ᠨᠢᠬᠡᠨ ᠨᠡᠢᠭᠡᠮ ᠲᠣᠭᠣᠷᠢᠭ᠎ᠤᠨ ᠱᠦᠵᠢ᠎ᠶ᠋ᠢᠨ ᠠᠷᠠᠳ ᠤ᠋ᠨ ᠰᠡᠳᠭᠢᠯ ᠢ᠋ ᠳᠤᠯᠠᠭᠠᠴᠠᠭᠤᠯᠤᠭᠰᠠᠨ ᠦᠯᠢᠭᠡᠷ
2025-08-29 09:56:52
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

《ᠣᠯᠠᠨ᠎ᠢᠶᠠᠷ᠎ᠢᠶᠠᠨ ᠮᠢᠨᠦ᠍ ᠬᠡᠯᠡᠬᠦ᠌᠎ᠶ᠋ᠢ ᠰᠣᠨᠣᠰᠤᠭᠠᠴᠢ᠂ ᠥᠨᠥᠳᠦᠷ ᠪᠣᠷᠣᠭᠠᠨ ᠣᠷᠣᠨ᠎ᠠ᠂ ᠠᠵᠢᠯᠯᠠᠭ᠎ᠠ ᠪᠡᠨ ᠪᠢᠳᠡ ᠦᠷᠦᠭᠡᠨ ᠳ᠋ᠤ ᠣᠷᠣᠵᠤ ᠬᠢᠶ᠎ᠡ᠂ ᠠᠳᠠᠯᠢᠬᠠᠨ ᠬᠥᠷ ᠬᠥᠭ᠌ᠵᠢᠶᠡᠨ ᠲᠠᠢ᠎ᠰᠢᠦ!》᠃ ᠪᠤᠭᠤᠲᠤ ᠬᠤᠳᠠ᠎ᠶ᠋ᠢᠨ ᠬᠥᠨᠳᠡᠯᠡᠨ ᠲᠣᠭᠣᠷᠢᠭ᠎ᠤᠨ ᠬᠠᠳᠤᠨ ᠭᠣᠣᠯ ᠪᠠᠷᠠᠭᠤᠨ ᠵᠠᠮ ᠵᠡᠭᠡᠯᠢ ᠭᠤᠳᠤᠮᠵᠢ᠎ᠶ᠋ᠢᠨ ᠶᠢᠦ ᠢ 19 ᠳ᠋ᠤᠭᠠᠷ ᠰᠠᠭᠤᠭᠠᠯᠢ ᠠᠷᠠᠳ ᠤ᠋ᠨ ᠲᠣᠭᠣᠷᠢᠭ᠎ᠤᠨ ᠳᠥᠷᠪᠡᠳᠦᠭᠡᠷ ᠨᠡᠢᠭᠡᠮ ᠲᠣᠭᠣᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠦ᠋ ᠱᠢᠤ ᠹᠸᠩ ᠱᠢᠷᠡᠭᠡ ᠰᠠᠨᠳᠠᠯᠢ᠎ᠵᠦᠭᠡᠭᠡᠵᠦ ᠲᠠᠯᠪᠢᠬᠤ ᠵᠢᠨ ᠲᠠᠭᠠᠤ ᠬᠦᠷᠴᠦ ᠢᠷᠡᠭᠰᠡᠨ ᠰᠠᠭᠤᠭᠠᠯᠢ ᠠᠷᠠᠳ ᠢ᠋ ᠢᠨᠢᠶᠡᠮᠰᠦᠭᠯᠡᠨ ᠲᠤᠬᠤᠨᠢᠭᠤᠯᠪᠠ᠃

8 ᠰᠠᠷ᠎ᠠ᠎ᠶ᠋ᠢᠨ 26 ᠎ᠤ᠋  ᠦᠳᠡ᠎ᠶ᠋ᠢᠨ ᠬᠣᠢᠨ᠎ᠠ᠂ ᠰᠡᠮᠬᠡᠨ ᠤᠷᠤᠭᠰᠠᠨ ᠨᠠᠮᠤᠷ᠎ᠤᠨ ᠪᠣᠷᠣᠭᠠᠨ ᠤ᠋ ᠨᠦᠯᠦᠭᠡᠯᠡᠯ ᠵᠢᠡᠷ ᠬᠡᠷ᠎ᠦᠨ ᠭᠠᠳᠠᠨ᠎ᠠ ᠡᠷᠭᠢᠯᠡᠬᠦ᠌᠎ᠪᠡᠷ ᠲᠥᠯᠥᠪᠯᠡᠵᠦ᠍ ᠪᠠᠢᠭ᠍ᠰᠠᠨ ᠡᠮᠴᠢᠯᠡᠭᠡ᠎ᠪᠡᠷ ᠭᠤᠤᠯ ᠰᠡᠳᠦᠪ ᠪᠣᠯᠭᠠᠭ᠍ᠰᠠᠨ ᠠᠵᠢᠯᠯᠠᠭ᠎ᠠ᠎ ᠨᠢ ᠶᠢᠦ ᠢ 19 ᠳ᠋ᠤᠬᠡᠷ ᠰᠠᠭᠤᠭᠠᠯᠢ ᠠᠷᠠᠳ ᠤ᠋ᠨ ᠲᠣᠭᠣᠷᠢᠭ᠎ᠤᠨ ᠨᠡᠢᠭᠡᠮ ᠲᠣᠭᠣᠷᠢᠭ᠎ᠤᠨ ᠳᠥᠷᠪᠡᠳᠦᠭᠡᠷ ᠨᠡᠢᠭᠡᠮ ᠲᠣᠭᠣᠷᠢᠭ᠎ᠤᠨ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠥᠷᠥᠭᠡᠨ᠎ᠳᠦ ᠲᠦᠷ ᠱᠢᠯᠵᠢᠪᠡ᠃ ᠬᠡᠳᠦᠢᠪᠡᠷ ᠲᠠᠯᠠᠪᠤᠷ ᠨᠢ ᠬᠤᠪᠢᠷᠠᠭ᠍ᠰᠠᠨ ᠪᠣᠯᠪᠠᠴᠤ᠌ ᠠᠵᠢᠯᠯᠠᠭᠠᠨ ᠤ᠋ ᠬᠠᠯᠠᠭᠤᠷᠠᠯ ᠨᠢ ᠪᠠᠭᠤᠷᠠᠭ᠍ᠰᠠᠨ ᠦᠭᠡᠢ᠃《ᠡᠮᠴᠢ ᠡ᠂ ᠣᠢᠷ᠎ᠠ᠎ᠳᠤ ᠡᠮ᠎ᠦᠨ ᠳᠡᠯᠭᠡᠭᠦᠷ ᠲᠤ᠌ ᠡᠭᠦᠳᠡᠨ ᠡᠮᠨᠡᠯᠭᠡ᠎ᠶ᠋ᠢᠨ ᠨᠢᠭᠡᠳᠦᠯᠲᠡᠶ ᠲᠥᠯᠥᠪᠵᠢᠭᠦᠯᠭᠡ᠎ᠶ᠋ᠢ ᠬᠡᠷᠡᠭ᠌ᠯᠡᠵᠦ᠍ ᠳᠡᠢᠯᠬᠦ᠌ ᠥᠬᠡᠶ᠂ ᠴᠢᠰᠤᠨ ᠳᠠᠷᠤᠯᠲᠠ ᠥᠨᠳᠥᠷ ᠡᠪᠡᠳᠴᠢᠨ᠎ᠢ ᠵᠠᠰᠠᠬᠤ ᠡᠮ ᠬᠤᠳᠠᠯᠳᠤᠨ ᠠᠪᠴᠤ᠌ ᠳᠡᠢᠯᠬᠦ᠌ ᠥᠬᠡᠶ ᠪᠣᠯᠵᠠᠶ᠂ ᠨᠡᠢᠭᠡᠮ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ ᠬᠤᠳᠠᠯᠳᠤᠨ ᠠᠪᠴᠤ᠌ ᠦᠭᠴᠦ ᠪᠤᠯᠬᠤ ᠦᠦ?》

《ᠰᠤᠪᠢᠯᠠᠭ᠍ᠴᠢ ᠬᠡᠦᠬᠡᠨ ᠡ᠂ ᠮᠢᠨᠦ᠍ ᠬᠥᠭ᠌ᠰᠢᠨ ᠬᠡᠪᠲᠡᠷᠢ ᠳ᠋ᠦ ᠤᠷᠤᠭᠠᠳ ᠤᠯᠠᠨ ᠵᠢᠯ ᠪᠤᠯᠵᠤ ᠪᠤᠢ᠂ 〈ᠭᠡᠷ ᠪᠦᠯᠢ᠎ᠶ᠋ᠢᠨ ᠡᠮᠴᠢ〉 ᠵᠢ ᠭᠡᠷ᠎ᠲᠦ ᠣᠴᠢᠭᠤᠯᠬᠤ ᠦᠢᠯᠡᠴᠢᠯᠡᠭᠡ ᠭᠤᠶᠤᠴᠢᠯᠠᠵᠤ ᠪᠣᠯᠤᠨ᠎ᠠ ᠦᠦ?》

ᠤᠭᠰᠠᠷᠠᠭ᠎ᠠ ᠤᠯᠠᠨ ᠠᠰᠠᠭᠤᠯᠲᠠ ᠵᠢ ᠡᠮᠴᠢ ᠰᠤᠪᠢᠯᠠᠭ᠍ᠴᠢ ᠬᠦᠯᠢᠴᠡᠩᠭᠦᠶ᠎ᠪᠡᠷ ᠬᠠᠷᠢᠭᠤᠯᠪᠠ᠃ ᠲᠤᠬᠠᠶ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠥᠷ ᠬᠥᠭ᠌ᠵᠢᠶᠡᠨ᠎ᠲᠡᠶ ᠪᠠᠢᠵᠤ᠂ ᠶᠠᠭ ᠯᠠ ᠬᠠᠭᠤᠴᠢᠨ ᠨᠠᠢᠵᠠ᠎ᠶ᠋ᠢᠨ ᠠᠭᠤᠯᠵᠠᠯᠳᠠ ᠱᠢᠭ᠋ ᠬᠠᠯᠠᠭᠤᠨ ᠳᠤᠯᠠᠭᠠᠨ ᠪᠠᠢᠯ᠎ᠠ᠃ 《ᠡᠨᠡ ᠠᠵᠢᠯᠯᠠᠭ᠎ᠠ ᠨᠢ ᠮᠠᠰᠢ ᠰᠠᠢᠨ!  ᠦ᠋ ᠱᠦᠵᠢ ᠪᠢᠳᠡᠨ᠎ᠦ ᠰᠡᠳᠬᠢᠯ᠎ᠢ ᠬᠡᠵᠢᠶᠡᠳᠡ ᠮᠡᠳᠡᠳᠡᠭ》 ᠬᠡᠵᠤ  75 ᠨᠠᠰᠤᠲᠠᠢ ᠰᠠᠭᠤᠭᠠᠯᠢ ᠠᠷᠠᠳ ᠭᠦᠸᠧ ᠷᠦᠩ ᠰᠦᠢ ᠡᠷᠡᠬᠡᠢ ᠭᠣᠵᠣᠢᠯᠭᠠᠨ ᠬᠡᠯᠡᠨ᠎ᠡ ᠃

ᠡᠨᠡ ᠠᠵᠢᠯᠯᠠᠭ᠎ᠠ ᠨᠢ ᠡᠸ᠋ ᠱᠢᠤ ᠹᠧᠩ ᠤ᠋ᠨ ᠨᠡᠢᠭᠡᠮ ᠲᠣᠭᠣᠷᠢᠭ᠎ᠤᠨ ᠠᠵᠢᠯ᠎ᠤᠨ ᠬᠤᠷᠢᠶᠠᠩᠭᠤᠢ ᠳᠦᠷᠰᠦ ᠪᠤᠯᠤᠨ᠎ᠠ᠃ 1998 ᠣᠨ᠎ᠳᠤ ᠪᠤᠭᠤᠲᠤ ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ ᠤ᠋ᠨ ᠠᠵᠢᠯ᠎ᠤᠨ ᠪᠠᠢᠷᠢ᠎ᠡᠴᠡ ᠪᠠᠨ ᠪᠠᠭᠤᠭ᠍ᠰᠠᠨ᠎ᠤ ᠲᠠᠷᠠᠭ᠎ᠠ᠂ 2001 ᠣᠨ᠎ᠳᠤ ᠶᠢᠦ ᠢ 19 ᠳ᠋ᠤᠬᠡᠷ ᠰᠠᠭᠤᠭᠠᠯᠢ ᠠᠷᠠᠳ᠎ᠤᠨ ᠲᠣᠭᠣᠷᠢᠭ᠎ᠤᠨ ᠳᠥᠷᠪᠡᠳᠦᠭᠡᠷ ᠨᠡᠢᠭᠡᠮ ᠲᠣᠭᠣᠷᠢᠭ᠎ᠲᠤ ᠢᠷᠡᠵᠤ᠂ ᠲᠡᠷᠡ ᠪᠦᠬᠦ᠌ ᠰᠡᠳᠭᠢᠯ᠎ᠢᠶᠡᠨ ᠡᠨᠡ ᠬᠦ᠌ 111 ᠰᠠᠭᠤᠷᠢ ᠬᠠᠭᠤᠴᠢᠨ ᠠᠰᠠᠷ᠂ 6830 ᠡᠷᠦᠬᠡ ᠰᠠᠭᠤᠭᠠᠯᠢ ᠠᠷᠠᠳ᠎ᠤ᠋ᠨ ᠳᠡᠭᠡᠷ᠎ᠡ ᠲᠠᠯᠪᠢᠪᠠ᠃

《ᠨᠠᠮ᠎ᠡᠴᠡ ᠨᠠᠳᠠ᠎ᠳᠤ ᠱᠢᠨ᠎ᠡ ᠠᠵᠢᠯ᠎ᠤᠨ ᠪᠠᠢᠷᠢ ᠣᠯᠭᠣᠵᠤ᠂ ᠨᠠᠮᠠᠶ᠋ᠢ ᠨᠡᠢᠭᠡᠮ ᠲᠣᠭᠣᠷᠢᠭ᠎ᠤᠨ ᠡᠨᠡ ᠬᠦ᠌ ᠶᠡᠬᠡ ᠲᠠᠪᠴᠠᠩ ᠳ᠋ᠦ ᠦᠷᠭᠦᠯᠵᠢᠯᠡᠨ ᠬᠡᠷᠡᠯ ᠭᠢᠯᠪᠠᠭ᠎ᠠ ᠰᠠᠴᠤᠷᠠᠭᠤᠯᠬᠤ ᠲᠤᠬᠢᠶᠠᠯ ᠤᠯᠭᠤᠪᠠ》᠃ ᠡᠨᠡ ᠬᠦ᠌ ᠡᠭᠡᠯ ᠪᠣᠷᠣᠭ᠍ᠵᠢᠭᠤᠨ ᠲᠠᠯᠠᠷᠬᠠᠯ᠎ᠤᠨ ᠰᠡᠳᠭᠢᠯᠭᠡ᠎ᠶ᠋ᠢ ᠡᠪᠦᠷᠯᠡᠨ᠂ ᠦ᠋ ᠱᠢᠤ ᠹᠸᠩ ᠨᠡᠢᠭᠡᠮ ᠲᠣᠭᠣᠷᠢᠭ᠎ᠲᠤ ᠦᠨᠳᠦᠰᠦᠯᠡᠵᠦ 24 ᠵᠢᠯ ᠠᠵᠢᠯᠯᠠᠪᠠ᠃ ᠠᠩᠬ᠎ᠠ ᠡᠬᠢᠯᠡᠬᠦ᠌᠎ᠳᠡᠭᠡᠨ  ᠨᠡᠢᠭᠡᠮ ᠲᠣᠭᠣᠷᠢᠭ᠎ᠲᠤ ᠬᠦᠴᠢᠷᠳᠡᠯᠲᠡᠶ ᠡᠷᠦᠬᠡ ᠣᠯᠠᠨ᠂ ᠠᠵᠢᠯ᠎ᠤᠨ ᠪᠠᠢᠷᠢ᠎ᠡᠴᠡ᠎ᠪᠠᠨ ᠪᠠᠭᠤᠭᠰᠠᠨ ᠠᠵᠢᠯ ᠠᠯᠳᠠᠭ᠍ᠰᠠᠳ ᠣᠯᠠᠨ᠂ ᠭᠣᠮᠣᠳᠠᠯ ᠲᠤᠭᠠᠴᠢᠯᠲᠠ ᠣᠯᠠᠨ᠂ ᠣᠷᠴᠢᠨ ᠲᠣᠭᠣᠷᠢᠨ ᠪᠤᠵᠠᠷ ᠵᠠᠮᠪᠠᠷᠠᠭ᠎ᠠ ᠦᠭᠡᠢ  ᠪᠠᠢᠵᠤ᠂  《ᠬᠦᠴᠢᠷ ᠠᠰᠠᠭᠤᠳᠠᠯ ᠤᠯᠠᠨ》 ᠎ᠢᠶᠡᠷ᠎ᠢᠶᠡᠨ ᠠᠯᠳᠠᠷᠰᠢᠭᠰᠠᠨ ᠨᠡᠢᠭᠡᠮ ᠲᠣᠭᠣᠷᠢᠭ ᠪᠣᠯᠤᠨ᠎ᠠ᠃ ᠵᠠᠮᠪᠠᠷᠠᠭ᠎ᠠ ᠦᠭᠡᠢ ᠤᠯᠠᠨ ᠤᠴᠢᠷ ᠶᠠᠪᠤᠳᠠᠯ᠎ᠤᠨ ᠡᠮᠦᠨ᠎ᠡ ᠤᠯᠠᠩᠭᠢ ᠬᠥᠮᠦᠨ ᠤᠬᠤᠷᠢᠬᠤ᠎ᠳᠤ  ᠡᠦ ᠱᠢᠤ ᠹᠸᠩ ᠬᠠᠷᠢᠨ ᠵᠢᠳᠭᠦᠯᠡᠵᠦ ᠡᠬᠢᠯᠡᠪᠡ᠃《ᠪᠢ ᠨᠢᠭᠡᠨᠲᠡ ᠰᠣᠩᠭᠣᠯᠲᠠ ᠬᠢᠴᠢᠬᠡᠭ᠌ᠰᠡᠨ ᠶᠤᠮ ᠴᠢᠨᠢ ᠶᠠᠭᠤ ᠴᠤ᠌ ᠬᠢᠬᠦ ᠦᠭᠡᠢ ᠪᠠᠢᠵᠤ ᠪᠤᠯᠬᠤ ᠦᠭᠡᠢ᠂ ᠵᠠᠪᠠᠯ ᠪᠠᠭ᠎ᠠ ᠰᠠᠭ᠎ᠠ ᠠᠮᠵᠢᠯᠲᠠ ᠭᠠᠷᠭᠠᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠣᠰᠣᠯᠳᠠᠬᠤ ᠦᠭᠡᠢ᠂ ᠨᠠᠮ᠎ᠤᠨ ᠢᠲᠡᠭᠡᠯ᠎ᠳᠦ ᠣᠰᠣᠯᠳᠠᠬᠤ ᠦᠭᠡᠢ 》 ᠬᠡᠵᠤ ᠡᠤ ᠰᠢᠤ ᠹᠸᠩ ᠶᠠᠷᠢᠨ᠎ᠠ ᠃

ᠡᠨᠡ ᠪᠣᠯ ᠲᠠᠯᠠᠷᠬᠠᠯ᠎ᠤᠨ ᠳᠠᠷᠠᠭᠠᠬᠢ ᠪᠠᠷᠢᠮᠲᠠᠯᠠᠯ ᠮᠥᠨ᠂ ᠨᠡᠩ ᠴᠤ᠌ ᠠᠮᠠᠯᠠᠯᠲᠠ᠎ᠶ᠋ᠢᠨ ᠳᠠᠷᠠᠭᠠᠬᠢ ᠪᠠᠷᠢᠮᠲᠠᠯᠠᠯ ᠮᠥᠨ᠃ 24 ᠵᠢᠯ᠎ᠦᠨ ᠲᠤᠷᠰᠢ᠂ ᠰᠠᠭᠤᠭᠠᠯᠢ ᠠᠷᠠᠳ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ  ᠲᠡᠷᠡ ᠤᠬᠢᠯᠠᠵᠤ ᠥᠩᠭᠡᠷᠡᠭ᠌ᠰᠡᠨ᠂ ᠨᠣᠢᠷ ᠬᠤᠯᠵᠢᠵᠤ ᠥᠩᠭᠡᠷᠡᠭ᠌ᠰᠡᠨ᠂ ᠭᠡᠪᠡᠴᠤ ᠶᠡᠷᠦ᠍᠎ᠡᠴᠡ ᠬᠣᠢᠰᠢ ᠤᠬᠤᠷᠢᠵᠤ ᠥᠩᠭᠡᠷᠡᠭ᠌ᠰᠡᠨ ᠦᠭᠡᠢ; ᠣᠨᠴᠠᠭᠠᠢ ᠬᠦᠮᠦᠰ᠎ᠢ ᠬᠠᠪᠰᠤᠷᠬᠤ᠎ᠶ᠋ᠢᠨ ᠲᠥᠯᠥᠭᠡ ᠲᠡᠷᠡ ᠪᠤᠰᠤᠳ  ᠢ᠋ ᠭᠤᠶᠤᠵᠤ᠂ ᠰᠠᠢᠬᠠᠨ ᠦᠭᠡ ᠶᠠᠷᠢᠨ᠎ᠠ᠂ ᠭᠡᠪᠡᠴᠦ᠍ ᠶᠡᠷᠦ᠍᠎ᠡᠴᠡ ᠨᠢᠭᠤᠷ ᠪᠠᠷᠠᠨ᠎ᠠ ᠭᠡᠵᠦ ᠪᠤᠳᠤᠳᠠᠭ ᠦᠭᠡᠢ; ᠬᠠᠭᠤᠴᠢᠨ ᠰᠠᠭᠤᠭᠠᠯᠢ ᠠᠷᠠᠳ ᠎ᠤᠨ ᠲᠣᠭᠣᠷᠢᠭ ᠎ᠢ ᠥᠭᠡᠷᠡᠴᠢᠯᠡᠨ ᠪᠠᠢᠭᠤᠯᠬᠤ ᠡᠮᠦᠨ᠎ᠡ ᠹᠷᠣᠨᠲ᠎ᠲᠤ   ᠲᠡᠷᠡ ᠭᠤᠲᠤᠭᠠᠭ᠍ᠳᠠᠨ ᠬᠠᠷᠢᠶᠠᠭ᠍ᠳᠠᠵᠤ᠂ ᠰᠦᠷᠳᠡᠭᠦᠯᠦᠭ᠌ᠳᠡᠵᠦ᠍ ᠥᠩᠭᠡᠷᠡᠭ᠌ᠰᠡᠨ ᠪᠣᠯᠪᠠᠴᠤ᠌ ᠬᠠᠮᠤᠭ᠎ᠤᠨ ᠠᠶᠤᠯ᠎ᠲᠠᠶ ᠦᠶ᠎ᠡ᠎ᠳᠦ ᠲᠡᠷᠡ ᠬᠡᠵᠢᠶᠡᠳᠡ ᠬᠠᠮᠤᠭ᠎ᠤᠨ ᠡᠮᠦᠨ᠎ᠡ ᠨᠢ ᠵᠣᠭ᠍ᠰᠣᠨ᠎ᠠ᠃ ᠡᠦ ᠱᠢᠤ ᠹᠸᠩ ᠠᠯᠢᠪᠠ ᠬᠢᠯᠢᠰᠳᠡᠯ ᠪᠠ ᠳᠠᠷᠤᠯᠲᠠ᠎ᠶ᠋ᠢ ᠴᠥᠮ《ᠵᠠᠪᠠᠯ ᠰᠠᠢᠲᠤᠷ ᠬᠢᠬᠦ᠌》 ᠬᠥᠳᠡᠯᠭᠡᠬᠦ᠌ ᠬᠦᠴᠦᠨ ᠪᠣᠯᠭᠠᠭ᠍ᠰᠠᠨ ᠪᠠᠢᠨ᠎ᠠ᠃

《ᠰᠠᠭᠤᠷᠢ ᠪᠠᠲᠤ ᠪᠢᠰᠢ ᠪᠣᠯ ᠭᠤᠢᠪᠢᠯᠵᠠᠨ᠎ᠠ᠃ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠵᠤ᠂ ᠨᠡᠢᠭᠡᠮ ᠲᠣᠭᠣᠷᠢᠭ᠎ᠢ ᠨᠡᠩ ᠰᠠᠢᠲᠤᠷ ᠪᠠᠢᠭᠤᠯᠬᠤ ᠬᠡᠷᠡᠭ᠌ᠲᠡᠢ᠃ ᠵᠢᠵᠢᠭ ᠭᠡᠷ ᠪᠦᠯᠢ ᠰᠠᠢᠨ ᠪᠣᠯᠵᠤ᠂ ᠨᠡᠢᠭᠡᠮ ᠲᠣᠭᠣᠷᠢᠭ ᠰᠠᠢᠨ ᠪᠣᠯᠪᠠᠯ᠂ ᠤᠯᠤᠰ ᠣᠷᠣᠨ ᠰᠠᠶᠢ ᠨᠠᠩ ᠬᠦᠴᠦᠷᠬᠡᠭ ᠪᠣᠯᠵᠤ ᠴᠢᠳᠠᠨ᠎ᠠ!》 ᠡᠦ ᠱᠢᠤ ᠹᠸᠩ ᠲᠡᠭᠦᠨ᠎ᠦ ᠪᠠᠢᠭ᠎ᠠ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠵᠥᠷᠢᠴᠡᠯ ᠠᠰᠠᠭᠤᠳᠠᠯ ᠳᠤᠪᠤᠢ᠌ᠮ᠎ᠠ᠂ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠬᠦᠴᠢᠷᠳᠡᠯ ᠶᠡᠬᠡ ᠬᠡᠳᠡᠭ᠎ᠢ ᠭᠦᠨᠵᠡᠭᠡᠢ ᠣᠢᠯᠠᠭᠠᠪᠠ᠃ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠲᠡᠷᠡ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠪᠠᠷ ᠭᠣᠣᠯ ᠪᠣᠯᠭᠠᠵᠤ᠂ ᠬᠤᠳᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ《ᠲᠠᠪᠤᠨ ᠦᠰᠦᠭ》ᠤ᠋ᠨ ᠠᠵᠢᠯ ᠎ᠤᠨ ᠠᠷᠭ᠎ᠠ᠎ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠦᠨ ᠰᠡᠵᠢᠭᠦᠷ ᠮᠡᠳᠡᠷᠡᠯ᠎ᠢ ᠨᠡᠩ ᠬᠤᠷᠴᠠ ᠱᠠᠯᠠᠮᠠᠭᠠᠢ ᠪᠣᠯᠭᠠᠪᠠ᠃ ᠲᠡᠷᠡ《ᠨᠢᠭᠡ ᠲᠡᠩᠭᠡᠯᠢᠭ ᠲᠦᠷᠪᠡᠨ ᠬᠦᠷᠳᠦ》 ᠵᠢᠨ ᠲᠣᠣᠷᠵᠢᠭᠤᠯᠤᠯᠳᠠ ᠵᠢᠨ ᠵᠠᠰᠠᠯᠲᠠ᠎ᠶ᠋ᠢᠨ ᠲᠣᠭ᠍ᠲᠠᠴᠠ᠎ᠶᠢ ᠱᠢᠨ᠎ᠡ᠎ᠶ᠋ᠢ ᠡᠭᠦᠳᠦᠨ ᠳᠤᠷᠠᠳᠴᠤ᠌᠂ ᠨᠡᠢᠭᠡᠮ ᠲᠣᠭᠣᠷᠢᠭ᠎ᠤᠨ ᠨᠠᠮ ᠎ᠤᠨ ᠬᠣᠷᠢᠶ᠎ᠠ᠎ᠪᠠᠷ ᠲᠡᠩᠭᠡᠯᠢᠭ ᠪᠣᠯᠭᠠᠵᠤ᠂《ᠤᠯᠠᠭᠠᠨ ᠲᠦᠷᠦᠭᠦᠴᠢ ᠭᠠᠯᠠᠭᠤ》᠂ 《ᠵᠢᠵᠢᠭ ᠭᠤᠳᠤᠮᠵᠢ᠎ᠶ᠋ᠢᠨ ᠵᠣᠬᠢᠶᠠᠨ ᠪᠠᠢᠭᠤᠯᠤᠯᠲᠠ》᠂ 《ᠬᠠᠮᠲᠤ᠎ᠪᠠᠷ ᠪᠠᠢᠭᠤᠯᠬᠤ ᠨᠢᠭᠡᠴᠢ》᠂《ᠶᠡᠷᠦᠩᠬᠡᠢᠯᠡᠨ ᠬᠠᠤᠯᠢ ᠬᠡᠷᠡᠭ᠌ᠵᠢᠭᠦᠯᠬᠦ᠌》ᠲᠦᠷᠪᠡᠨ ᠬᠦᠷᠳᠦ᠍᠎ᠶ᠋ᠢ ᠵᠡᠷᠭᠡ᠎ᠪᠡᠷ ᠡᠷᠭᠢᠯᠳᠦᠭᠦᠯᠵᠦ᠍᠂ ᠨᠡᠢᠭᠡᠮ ᠲᠣᠭᠣᠷᠢᠭ᠎ᠤᠨ《ᠭᠠᠭ᠍ᠴᠠᠭᠠᠷ ᠴᠣᠬᠢᠵᠤ ᠭᠠᠭ᠍ᠴᠠᠭᠠᠷ ᠲᠡᠮᠡᠴᠡᠬᠦ᠌》ᠡᠴᠡ《ᠤᠯᠠᠨ ᠡᠰᠢᠵᠢᠭᠦᠯᠦᠨ ᠬᠠᠮᠲᠤ᠎ᠪᠠᠷ ᠵᠠᠰᠠᠬᠤ》ᠪᠤᠯᠵᠤ ᠬᠤᠪᠢᠷᠠᠬᠤ᠎ᠶ᠋ᠢ ᠠᠬᠢᠭᠤᠯᠪᠠ᠃

ᠡᠨᠡ ᠬᠦ᠌ ᠱᠢᠨ᠎ᠡ ᠡᠭᠦᠳᠦᠯᠲᠡ ᠨᠢ ᠬᠠᠷᠢᠶᠠᠲᠤ ᠣᠷᠣᠨ᠎ᠤ 24 ᠬᠠᠮᠲᠤ᠎ᠪᠠᠷ ᠪᠠᠢᠭᠤᠯᠬᠤ ᠨᠢᠭᠡᠴᠢ᠎ᠶ᠋ᠢᠨ ᠬᠦᠴᠦᠨ᠎ᠢ ᠠᠮᠵᠢᠯᠲᠠ᠎ᠲᠠᠶ ᠠᠭᠤᠰᠤᠯᠴᠠᠭᠤᠯᠵᠠᠢ᠂ ᠡᠭᠦᠨ᠎ᠦ ᠬᠠᠮᠲᠤ᠂ ᠨᠠᠮ᠎ᠤᠨ ᠭᠡᠱᠢᠭᠦᠨ ᠤᠯᠠᠨ ᠲᠦᠮᠡᠨ᠎ᠢᠶᠡᠷ ᠪᠦᠷᠢᠯᠳᠦᠭ᠌ᠰᠡᠨ 10 ᠰᠠᠯᠠᠭ᠎ᠠ《ᠵᠢᠵᠢᠭ ᠭᠤᠳᠤᠮᠵᠢ᠎ᠶ᠋ᠢᠨ ᠤᠯᠠᠭᠠᠨ ᠲᠦᠷᠦᠭᠦᠴᠢ ᠭᠠᠯᠠᠭᠤ᠎ᠶ᠋ᠢᠨ ᠡᠩᠨᠡᠭᠡ》 ᠨᠢ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠨ᠎ᠡ ᠬᠦᠴᠦᠨ ᠪᠣᠯᠪᠠ᠃ ᠢᠩᠭᠢᠭᠡᠳ ᠪᠣᠬᠢᠷᠲᠤᠯ ᠶᠡᠬᠡᠲᠡᠶ ᠲᠣᠮᠣ ᠬᠤᠯᠠᠩ ᠨᠢ ᠨᠤᠷᠠᠭᠠᠭ᠍ᠳᠠᠵᠤ᠂ 8 ᠵᠢᠯ ᠳᠠᠷᠤᠭ᠍ᠳᠠᠭ᠍ᠰᠠᠨ ᠪᠠᠷᠢᠯᠭ᠎ᠠ᠎ᠶ᠋ᠢᠨ ᠬᠣᠭ ᠨᠣᠪᠰᠢ ᠨᠢ ᠠᠷᠢᠯᠵᠤ᠂ 140 ᠭᠠᠷᠤᠶ ᠬᠡᠰᠡᠭ ᠬᠤᠭᠵᠢᠷᠠᠵᠤ ᠤᠨᠠᠭ᠍ᠰᠠᠨ ᠬᠡᠷᠡᠮ ᠎ᠢ ᠨᠢ ᠵᠠᠰᠠᠨ ᠰᠡᠯᠪᠢᠵᠦ᠍᠂ ᠬᠠᠭᠠᠰ ᠪᠢᠲᠡᠭᠦᠮᠵᠢᠯᠡᠭ᠌ᠰᠡᠨ ᠬᠦᠷᠢᠶ᠎ᠡ ᠬᠠᠱᠢᠶ᠎ᠠ᠎ᠶ᠋ᠢ ᠨᠢ ᠪᠢᠲᠡᠭᠦᠮᠵᠢᠯᠡᠵᠦ᠂ ᠨᠡᠢᠭᠡᠮ ᠲᠣᠭᠣᠷᠢᠭ᠎ᠤᠨ ᠴᠠᠷᠳᠠᠮᠠᠯ ᠵᠠᠮ᠎ᠢ ᠱᠢᠨᠡᠳᠭᠡᠵᠦ᠂  ᠪᠡᠶ᠎ᠡ ᠴᠢᠭᠢᠷᠠᠭ᠍ᠵᠢᠭᠤᠯᠬᠤ ᠪᠠᠭᠠᠵᠢ ᠬᠡᠷᠡᠭ᠌ᠰᠡᠯ᠂ ᠰᠣᠶᠣᠯ᠎ᠤᠨ ᠲᠣᠮᠣ ᠲᠠᠪᠴᠠᠩ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠲᠠᠰᠤᠭ ᠨᠢ ᠴᠦ᠍ ᠵᠢᠷᠤᠭ ᠲᠥᠰᠦᠪ᠎ᠡᠴᠡ᠎ᠪᠡᠨ ᠪᠣᠳᠠᠲᠤ ᠠᠬᠤᠶ ᠪᠣᠯᠵᠣ ᠬᠤᠪᠢᠷᠠᠪᠠ᠃

《ᠦ᠋ ᠱᠦᠵᠢ᠎ᠳᠦ ᠦᠨᠡᠨ ᠰᠡᠳᠭᠢᠯ ᠡᠴᠡ ᠪᠠᠨ ᠲᠠᠯᠠᠷᠬᠠᠨ᠎ᠠ᠂ ᠮᠢᠨᠦ᠍ ᠡᠪᠦᠭᠡᠨ ᠠᠮᠢᠳᠤ ᠰᠡᠷᠡᠭᠦᠨ ᠪᠠᠢᠬᠤ᠎ᠳᠠᠭᠠᠨ ᠲᠠᠮᠪᠠᠷᠠᠭᠠᠳ ᠬᠡᠪᠳᠡᠷᠢ ᠳ᠋ᠦ ᠤᠷᠤᠬᠤ ᠳ᠋ᠦ ᠲᠡᠷᠡ ᠮᠠᠨ᠎ᠤ ᠬᠡᠷ᠎ᠢ ᠣᠨᠴᠠᠭᠠᠶ ᠬᠠᠷᠠᠭᠠᠯᠵᠠᠪᠠ᠂ ᠡᠨᠡ ᠵᠢᠯ᠎ᠦᠨ 4 ᠰᠠᠷ᠎ᠠ᠎ᠳᠤ ᠡᠪᠦᠭᠡᠨ ᠮᠢᠨᠢ ᠨᠠᠰᠤ ᠪᠠᠷᠠᠴᠢᠬᠠᠯ᠎ᠠ᠂ ᠲᠡᠷᠡ ᠪᠠᠰᠠ ᠬᠡᠳᠦᠨ ᠡᠳᠦᠷ ᠳᠠᠷᠠᠭᠠᠯᠠᠨ ᠬᠡᠷ᠎ᠲᠤ᠌ ᠢᠷᠡᠵᠦ᠍ ᠨᠠᠳᠠ ᠳ᠋ᠦ ᠬᠠᠨᠢ ᠪᠠᠷ᠎ᠠ ᠪᠣᠯᠵᠣ ᠲᠠᠢᠳᠭᠤᠷᠠᠭᠤᠯᠪᠠ》᠃ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠵᠠᠩ ᠶᠢᠩ ᠲᠤᠬᠠᠢ᠎ᠶ᠋ᠢᠨ ᠦᠶ᠎ᠡ᠎ᠶ᠋ᠢᠨ ᠪᠠᠢᠳᠠᠯ ᠎ᠢᠶᠠᠨ ᠡᠷᠭᠢᠴᠡᠭᠦᠯᠬᠦ᠌᠎ᠳᠦ ᠮᠥᠨ ᠯᠡ ᠨᠢᠯᠪᠤᠰᠤ ᠠᠰᠭᠠᠷᠠᠭᠤᠯᠵᠤ ᠪᠠᠢᠯ᠎ᠠ᠂《ᠮᠠᠨ᠎ᠤ ᠡᠨᠳᠡ〈ᠬᠦᠴᠢᠷᠳᠡᠯ ᠲᠠᠢ ᠪᠤᠯ ᠱᠦᠵᠢ᠎ᠶ᠋ᠢ ᠡᠷᠢᠨ᠎ᠡ〉 ᠭᠡᠰᠡᠨ ᠦᠭᠡ ᠪᠤᠢ᠂ ᠡᠨᠡ ᠦᠭᠡ ᠨᠢ ᠦᠨᠡᠬᠡᠷ ᠲᠠᠯᠠᠭᠠᠷ ᠪᠢᠰᠢ ᠶᠤᠮ᠃ ᠲᠡᠭᠡᠬᠦᠯᠡᠷ ᠣᠯᠠᠨ᠎ᠢᠶᠠᠷ᠎ᠢᠶᠠᠨ ᠪᠦᠷ ᠡᠸ᠋ ᠡᠷᠬᠢᠯᠡᠭ᠌ᠴᠢ᠎ᠶ᠋ᠢᠨ ᠬᠢ᠎ᠶ᠋ᠢ ᠰᠣᠨᠣᠰᠴᠤ᠌᠂ ᠮᠠᠨ᠎ᠤ ᠨᠡᠢᠭᠡᠮ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠳᠤ ᠬᠦᠴᠦ᠍᠎ᠪᠡᠨ ᠡᠷᠭᠦᠨ᠎ᠡ》 ᠭᠡᠵᠦ ᠬᠡᠯᠡᠪᠡ᠃

《ᠨᠡᠢᠭᠡᠮ ᠲᠣᠭᠣᠷᠢᠭ᠎ᠤᠨ ᠠᠵᠢᠯ ᠪᠣᠯ ᠦᠨᠡᠨ ᠰᠡᠳᠭᠢᠯ᠎ᠢᠶᠡᠷ᠎ᠢᠶᠡᠨ ᠦᠨᠡᠨ ᠰᠡᠳᠭᠢᠯ᠎ᠢ ᠰᠤᠯᠢᠵᠤ ᠪᠠᠢᠭ᠎ᠠ ᠶᠠᠪᠤᠳᠠᠯ ᠪᠤᠯᠤᠨ᠎ᠠ》᠃ ᠡᠸ᠋ ᠱᠢᠤ ᠹᠸᠩ᠎ᠤᠨ ᠰᠡᠳᠬᠢᠯ᠎ᠳᠤ ᠨᠢᠭᠡᠨ ᠲᠤᠳᠤᠷᠬᠠᠢ《ᠠᠷᠠᠳ᠎ᠤᠨ ᠪᠠᠢᠳᠠᠯ᠎ᠤᠨ ᠳᠠᠨᠭᠰᠠ》 ᠪᠠᠢᠳᠠᠭ᠄ 85 ᠨᠠᠰᠤᠲᠠᠶ ᠪᠢᠶᠸ ᠱᠢᠤ ᠵᠢᠦᠸᠠᠨ ᠨᠠᠰᠤᠲᠠᠨ᠂ ᠬᠦᠦ ᠨᠢ ᠨᠠᠰᠤ ᠪᠠᠷᠠᠭ᠍ᠰᠠᠨ᠎ᠤ ᠳᠠᠷᠠᠭ᠎ᠠ ᠲᠡᠭᠦᠨ᠎ᠦ ᠰᠠᠨᠠᠭᠠᠱᠢᠷᠠᠳᠠᠭ 《ᠡᠵᠢ》 ᠪᠣᠯᠵᠣ᠂ ᠲᠡᠷᠡ ᠰᠠᠢᠨ ᠳᠤᠷ᠎ᠠ᠎ᠶ᠋ᠢᠨ ᠠᠵᠢᠯᠯᠠᠭ᠍ᠴᠢ᠎ᠶ᠋ᠢ ᠵᠣᠬᠢᠶᠠᠨ ᠪᠠᠢᠭᠤᠯᠵᠤ ᠨᠠᠰᠤᠲᠠᠨ᠎ᠳᠤ ᠪᠠᠷ᠎ᠠ ᠪᠣᠯᠵᠣ ᠱᠢᠨᠡᠯᠡᠵᠦ᠍᠂ ᠲᠥᠷᠥᠭ᠌ᠰᠡᠨ ᠡᠳᠦᠷ᠎ᠢ ᠨᠢ ᠪᠡᠯᠭᠡᠯᠡᠵᠦ᠍᠂ ᠡᠪᠡᠳᠴᠢᠨ ᠦᠵᠡᠭᠦᠯᠵᠦ᠍᠂ ᠤᠬᠢᠶᠠᠵᠤ ᠴᠡᠪᠡᠷᠯᠡᠵᠦ᠂ ᠬᠠᠮᠲᠤ ᠵᠣᠭᠣᠭ᠍ᠳᠠᠳᠠᠭ;  ᠬᠦᠷᠰᠢ ᠵᠡᠷᠭᠡᠯᠡᠳᠡᠭᠡ ᠵᠢᠨ ᠵᠠᠭᠤᠷᠠᠯᠳᠤᠭᠠᠨ᠎ᠢ ᠲᠡᠷᠡ 11 ᠴᠠᠭ᠎ᠢᠶᠡᠷ ᠬᠦᠯᠢᠴᠡᠩᠭᠦᠶ᠎ᠡᠶᠡᠳᠡᠭᠦᠯᠦᠭᠡᠳ ᠥᠪᠡᠷ᠎ᠢᠶᠡᠨ ᠬᠠᠷᠢᠨ ᠶᠠᠳᠠᠷᠠᠬᠤ᠎ᠵᠢᠨ ᠲᠦᠢᠯ᠎ᠳᠤ ᠬᠦᠷᠳᠡᠭ; ᠪᠢᠲᠡᠭᠦᠨ᠎ᠦ ᠰᠥᠨᠢ᠂ ᠪᠦᠬᠦᠢᠯᠡ ᠠᠰᠠᠷ ᠭᠡᠨᠡᠳᠲᠡ ᠴᠠᠬᠢᠯᠭᠠᠨ ᠵᠣᠭ᠍ᠰᠣᠬᠤ ᠳ᠋ᠦ ᠲᠡᠷᠡ ᠠᠶᠠᠭ᠎ᠠ ᠪᠠᠨ ᠲᠦᠯᠬᠢᠮᠡᠭᠴᠡ ᠠᠬᠤᠢ ᠲᠠᠯᠠᠪᠠᠢ᠎ᠳᠤ ᠬᠦᠷᠴᠦ᠍ ᠰᠢᠢᠳᠪᠦᠷᠢᠯᠡᠵᠦ᠂ ᠦᠪᠡᠷ᠎ᠤᠨ ᠦᠷ᠎ᠡ ᠬᠡᠤᠬᠡᠳ᠎ᠢᠶᠡᠨ ᠦᠥᠷ ᠴᠠᠢᠳᠠᠯ᠎ᠠ ᠬᠦᠯᠢᠶᠡᠯᠭᠡᠪᠡ; ᠲᠡᠭᠦᠨ᠎ᠦ ᠳᠠᠷᠤᠮᠠᠯᠯᠠᠨ ᠵᠣᠬᠢᠶᠠᠭ᠍ᠰᠠᠨ 《ᠰᠡᠳᠬᠢᠯ ᠬᠣᠯᠪᠣᠬᠤ ᠺᠠᠷᠲ 》ᠳᠡᠭᠡᠷᠡᠬᠢ ᠲᠡᠭᠦᠨ᠎ᠦ ᠤᠲᠠᠰᠤᠨ ᠨᠤᠮᠸᠷ ᠠᠷᠪᠠᠨ ᠬᠡᠳᠦᠨ ᠵᠢᠯ ᠬᠤᠪᠢᠷᠠᠭ᠎ᠠ ᠦᠭᠡᠢ᠂ ᠤᠳᠤ ᠪᠣᠯᠲᠠᠯ᠎ᠠ ᠮᠥᠨ ᠯᠡ ᠮᠠᠰᠢ ᠤᠯᠠᠨ ᠨᠠᠰᠤᠲᠠᠨ᠎ᠤ ᠬᠠᠮᠤᠭ᠎ᠤᠨ ᠨᠠᠢᠳᠠᠪᠤᠷᠢᠲᠠᠢ ᠲᠤᠰᠠᠯᠠᠮᠵᠢ ᠬᠦᠰᠡᠬᠦ᠌ ᠬᠠᠯᠠᠮᠱᠢᠯ ᠤᠲᠠᠰᠤ ᠪᠣᠯᠤᠭ᠍ᠰᠠᠭᠠᠷ ᠪᠠᠢᠨ᠎ᠠ᠃ ᠲᠡᠷᠡ 《ᠡᠦ ᠱᠢᠤ ᠹᠸᠩ᠎ᠤᠨ ᠠᠵᠢᠯᠯᠠᠬᠤ ᠦᠷᠦᠭᠡ 》 ᠵᠢ ᠪᠠᠢᠭᠤᠯᠵᠤ᠂ ᠡᠯ᠎ᠡ ᠲᠦᠷᠦᠯ᠎ᠦᠨ ᠦᠢᠯᠡᠴᠢᠯᠡᠭᠡ᠎ᠶ᠋ᠢ ᠨᠡᠢ᠌ᠳᠡ 3100 ᠭᠠᠷᠤᠢ ᠤᠳᠠᠭ᠎ᠠ ᠬᠠᠩᠭᠠᠪᠠ; ᠲᠡᠷᠡ ᠵᠢᠯ ᠪᠦᠷᠢ ᠬᠣᠶᠠᠷ ᠤᠳᠠᠭ᠎ᠠ ᠲᠤᠱᠢᠶᠠᠯ᠎ᠤᠨ ᠮᠡᠳᠡᠭᠦᠯᠦᠯᠲᠡ᠎ᠶ᠋ᠢᠨ ᠬᠤᠷᠠᠯ ᠬᠢᠬᠦ᠌᠎ᠶ᠋ᠢ ᠪᠠᠷᠢᠮᠲᠠᠯᠠᠵᠤ᠂ ᠵᠢᠷᠬᠢᠶ᠎ᠡ᠎ᠵᠢᠨ ᠬᠤᠯᠪᠤᠭ᠎ᠠ ᠨᠡᠭᠡᠭᠡᠵᠦ᠂ ᠨᠡᠢᠲᠡ 3000 ᠭᠠᠷᠤᠶ ᠠᠷᠠᠳ᠎ᠤᠨ ᠬᠦᠰᠡᠯ ᠱᠠᠭᠠᠷᠳᠠᠯᠭ᠎ᠠ᠎ᠶ᠋ᠢ ᠴᠤᠭ᠍ᠯᠠᠭᠤᠯᠪᠠ; ᠲᠡᠷᠡ ᠨᠠᠮ᠎ᠤᠨ ᠭᠡᠱᠢᠭᠦᠨ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠦᠢᠯᠡᠴᠢᠯᠡᠭᠡ ᠵᠠᠰᠠᠯᠲᠠ ᠥᠷᠨᠢᠭᠦᠯᠵᠦ᠍᠂ ᠰᠠᠭᠤᠭᠠᠯᠢ ᠠᠷᠠᠳ᠎ᠤᠨ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ 1000 ᠭᠠᠷᠤᠢ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠢ ᠱᠢᠢᠳᠪᠦᠷᠢᠯᠡᠪᠡ᠃ ᠲᠡᠷᠡ 《 ᠭᠤᠷᠪᠠᠨ ᠤᠯᠠᠨ ᠨᠢᠭᠡ ᠠᠨᠠᠢ 》 ᠬᠣᠴᠣᠷᠤᠩᠭᠤᠢ ᠨᠡᠢᠭᠡᠮ ᠲᠣᠭᠣᠷᠢᠭ᠎ᠢ 《 ᠵᠤᠭ᠎ᠠ ᠴᠡᠩᠭᠡᠯ ᠎ᠦᠨ ᠠᠵᠢᠯᠯᠠᠭ᠎ᠠ ᠤᠯᠠᠨ᠂ ᠰᠠᠢ᠌ᠨ ᠳᠤᠷᠠᠴᠤᠳ ᠤᠯᠠᠨ᠂ ᠬᠠᠪᠰᠤᠷᠤᠨ ᠲᠡᠳᠬᠦᠬᠦ᠌ ᠠᠵᠢᠯᠯᠠᠭ᠎ᠠ ᠤᠯᠠᠨ᠂ ᠬᠠᠮᠢᠶᠠᠷᠬᠤ ᠳᠤᠷᠠᠲᠠᠢ ᠬᠠᠮᠢᠶᠠᠷᠬᠤ ᠵᠣᠷᠢᠭ᠍ᠲᠠᠢ ᠬᠥᠮᠦᠨ ᠤᠯᠠᠨ 》 《 ᠲᠠᠪᠤᠨ ᠤᠯᠠᠨ 》 ᠵᠣᠯ ᠵᠢᠷᠭᠠᠯᠲᠤ ᠭᠡᠷ ᠣᠷᠣᠨ ᠪᠣᠯᠭᠠᠨ ᠬᠤᠪᠢᠷᠠᠭᠤᠯᠪᠠ᠃

24 ᠵᠢᠯ᠂ 8760 ᠡᠳᠦᠷ ᠰᠥᠨᠢ᠂ ᠰᠠᠨᠴᠢᠭ᠎ᠤᠨ ᠦᠰᠦ ᠨᠢ ᠨᠢᠭᠡᠨᠲᠡ ᠪᠤᠭᠤᠷᠤᠯᠳᠠᠪᠠ᠂ ᠦ᠋ ᠱᠢᠤ ᠹᠸᠩ ᠬᠠᠮᠤᠭ᠎ᠤᠨ ᠪᠣᠷᠣᠭ᠍ᠵᠢᠭᠤᠨ ᠠᠵᠢᠯᠯᠠᠭ᠎ᠠ᠎ᠪᠠᠷ᠎ᠢᠶᠠᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ 》 ᠵᠢᠨ ᠭᠦᠨᠵᠡᠭᠡᠢ ᠠᠭᠤᠯᠤᠭ᠍ᠳᠠᠬᠤᠨ᠎ᠢ ᠲᠠᠢᠯᠪᠤᠷᠢᠯᠠᠪᠠ᠃ 《ᠡᠨᠡ ᠪᠣᠷᠣᠭᠠᠨ᠎ᠢ ᠦᠵᠡᠬᠦ᠌᠎ᠳᠦ ᠮᠠᠷᠭᠠᠰᠢ ᠪᠣᠯᠲᠠᠯ᠎ᠠ ᠣᠷᠣᠨ᠎ᠠ᠂ ᠣᠯᠠᠨ᠎ᠢᠶᠠᠷ᠎ᠢᠶᠠᠨ ᠭᠡᠷ᠎ᠲᠡᠬᠡᠨ ᠬᠠᠷᠢᠬᠤ ᠵᠠᠮ᠎ᠳᠠᠭᠠᠨ ᠡᠷᠬᠡᠪᠰᠢ ᠬᠢᠴᠢᠶᠡᠬᠦ᠌ ᠬᠡᠷᠡᠭ᠌ᠲᠡᠢ 》᠃ ᠠᠵᠢᠯᠯᠠᠭ᠎ᠠ ᠳᠠᠭᠤᠰᠭᠤ ᠦᠶ᠎ᠡ᠎ᠳᠦ᠂ ᠦ᠋ ᠱᠢᠤ ᠹᠸᠩ ᠴᠣᠩᠬᠣᠨ ᠭᠠᠳᠠᠨᠠᠬᠢ ᠤᠯᠠᠮ᠎ᠠᠴᠠ ᠶᠡᠬᠡᠳᠴᠤ ᠪᠠᠢᠭ᠎ᠠ ᠪᠣᠷᠣᠭᠠᠨ᠎ᠢ ᠦᠵᠡᠭᠡᠳ ᠰᠠᠨᠠᠭ᠎ᠠ ᠪᠤᠯᠤᠨ᠎ᠠ᠃ ᠬᠠᠮᠤᠭ ᠰᠡᠭᠦᠯᠴᠢ᠎ᠶ᠋ᠢᠨ ᠰᠠᠭᠤᠭᠠᠯᠢ ᠠᠷᠠᠳ᠎ᠢ ᠬᠦᠷᠭᠡᠵᠦ᠍ ᠶᠠᠪᠤᠭᠤᠯᠤᠭᠠᠳ᠂ ᠲᠡᠷᠡ ᠳᠠᠷᠤᠢᠬᠠᠨ ᠴᠤᠪᠠ ᠪᠠ ᠪᠣᠷᠣᠭᠠᠨ᠎ᠤ ᠭᠤᠲᠤᠯ ᠰᠣᠯᠢᠵᠤ᠂ ᠭᠠᠷ ᠳ᠋ᠧᠩ᠎ᠢᠶᠡᠨ ᠠᠪᠴᠤ᠌᠂ 《 ᠪᠢ ᠰᠠᠭᠤᠭᠠᠯᠢ ᠠᠷᠠᠳ᠎ᠤᠨ ᠲᠣᠭᠣᠷᠢᠭ᠎ᠲᠤ ᠣᠴᠢᠵᠤ ᠦᠵᠡᠶ᠎ᠠ》 ᠭᠡᠪᠡ᠃

ᠪᠣᠷᠣᠭᠠᠨ ᠪᠠᠰᠠ ᠣᠷᠣᠭ᠍ᠰᠠᠭᠠᠷ᠂ ᠲᠡᠭᠦᠨ᠎ᠦ ᠰᠠᠬᠢᠨ ᠬᠠᠮᠠᠭᠠᠯᠠᠯᠲᠠ ᠮᠦᠨ ᠯᠡ ᠦᠷᠭᠦᠯᠵᠢᠯᠡᠭᠰᠡᠭᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号