᠷᠡᠭ᠌ᠴᠡᠭᠡ ᠱᠠᠭᠠᠷᠳᠠᠯᠭ᠎ᠠ᠎ᠯᠤᠭ᠎ᠠ᠎ᠶ᠋ᠢᠨ ᠲᠣᠬᠢᠷᠠᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠥᠪᠥᠷ ᠮᠣᠩᠭᠣᠯ ᠪᠡᠯᠡ ᠮᠥᠩᠭᠥ᠌ ᠰᠠᠯᠭᠠᠨ ᠥᠭ᠌ᠴᠦ ᠪᠣᠯᠪᠠᠰᠤᠷᠠᠯ᠎ᠤᠨ ᠪᠠᠢᠭᠤᠯᠤᠮᠵᠢ ᠤᠷᠢᠨ ᠬᠥᠳᠡᠯᠮᠦᠷᠢᠯᠡᠭ᠌ᠴᠢᠳ᠎ᠲᠦ ᠰᠦᠢᠳᠭᠡᠯ ᠬᠤᠷᠢᠶᠠᠬᠤ ᠦᠭᠡᠶ᠎ᠪᠡᠷ ᠪᠣᠯᠪᠠᠰᠤᠷᠠᠯ ᠬᠦᠷᠳᠡᠭᠡᠪᠡ᠃

ᠬᠥᠬᠡᠬᠣᠲᠠ᠎ᠶ᠋ᠢᠨ ᠸᠠᠨ ᠲᠦᠩ ᠮᠠᠱᠢᠨ ᠲᠡᠷᠭᠡᠨ᠎ᠦ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠶ᠋ᠢᠨ ᠳᠠᠳᠤᠯᠭ᠎ᠠ ᠪᠣᠯᠪᠠᠰᠤᠷᠠᠯ᠎ᠤᠨ ᠠᠰᠠᠷ᠎ᠲᠤ᠂ ᠰᠤᠷᠤᠭ᠍ᠴᠢᠳ ᠶᠠᠭ ᠪᠦᠬᠦ᠌ ᠲᠡᠷᠭᠡ᠎ᠶ᠋ᠢᠨ ᠳᠠᠳᠤᠯᠭ᠎ᠠ ᠪᠣᠯᠪᠠᠰᠤᠷᠠᠯ ᠬᠢᠵᠦ᠍ ᠪᠠᠢᠪᠠ᠃ ᠲᠡᠭᠦᠰᠭᠦ ᠰᠣᠷᠣᠭ᠍ᠴᠢ ᠭᠦᠸᠧ ᠵᠢᠶᠠᠩ ᠪᠥᠸᠧ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠰᠤᠷᠭᠠᠭᠤᠯᠢ᠎ᠶ᠋ᠢᠨ 《ᠬᠠᠨᠳᠤᠯᠭᠠᠲᠤ ᠮᠠᠶᠢᠭ》 ᠎ᠤ᠋ᠨ ᠬᠥᠮᠦᠵᠢᠭᠦᠯᠬᠦ᠌ ᠵᠠᠭ᠍ᠪᠤᠷ᠎ᠨᠢ ᠲᠡᠭᠦᠨ᠎ᠢ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ᠎ᠳᠦ ᠮᠠᠰᠢ ᠲᠦᠷᠭᠡᠨ ᠵᠣᠬᠢᠴᠠᠭᠤᠯᠵᠤ᠂ ᠳᠠᠳᠤᠯᠭ᠎ᠠ᠎ᠶ᠋ᠢᠨ ᠬᠤᠭᠤᠴᠠᠭᠠᠨ᠎ᠳᠤ ᠠᠵᠤ ᠠᠬᠤᠢᠯᠠᠯ ᠰᠠᠷ᠎ᠠ ᠪᠦᠷᠢ 4500 ᠲᠥᠭᠥᠷᠢᠭ ᠎ᠦᠨ ᠴᠠᠯᠢᠩ ᠣᠯᠭᠣᠵᠤ᠂ ᠵᠢᠩᠬᠢᠨᠢᠴᠢᠯᠡᠭ᠌ᠰᠡᠨ᠎ᠦ ᠳᠠᠷᠠᠭᠠᠬᠢ ᠴᠠᠯᠢᠩ᠎ᠨᠢ 1 ᠲᠦᠮᠡᠨ ᠲᠥᠭᠥᠷᠢᠭ᠎ᠡᠴᠡ ᠳᠡᠭᠡᠭ᠌ᠰᠢ ᠪᠣᠯᠪᠠ ᠭᠡᠵᠡᠶ᠃

ᠠᠵᠢᠯ ᠣᠯᠭᠣᠬᠤ ᠎ᠪᠠᠷ ᠤᠳᠤᠷᠢᠳᠤᠮᠵᠢ ᠪᠣᠯᠭᠠᠵᠤ᠂ ᠪᠣᠯᠪᠠᠰᠤᠷᠠᠯ᠎ᠢ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ ᠯᠤᠭ᠎ᠠ ᠤᠶᠠᠯᠳᠤᠭᠤᠯᠤᠨ᠎ᠠ᠃ ᠡᠨᠡ ᠵᠢᠯ᠎ᠦᠨ 1 ᠡᠴᠡ 6 ᠰᠠᠷ᠎ᠠ ᠪᠣᠯᠲᠠᠯ᠎ᠠ᠂ ᠪᠥᠬᠥ᠌ ᠣᠷᠣᠨ᠎ᠳᠤ ᠨᠥᠬᠥᠪᠥᠷᠢ᠎ᠶ᠋ᠢᠨ ᠴᠢᠨᠠᠷᠲᠠᠶ ᠪᠣᠯᠪᠠᠰᠤᠷᠠᠯ᠎ᠢ 7.34 ᠲᠦᠮᠡᠨ ᠬᠥᠮᠦᠨ ᠤᠳᠠᠭ᠎ᠠ ᠥᠷᠨᠢᠭᠦᠯᠪᠡ᠃

ᠢᠯᠢ ᠰᠦ ᠎ᠶ᠋ᠢᠨ ᠦᠶ᠋ᠯᠡᠰ᠎ᠦᠨ ᠳᠡᠭᠡᠳᠦ ᠮᠡᠷᠭᠡᠵᠢᠯ ᠎ᠦᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ᠎ᠳᠤ᠂ ᠰᠤᠷᠤᠭ᠍ᠴᠢᠳ ᠴᠠᠭᠠᠨ ᠢᠳᠡᠭᠡ ᠪᠣᠯᠪᠠᠰᠤᠷᠠᠭᠤᠯᠬᠤ ᠪᠣᠳᠠᠲᠠᠶ ᠪᠣᠯᠪᠠᠰᠤᠷᠠᠯ ᠬᠢᠵᠦ᠍ ᠪᠣᠶ᠃ ᠡᠨᠳᠡ ᠲᠡᠷᠢᠭᠦᠨ᠎ᠦ ᠴᠠᠭᠠᠨ ᠢᠳᠡᠭᠡ ᠪᠣᠯᠪᠠᠰᠤᠷᠠᠭᠤᠯᠬᠤ ᠲᠥᠬᠥᠭᠡᠷᠦᠮᠵᠢ ᠪᠠ ᠤᠷ᠎ᠠ ᠮᠡᠷᠭᠡᠱᠢᠯ᠎ᠲᠡᠶ ᠪᠠᠢᠵᠤ᠂ ᠴᠠᠭᠠᠨ ᠢᠳᠡᠭᠡ ᠪᠣᠯᠪᠠᠰᠤᠷᠠᠭᠤᠯᠬᠤ ᠤᠷ᠎ᠠ ᠮᠡᠷᠭᠡᠵᠢᠯ᠎ᠦᠨ ᠪᠣᠳᠠᠲᠠᠶ ᠪᠣᠯᠪᠠᠰᠤᠷᠠᠯ ᠬᠢᠬᠦ᠌ ᠨᠥᠬᠥᠴᠡᠯ᠎ᠢ ᠪᠦᠷᠢᠯᠳᠦᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠡᠯ᠎ᠡ ᠲᠥᠷᠥᠯ᠎ᠦᠨ ᠴᠠᠭᠠᠨ ᠢᠳᠡᠭᠡᠨ᠎ᠦ ᠠᠵᠤ ᠦᠶ᠋ᠯᠡᠳᠪᠦᠷᠢ᠎ᠶ᠋ᠢᠨ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠡᠷᠭᠢᠯᠡᠵᠦ᠍ ᠪᠣᠯᠤᠨ᠎ᠠ᠃

《ᠪᠣᠯᠪᠠᠰᠤᠷᠠᠯ᠎ᠤᠨ ᠰᠠᠭᠤᠷᠢᠨ ᠨᠢ ᠰᠦᠯᠵᠢᠶᠡᠨ ᠳᠡᠭᠡᠷᠡᠬᠢ ᠰᠤᠷᠤᠯᠴᠠᠯᠭ᠎ᠠ᠎ᠶ᠋ᠢᠨ ᠲᠠᠪᠴᠠᠩ ᠪᠠ ᠪᠤᠳᠠᠲᠤ ᠴᠤᠭᠴᠠ᠎ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠡᠬᠦ᠌ ᠬᠣᠶᠠᠷ ᠬᠡᠰᠡᠭ᠎ᠢᠶᠡᠷ ᠪᠦᠷᠢᠯᠳᠦᠵᠦ᠍᠂ ᠰᠦ᠎ᠶ᠋ᠢᠨ ᠦᠶ᠋ᠯᠡᠰ᠎ᠦᠨ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠤ ᠣᠨᠣᠯ᠎ᠤᠨ ᠰᠤᠷᠤᠯᠴᠠᠯᠭ᠎ᠠ᠎ᠠᠴᠠ ᠤᠷ᠎ᠠ ᠴᠢᠳᠠᠪᠤᠷᠢ᠎ᠶ᠋ᠢᠨ ᠳᠠᠳᠤᠯᠭ᠎ᠠ ᠪᠣᠯᠪᠠᠰᠤᠷᠠᠯ᠎ᠳᠤ ᠬᠥᠷᠬᠥ᠌ ᠬᠡᠷᠡᠭ᠌ᠴᠡᠭᠡ᠎ᠶ᠋ᠢ ᠪᠦᠲᠦᠮᠵᠢᠲᠡᠶ ᠬᠠᠩᠭᠠᠵᠤ᠂ ᠵᠢᠯ ᠪᠦᠷᠢ ᠰᠦ᠎ᠶ᠋ᠢᠨ ᠦᠶ᠋ᠯᠡᠰ᠎ᠦᠨ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ ᠎ᠢ 1 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠰᠦ᠎ᠶ᠋ᠢᠨ ᠦᠶ᠋ᠯᠡᠰ᠎ᠲᠦ ᠱᠢᠯᠢᠳᠡᠭ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠢ 2000 ᠭᠠᠷᠤᠶ ᠬᠥᠮᠦᠵᠢᠭᠦᠯᠵᠦ᠍ ᠥᠭ᠌ᠭᠦᠨ᠎ᠡ》 ᠭᠡᠵᠦ ᠢᠯᠢ ᠪᠦᠯᠦᠭ᠌ᠯᠡᠯ᠎ᠦᠨ ᠳᠡᠭᠡᠳᠦ ᠵᠡᠷᠭᠡ᠎ᠶ᠋ᠢᠨ ᠭᠦᠶ᠋ᠴᠡᠳᠭᠡᠭ᠌ᠴᠢ ᠵᠠᠬᠢᠷᠤᠯ ᠯᠢᠦ ᠴᠦᠨ ᠰᠢ ᠢᠯᠡᠳᠭᠡᠪᠡ᠃

ᠤᠷ᠎ᠠ ᠴᠢᠳᠠᠪᠤᠷᠢᠲᠠᠨ᠎ᠢ ᠴᠣᠯᠭᠣᠷᠠᠭᠤᠯᠬᠤ᠎ᠶ᠋ᠢᠨ ᠲᠥᠯᠥᠭᠡ᠂ ᠤᠯᠠᠭᠠᠨᠴᠠᠪ ᠬᠣᠲᠠ ᠣᠯᠠᠨ ᠡᠱᠢᠵᠢᠭ᠌ᠰᠡᠨ ᠤᠷ᠎ᠠ  ᠴᠢᠳᠠᠪᠤᠷᠢᠲᠠᠨ ᠎ᠢ ᠦᠨᠡᠯᠡᠬᠦ᠌ ᠱᠢᠰᠲ᠋ᠧᠮ᠎ᠢ ᠪᠠᠢᠭᠤᠯᠵᠤ᠂ ᠤᠷ᠎ᠠ ᠴᠢᠳᠠᠪᠤᠷᠢᠲᠠᠨ᠎ᠤ ᠦᠰᠦᠨ ᠪᠣᠢᠵᠢᠬᠤ᠎ᠳᠤ ᠵᠠᠮ ᠳᠡᠪᠢᠰᠴᠦ᠍ ᠬᠥᠭᠥᠷᠭᠡ ᠲᠠᠯᠪᠢᠵᠤ ᠥᠭ᠌ᠬᠦ᠎ᠪᠡᠷ ᠴᠢᠷᠮᠠᠢᠵᠤ ᠪᠠᠢᠨ᠎ᠠ᠃ ᠠᠵᠤ ᠦᠢᠯᠡᠰᠵᠢᠯᠲᠡ ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠠᠵᠤ ᠠᠬᠤᠢᠯᠠᠯ ᠎ᠤᠨ ᠪᠡᠶ᠎ᠡ᠎ᠪᠡᠨ ᠳᠠᠭᠠᠭᠠᠵᠤ ᠦᠨᠡᠯᠡᠬᠦ᠌ ᠠᠵᠢᠯ᠎ᠢ ᠢᠳᠡᠪᠬᠢᠲᠡᠶ ᠥᠷᠨᠢᠭᠦᠯᠦᠨ᠂ 5 ᠭᠤᠤᠯᠳᠠᠯᠭ᠎ᠠ᠎ᠲᠠᠶ ᠠᠵᠤ ᠠᠬᠤᠢᠯᠠᠯ᠎ᠢ ᠱᠢᠯᠢᠨ ᠰᠣᠩᠭᠣᠵᠤ ᠠᠵᠢᠯᠲᠠᠨ ᠠᠵᠢᠯᠴᠢᠨ᠎ᠳᠤ ᠪᠡᠶ᠎ᠡ᠎ᠪᠡᠨ ᠳᠠᠭᠠᠭᠠᠵᠤ ᠦᠨᠡᠯᠡᠬᠦ᠌᠎ᠶ᠋ᠢ ᠥᠷᠨᠢᠭᠦᠯᠵᠦ᠍᠂ ᠨᠢᠭᠡᠨᠲᠡ ᠦᠨᠡᠯᠡᠭ᠌ᠰᠡᠨ ᠤᠷ᠎ᠠ ᠴᠢᠳᠠᠪᠤᠷᠢᠲᠠᠨ 243 ᠪᠠᠢᠵᠤ᠂ ᠠᠵᠢᠯ ᠮᠡᠷᠭᠡᠵᠢᠯ (ᠠᠵᠢᠯ ᠲᠥᠷᠥᠯ) ᠎ᠨᠢ ᠰᠦ᠎ᠵᠢᠨ ᠦᠶ᠋ᠯᠡᠰ᠂ ᠬᠢᠮᠢ᠎ᠶ᠋ᠢᠨ ᠠᠵᠤ ᠦᠶ᠋ᠯᠡᠳᠪᠦᠷᠢ᠂ ᠲᠡᠮᠦᠷ᠎ᠦᠨ ᠬᠠᠢᠯᠤᠰᠢ ᠵᠡᠷᠭᠡ ᠣᠨᠴᠠᠯᠢᠭ᠍ᠲᠤ ᠠᠵᠤ ᠦᠶ᠋ᠯᠡᠰ᠎ᠢ ᠬᠠᠮᠤᠷᠪᠠ; ᠮᠠᠯᠴᠢᠨ ᠲᠠᠷᠢᠶᠠᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠢ ᠦᠨᠡᠯᠡᠬᠦ᠌ ᠠᠵᠢᠯ᠎ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢᠨ ᠬᠡᠷᠡᠭ᠌ᠴᠡᠭᠡ᠎ᠳᠦ ᠵᠣᠬᠢᠴᠠᠭ᠍ᠰᠠᠨ ᠤᠷ᠎ᠠ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠪᠡ᠃

《ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ》 ᠡᠴᠡ 《ᠠᠵᠢᠯ ᠣᠯᠭᠣᠯᠲᠠ᠎ᠶᠢ ᠰᠢᠯᠢᠳᠡᠭᠵᠢᠭᠦᠯᠬᠦ》 ᠬᠦᠷᠲᠡᠯ᠎ᠡ᠂ ᠥᠪᠥᠷ ᠮᠣᠩᠭᠣᠯ᠎ᠤᠨ ᠠᠵᠢᠯ ᠣᠯᠭᠣᠯᠲᠠ᠎ᠶ᠋ᠢᠨ ᠪᠠᠢᠳᠠᠯ᠎ᠳᠤ ᠲᠤᠭ᠎ᠠ ᠬᠡᠮᠵᠢᠶ᠎ᠡ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠬᠦ᠌ ᠰᠠᠢ᠌ᠨ ᠰᠠᠢᠬᠠᠨ ᠪᠠᠢᠳᠠᠯ ᠢᠯᠡᠷᠡᠪᠡ᠃ 《ᠪᠢᠳᠡ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ ᠨᠦᠭᠡᠴᠡ ᠎ᠶ᠋ᠢ ᠲᠣᠭ᠍ᠲᠠᠪᠤᠷᠢᠵᠢᠭᠤᠯᠵᠤ᠂ ᠨᠡᠮᠡᠭᠳᠡᠯ᠎ᠢ ᠦᠷᠭᠡᠳᠭᠡᠵᠦ᠂ ᠶᠠᠰᠤ ᠴᠢᠨᠠᠷ ᠎ᠢ ᠳᠡᠭᠡᠭ᠌ᠰᠢᠯᠡᠭᠦᠯᠵᠦ᠍᠂ ᠬᠣᠷᠢᠭ᠎ᠠ ᠱᠤᠭᠤᠮ᠎ᠢ ᠰᠠᠬᠢᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠶ᠋ᠯᠡᠳᠦᠯᠭᠡ᠎ᠳᠦ ᠬᠦᠴᠦᠨ ᠨᠡᠮᠡᠷᠢᠯᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号