ᠭᠠᠢᠬᠠᠰᠢ ᠠᠯᠳᠠᠭᠤᠯᠤᠭᠰᠨᠨ ᠰᠢᠨ᠎ᠡ ᠮᠡᠷᠬᠡᠵᠢᠯ
2025-08-30 10:54:08
ᠵᠣᠬᠢᠶᠠᠭ᠍ᠴᠢ᠄
​ ᠬᠦᠭᠵᠢᠯᠲᠦ
ᠣᠩᠱᠢᠭ᠍ᠰᠠᠨ ᠣᠳᠠᠭ᠎ᠠ᠄
★★★☆☆

ᠬᠥᠬᠡᠬᠣᠲᠠ ᠶ᠋ᠢᠨ ᠴᠡᠯᠡᠭᠡᠷ ᠲᠠᠯ᠎ᠠ ᠤᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠬᠦᠷ ᠬᠥᠭ᠌ᠵᠢᠶᠡᠨ ᠢ᠋ᠶ᠋ᠡᠷ ᠪᠢᠯᠬᠠᠵᠤ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ 4000 ᠲᠡᠭ᠌ᠰᠢ ᠳᠥᠷᠪᠡᠯᠵᠢᠨ ᠮᠧᠲ᠋ᠷ᠎ᠳᠠᠯᠠᠪᠠᠢ ᠪᠦᠬᠦᠢ ᠲᠣᠨᠣᠭ ᠲᠥᠬᠥᠭᠡᠷᠦᠮᠵᠢ ᠦᠢᠯᠡᠳᠬᠡᠯ ᠤ᠋ᠨ ᠦᠵᠡᠭᠦᠯᠭᠡ ᠶ᠋ᠢᠨ ᠲᠣᠭᠣᠷᠢᠭ ᠲᠠᠬᠢ ᠵᠢᠯᠣᠭᠣᠴᠢ ᠥᠬᠡᠶ ᠨᠢᠰᠭᠡᠯ ᠤ᠋ᠨ ᠰᠢᠰᠲᠸᠮ᠂ ᠱᠢᠨ᠎ᠡ ᠡᠨᠧᠷᠭᠢ ᠶ᠋ᠢᠨ ᠮᠠᠱᠢᠨ ᠲᠡᠷᠭᠡ ᠨᠤᠬᠦᠳ ᠨᠢ ᠱᠢᠨ᠎ᠡ ᠮᠡᠷᠭᠡᠵᠢᠯ᠂ ᠰᠢᠨ᠎ᠠ ᠴᠠᠬ ᠤ᠋ᠨ ᠲᠦᠷᠰᠦ ᠪᠠᠢᠳᠠᠯ ᠢ᠋ ᠬᠠᠷᠠᠭᠤᠯᠵᠤ᠂ ᠡᠯ᠎ᠡ ᠵᠦᠶ᠋ᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠶ᠋ᠯᠡᠳᠬᠦᠨ ᠨᠢ ᠦᠵᠡᠭᠴᠢᠳ ᠤ᠋ᠨ ᠪᠠᠬ᠎ᠠ ᠵᠢ ᠳᠠᠳᠠᠨ ᠭᠠᠢᠬᠠᠰᠢ ᠠᠯᠳᠠᠭᠤᠯᠤᠨ᠎ᠠ᠃

《ᠡᠨᠡ ᠤᠳᠠᠭ᠎ᠠ ᠪᠢᠳᠡ FP — 981CS ᠳᠤᠮᠳᠠ ᠬᠡᠯᠪᠡᠷᠢ ᠶ᠋ᠢᠨ ᠡᠭᠴᠡ ᠨᠢᠰᠳᠡᠭ ᠣᠯᠠᠨ ᠴᠢᠳᠠᠮᠵᠢᠲᠤ ᠵᠢᠯᠣᠭᠣᠴᠢ ᠥᠬᠡᠶ ᠨᠢᠰᠭᠡᠯ ᠢ᠋ᠶ᠋ᠡᠨ ᠳᠡᠯᠭᠡᠨ ᠦᠵᠡᠬᠦᠯᠵᠦ ᠪᠠᠢᠨ᠎ᠠ᠃ ᠲᠣᠰ ᠨᠢᠰᠭᠡᠯ ᠨᠢ ᠬᠤᠯᠠ ᠠᠶᠠᠯᠠᠵᠦ ᠴᠢᠳᠠᠳᠠᠭ ᠮᠦᠷᠳᠡᠭᠡᠨ ᠣᠯᠠᠨ ᠴᠢᠳᠠᠮᠵᠢ ᠲᠠᠢ᠂ ᠣᠯᠠᠨ ᠠᠴᠢᠶ᠎ᠠ ᠠᠴᠢᠳᠠᠭ ᠣᠨᠴᠠᠯᠢᠭ ᠲᠠᠶ ᠶᠤᠮ》 ᠭᠡᠵᠦ᠍ ᠰᠠᠨᠰᠠᠷ ᠤ᠋ᠨ ᠠᠶᠠᠯᠠᠯ ᠤ᠋ᠨ ᠴᠠᠭ ᠦᠶ᠎ᠡ ᠶ᠋ᠢᠨ ᠹᠸᠢ᠌ᠫᠸᠩ ᠣᠯᠠᠨ ᠤᠯᠤᠰ ᠤ᠋ᠨ ᠠᠷᠠᠯᠵᠢᠶᠠᠨ ᠤ᠋ ᠠᠵᠢᠯ ᠲᠥᠷᠥᠯ ᠤ᠋ᠨ ᠶᠡᠷᠦᠩᠬᠡᠶ ᠳᠠᠭᠠᠭᠠᠮᠠᠯ ᠺᠠᠩ ᠹᠠᠨ ᠵᠢᠯᠣᠭᠣᠴᠢ ᠥᠬᠡᠶ ᠨᠢᠰᠭᠡᠯ ᠢ᠋ᠶ᠋ᠡᠨ ᠳᠠᠨᠢᠯᠴᠠᠭᠤᠯᠤᠭᠰᠠᠨ ᠵᠢᠡᠨ ᠪᠠᠰᠠ 《ᠮᠠᠨ ᠤ᠋ ᠵᠢᠯᠣᠭᠣᠴᠢ ᠥᠬᠡᠶ ᠨᠢᠰᠭᠡᠯ ᠨᠢ ᠮᠣᠩᠭᠣᠯ ᠤᠯᠤᠰ ᠤ᠋ᠨ ᠣᠶ ᠱᠢᠭᠤᠶ ᠨᠤᠳᠤᠭ ᠪᠡᠯᠴᠢᠬᠡᠷ ᠢ᠋ ᠲᠣᠭᠣᠷᠢᠨ ᠴᠠᠭᠳᠠᠬᠤ᠂ ᠭᠠᠵᠠᠷ ᠤ᠋ᠨ ᠪᠠᠢᠴᠠ ᠶ᠋ᠢ ᠬᠠᠢᠨ ᠬᠡᠮᠵᠢᠬᠦ᠌᠂ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠤᠯᠠᠨ ᠵᠦᠢᠯ ᠤ᠋ᠨ ᠬᠡᠷᠡᠭᠯᠡᠬᠡᠨ ᠳ᠋ᠦ ᠲᠤᠬᠢᠷᠠᠨ᠎ᠠ᠃ ᠪᠢᠳᠡ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠲᠠᠪᠴᠠᠩ ᠢ᠋ ᠠᠱᠢᠭ᠍ᠯᠠᠨ ᠮᠣᠩᠭᠣᠯ ᠤᠯᠤᠰ ᠤ᠋ᠨ ᠵᠠᠬ᠎ᠠ ᠳᠡᠯᠭᠡᠭᠦᠷ ᠢ᠋ ᠤᠯᠠᠮ ᠨᠢᠭᠡ ᠠᠯᠬᠤᠮ ᠥᠷᠭᠡᠳᠭᠡᠬᠦ᠌᠎ᠶ᠋ᠢ ᠬᠦᠰᠡᠵᠦ᠍ ᠪᠠᠢᠨ᠎ᠠ》 ᠭᠡᠵᠤ ᠶᠠᠷᠢᠨ᠎ᠠ᠃

ᠪᠤᠭᠤᠲᠤ ᠶ᠋ᠢᠨ ᠪᠤᠯᠤᠳ ᠲᠡᠮᠤᠷ ᠤ᠋ᠨ ᠪᠦᠯᠦᠭ᠌ᠯᠡᠯ ᠤ᠋ᠨ ᠦᠵᠡᠭᠦᠯᠭᠡ ᠶ᠋ᠢᠨ ᠲᠣᠭᠣᠷᠢᠭ ᠲᠦ᠍ ᠳᠥᠭᠥᠮ ᠳᠥᠲᠡ ᠵᠢᠷᠤᠵᠤ ᠲᠥᠯᠥᠪᠯᠡᠭ᠌ᠰᠡᠨ ᠬᠤᠪᠴᠠᠰᠤ᠎ᠬᠤᠨᠠᠷ ᠤ᠋ᠨ ᠡᠷᠬᠢᠨ ᠲᠣᠭᠣᠷᠢᠨ ᠤ᠋ ᠨᠦᠰᠡᠷ ᠲᠤᠮᠤ ᠮᠠᠱᠢᠨ ᠲᠥᠬᠥᠭᠡᠷᠦᠮᠵᠢ ᠶ᠋ᠢᠨ ᠬᠠᠵᠠᠭᠤ ᠳ᠋ᠦ ᠮᠠᠰᠢ ᠵᠢᠵᠢᠬᠭᠡᠨ ᠬᠠᠷᠠᠭᠳᠠᠨ᠎ᠠ᠃《ᠡᠳᠡᠭᠡᠷ ᠬᠤᠪᠴᠠᠰᠤ ᠬᠤᠨᠠᠷ ᠭᠤᠤᠯ ᠤᠨᠴᠠᠯᠢᠭ ᠨᠢ ᠬᠣᠪᠣᠷ ᠱᠢᠷᠣᠢ ᠶ᠋ᠢᠨ ᠢᠯᠴᠢ ᠶ᠋ᠢᠨ ᠴᠢᠳᠠᠮᠵᠢᠳᠦ ᠮᠠᠲ᠋ᠧᠷᠢᠶᠠᠯ ᠢ᠋ ᠬᠡᠷᠡᠭ᠌ᠯᠡᠭ᠌ᠰᠡᠨ ᠳ᠋ᠦ ᠪᠤᠢ᠂ ᠠᠳᠠᠯᠢ ᠪᠤᠰᠤ ᠲᠦᠷᠦᠯ ᠤ᠋ᠨ ᠪᠦᠰ ᠨᠢ ᠬᠤᠭᠤᠷᠤᠨᠳᠦ ᠪᠠᠨ ᠪᠠᠰᠠ ᠵᠥᠷᠢᠶ᠎ᠠ ᠲᠡᠶ ᠰᠢᠤ!》 ᠭᠡᠵᠦ᠍ ᠲᠢᠶᠠᠨᠵᠢᠨ ᠳ᠋ᠡᠬᠢ ᠪᠤᠭᠤᠲᠤ ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠤ᠋ᠨ ᠬᠣᠪᠣᠷ ᠱᠢᠷᠣᠢ ᠶ᠋ᠢᠨ ᠰᠤᠳᠤᠯᠭᠠᠨ ᠤ᠋ ᠬᠦᠷᠢᠶᠡᠯᠡᠩ ᠤ᠋ᠨ ᠪᠠᠢᠩᠭᠤ ᠶ᠋ᠢᠨ ᠳᠡᠳ᠋ ᠳᠠᠷᠤᠭ᠎ᠠ ᠯᠢ ᠯᠦ᠍ ᠰᠤᠷᠪᠤᠯᠵᠢᠯᠠᠭᠴᠢ ᠳ᠋ᠤ ᠬᠡᠯᠡᠨ᠎ᠠ᠃ ᠲᠡᠭᠦᠨ ᠤ᠋ ᠲᠠᠨᠢᠯᠴᠠᠭᠤᠯᠤᠭ᠍ᠰᠠᠨ ᠢ᠋ᠶ᠋ᠠᠷ᠂ ᠡᠳᠡᠭᠡᠷ ᠬᠤᠪᠴᠠᠰᠤ ᠬᠤᠨᠠᠷ ᠤ᠋ᠨ ᠪᠦᠰ ᠮᠠᠲᠸᠷᠢᠶᠠᠯ ᠳ᠋ᠤ ᠠᠭᠤᠯᠤᠭᠳᠠᠵᠤ ᠪᠠᠢᠭ᠎ᠠ ᠬᠣᠪᠣᠷ ᠱᠢᠷᠣᠶ ᠶ᠋ᠢᠨ ᠬᠤᠯᠠ ᠬᠡᠳᠦ ᠤᠯᠠᠭᠠᠨ ᠤ᠋ ᠭᠠᠳᠠᠨᠠᠬᠢ ᠮᠠᠲ᠋ᠧᠷᠢᠶᠠᠯ ᠨᠢ ᠬᠥᠮᠦᠨ ᠤ᠋ ᠪᠡᠶ᠎ᠡ ᠶ᠋ᠢᠨ ᠰᠠᠴᠤᠷᠠᠯᠲᠠ ᠶ᠋ᠢᠨ ᠬᠤᠯᠠ ᠬᠡᠳᠦ ᠤᠯᠠᠭᠠᠨ ᠤ᠋ ᠭᠠᠳᠠᠨᠠᠬᠢ ᠲᠤᠶᠠᠭ᠎ᠠ ᠶ᠋ᠢ ᠪᠦᠲᠦᠮᠵᠢᠲᠡᠶ᠎ᠱᠢᠩᠭᠡᠭᠡᠨ ᠠᠪᠴᠤ᠌᠂ ᠪᠥᠰ ᠤ᠋ᠨ ᠳᠤᠯᠠᠭᠠᠨ ᠤ᠋ ᠬᠡᠮᠵᠢᠶ᠎ᠡ ᠶ᠋ᠢ 2 — 4 ᠭᠷᠠᠳᠦ᠋ᠰ ᠳᠡᠭᠡᠭ᠌ᠰᠢᠯᠡᠭᠦᠯᠵᠦ᠍᠂ ᠡᠭᠦᠨ ᠤ᠋ ᠤᠯᠠᠮ᠎ᠠᠴᠠ ᠬᠤᠪᠴᠠᠰᠤ ᠬᠤᠨᠠᠷ ᠬᠢᠭᠡᠳ ᠬᠥᠮᠦᠨ ᠤ᠋ ᠪᠡᠶ᠎ᠡ ᠶ᠋ᠢᠨ ᠬᠣᠭᠣᠷᠣᠨᠳᠣ ᠲᠣᠭ᠍ᠲᠠᠭᠤᠨ ᠢᠯᠴᠢ ᠶ᠋ᠢᠨ ᠡᠷᠭᠢᠯᠲᠡ ᠶ᠋ᠢ ᠪᠣᠶ ᠪᠣᠯᠭᠠᠨ᠂ ᠬᠥᠮᠦᠨ ᠤ᠋ ᠪᠡᠶ᠎ᠡ ᠶ᠋ᠢᠨ ᠢᠯᠴᠢ ᠶ᠋ᠢᠨ ᠬᠣᠷᠣᠭ᠍ᠳᠠᠯ ᠢ᠋ ᠶᠡᠬᠡ ᠪᠡᠷ ᠪᠠᠭᠠᠰᠭᠠᠳᠠᠭ᠋; ᠬᠠᠷᠢᠨ ᠬᠣᠪᠣᠷ ᠱᠢᠷᠣᠶ ᠶ᠋ᠢᠨ ᠳᠤᠯᠠᠭᠠᠨ ᠤ᠋ ᠬᠡᠮᠵᠢᠶ᠎ᠡ ᠶ᠋ᠢ ᠪᠠᠭᠤᠷᠠᠭᠤᠯᠬᠤ ᠰᠡᠷᠢᠭᠦᠬᠡᠨ ᠪᠥᠰ ᠮᠠᠲ᠋ᠧᠷᠢᠶᠠᠯ ᠨᠢ ᠨᠡᠷᠡᠨ ᠤ᠋ ᠬᠡᠷᠡᠯ ᠳᠣᠲᠣᠷᠠᠬᠢ ᠣᠢᠷ᠎ᠠ ᠬᠡᠳᠦ ᠤᠯᠠᠭᠠᠨ ᠤ᠋ ᠭᠠᠳᠠᠨᠠᠬᠢ ᠬᠡᠷᠡᠯ ᠢ᠋ ᠣᠢᠯᠭᠠᠵᠤ᠂ ᠢᠯᠴᠢ ᠶ᠋ᠢ ᠡᠬᠢ ᠡᠭᠦᠰᠦᠯ ᠡᠴᠡ ᠨᠢ ᠪᠠᠭᠠᠰᠭᠠᠬᠤ ᠶ᠋ᠢᠨ ᠬᠠᠮᠲᠤ ᠬᠥᠮᠦᠨ ᠤ᠋ ᠪᠡᠶ᠎ᠡ ᠶ᠋ᠢᠨ ᠢᠯᠴᠢ ᠰᠠᠷᠨᠢᠭᠤᠯᠬᠤ ᠶ᠋ᠢ ᠲᠦᠷᠭᠡᠳᠭᠡᠵᠦ᠍᠂ ᠪᠡᠶ᠎ᠡ ᠶ᠋ᠢᠨ ᠳᠤᠯᠠᠭᠠᠨ ᠤ᠋ ᠬᠡᠮᠵᠢᠶ᠎ᠡ ᠶ᠋ᠢ 3 — 5 ᠭᠷᠠᠳᠦ᠋ᠰ ᠪᠠᠭᠤᠷᠠᠭᠤᠯᠵᠤ᠂ ᠡᠮᠦᠰᠴᠦ᠍ ᠪᠠᠢᠭ᠎ᠠ ᠬᠥᠮᠦᠨ ᠳ᠋ᠦ ᠪᠠᠢᠩᠭᠤ ᠰᠡᠷᠢᠭᠦᠬᠡᠨ ᠲᠥᠷᠥᠭ᠌ᠳᠡᠯ ᠥᠭ᠌ᠳᠡᠭ ᠠᠵᠢ᠃

ᠤᠢᠷ᠎ᠠ ᠤᠭᠳᠠᠷᠭᠤᠢ᠎ᠶᠢᠨ ᠠᠵᠤ ᠠᠬᠤᠢ ᠡᠴᠡ ᠭᠡᠷ ᠤ᠋ᠨ ᠭᠠᠳᠠᠨᠠᠬᠢ ᠲᠤᠨᠤᠭ ᠲᠥᠬᠥᠭᠡᠷᠦᠮᠵᠢ ᠦᠢᠯᠡᠳᠬᠡᠯ ᠤ᠋ᠨ ᠦᠢᠯᠡᠰ ᠬᠦᠷᠲᠡᠯ᠎ᠡ᠂ ᠠᠭᠤᠷᠬᠠᠢ ᠡᠴᠡ ᠲᠠᠷᠢᠶᠠᠨ ᠭᠠᠵᠠᠷ ᠬᠦᠷᠲᠡᠯ᠎ᠡ᠂ ᠰᠠᠨᠰᠠᠷ ᠤ᠋ᠨ ᠠᠶᠠᠯᠠᠯ ᠡᠴᠡ ᠱᠢᠨ᠎ᠡ ᠡᠨᠧᠷᠭᠢ ᠬᠦᠷᠲᠡᠯ᠎ᠡ ᠁ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠳ᠋ᠤ ᠲᠠᠯᠬᠡᠭᠳᠡᠭᠰᠡᠨ ᠡᠯᠳᠡᠪ ᠵᠤᠢᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠨᠢ ᠡᠯ᠎ᠡ ᠬᠦᠷᠢᠶᠡᠨ ᠤ᠋ ᠬᠠᠮᠲᠤᠷᠠᠯᠴᠠᠭ᠎ᠠ ᠳ᠋ᠦ ᠬᠦᠴᠦᠷᠬᠡᠭ ᠶᠡᠬᠡ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠭ᠍ᠰᠠᠨ ᠢ᠋ᠶ᠋ᠠᠷ ᠪᠠᠷᠠᠬᠤ ᠦᠭᠡᠢ ᠦᠵᠡᠭ᠌ᠴᠢᠳ ᠲᠦ᠍ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠨᠢ ᠬᠦᠮᠦᠰ ᠤ᠋ᠨ ᠠᠮᠢᠳᠤᠷᠠᠯ ᠳ᠋ᠤ ᠬᠢᠵᠠᠭᠠᠯᠠᠰᠢ ᠦᠭᠡᠢ ᠤᠯᠠᠨ ᠪᠣᠯᠤᠮᠵᠢ ᠨᠦᠬᠦᠴᠡᠯ ᠬᠠᠩᠭᠠᠬᠤ ᠶ᠋ᠢ ᠮᠡᠳᠡᠷᠡᠬᠦᠯᠦᠭᠰᠡᠨ ᠪᠢᠯᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号