ᠬᠦᠬᠡᠬᠤᠳᠠ ᠶ᠋ᠢᠨ ᠳᠠᠭᠤᠯᠠᠯᠳᠦ ᠵᠦᠴᠦᠬᠡ ᠪᠦᠵᠢᠭᠳᠦ ᠵᠦᠴᠦᠭᠡ ᠶ᠋ᠢᠨ ᠬᠦᠷᠢᠶᠡᠯᠡᠩ ᠲᠤᠮᠤ ᠱᠠᠩᠨᠠᠯ ᠲᠤᠰᠴᠠᠢ
2025-08-29 09:56:20
ᠵᠣᠬᠢᠶᠠᠭ᠍ᠴᠢ᠄
​ᠬᠦᠭᠵᠢᠯᠳᠤ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠬᠦᠬᠡᠬᠤᠳᠠ ᠶ᠋ᠢᠨ ᠳᠠᠭᠤᠯᠠᠯᠳᠦ ᠵᠦᠴᠦᠬᠡ ᠪᠦᠵᠢᠭᠳᠦ ᠵᠦᠴᠦᠭᠡ ᠶ᠋ᠢᠨ ᠬᠦᠷᠢᠶᠡᠯᠡᠩ ᠡᠴᠡ ᠤᠢᠯᠠᠭᠠᠭᠰᠠᠨ ᠢ᠋ᠶ᠋ᠡᠷ᠂ ᠲᠦᠷᠦᠬᠦᠬᠡᠨ ᠶᠠᠪᠤᠭᠳᠠᠭᠰᠠᠨ 2025 ᠢᠲ᠋ᠠᠯᠢ ᠶ᠋ᠢᠨ ᠣᠯᠠᠨ ᠤᠯᠤᠰ ᠤ᠋ᠨ ᠪᠥᠵᠢᠭ ᠤ᠋ᠨ ᠴᠢᠳᠠᠪᠤᠷᠢᠲᠠᠨ ᠤ᠋ ᠤᠷᠤᠯᠳᠤᠭᠠᠨ ᠳ᠋ᠦ ᠲᠤᠰ ᠬᠦᠷᠢᠶᠡᠯᠡᠩ ᠤ᠋ᠨ ᠬᠠᠮᠲᠤ ᠶ᠋ᠢᠨ ᠪᠥᠵᠢᠭ 《Eight  Me  in  This  World》 ᠨᠢ ᠣᠲᠣ ᠦᠶ᠎ᠡ ᠶ᠋ᠢᠨ ᠬᠠᠮᠲᠤ ᠶ᠋ᠢᠨ ᠪᠥᠵᠢᠭ ᠤ᠋ᠨ ᠳᠤᠭᠤᠢᠯᠠᠩ ᠤ᠋ᠨ ᠨᠢᠭᠡᠳᠦᠭᠡᠷ ᠳᠡᠰ ᠤ᠋ᠨ ᠱᠠᠩᠨᠠᠯ ᠪᠠ  ᠪᠥᠬᠥ᠌ ᠲᠠᠯᠠᠪᠠᠶ ᠶ᠋ᠢᠨ ᠴᠣᠷ ᠤ᠋ᠨ ᠭᠠᠭ᠍ᠴᠠ ᠬᠠᠮᠤᠭ ᠤ᠋ᠨ ᠱᠢᠯᠢᠳᠡᠭ ᠪᠥᠵᠢᠭ  ᠨᠠᠢᠷᠠᠭᠤᠯᠤᠭ᠍ᠴᠢ ᠶ᠋ᠢᠨ ᠱᠠᠩᠨᠠᠯ ᠢ᠋ ᠭᠥᠷᠳᠡᠨ᠂ ᠬᠣᠣᠰ ᠬᠥᠮᠦᠨ ᠤ᠋ ᠪᠥᠵᠢᠭ ᠤ᠋ᠨ ᠪᠦᠲᠦᠭᠡᠯ 《ᠠᠶᠠᠷᠯᠠᠯᠳᠠ ᠶ᠋ᠢᠨ ᠠᠶᠠᠯᠭᠤ》 ᠨᠢ ᠬᠣᠣᠰ ᠬᠥᠮᠦᠨ ᠤ᠋ ᠪᠦᠵᠢᠭ ᠤ᠋ᠨ ᠬᠣᠶᠠᠳᠤᠭᠠᠷ ᠳᠡᠰ ᠤ᠋ᠨ ᠱᠠᠩᠨᠠᠯ ᠢ᠋ ᠬᠦᠷᠲᠡᠵᠦ᠍᠂ ᠳᠤᠮᠳᠠᠳᠤ ᠤᠯᠤᠰ ᠤ᠋ᠨ ᠪᠥᠵᠢᠭ ᠤ᠋ᠨ ᠤᠷᠠᠯᠢᠭ ᠤ᠋ᠨ ᠭᠡᠷᠡᠯ ᠭᠢᠯᠪᠠᠭ᠎ᠠ ᠵᠢ  ᠳᠡᠯᠡᠬᠡᠢ ᠶ᠋ᠢᠨ ᠳᠠᠪᠴᠠᠩ ᠳ᠋ᠦ ᠬᠠᠷᠠᠭᠤᠯᠪᠠ᠃

ᠤᠢᠯᠠᠭᠠᠭᠰᠠᠨ ᠵᠢᠡᠷ᠂ ᠢᠲ᠋ᠠᠯᠢ ᠶ᠋ᠢᠨ ᠣᠯᠠᠨ ᠤᠯᠤᠰ ᠤ᠋ᠨ ᠪᠥᠵᠢᠭ ᠤ᠋ᠨ ᠴᠢᠳᠠᠪᠤᠷᠢᠲᠠᠨ ᠤ᠋ ᠤᠷᠤᠯᠳᠤᠭᠠᠨ ᠪᠤᠯ ᠪᠦᠬᠦ᠌ ᠪᠥᠮᠪᠥᠷᠴᠡᠭ ᠤ᠋ᠨ ᠪᠥᠵᠢᠭ ᠤ᠋ᠨ ᠬᠦᠷᠢᠶᠡᠨ ᠳ᠋ᠡᠬᠢ ᠮᠠᠰᠢ ᠡᠷᠬᠡ ᠰᠦᠷᠲᠦ ᠴᠢᠨᠠᠷ ᠪᠠ ᠨᠥᠯᠥᠭᠡᠯᠡᠬᠦ᠌ ᠬᠦᠴᠦᠨ ᠲᠡᠶ ᠤᠷᠤᠯᠳᠤᠭᠠᠨ ᠪᠠᠢᠵᠦ᠂ ᠥᠨᠳᠥᠷ ᠪᠠᠷᠢᠮᠵᠢᠶ᠎ᠠ ᠪᠠ ᠲᠤᠰᠭᠠᠶ ᠮᠡᠷᠭᠡᠵᠢᠯ ᠤ᠋ᠨ ᠱᠠᠭᠠᠷᠳᠠᠯᠭ᠎ᠠ ᠪᠡᠷ ᠢ᠋ᠶ᠋ᠡᠨ ᠠᠯᠳᠠᠷᠱᠢᠵᠠᠶ᠃ ᠲᠣᠰ ᠤᠳᠠᠭ᠎ᠠ ᠵᠢᠨ ᠱᠠᠩᠨᠠᠯ ᠲᠤᠰᠤᠭᠰᠠᠨ ᠪᠦᠲᠦᠭᠡᠯ ᠨᠢ ᠲᠡᠭᠦᠨ ᠤ᠋ ᠤᠷᠠᠯᠢᠭ ᠤ᠋ᠨ ᠦᠨ᠎ᠡ ᠥᠷᠲᠡᠭ ᠢ᠋ ᠬᠦᠴᠦᠲᠡᠶ ᠭᠡᠷᠡᠴᠢᠯᠡᠭ᠌ᠰᠡᠨ ᠢ᠋ᠶ᠋ᠡᠷ ᠪᠠᠷᠠᠬᠤ ᠥᠬᠡᠶ᠂ ᠨᠠᠩ ᠴᠤ᠌ ᠲᠡᠭᠦᠨ ᠤ᠋ ᠤᠷᠠᠯᠢᠭ ᠤ᠋ᠨ ᠵᠣᠬᠢᠶᠠᠨ ᠪᠦᠲᠦᠭᠡᠯᠭᠡ ᠪᠠ ᠲᠠᠢᠰᠠᠨ ᠳᠡᠭᠡᠷᠡᠬᠢ ᠭᠠᠷᠮᠠᠭᠠᠶ ᠪᠣᠳᠠᠲᠤ ᠬᠦᠴᠦᠨ ᠢ᠋ ᠢᠯᠡᠷᠡᠭᠦᠯᠪᠠ᠃

ᠬᠠᠮᠳᠤ ᠵᠢᠨ ᠪᠦᠵᠢᠭ 《Eight  Me  in  This  World》 ᠤ᠋ᠨ ᠨᠠᠢᠷᠠᠭᠤᠯᠤᠨ ᠤᠳᠤᠷᠢᠳᠤᠭᠠᠴᠢ ᠯᠢᠦ ᠮᠸᠩ ᠴᠧᠨ ᠭᠤᠸᠠᠢ ᠬᠣᠱᠢᠭᠤᠴᠢ ᠤᠷᠠᠯᠢᠭ ᠤ᠋ᠨ ᠬᠠᠷᠠᠭᠠᠰᠤ ᠡᠴᠡ ᠤᠯᠠᠮᠵᠢᠯᠠᠯᠲᠤ ᠪᠥᠵᠢᠭ ᠢ᠋ ᠨᠠᠢᠷᠠᠭᠤᠯᠤᠨ ᠲᠢᠭᠯᠡᠳᠡᠭ ᠱᠤᠭᠤᠮᠯᠢᠭ ᠬᠦᠦᠷᠨᠢᠯ ᠢ᠋ ᠲᠠᠶᠠᠭ᠍ᠳᠠᠵᠤ᠂ ᠣᠯᠠᠨ ᠬᠡᠮᠵᠢᠯᠳᠦ ᠣᠷᠣᠨ ᠵᠠᠶ ᠶ᠋ᠢᠨ ᠬᠦᠦᠷᠨᠢᠬᠦ᠌ ᠠᠷᠭ᠎ᠠ ᠵᠢ ᠬᠡᠷᠡᠭ᠌ᠯᠡᠵᠡᠶ᠃ ᠬᠦᠬᠡᠬᠤᠳᠠ ᠶ᠋ᠢᠨ ᠳᠠᠭᠤᠯᠠᠯᠳᠦ ᠵᠦᠴᠦᠬᠡ ᠪᠦᠵᠢᠭᠳᠦ ᠵᠦᠴᠦᠭᠡ ᠶ᠋ᠢᠨ ᠬᠦᠷᠢᠶᠡᠯᠡᠩ ᠤ᠋ᠨ ᠲᠣᠭ᠍ᠯᠠᠭ᠍ᠴᠢᠳ ᠤ᠋ᠨ ᠭᠣᠢᠳᠠ ᠰᠠᠢᠬᠠᠨ ᠲᠣᠭ᠍ᠯᠠᠯᠲᠠ ᠨᠢ ᠬᠤᠪᠢ ᠬᠥᠮᠦᠨ ᠤ᠋ ᠬᠠᠢᠷ᠎ᠠ ᠰᠡᠳᠭᠢᠯᠭᠡ ᠪᠠ ᠳᠦᠷᠢ ᠵᠢ ᠭᠦᠨ ᠠᠭᠤᠰᠭᠠᠵᠤ᠂ ᠰᠣᠶᠣᠯ ᠤ᠋ᠨ ᠵᠠᠭᠠᠭ ᠬᠢᠵᠠᠭᠠᠷ ᠢ᠋ ᠳᠠᠪᠠᠨ ᠬᠦᠮᠦᠨ ᠲᠦᠷᠦᠯᠬᠢᠳᠡᠨ ᠤ᠋ ᠬᠠᠢᠷ᠎ᠠ ᠰᠡᠳᠭᠢᠯᠭᠡ ᠶ᠋ᠢᠨ ᠢᠷᠠᠭᠤ ᠰᠠᠢᠬᠠᠨ ᠢ᠋ ᠢᠯᠡᠷᠡᠬᠦᠯᠵᠤ᠂ ᠲᠤᠰ ᠪᠦᠲᠦᠭᠡᠯ ᠢ᠋ ᠬᠥᠮᠦᠰ ᠤ᠋ᠨ ᠰᠡᠳᠭᠢᠯ ᠢ᠋ ᠬᠥᠳᠡᠯᠭᠡᠮ᠎ᠡ ᠲᠠᠢᠰᠠᠨ ᠤ᠋ ᠰᠣᠳᠣᠨ ᠪᠦᠲᠦᠭᠡᠯ ᠪᠣᠯᠭᠠᠪᠠ᠃ ᠬᠣᠣᠰ ᠬᠥᠮᠦᠨ ᠤ᠋ ᠪᠥᠵᠢᠭ 《ᠠᠶᠠᠷᠯᠠᠯᠳᠠ ᠶ᠋ᠢᠨ ᠠᠶᠠᠯᠭᠤ》 ᠳ᠋ᠦ ᠬᠦᠬᠡᠬᠤᠳᠠ ᠶ᠋ᠢᠨ ᠳᠠᠭᠤᠯᠠᠯᠳᠦ ᠵᠦᠴᠦᠬᠡ ᠪᠦᠵᠢᠭᠳᠦ ᠵᠦᠴᠦᠭᠡ ᠶ᠋ᠢᠨ ᠬᠦᠷᠢᠶᠡᠯᠡᠩ ᠤ᠋ᠨ ᠲᠣᠭ᠍ᠯᠠᠭ᠍ᠴᠢ ᠵᠠᠩ ᠢᠦᠶ ᠴᠢ ᠪᠣᠯᠤᠨ ᠸᠠᠩ ᠴᠢᠶᠠᠨ ᡁᠢ ᠰᠡᠳᠭᠢᠯ ᠨᠢᠭᠡᠳᠦᠨ ᠨᠢᠭᠳᠠ ᠬᠠᠮᠵᠢᠯᠴᠠᠵᠤ᠂ ᠬᠠᠢᠷ᠎ᠠ ᠳᠤᠷᠠᠯᠠᠯ ᠤ᠋ᠨ ᠰᠠᠢᠨ ᠰᠠᠢᠬᠠᠨ ᠪᠠ ᠰᠠᠯᠤᠯᠲᠠ ᠶ᠋ᠢᠨ ᠪᠤᠬᠢᠨᠢᠳᠤᠯ ᠢ᠋ ᠭᠦᠢᠴᠡᠳ ᠢᠯᠡᠷᠡᠬᠦᠯᠦᠨ᠂ ᠱᠢᠯᠭᠠᠷᠠᠭᠤᠯᠬᠤ ᠺᠣᠮᠢᠰ ᠤ᠋ᠨ ᠭᠡᠱᠢᠭᠦᠳ ᠤ᠋ᠨ ᠰᠠᠢᠨ ᠦᠨᠡᠯᠡᠯᠲᠡ ᠵᠢ ᠣᠯᠵᠠᠶ᠃ ᠲᠤᠰ ᠤᠳᠠᠭ᠎ᠠ ᠤᠯᠠᠨ ᠤᠯᠤᠰ ᠤ᠋ᠨ ᠲᠠᠪᠴᠠᠩ ᠳᠡᠭᠡᠷ᠎ᠡ ᠱᠠᠩᠨᠠᠯ ᠲᠤᠰᠤᠭᠰᠠᠨ ᠨᠢ ᠬᠦᠬᠡᠬᠤᠳᠠ ᠶ᠋ᠢᠨ ᠳᠠᠭᠤᠯᠠᠯᠳᠦ ᠵᠦᠴᠦᠬᠡ ᠪᠦᠵᠢᠭᠳᠦ ᠵᠦᠴᠦᠭᠡ ᠶ᠋ᠢᠨ ᠬᠦᠷᠢᠶᠡᠯᠡᠩ ᠤ᠋ᠨ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠨᠡᠩ ᠴᠤ᠌ ᠳᠤᠮᠳᠠᠳᠤ ᠤᠯᠤᠰ ᠤ᠋ᠨ ᠪᠥᠵᠢᠭ ᠤ᠋ᠨ ᠤᠷᠠᠯᠢᠭ ᠤ᠋ᠨ ᠳᠡᠯᠡᠬᠡᠢᠵᠢᠯ ᠤ᠋ᠨ ᠠᠬᠢᠴᠠ ᠶ᠋ᠢᠨ ᠴᠢᠬᠤᠯᠠ ᠨᠢᠭᠡ ᠠᠯᠬᠤᠮ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号