ᠫᠧᠩ ᠲᠡᠶ ᠨᠦᠩ᠄ ᠵᠠᠯᠠᠭᠤ ᠨᠠᠰᠤᠨ᠎ᠤ ᠵᠢᠪᠬᠤᠭ᠎ᠠ᠎ᠶᠢ ᠴᠤᠬᠤᠯᠵᠠᠭᠤᠯᠵᠤ ᠪᠡᠶ᠎ᠡ᠎ᠪᠡᠷ᠎ᠢᠶᠡᠨ ᠬᠡᠪ ᠲᠦᠷᠢᠮ ᠪᠤᠯᠪᠠ
2025-08-29 10:56:43
ᠵᠣᠬᠢᠶᠠᠭ᠍ᠴᠢ᠄
ᠳ᠋ᠢᠩ ᠯᠸ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠾᠦᠢ ᠳ᠋ᠦ᠋ᠩ ᠱᠢᠶᠠᠨ᠎ᠤ ᠪᠠᠶ ᠬᠤᠸᠠ ᠪᠠᠯᠭᠠᠰᠤᠨ᠎ᠤ ᠶᠡᠷᠦᠩᠬᠡᠢᠯᠡᠭ᠌ᠰᠡᠨ ᠰᠣᠶᠣᠯ᠎ᠤᠨ ᠥᠷᠲᠡᠭᠡ ᠡᠴᠡ ᠨᠢᠭᠡ ᠪᠦᠯᠦᠭ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠢ ᠵᠣᠬᠢᠶᠠᠨ ᠪᠠᠢᠭᠤᠯᠤᠨ ᠭᠤᠸᠠᠩᠳᠦ᠋ᠩ ᠮᠤᠵᠢ᠎ᠶ᠋ᠢᠨ ᠾᠦᠢᠵᠸᠤ ᠬᠤᠳᠠ᠎ᠶ᠋ᠢᠨ ᠾᠦᠢ ᠳ᠋ᠦ᠋ᠩ ᠱᠢᠶᠠᠨ᠎ᠤ ᠨᠠᠨ ᠬᠣ᠌ ᠴᠡᠴᠡᠷᠯᠢᠭ ᠲᠤ᠌ ᠪᠠᠢᠷᠢᠯᠠᠭ᠎ᠠ ᠾᠦᠢ ᠳ᠋ᠦ᠋ᠩ᠎ᠤᠨ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠳᠤ ᠬᠦᠷᠴᠦ ᠪᠠᠷᠠᠳᠠᠨ ᠰᠤᠷᠤᠯᠴᠠᠪᠠ᠃

ᠨᠡᠷᠡᠨ᠎ᠦ ᠭᠡᠷᠡᠯ ᠢᠭ᠍ᠴᠤ ᠰᠠᠬᠤᠯᠢᠭ ᠣᠢ ᠮᠣᠳᠣ᠎ᠶ᠋ᠢ ᠨᠡᠪᠲᠡᠯᠦᠨ᠂ ᠳᠤᠷᠠᠰᠭᠠᠯ᠎ᠤᠨ ᠬᠥᠱᠢᠶ᠎ᠠ ᠲᠡᠭᠡᠷ᠎ᠡ ᠲᠤᠰᠤᠨ᠎ᠠ᠃ 《ᠫᠸᠩ ᠲᠠᠢ ᠨᠦᠩ ᠳᠠᠢᠰᠤᠨ᠎ᠤ ᠪᠦᠰᠡᠯᠡᠨ ᠲᠠᠭᠠᠷᠢᠯᠲᠠ᠎ᠶ᠋ᠢ ᠬᠠᠢᠬᠤᠷᠤᠯ ᠦᠭᠡᠢ᠎ᠪᠡᠷ᠂ ᠳᠠᠢᠰᠤᠨ᠎ᠤ ᠠᠩᠬᠠᠷᠤᠯ᠎ᠢ ᠲᠠᠲᠠᠵᠤ᠂ ᠬᠦᠴᠦᠯᠡᠨ ᠴᠢᠷᠮᠠᠢᠵᠤ ᠪᠠᠢᠭᠠᠳ ᠭᠠᠳᠠᠭ᠍ᠰᠢ ᠲᠠᠭᠠᠷᠢᠯᠳᠡ ᠬᠢᠵᠦ᠍᠂ ᠰᠤᠮᠤᠨ᠎ᠳᠤ ᠤᠨᠤᠬ᠍ᠳᠠᠵᠤ᠂ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ ᠁》 8 ᠨᠠᠰᠤᠲᠠᠢ ᠬᠥ᠋ ᠱᠣ᠌ ᠶᠠ ᠬᠥᠱᠢᠢ᠎ᠡ ᠳᠡᠭᠡᠷᠡᠬᠢ ᠲᠣᠪᠴᠢ ᠲᠠᠨᠢᠯᠴᠠᠭᠤᠯᠭ᠎ᠠ᠎ᠶ᠋ᠢ ᠦᠨᠳᠦᠷ ᠲᠠᠭᠤᠨ᠎ᠢᠶᠡᠷ ᠤᠩᠱᠢᠵᠤ ᠪᠠᠢᠯ᠎ᠠ᠃ ᠬᠡᠳᠦᠨ ᠠᠷᠪᠠᠨ ᠵᠢᠯ ᠦᠩᠭᠡᠷᠡᠭᠰᠡᠨ ᠴᠤ᠌᠂ ᠬᠤᠪᠢᠰᠭᠠᠯ᠎ᠤᠨ ᠠᠬᠠᠮᠠᠳ ᠨᠢᠭᠡ ᠦᠶ᠎ᠡ᠎ᠶ᠋ᠢᠨ ᠬᠢᠨ᠎ᠦ ᠪᠠᠭᠠᠲᠤᠷᠯᠢᠭ ᠦᠢᠯᠡ ᠠᠵᠢᠯᠯᠠᠭ᠎ᠠ ᠨᠢᠳᠦᠨ᠎ᠳᠦ ᠲᠤᠳᠤᠷᠬᠠᠢ ᠦᠵᠡᠭ᠌ᠳᠡᠨ᠎ᠡ᠃

ᠫᠸᠩ ᠲᠠᠢ ᠨᠦᠩ᠂ ᠪᠠᠰᠠ ᠫᠸᠩ ᠲᠠᠢ ᠭᠡᠳᠡᠭ᠂ 1915 ᠣᠨ᠎ᠳᠤ ᠭᠤᠸᠠᠩᠳᠦ᠋ᠩ ᠮᠤᠵᠢ᠎ᠶ᠋ᠢᠨ ᠾᠦᠢ ᠶᠠᠩ ᠱᠢᠶᠠᠨ᠎ᠤ ᠪᠠᠢ ᠮᠠᠩ ᠬᠤᠸᠠ ᠵᠢᠨ᠎ᠸᠠ ᠲᠠᠩ ᠲᠣᠰᠭᠣᠨ (ᠤᠳᠤ᠎ᠶ᠋ᠢᠨ ᠾᠦᠢᠵᠸᠦ ᠬᠤᠳᠠ᠎ᠶ᠋ᠢᠨ ᠾᠦᠢ ᠳ᠋ᠦᠩ ᠱᠢᠶᠠᠨ᠎ᠤ ᠪᠠᠢ ᠬᠤᠸᠠ ᠪᠠᠯᠭᠠᠰᠤ᠎ᠶ᠋ᠢᠨ ᠬᠤᠸᠠᠩ ᠲᠠᠩ ᠲᠣᠰᠭᠣᠨ᠎ᠤ ᠸᠠ ᠲᠠᠩ ᠲᠣᠰᠭᠣᠨ᠎ᠤ ᠳᠤᠭᠤᠢᠯᠠᠩ) ᠳ᠋ᠦ᠍ ᠲᠦᠷᠦᠵᠡᠢ᠃ ᠪᠠᠭ᠎ᠠ᠎ᠡᠴᠡ ᠪᠡᠨ ᠲᠡᠷᠡ ᠳᠠᠪᠱᠢᠩᠭᠤᠢ ᠦᠵᠡᠯ ᠰᠠᠨᠠᠭ᠎ᠠ᠎ᠲᠠᠶ ᠣᠢᠷᠠᠳᠴᠤ᠌᠂ 1931 ᠣᠨ᠎ᠳᠤ ᠫᠢᠩᠱᠠᠨ᠎ᠤ ᠴᠢᠩ ᠯᠦᠩ ᠲᠠᠨ ᠬᠥᠳᠡᠭᠡ ᠲᠣᠰᠭᠣᠨ᠎ᠤ ᠪᠠᠭ᠍ᠰᠢ᠎ᠶ᠋ᠢᠨ ᠰᠤᠷᠭᠠᠭᠤᠯᠢ᠎ᠳᠤ ᠱᠢᠯᠭᠠᠨ ᠣᠷᠣᠪᠠ᠃ 《9·18》᠎ᠤ᠋ ᠬᠡᠷᠡᠭ ᠬᠤᠪᠢᠰᠤᠯ᠎ᠤᠨ ᠳᠠᠷᠠᠭ᠎ᠠ᠂ ᠲᠡᠷᠡ ᠳᠠᠪᠱᠢᠩᠭᠤᠢ ᠬᠠᠮᠲᠤ ᠰᠤᠷᠤᠯᠭᠠᠲᠠᠨ᠎ᠲᠠᠶ᠎ᠪᠠᠨ ᠶᠠᠫᠣᠨ᠎ᠢ ᠡᠰᠡᠷᠭᠦᠴᠡᠬᠦ᠌ ᠤᠬᠠᠭᠤᠯᠬᠤ ᠠᠩᠬᠢ᠎ᠶ᠋ᠢ ᠵᠣᠬᠢᠶᠠᠨ ᠪᠠᠢᠭᠤᠯᠵᠤ᠂ ᠫᠢᠩᠱᠠᠨ᠂ ᠪᠠᠢ ᠮᠠᠩ ᠬᠤᠸᠠ ᠵᠡᠷᠭᠡ ᠭᠠᠵᠠᠷ᠎ᠲᠤ ᠬᠦᠷᠴᠦ᠍ ᠶᠠᠫᠣᠨ᠎ᠢ ᠡᠰᠡᠷᠭᠦᠴᠡᠬᠦ᠌᠎ᠤᠬᠠᠭᠤᠯᠭ᠎ᠠ ᠬᠢᠪᠡ᠃ ᠬᠣᠵᠢᠮ ᠨᠢ ᠭᠤᠸᠠᠩᠵᠧᠦ᠍᠎ᠶ᠋ᠢᠨ ᠲᠡᠭᠦᠷᠭᠡ᠎ᠶ᠋ᠢᠨ ᠯᠦᠩ ᠶᠠᠨ ᠳ᠋ᠦᠩ ᠳᠤᠮᠳᠠᠳᠤ ᠰᠤᠷᠭᠠᠭᠤᠯᠢ᠎ᠳᠤ ᠪᠠᠭ᠍ᠰᠢᠯᠠᠪᠠ᠂ ᠲᠡᠷᠡ ᠦᠷᠭᠦᠯᠵᠢ ᠬᠥᠳᠡᠭᠡ ᠲᠣᠰᠭᠣᠨ᠎ᠳᠤ ᠬᠦᠷᠴᠦ᠍ ᠨᠡᠢᠭᠡᠮ᠎ᠦᠨ ᠪᠠᠢᠴᠠᠭᠠᠯᠲᠠ ᠬᠢᠵᠦ᠍᠂ ᠪᠠᠢᠴᠠᠭᠠᠯᠲᠠ᠎ᠶ᠋ᠢᠨ ᠮᠠᠲ᠋ᠧᠷᠢᠶᠠᠯ᠎ᠢᠶᠠᠨ ᠱᠢᠶᠠᠩᠭᠠᠩ᠎ᠤᠨ 《ᠤᠯᠠᠨ ᠲᠦᠮᠡᠨ᠎ᠦ ᠡᠳᠦᠷ᠎ᠦᠨ ᠰᠣᠨᠢᠨ》 ᠪᠣᠯᠤᠨ ᠭᠤᠸᠠᠩᠵᠧᠦ᠍᠎ᠶ᠋ᠢᠨ 《ᠵᠦᠵᠢᠶᠠᠩ ᠡᠳᠦᠷ᠎ᠦᠨ ᠰᠣᠨᠢᠨ》᠎ᠳ᠋ᠤ᠌ ᠢᠯᠡᠭᠡᠵᠦ᠍᠂ ᠭᠣᠮᠢᠨᠳᠠᠩ᠎ᠤᠨ ᠵᠠᠰᠠᠭ᠎ᠤᠨ ᠭᠠᠵᠠᠷ᠎ᠤᠨ ᠬᠠᠷᠠᠩᠭᠤᠢ ᠨᠣᠶᠠᠷᠬᠠᠯ᠎ᠢ ᠢᠯᠡᠴᠢᠯᠡᠪᠡ᠃

1937 ᠣᠨ᠎ᠤ ᠡᠬᠢ᠎ᠪᠡᠷ᠂ ᠫᠸᠩ ᠲᠠᠢ ᠨᠦᠩ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠃ 《7·7》 ᠤ᠋ ᠬᠡᠷᠡᠭ ᠬᠤᠪᠢᠰᠤᠯ᠎ᠤᠨ ᠳᠠᠷᠠᠭ᠎ᠠ ᠤᠳᠠᠯ ᠦᠭᠡᠢ᠂ ᠲᠡᠷᠡ ᠾᠦᠢᠵᠸᠦ ᠵᠢᠨ ᠰᠣᠨᠢᠨ ᠰᠡᠳᠬᠦᠯ᠎ᠳᠦ 《ᠳ᠋ᠦᠩᠵᠢᠶᠠᠩ᠎ᠤᠨ ᠠᠬ᠎ᠠ ᠳᠡᠭᠦᠦ ᠡᠭᠡᠴᠢ ᠥᠬᠢᠨ ᠳᠡᠭᠦᠦ᠍᠎ᠨᠡᠷ᠎ᠲᠦ ᠮᠡᠳᠡᠭ᠌ᠳᠡᠬᠦ᠌ ᠪᠢᠴᠢᠭ》 ᠢ᠋ ᠨᠡᠢᠲᠡᠯᠡᠵᠦ᠍᠂ ᠳ᠋ᠦᠩᠵᠢᠶᠠᠩ᠎ᠤᠨ ᠬᠥᠪᠡᠭᠦᠳ ᠥᠬᠢᠳ ᠪᠦᠯᠬᠦᠮᠳᠡᠵᠡᠭᠡᠵᠦ᠍ ᠶᠠᠫᠣᠨ᠎ᠤ ᠲᠦᠷᠢᠮᠡᠬᠡᠢᠯᠡᠯ᠎ᠢ ᠡᠰᠡᠷᠭᠦᠴᠡᠰᠦᠭᠡᠢ ᠭᠡᠵᠦ᠍ ᠤᠷᠢᠶᠠᠯᠠᠪᠠ᠃ 1938 ᠣᠨ᠎ᠤ ᠳᠡᠭᠡᠷ᠎ᠡ ᠬᠠᠭᠠᠰ ᠵᠢᠯ᠎ᠳᠦ᠂ ᠫᠸᠩ ᠲᠠᠢ ᠨᠦᠩ ᠾᠦᠢᠵᠸᠦ ᠳ᠋ᠤ ᠠᠷᠠᠳ ᠤᠯᠠᠨ᠎ᠤ ᠰᠤᠷᠭᠠᠨ ᠬᠥᠮᠦᠵᠢᠯ᠎ᠦᠨ ᠣᠷᠳᠣᠨ᠎ᠢᠶᠠᠷ ᠬᠠᠯᠬᠠᠪᠴᠢ ᠪᠣᠯᠭᠠᠵᠤ᠂ ᠦᠢᠯᠡᠳᠪᠦᠷᠢ᠂ ᠰᠤᠷᠭᠠᠭᠤᠯᠢ ᠵᠡᠷᠭᠡ ᠭᠠᠵᠠᠷ᠎ᠲᠤ ᠭᠦᠨᠵᠡᠭᠡᠢᠷᠡᠵᠦ᠍᠂ ᠤᠯᠠᠨ ᠬᠥᠮᠦᠨ᠎ᠢ ᠨᠠᠮ᠎ᠳᠤ ᠡᠯᠰᠡᠪᠡ᠃ ᠲᠤᠰ ᠵᠢᠯ᠎ᠦᠨ 5 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠾᠦᠢᠵᠸᠦ ᠵᠢᠨ ᠭᠣᠣᠯ ᠨᠠᠮ᠎ᠤᠨ ᠡᠭᠦᠷ ᠪᠠᠢᠭᠤᠯᠤᠭ᠍ᠳᠠᠵᠤ᠂ ᠫᠸᠩ ᠲᠠᠢ ᠨᠦᠩ ᠨᠠᠮ᠎ᠤᠨ ᠡᠭᠦᠷ᠎ᠦᠨ ᠱᠦᠵᠢ᠎ᠶ᠋ᠢᠨ ᠲᠤᠱᠢᠶᠠᠯ᠎ᠢ ᠬᠠᠷᠢᠭᠤᠴᠠᠵᠤ᠂ ᠾᠦᠢᠵᠢᠶᠠᠩ᠎ᠤᠨ ᠰᠤᠷᠤᠭ᠍ᠴᠢᠳ᠎ᠤᠨ ᠳᠠᠢᠰᠤᠨ᠎ᠢ ᠡᠰᠡᠷᠭᠦᠴᠡᠬᠦ᠌ ᠬᠣᠯᠪᠣᠭ᠎ᠠ ᠵᠢ ᠬᠠᠮᠲᠤᠷᠠᠨ ᠵᠣᠬᠢᠶᠠᠨ ᠪᠠᠢᠭᠤᠯᠵᠤ᠂ ᠮᠥᠬᠥᠯ᠎ᠡᠴᠡ ᠠᠪᠤᠷᠠᠬᠤ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ 6 ᠰᠠᠷ᠎ᠠ᠎ᠳᠤ᠂ ᠫᠸᠩ ᠲᠠᠢ ᠨᠦᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠸᠠᠩᠳᠦ᠋ᠩ ᠮᠤᠵᠢ᠎ᠶ᠋ᠢᠨ ᠳ᠋ᠦᠩᠵᠢᠶᠠᠩ᠎ᠤᠨ ᠲᠦᠷ ᠴᠠᠭ᠎ᠤᠨ ᠠᠵᠢᠯ᠎ᠤᠨ ᠬᠤᠷᠢᠶ᠎ᠠ ᠵᠢᠨ ᠱᠦᠵᠢ᠎ᠶ᠋ᠢᠨ ᠲᠤᠱᠢᠶᠠᠯ᠎ᠢ ᠬᠠᠷᠢᠭᠤᠴᠠᠪᠠ᠃

1938 ᠣᠨ᠎ᠤ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠫᠸᠩ ᠲᠠᠢ ᠨᠦᠩ ᠪᠠᠰᠠ ᠠᠷᠠᠳ ᠤᠯᠠᠨ᠎ᠤ ᠰᠤᠷᠭᠠᠨ ᠬᠥᠮᠦᠵᠢᠯ᠎ᠦᠨ ᠣᠷᠳᠣᠨ᠎ᠤ ᠳᠠᠷᠤᠭ᠎ᠠ᠎ᠶ᠋ᠢᠨ ᠬᠤᠪᠢ᠎ᠪᠠᠷ ᠾᠦᠢᠶᠠᠩ᠎ᠤᠨ ᠬᠡᠦᠬᠡᠳ ᠪᠠᠭᠠᠴᠤᠳ᠎ᠦᠨ ᠶᠠᠫᠣᠨ᠎ᠢ ᠡᠰᠡᠷᠭᠦᠴᠡᠵᠦ᠍ ᠮᠥᠬᠥᠯ᠎ᠡᠴᠡ ᠠᠪᠤᠷᠠᠬᠤ ᠺᠠᠳ᠋ᠷ᠎ᠤᠨ ᠪᠣᠯᠪᠠᠰᠤᠷᠠᠯ᠎ᠤᠨ ᠠᠩᠬᠢ᠎ᠶ᠋ᠢ ᠡᠭᠦᠰᠭᠡᠨ ᠪᠠᠢᠭᠤᠯᠬᠤ᠎ᠳᠤ ᠣᠷᠣᠯᠴᠠᠪᠠ᠃ ᠵᠢᠪᠬᠤᠭᠠᠲᠤ ᠵᠠᠯᠠᠭᠤᠴᠤᠳ ᠣᠮᠣᠭ ᠲᠡᠭᠦᠯᠳᠡᠷ᠎ᠢᠶᠡᠷ ᠵᠡᠭᠡᠯᠢ ᠳᠡᠭᠡᠷ᠎ᠡ ᠶᠠᠷᠢᠶ᠎ᠠ ᠢᠯᠡᠳᠭᠡᠯ ᠬᠢᠵᠦ᠂ ᠶᠠᠫᠣᠨ᠎ᠢ ᠡᠰᠡᠷᠭᠦᠴᠡᠵᠦ᠍ ᠮᠥᠬᠥᠯ᠎ᠡᠴᠡ ᠠᠪᠤᠷᠠᠬᠤ ᠳᠠᠭᠤᠤ᠎ᠶ᠋ᠢ ᠵᠢᠭᠠᠵᠤ᠂ ᠱᠢ ᠽᠢ ᠲᠢᠩᠰᠡ᠂ ᠳ᠋ᠦᠩ ᠱᠢᠨ ᠬᠦᠭᠦᠷᠭᠡ᠂ ᠫᠢᠩ ᠬᠣ᠌ ᠮᠸᠨ ᠵᠡᠷᠭᠡ ᠭᠠᠵᠠᠷ᠎ᠲᠤ ᠠᠯᠳᠠᠷᠲᠤ ᠶᠠᠷᠢᠶᠠᠲᠤ ᠵᠦᠴᠦᠭᠡ 《ᠲᠠᠱᠢᠭᠤᠷ᠎ᠢᠶᠠᠨ ᠲᠠᠯᠪᠢᠭᠠᠴᠢ》 ᠵᠢ ᠲᠣᠭ᠍ᠯᠠᠵᠤ᠂ ᠠᠷᠠᠳ ᠤᠯᠠᠨ᠎ᠤ ᠪᠦᠯᠬᠦᠮᠳᠡᠨ ᠨᠢᠭᠡᠳᠴᠦ᠍ ᠬᠠᠮᠲᠤ᠎ᠪᠠᠷ ᠶᠠᠫᠣᠨ᠎ᠢ ᠡᠰᠡᠷᠭᠦᠴᠡᠬᠦ᠌᠎ᠶ᠋ᠢ ᠬᠥᠭ᠌ᠵᠢᠭᠡᠪᠡ᠃

1938 ᠣᠨ᠎ᠤ 10 ᠰᠠᠷ᠎ᠠ᠎ᠳᠤ᠂ ᠶᠠᠫᠤᠨ ᠴᠡᠷᠢᠭ ᠳᠠ ᠶᠠ ᠸᠠᠨ᠎ᠢᠶᠠᠷ ᠬᠠᠭᠤᠷᠠᠢ᠎ᠳᠤ ᠭᠠᠷᠤᠭᠰᠠᠨ᠎ᠤ ᠳᠠᠷᠠᠭ᠎ᠠ᠂ ᠫᠸᠩ ᠲᠠᠢ ᠨᠦᠩ ᠨᠠᠷ ᠪᠥᠸᠧ ᠯᠥᠸᠧ᠎ᠳᠦ ᠤᠬᠤᠷᠢᠨ ᠬᠦᠷᠴᠦ᠂ ᠪᠥᠸᠧ ᠯᠥᠸᠧ᠎ᠶᠢᠨ ᠳᠠᠢ᠍ᠢᠨ᠎ᠦ ᠦᠶ᠎ᠡ᠎ᠶᠢᠨ ᠠᠵᠢᠯᠯᠠᠬᠤ ᠪᠦᠯᠬᠦᠮ᠎ᠢ ᠪᠠᠢᠭᠤᠯᠤᠭᠰᠠᠨ ᠪᠥᠭᠡᠳ ᠲᠤᠰ ᠬᠣᠷᠢᠶ᠎ᠠ᠎ᠶᠢᠨ ᠨᠡᠷ᠎ᠡ᠎ᠪᠡᠷ ᠬᠤᠸᠠᠩ ᠮᠠ ᠫᠢ᠎ᠶᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠎ᠲᠠᠢ ᠬᠣᠯᠪᠣᠭ᠎ᠠ ᠠᠪᠴᠤ᠂ ᠬᠤᠸᠠᠩ ᠮᠠ ᠫᠢ᠎ᠶᠢᠨ ᠶᠠᠫᠤᠨ᠎ᠢ ᠡᠰᠡᠷᠭᠦᠴᠡᠬᠦ ᠥᠪᠡᠷ᠎ᠢ᠎ᠪᠡᠨ ᠬᠠᠮᠠᠭᠠᠯᠠᠬᠤ ᠬᠣᠷᠢᠶ᠎ᠠ᠎ᠵᠢᠨ ᠶᠡᠬᠡ ᠠᠩᠭᠢ᠎ᠶᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠶᠠᠫᠤᠨ᠎ᠢ ᠡᠰᠡᠷᠭᠦᠴᠡᠬᠦ ᠵᠡᠪᠰᠡᠭᠲᠦ ᠬᠦᠴᠦᠨ ᠪᠣᠯᠭᠠᠨ ᠥᠭᠡᠷᠡᠴᠢᠯᠡᠪᠡ᠃ ᠲᠤᠰ ᠵᠢᠯ᠎ᠦᠨ 12 ᠰᠠᠷ᠎ᠠ᠎ᠳᠤ᠂ ᠶᠠᠫᠤᠨ ᠴᠡᠷᠢᠭ ᠾᠦᠢᠵᠸᠦ ᠡᠴᠡ ᠲᠦᠷ ᠤᠬᠤᠷᠢᠨ ᠭᠠᠷᠤᠭᠰᠠᠨ᠎ᠤ ᠳᠠᠷᠠᠭ᠎ᠠ᠂ ᠫᠸᠩ ᠲᠠᠢ ᠨᠦᠩ ᠭᠤᠸᠠᠩᠳᠦ᠋ᠩ᠎ᠦᠨ ᠵᠠᠯᠠᠭᠤᠴᠤᠳ᠎ᠤᠨ ᠶᠠᠫᠤᠨ᠎ᠢ ᠡᠰᠡᠷᠭᠦᠴᠡᠬᠦ ᠬᠣᠰᠢᠭᠤᠴᠢ ᠠᠩᠭᠢ᠎ᠶᠢᠨ ᠳ᠋ᠦᠩᠵᠢᠶᠠᠩ ᠲᠣᠭᠣᠷᠢᠭ᠋᠎ᠤᠨ ᠠᠩᠭᠢ᠎ᠶᠢ ᠬᠠᠪᠰᠤᠷᠤᠨ ᠾᠦᠢᠶᠠᠩ᠎ᠤᠨ ᠶᠠᠫᠤᠨ᠎ᠢ ᠡᠰᠡᠷᠭᠦᠴᠡᠬᠦ ᠬᠣᠰᠢᠭᠤᠴᠢ ᠠᠩᠭᠢ ᠪᠣᠯᠣᠨ ᠶᠠᠫᠤᠨ᠎ᠢ ᠡᠰᠡᠷᠭᠦᠴᠡᠬᠦ ᠬᠣᠰᠢᠭᠤᠴᠢ ᠠᠩᠭᠢ᠎ᠶᠢᠨ ᠾᠦᠢᠵᠸᠦ ᠵᠢᠨ ᠬᠡᠷᠡᠭ ᠡᠷᠬᠢᠯᠡᠬᠦ ᠭᠠᠵᠠᠷ᠎ᠢ ᠵᠣᠬᠢᠶᠠᠨ ᠪᠠᠢᠭᠤᠯᠵᠤ᠂ ᠾᠦᠢᠵᠸᠦ ᠳ᠋ᠤ᠌ ᠨᠢᠭᠤᠴᠠ ᠬᠣᠯᠪᠣᠭ᠎ᠠ ᠠᠪᠬᠤ ᠭᠠᠵᠠᠷ ᠪᠠᠢᠭᠤᠯᠵᠤ᠂ 《ᠤᠯᠠᠨ᠎ᠢᠶᠠᠷ᠎ᠢᠶᠠᠨ ᠦᠵᠡᠭᠡᠷᠡᠢ》 ᠭᠡᠬᠦ ᠬᠠᠨ᠎ᠠ᠎ᠶᠢᠨ ᠰᠣᠨᠢᠨ᠎ᠢ ᠬᠡᠪᠯᠡᠵᠦ᠂ ᠠᠮᠢᠳᠤᠯᠢᠭ ᠳᠦᠷᠰᠦᠯᠢᠭ᠂ ᠣᠢᠯᠠᠭᠠᠮᠵᠢᠲᠠᠢ ᠦᠭᠡ ᠬᠡᠯᠡ᠎ᠪᠡᠷ ᠶᠠᠫᠤᠨ᠎ᠢ ᠡᠰᠡᠷᠭᠦᠴᠡᠬᠦ ᠶᠣᠰᠣ᠌ ᠤᠴᠢᠷ᠎ᠢ ᠤᠬᠠᠭᠤᠯᠪᠠ᠃ ᠡᠭᠦᠨ᠎ᠦ ᠬᠠᠮᠲᠤ ᠳ᠋ᠦᠩᠵᠢᠶᠠᠩ᠎ᠤᠨ ᠳᠤᠮᠳᠠᠳᠤ᠎ᠶᠢᠨ ᠬᠠᠷᠢᠶᠠᠲᠤ᠎ᠶᠢᠨ ᠨᠤᠲᠤᠭ᠎ᠲᠠᠭᠠᠨ ᠪᠤᠴᠠᠵᠤ ᠢᠷᠡᠬᠦ ᠳ᠋ᠤ ᠦᠢᠯᠡᠴᠢᠯᠡᠬᠦ ᠪᠦᠯᠬᠦᠮ ᠵᠢᠴᠢ ᠢᠷᠭᠡᠨ᠎ᠦ ᠬᠤᠪᠢᠰᠬᠠᠯᠲᠤ ᠴᠡᠷᠢᠭ᠎ᠦᠨ ᠳᠣᠯᠣᠳᠤᠭᠠᠷ ᠪᠠᠢᠯᠳᠤᠭᠠᠨ᠎ᠤ ᠲᠣᠭᠣᠷᠢᠭ᠋᠎ᠤᠨ ᠤᠯᠤᠰ ᠲᠦᠷᠦ᠎ᠶᠢᠨ ᠠᠵᠢᠯ᠎ᠤᠨ ᠠᠩᠭᠢ᠂ ᠴᠡᠷᠢᠭ ᠠᠷᠠᠳ᠎ᠤᠨ ᠬᠠᠮᠲᠤᠷᠠᠯᠴᠠᠭᠠᠨ᠎ᠤ ᠦᠷᠳᠡᠭᠡ ᠵᠡᠷᠭᠡ᠎ᠲᠠᠢ ᠬᠠᠮᠲᠤ ᠵᠦᠩ ᠱᠠᠨ ᠳᠤᠷᠠᠰᠬᠠᠯ᠎ᠤᠨ ᠲᠠᠩᠬᠢᠮ᠎ᠳᠤ ᠶᠠᠫᠤᠨ᠎ᠢ ᠡᠰᠡᠷᠭᠦᠴᠡᠬᠦ ᠶᠠᠷᠢᠶᠠᠲᠤ ᠵᠦᠴᠦᠭᠡ ᠲᠣᠭᠯᠠᠵᠤ᠂ ᠳ᠋ᠦᠩᠵᠢᠶᠠᠩ᠎ᠤᠨ ᠬᠣᠶᠠᠷ ᠬᠥᠪᠡᠭᠡᠨ᠎ᠦ ᠶᠠᠫᠤᠨ᠎ᠢ ᠡᠰᠡᠷᠭᠦᠴᠡᠵᠦ ᠮᠥᠬᠥᠯ᠎ᠡᠴᠡ ᠠᠪᠤᠷᠠᠬᠤ ᠬᠥᠳᠡᠯᠭᠡᠭᠡᠨ᠎ᠢ ᠤᠷᠬᠢᠯ ᠳ᠋ᠤᠨᠢ ᠬᠦᠷᠭᠡᠵᠡᠢ᠃

1940 ᠣᠨ᠎ᠤ ᠬᠠᠪᠤᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳ᠋ᠦᠩᠵᠢᠶᠠᠩ᠎ᠤᠨ ᠣᠨᠴᠠᠭᠠᠢ ᠬᠣᠷᠢᠶ᠎ᠠ᠎ᠶᠢᠨ ᠵᠢᠭᠠᠪᠤᠷᠢ᠎ᠪᠠᠷ᠂ ᠫᠸᠩ ᠲᠠᠢ ᠨᠦᠩ ᠡᠬᠡᠨᠡᠷ ᠾᠧ ᠯᠢ ᠴᠢᠨ᠎ᠲᠠᠢ᠎ᠪᠡᠨ ᠽᠢ ᠵᠢᠨ ᠰᠢᠨ ᡁᠢ ᠪᠠᠭ᠎ᠠ ᠰᠤᠷᠭᠠᠭᠤᠯᠢ᠎ᠳᠤ ᠰᠢᠯᠵᠢᠵᠦ᠂ ᠰᠦᠨᠢ᠎ᠶᠢᠨ ᠰᠤᠷᠭᠠᠭᠤᠯᠢ ᠪᠣᠯᠣᠨ ᠡᠮᠡᠭᠲᠡᠢᠴᠦᠳ᠎ᠦᠨ ᠦᠰᠦᠭ ᠲᠠᠨᠢᠬᠤ ᠠᠩᠭᠢ ᠡᠷᠬᠢᠯᠡᠵᠦ᠂ ᠤᠯᠠᠨ ᠲᠦᠮᠡᠨ᠎ᠢ ᠳᠠᠢ᠍ᠢᠴᠢᠯᠠᠨ ᠶᠠᠫᠤᠨ᠎ᠢ ᠡᠰᠡᠷᠭᠦᠴᠡᠵᠡᠢ᠃ 12 ᠰᠠᠷ᠎ᠠ᠎ᠳᠤ᠂ ᠲᠡᠷᠡ ᠫᠸᠩ ᠲᠠᠢ ᠳ᠋ᠦᠩ ᠬᠡᠮᠡᠨ ᠨᠡᠷ᠎ᠡ᠎ᠪᠡᠨ ᠪᠤᠷᠤᠭᠤᠯᠠᠵᠤ ᠾᠸ ᠫᠢᠩ ᠰᠢᠶᠠᠨ᠎ᠳᠤ ᠬᠦᠷᠴᠦ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠵᠡᠭᠦᠨ ᠣᠷᠣᠨ᠎ᠤ ᠨᠠᠮ᠎ᠤᠨ ᠬᠣᠷᠢᠶ᠎ᠠ᠎ᠵᠢᠨ ᠠᠵᠢᠯ᠎ᠢ ᠬᠠᠷᠢᠭᠤᠴᠠᠵᠤ᠂ 1941 ᠣᠨ᠎ᠤ 7 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳ᠋ᠦᠩᠵᠢᠶᠠᠩ᠎ᠤᠨ ᠬᠣᠢᠲᠤ ᠬᠡᠰᠡᠭ᠎ᠦᠨ ᠣᠨᠴᠠᠭᠠᠢ ᠬᠤᠷᠢᠶ᠎ᠠ᠎ᠵᠢᠨ ᠤᠬᠠᠭᠤᠯᠬᠤ ᠠᠵᠢᠯᠯᠠᠭ᠍ᠴᠢ᠎ᠶᠢᠨ ᠲᠤᠰᠢᠶᠠᠯ᠎ᠢ ᠬᠠᠷᠢᠭᠤᠴᠠᠵᠤ᠂ ᠳᠠᠷᠠᠭ᠎ᠠ ᠵᠢᠯ ᠨᠢ ᠭᠤᠸᠠᠩᠳᠦ᠋ᠩ᠎ᠦᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠳᠤ ᠠᠵᠢᠯᠯᠠᠪᠠ᠃

1943 ᠣᠨ᠎ᠤ 3 ᠰᠠᠷ᠎ᠠ᠎ᠶᠢᠨ 3 ᠤ᠋ ᠡᠳᠦᠷ᠂ ᠲᠠᠩᠨᠠᠭᠤᠯ ᠨᠢᠭᠤᠴᠠ᠎ᠶᠢ ᠵᠠᠳᠠᠷᠠᠭᠤᠯᠤᠭᠰᠠᠨ᠎ᠡᠴᠡ ᠪᠣᠯᠵᠤ᠂ ᠭᠤᠸᠠᠩᠳᠦ᠋ᠩ᠎ᠦᠨ ᠠᠷᠠᠳ᠎ᠤᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠩᠭᠢ᠎ᠶᠢᠨ ᠰᠢᠶᠠᠩᠭᠠᠩ᠎ᠳᠠᠬᠢ ᠶᠢᠰᠦᠳᠦᠭᠡᠷ ᠶᠡᠬᠡ ᠠᠩᠭᠢ᠎ᠶᠢᠨ ᠤᠯᠤᠰ ᠲᠦᠷᠦ᠎ᠶᠢᠨ ᠪᠣᠯᠪᠠᠰᠤᠷᠠᠯ᠎ᠤᠨ ᠲᠠᠰᠤᠬ᠎ᠤᠨ ᠰᠠᠭᠤᠭ᠎ᠠ ᠭᠠᠵᠠᠷ ᠶᠠᠫᠤᠨ ᠴᠡᠷᠢᠭ᠎ᠲᠦ ᠪᠦᠰᠡᠯᠡᠭᠳᠡᠵᠦ᠂ ᠨᠥᠬᠥᠳ᠎ᠢᠶᠡᠨ ᠬᠠᠮᠠᠭᠠᠯᠠᠨ ᠪᠦᠰᠡᠯᠡᠯᠲᠡ᠎ᠶᠢ ᠰᠢᠪᠲᠤᠯᠬᠤ ᠳᠤᠮᠳᠠ ᠫᠸᠩ ᠲᠠᠢ ᠨᠦᠩ ᠵᠣᠯ ᠪᠤᠰᠤ᠎ᠪᠠᠷ ᠰᠤᠮᠤᠨ᠎ᠳᠤ ᠣᠨᠣᠭᠳᠠᠵᠤ ᠪᠡᠶ᠎ᠡ ᠦᠷᠡᠭᠳᠡᠪᠡ᠂ ᠰᠠᠶᠢ 28 ᠨᠠᠰᠤᠲᠠᠢ ᠪᠠᠢᠯ᠎ᠠ᠃

2015 ᠣᠨ᠎ᠤ 8 ᠰᠠᠷ᠎ᠠ᠎ᠳᠤ᠂ ᠫᠸᠩ ᠲᠠᠢ ᠨᠦᠩ ᠠᠷᠠᠳ᠎ᠤᠨ ᠶᠠᠪᠤᠳᠠᠯ᠎ᠤᠨ ᠶᠠᠮᠤᠨ᠎ᠤ ᠨᠡᠢᠲᠡᠯᠡᠭᠰᠡᠨ ᠬᠣᠶᠠᠳᠤᠭᠠᠷ ᠪᠦᠯᠦᠭ᠎ᠦᠨ ᠶᠠᠫᠤᠨ᠎ᠢ ᠡᠰᠡᠷᠭᠦᠴᠡᠭᠰᠡᠨ 600 ᠠᠯᠳᠠᠷᠲᠤ ᠪᠠᠭᠠᠲᠤᠷ ᠪᠣᠯᠣᠨ ᠪᠠᠭᠠᠲᠤᠷᠯᠢᠭ᠋ ᠬᠥᠮᠥᠰ᠎ᠦᠨ ᠨᠡᠷᠡᠰ᠎ᠲᠦ ᠵᠢᠭ᠍ᠰᠠᠭᠠᠭᠳᠠᠪᠠ᠃

ᠫᠸᠩ ᠲᠠᠢ ᠨᠦᠩ᠎ᠤᠨ ᠨᠤᠲᠤᠭ᠎ᠲᠤ᠂ ᠲᠡᠭᠦᠨ᠎ᠦ ᠦᠢᠯᠡ ᠠᠵᠢᠯᠯᠠᠭ᠎ᠠ ᠬᠥᠮᠥᠰ᠎ᠲᠦ ᠭᠦᠨ ᠰᠠᠭᠤᠭᠳᠠᠯ ᠦᠯᠡᠳᠡᠭᠡᠵᠡᠢ᠃ ᠬᠤᠸᠠᠩ ᠲᠠᠩ ᠲᠣᠰᠬᠣᠨ᠎ᠤ ᠬᠢᠨ ᠲᠣᠰᠬᠣᠨ᠎ᠤ ᠺᠠᠳ᠋ᠷ ᠲᠣᠭᠣᠷᠢᠨ ᠦᠵᠡᠬᠦ᠂ ᠨᠤᠲᠤᠭ᠎ᠤᠨ ᠮᠡᠷᠭᠡᠳ᠎ᠦᠨ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ᠎ᠪᠡᠷ᠂ ᠫᠸᠩ ᠲᠠᠢ ᠨᠦᠩ᠎ᠤᠨ ᠦᠯᠢᠭᠡᠷ᠎ᠢ ᠴᠤᠭᠯᠠᠭᠤᠯᠤᠨ ᠣᠢᠯᠠᠭᠠᠵᠤ᠂ ᠲᠣᠰᠬᠣᠨ᠎ᠤ ᠨᠠᠮ᠎ᠤᠨ ᠭᠡᠰᠢᠭᠦᠳ᠎ᠦᠨ ᠶᠡᠬᠡ ᠬᠤᠷᠠᠯ ᠪᠣᠯᠭᠠᠨ ᠲᠡᠭᠦᠨ᠎ᠦ ᠦᠢᠯᠡ ᠠᠵᠢᠯᠯᠠᠭ᠎ᠠ᠎ᠶᠢ ᠡᠷᠭᠢᠴᠡᠭᠦᠯᠬᠦ᠎ᠶᠢᠨ ᠬᠠᠮᠲᠤ 《ᠪᠢᠴᠢᠬᠠᠨ ᠲᠠᠢᠯᠪᠤᠷᠢᠯᠠᠭ᠍ᠴᠢ》 ᠵᠢᠨ ᠡᠩᠨᠡᠭᠡ᠎ᠶᠢ ᠪᠠᠢᠭᠤᠯᠵᠤ᠂ ᠬᠡᠦᠬᠡᠳ᠎ᠦᠳ᠎ᠦᠨ ᠰᠡᠳᠬᠢᠯ᠎ᠳᠦ ᠬᠤᠪᠢᠰᠬᠠᠯ᠎ᠤᠨ ᠦᠷ᠎ᠡ᠎ᠶᠢ ᠰᠠᠴᠤᠵᠦ ᠪᠠᠢᠨ᠎ᠠ᠃

ᠪᠠᠢ ᠬᠤᠸᠠ ᠪᠠᠯᠭᠠᠰᠤᠨ᠎ᠤ ᠬᠤᠸᠠᠩ ᠲᠠᠩ ᠲᠣᠰᠬᠣᠨ᠎ᠤ ᠨᠠᠮ᠎ᠤᠨ ᠬᠤᠷᠢᠶ᠎ᠠ᠎ᠵᠢᠨ ᠱᠦᠵᠢ ᠴᠧᠨ ᠬᠠᠨ ᠴᠢᠤᠸᠠᠨ᠂ ᠣᠳᠣᠬᠠᠨ᠎ᠳᠤ ᠪᠡᠯᠡ ᠮᠥᠩᠭᠥ ᠪᠡᠯᠡᠳᠭᠡᠨ ᠴᠤᠭᠯᠠᠭᠤᠯᠵᠤ ᠫᠸᠩ ᠲᠠᠢ ᠨᠦᠩ᠎ᠤᠨ ᠬᠠᠭᠤᠴᠢᠨ ᠰᠠᠭᠤᠴᠠ᠎ᠶᠢ ᠰᠡᠯᠪᠢᠨ ᠵᠠᠰᠠᠬᠤ ᠲᠥᠯᠥᠪᠯᠡᠭᠡ ᠪᠤᠢ᠂ ᠫᠸᠩ ᠲᠠᠢ ᠨᠦᠩ᠎ᠤᠨ ᠵᠣᠷᠢᠭ᠍ᠲᠠᠢ᠎ᠪᠠᠷ ᠲᠦᠷᠦᠭᠦᠯᠡᠨ ᠬᠢᠬᠦ᠂ ᠪᠡᠶ᠎ᠡ ᠦᠷᠡᠭᠳᠡᠬᠦ ᠡᠴᠡ ᠠᠶᠤᠬᠤ ᠦᠭᠡᠢ ᠬᠤᠪᠢᠰᠬᠠᠯᠲᠤ ᠵᠣᠷᠢᠭ᠋ ᠰᠠᠨᠠᠭ᠎ᠠ᠎ᠶᠢ ᠨᠡᠩ ᠥᠷᠭᠡᠨ ᠬᠡᠪᠴᠢᠶᠡᠨ᠎ᠳᠦ ᠤᠬᠠᠭᠤᠯᠤᠨ ᠪᠠᠳᠠᠷᠠᠭᠤᠯᠬᠤ᠎ᠶᠢᠨ ᠬᠠᠮᠲᠤ ᠡᠭᠦᠨ᠎ᠢᠶᠡᠷ ᠵᠣᠷᠢᠭ᠋ ᠰᠠᠨᠠᠭᠠᠨ᠎ᠤ ᠰᠠᠭᠤᠷᠢ ᠪᠣᠯᠭᠠᠵᠤ᠂ ᠬᠤᠪᠢᠰᠬᠠᠯᠲᠤ ᠲᠣᠰᠬᠣᠨ᠎ᠤ ᠪᠦᠲᠦᠭᠡᠨ ᠪᠠᠢᠭᠤᠯᠤᠯᠲᠠ᠎ᠳᠤ ᠡᠨ᠋ᠸᠷᠬᠢ ᠤᠯᠭᠤᠵᠤ᠂ ᠦᠶ᠎ᠡ ᠦᠶ᠎ᠡ᠎ᠶᠢᠨ ᠤᠯᠠᠮᠵᠢᠯᠠᠯ ᠳᠤᠮᠳᠠ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠰᠢᠨ᠎ᠡ ᠳᠡᠭᠲᠡᠷ᠎ᠲᠦ ᠭᠠᠷᠭᠠᠬᠤ᠎ᠶᠢ ᠬᠦᠰᠡᠵᠦ ᠪᠠᠢᠨ᠎ᠠ ᠭᠡᠵᠦ ᠲᠠᠨᠢᠯᠴᠠᠭᠤᠯᠪᠠ᠃

 (ᠱᠢᠨᠬᠤᠸᠠ ᠬᠤᠷᠢᠶ᠎ᠠ ᠵᠢᠨ ᠭᠤᠸᠠᠩᠵᠧᠦ᠍᠎ᠶ᠋ᠢᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号