ᠮᠠᠨ ᠤ᠋ ᠤᠷᠤᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠠᠷᠢᠭᠤᠴᠠᠯᠭ᠎ᠠ ᠶ᠋ᠢᠨ ᠰᠢᠰᠲᠧᠮ ᠢ᠋ ᠪᠦᠬᠦ ᠬᠦᠴᠦᠨ ᠶ᠋ᠢᠡᠷ ᠴᠤᠭᠴᠠᠯᠠᠪᠠ
2025-08-04 16:20:45
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠤᠢᠷ᠎ᠠ ᠶ᠋ᠢᠨ ᠵᠢᠯ ᠳ᠋ᠤ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠳᠦᠷᠢᠮ ᠳᠤᠭᠳᠠᠴᠠ ᠪᠠ ᠠᠷᠭ᠎ᠠ ᠪᠠᠷᠢᠯ ᠤ᠋ᠨ ᠰᠢᠨ᠎ᠠ ᠶ᠋ᠢ ᠡᠭᠦᠳᠬᠦ ᠳ᠋ᠤ ᠰᠠᠭᠤᠷᠢᠯᠡᠨ᠂ ᠪᠦᠬᠦ ᠤᠷᠤᠨ ᠤ᠋ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠠᠷᠢᠭᠤᠴᠠᠯᠭ᠎ᠠ ᠶ᠋ᠢᠨ ᠰᠢᠰᠲ᠋ᠧᠮ ᠢ᠋ ᠪᠦᠬᠦ ᠬᠦᠴᠦᠨ ᠶ᠋ᠢᠡᠷ ᠴᠤᠭᠴᠠᠯᠠᠵᠤ᠂ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠵᠠᠰᠠᠯᠳᠠ ᠶ᠋ᠢᠨ ᠶᠠᠰᠤ ᠴᠢᠨᠠᠷ ᠎ᠢ  ᠳᠡᠭᠡᠭᠰᠢᠯᠡᠭᠦᠯᠦᠨ ᠦᠷ᠎ᠠ ᠠᠰᠢᠭ᠎ᠢ  ᠨᠡᠮᠡᠭᠳᠡᠬᠦᠯᠬᠦ  ᠶ᠋ᠢ ᠡᠷᠴᠢᠮᠳᠠᠢ ᠠᠬᠢᠭᠤᠯᠤᠭᠰᠠᠨ ᠪᠠᠢᠨ᠎ᠠ᠃

ᠳᠦᠷᠢᠮ ᠤ᠋ᠨ ᠲᠠᠯ᠎ᠠ ᠪᠡᠷ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠪᠤᠯᠤᠨ ᠵᠠᠰᠠᠭ ᠤ᠋ᠨ ᠤᠷᠳᠤᠨ ᠤ᠋ ᠤᠳᠤᠷᠢᠳᠬᠤ ᠪᠠᠭ ᠵᠢᠴᠢ ᠲᠡᠭᠦᠨ ᠤ᠋ ᠪᠦᠷᠢᠯᠳᠦᠭᠦᠨ ᠤ᠋ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠠᠷᠢᠭᠤᠴᠠᠯᠭ᠎ᠠ ᠶ᠋ᠢᠨ ᠳᠦᠷᠢᠮ ᠤ᠋ᠨ ᠲᠤᠬᠠᠢ ᠳᠤᠭᠳᠠᠭᠠᠯ ᠢ᠋ ᠨᠡᠢᠳᠡᠯᠡᠬᠦ ᠶ᠋ᠢ ᠠᠬᠢᠭᠤᠯᠵᠤ᠂ ᠨᠠᠮ ᠤ᠋ᠨ ᠲᠤᠳᠤᠭᠠᠳᠤ ᠶ᠋ᠢᠨ ᠬᠠᠤᠯᠢ ᠳᠤᠭᠳᠠᠭᠠᠯ ᠤ᠋ᠨ ᠬᠡᠯᠪᠡᠷᠢ ᠪᠡᠷ ᠬᠤᠰᠢᠭᠤ ᠰᠢᠶᠠᠨ ᠤ᠋ ᠱᠠᠳᠤᠨ ᠡᠴᠡ ᠳᠡᠭᠡᠭᠰᠢᠬᠢ ᠨᠠᠮ ᠵᠠᠰᠠᠭ ᠤ᠋ᠨ ᠤᠳᠤᠷᠢᠳᠤᠯᠭ᠎ᠠ ᠶ᠋ᠢᠨ ᠬᠠᠷᠢᠭᠤᠴᠠᠯᠭ᠎ᠠ ᠶ᠋ᠢ ᠳᠤᠳᠤᠷᠬᠠᠢᠯᠠᠭᠰᠠᠨ ᠪᠦᠭᠡᠳ 12 ᠠᠢᠮᠠᠭ ᠬᠤᠳᠠ ᠵᠢ ᠵᠢᠯᠤᠭᠤᠳᠤᠨ ᠢᠵᠢ ᠪᠦᠷᠢᠳᠦᠭᠦᠯᠦᠭᠰᠡᠨ ᠪᠢᠴᠢᠭ ᠮᠠᠲᠧᠷᠢᠶᠠᠯ ᠢ᠋ ᠨᠡᠢᠳᠡᠯᠡᠪᠡ᠃ 2024 ᠤᠨ ᠳ᠋ᠤ᠂ ᠪᠦᠬᠦ ᠤᠷᠤᠨ ᠤ᠋ 5 ᠠᠢᠮᠠᠭ ᠬᠤᠳᠠ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠳᠤᠭᠠᠳᠤ ᠪᠠᠢᠭᠤᠯᠤᠮᠵᠢ ᠪᠡᠨ ᠨᠡᠮᠡᠭᠳᠡᠭᠦᠯᠦᠭᠰᠡᠨ ᠪᠤᠶᠤ ᠰᠢᠯᠢᠳᠡᠭᠵᠢᠭᠦᠯᠦᠨ ᠳᠤᠬᠢᠷᠠᠭᠤᠯᠵᠤ᠂ ᠬᠤᠳᠠ ᠰᠢᠶᠠᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠨᠢ ᠡᠮ ᠤ᠋ᠨ ᠰᠤᠳᠤᠯᠤᠯ ᠤ᠋ᠨ ᠲᠤᠰᠬᠠᠢ ᠮᠡᠷᠭᠡᠵᠢᠯ ᠤ᠋ᠨ 84 ᠠᠵᠢᠯᠳᠠᠨ ᠢ᠋ ᠨᠡᠮᠡᠵᠦ ᠳᠤᠬᠢᠷᠠᠭᠤᠯᠤᠨ᠂ 4600 ᠲᠦᠮᠡᠨ ᠲᠦᠭᠦᠷᠢᠭ ᠤ᠋ᠨ ᠪᠡᠯᠡ ᠮᠦᠩᠬᠦ ᠤᠷᠤᠭᠤᠯᠤᠨ ᠰᠢᠯᠭᠠᠨ ᠪᠠᠢᠴᠠᠭᠠᠵᠤ ᠬᠢᠨᠡᠨ ᠬᠡᠮᠵᠢᠬᠦ ᠬᠢᠭᠡᠳ ᠬᠠᠤᠯᠢ ᠬᠡᠷᠡᠭᠵᠢᠭᠦᠯᠬᠦ ᠲᠤᠨᠤᠭᠯᠠᠯ ᠢ᠋ ᠳᠡᠰ ᠳᠡᠪᠰᠢᠭᠦᠯᠵᠦ᠂ ᠦᠨᠳᠦᠰᠦᠨ ᠱᠠᠳᠤᠨ ᠡᠴᠡ 10810 ᠬᠠᠮᠵᠢᠯᠴᠠᠬᠤ ᠠᠵᠢᠯᠳᠠᠨ ᠪᠠ ᠮᠡᠳᠡᠭᠡ ᠵᠠᠩᠬᠢ ᠶ᠋ᠢᠨ ᠠᠵᠢᠯᠳᠠᠨ ᠢ᠋ ᠤᠷᠢᠵᠤ ᠬᠡᠷᠡᠭᠯᠡᠨ᠂ ᠬᠢᠨᠠᠯᠳᠠ ᠬᠠᠮᠢᠶᠠᠷᠤᠯᠳᠠ ᠶ᠋ᠢᠨ ᠬᠠᠮᠤᠷᠬᠤ ᠬᠦᠷᠢᠶ᠎ᠠ ᠶ᠋ᠢ ᠦᠷᠭᠡᠳᠬᠡᠪᠡ᠃

ᠳᠤᠭᠳᠠᠴᠠ ᠶ᠋ᠢᠨ ᠲᠠᠯ᠎ᠠ ᠪᠡᠷ᠂ ᠤᠯᠠᠨ ᠪᠢᠴᠢᠭ ᠮᠠᠲᠧᠷᠢᠶᠠᠯ ᠳᠠᠷᠤᠮᠠᠯᠯᠠᠨ ᠲᠠᠷᠬᠠᠭᠠᠬᠤ ᠪᠡᠷ ᠳᠠᠮᠵᠢᠨ 49 ᠵᠦᠢᠯ ᠤ᠋ᠨ ᠡᠮ ᠤ᠋ᠨ ᠬᠢᠨᠠᠯᠳᠠ ᠬᠠᠮᠢᠶᠠᠷᠤᠯᠳᠠ ᠶ᠋ᠢᠨ ᠤᠴᠢᠷ ᠶᠠᠪᠤᠳᠠᠯ ᠤ᠋ᠨ ᠡᠷᠬᠡ ᠶ᠋ᠢ ᠬᠤᠪᠢᠶᠠᠷᠢᠯᠠᠨ᠂ ᠬᠢᠨᠠᠯᠳᠠ ᠬᠠᠮᠢᠶᠠᠷᠤᠯᠳᠠ ᠶ᠋ᠢᠨ ᠬᠤᠭᠤᠰᠤᠨ ᠤᠷᠤᠨ ᠪᠠ ᠰᠤᠯᠪᠢᠴᠠᠬᠤ ᠤᠷᠤᠨ ᠭᠠᠷᠬᠤ ᠶ᠋ᠢ ᠰᠡᠷᠭᠡᠢᠯᠡᠪᠡ᠃ ᠡᠮ ᠤ᠋ᠨ ᠵᠦᠢᠯᠡᠰ ᠤ᠋ᠨ ᠠᠮᠦᠷ ᠲᠦᠪᠰᠢᠨ ᠢ᠋ ᠵᠠᠰᠠᠭ ᠤ᠋ᠨ ᠤᠷᠳᠤᠨ ᠤ᠋ ᠠᠵᠢᠯ ᠤ᠋ᠨ ᠪᠦᠲᠦᠮᠵᠢ ᠶ᠋ᠢ ᠰᠢᠯᠭᠠᠨ ᠦᠨᠡᠯᠡᠬᠦ ᠪᠠ ᠠᠮᠦᠷ ᠠᠮᠤᠭᠤᠯᠠᠩ ᠤ᠋ᠨ ᠪᠠᠢᠭᠤᠯᠤᠯᠳᠠ ᠶ᠋ᠢᠨ ᠭᠦᠢᠴᠡᠳᠭᠡᠯ ᠲᠤᠭ᠎ᠠ ᠳ᠋ᠤ ᠤᠷᠤᠭᠤᠯᠪᠠ᠃ ᠱᠠᠯᠠᠪᠳᠠᠭᠤᠯᠤᠨ ᠪᠠᠢᠴᠠᠭᠠᠬᠤ ᠪᠠ ᠬᠠᠷᠢᠯᠴᠠᠨ ᠪᠠᠢᠴᠠᠭᠠᠬᠤ ᠠᠵᠢᠯᠯᠠᠭ᠎ᠠ ᠦᠷᠨᠢᠭᠦᠯᠵᠤ᠂ 2023 ᠤᠨ ᠡᠴᠡ ᠨᠠᠭᠠᠰᠢ 12 ᠠᠢᠮᠠᠭ ᠬᠤᠳᠠ᠂ 28 ᠬᠤᠰᠢᠭᠤ ᠰᠢᠶᠠᠨ ᠵᠢᠴᠢ 25 ᠦᠨᠳᠦᠰᠦᠨ ᠱᠠᠳᠤᠨ ᠤ᠋ ᠬᠠᠮᠢᠶᠠᠷᠤᠯᠳᠠ ᠶ᠋ᠢᠨ ᠭᠠᠵᠠᠷ ᠢ᠋ ᠱᠠᠯᠠᠪᠳᠠᠭᠤᠯᠤᠨ ᠪᠠᠢᠴᠠᠭᠠᠵᠤ᠂ 63 ᠠᠰᠠᠭᠤᠳᠠᠯ ᠢ᠋ ᠴᠡᠭᠴᠡᠯᠡᠨ ᠰᠠᠢᠵᠢᠷᠠᠭᠤᠯᠪᠠ; 3 ᠤᠳᠠᠭ᠎ᠠ ᠶ᠋ᠢᠨ ᠰᠤᠯᠪᠢᠴᠠᠨ ᠬᠠᠷᠢᠯᠴᠠᠨ ᠪᠠᠢᠴᠠᠭᠠᠬᠤ ᠠᠵᠢᠯᠯᠠᠭ᠎ᠠ ᠦᠷᠨᠢᠭᠦᠯᠵᠦ᠂ 648 ᠠᠵᠤ ᠠᠬᠤᠢᠯᠠᠯ ᠢ᠋ ᠪᠠᠢᠴᠠᠭᠠᠨ᠂ 1453 ᠠᠰᠠᠭᠤᠳᠠᠯ ᠢ᠋ ᠢᠯᠡᠷᠡᠭᠦᠯᠵᠦ᠂ 117 ᠬᠡᠷᠡᠭ ᠤ᠋ᠨ ᠰᠦᠪᠡᠭᠴᠢ ᠶ᠋ᠢ ᠰᠢᠯᠵᠢᠭᠦᠯᠦᠨ ᠲᠤᠰᠢᠶᠠᠵᠠᠢ᠃

ᠠᠷᠭ᠎ᠠ ᠪᠠᠷᠢᠯ ᠤ᠋ᠨ ᠲᠠᠯ᠎ᠠ ᠪᠡᠷ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ ᠲᠠᠢ ᠬᠠᠮᠳᠤᠷᠠᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠶ᠋ᠢᠨ ᠪᠤᠯᠪᠠᠰᠤᠷᠠᠯ ᠢ᠋ ᠤᠳᠤᠷᠢᠳᠬᠤ ᠺᠠᠳ᠋ᠷ ᠤ᠋ᠨ ᠲᠦᠯᠦᠪᠯᠡᠭᠡ ᠳ᠋ᠤ ᠤᠷᠤᠭᠤᠯᠵᠤ᠂ ᠪᠦᠬᠦ ᠤᠯᠤᠰ ᠤ᠋ᠨ ᠠᠩᠬᠠᠳᠤᠭᠠᠷ ᠬᠤᠭᠤᠴᠠᠭᠠᠨ ᠤ᠋ ᠤᠷᠤᠨ ᠨᠤᠳᠤᠭ ᠤ᠋ᠨ ᠵᠠᠰᠠᠭ ᠤ᠋ᠨ ᠤᠷᠳᠤᠨ ᠤ᠋ ᠤᠳᠤᠷᠢᠳᠤᠯᠭ᠎ᠠ ᠶ᠋ᠢᠨ ᠪᠤᠯᠪᠠᠰᠤᠷᠠᠯ ᠤ᠋ᠨ ᠠᠩᠬᠢ ᠶ᠋ᠢ ᠡᠷᠬᠢᠯᠡᠪᠡ; 《ᠤᠮᠠᠷᠠᠳᠦ ᠬᠢᠯᠢ ᠶ᠋ᠢᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠪᠤᠯᠪᠠᠰᠤᠷᠠᠯ》 ᠤ᠋ᠨ ᠲᠦᠷᠦᠯ ᠲᠡᠮᠳᠡᠭ ᠢ᠋ ᠡᠭᠦᠳᠴᠤ᠂ 53 ᠬᠤᠭᠤᠴᠠᠭ᠎ᠠ ᠪᠤᠯᠪᠠᠰᠤᠷᠠᠯ ᠡᠷᠬᠢᠯᠡᠨ᠂ ᠲᠦᠮᠡᠨ ᠬᠦᠮᠦᠨ ᠳ᠋ᠤ ᠪᠤᠯᠪᠠᠰᠤᠷᠠᠯ ᠬᠦᠷᠳᠡᠭᠡᠪᠡ;ᠦᠨᠳᠦᠰᠦᠨ ᠱᠠᠳᠤᠨ ᠤ᠋ 18 ᠬᠢᠨᠠᠯᠳᠠ ᠬᠠᠮᠢᠶᠠᠷᠤᠯᠳᠠ ᠶ᠋ᠢᠨ ᠨᠢᠭᠡᠴᠢ ᠶ᠋ᠢ ᠪᠦᠬᠦ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠴᠢᠳᠠᠪᠤᠷᠢ ᠶ᠋ᠢᠨ ᠪᠠᠷᠢᠮᠵᠢᠶᠠᠵᠢᠭᠤᠯᠤᠯᠳᠠ ᠶ᠋ᠢᠨ ᠪᠦᠲᠦᠭᠡᠨ ᠪᠠᠢᠭᠤᠯᠤᠯᠳᠠ ᠶ᠋ᠢᠨ ᠭᠤᠤᠯᠳᠠᠯᠭ᠎ᠠ ᠲᠠᠢ ᠠᠬᠢᠭᠤᠯᠬᠤ ᠨᠢᠭᠡᠴᠢ ᠪᠡᠷ ᠳᠤᠭᠳᠠᠭᠠᠵᠤ᠂ 300 ᠲᠦᠮᠡᠨ ᠲᠦᠭᠦᠷᠢᠭ ᠤ᠋ᠨ ᠳᠡᠮᠵᠢᠯᠭᠡ ᠶ᠋ᠢᠨ ᠪᠡᠯᠡ ᠮᠦᠩᠬᠦ ᠪᠠᠭᠤᠯᠭᠠᠨ᠂ 15 ᠬᠤᠰᠢᠭᠤ ᠰᠢᠶᠠᠨ ᠳ᠋ᠤ ᠲᠤᠰᠬᠠᠢ ᠬᠢᠨᠠᠯᠳᠠ ᠬᠠᠮᠢᠶᠠᠷᠤᠯᠳᠠ ᠶ᠋ᠢᠨ ᠪᠠᠢᠭᠤᠯᠤᠮᠵᠢ ᠪᠠᠢᠭᠤᠯᠬᠤ ᠶ᠋ᠢᠨ ᠬᠠᠮᠳᠤ ᠲᠤᠬᠠᠢ ᠶ᠋ᠢᠨ ᠲᠠᠯᠠᠪᠤᠷ ᠤ᠋ᠨ ᠲᠤᠷᠰᠢᠯᠭ᠎ᠠ ᠳᠡᠯᠭᠡᠷᠡᠭᠦᠯᠬᠦ ᠬᠤᠷᠠᠯ ᠬᠢᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号