ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠵᠢᠨ ᠨᠤᠮᠢᠨ ᠨᠣᠭᠣᠭᠠᠨ ᠬᠠᠷᠢᠭᠤᠯᠲᠠ ᠵᠢᠨ ᠬᠠᠭᠤᠳᠠᠰᠤ
2025-08-05 09:54:47
ᠵᠣᠬᠢᠶᠠᠭ᠍ᠴᠢ᠄
​ᠯᠢ ᠴᠤᠤ ᠷᠠᠨ ᠸᠠᠩ ᠯᠸᠢ ᠮᠠ ᠵᠢᠶᠦ᠋ᠨ ᡂᠢ
ᠣᠩᠱᠢᠭ᠍ᠰᠠᠨ ᠣᠳᠠᠭ᠎ᠠ᠄
★★★☆☆

ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠣᠶ ᠱᠢᠭᠤᠶ ᠵᠢᠨ ᠠᠵᠢᠯ ᠤ᠋ᠨ ᠥᠷᠲᠡᠭᠡ ᠵᠢᠨ ᠳᠠᠷᠤᠭ᠎ᠠ ᠴᠣᠭ᠍ᠲᠤ ᠲᠠᠶ 3 ᠵᠢᠯ ᠤ᠋ᠨ ᠳᠠᠷᠠᠭ᠎ᠠ  ᠳᠠᠬᠢᠨᠲᠠ ᠠᠭᠤᠯᠵᠠᠬᠤ ᠳ᠋ᠤ ᠰᠠᠨᠴᠢᠭ ᠨᠢ ᠨᠡᠯᠢᠶᠡᠳ ᠪᠤᠭᠤᠷᠤᠯᠲᠤᠴᠢᠬᠠᠭᠰᠠᠨ ᠪᠠᠢᠪᠠ᠃ 《ᠡᠨᠡ ᠮᠣᠳᠣ ᠶ᠋ᠢ ᠪᠢ 9 ᠵᠢᠯ ᠤ᠋ᠨ ᠡᠮᠦᠨ᠎ᠡ ᠵᠠᠢᠯᠠᠭ᠍ᠰᠠᠨ᠂ ᠦᠵᠡ ᠯᠡ ᠳ᠋ᠸ᠂ ᠣᠳᠣ ᠪᠦᠷ ᠡᠢᠮᠦ᠍ ᠥᠨᠳᠥᠷ ᠪᠣᠯᠴᠢᠬᠠᠭᠰᠠᠨ ᠰᠢᠤ!》 ᠭᠡᠵᠤ 2 ᠵᠢᠯ ᠤ᠋ᠨ ᠳᠠᠷᠠᠭ᠎ᠠ ᠠᠵᠢᠯ ᠡᠴᠡ ᠪᠡᠨ ᠠᠮᠠᠷᠠᠬᠤ ᠭᠡᠵᠤ ᠪᠠᠢᠭ᠎ᠠ ᠡᠨᠡ ᠬᠦ᠌ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ ᠤ᠋ᠨ ᠬᠠᠭᠤᠴᠢᠨ ᠬᠥᠮᠦᠨ ᠦᠪᠡᠷ ᠤ᠋ᠨ ᠲᠠᠷᠢᠭᠰᠠᠨ ᠮᠤᠳᠤ ᠪᠡᠨ ᠢᠯᠢᠵᠤ᠂ ᠬᠠᠷᠠᠭ᠎ᠠ ᠨᠢ ᠢᠭᠴᠤ ᠰᠠᠬᠤᠯᠢᠭ ᠤᠢ ᠵᠢᠨ ᠬᠦᠨ ᠳ᠋ᠤ ᠤᠳᠠᠲᠠᠯ᠎ᠠ ᠲᠤᠰᠤᠯ᠎ᠠ᠃


QQ20250805-095420.png


ᠡᠨᠡ ᠪᠣᠯ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠬᠣᠷᠴᠢᠨ ᠤ᠋ ᠡᠯᠡᠰᠦᠷᠬᠡᠭ ᠭᠠᠵᠠᠷ ᠤ᠋ᠨ 《ᠬᠤᠤᠰ ᠵᠠᠭᠤᠨ ᠲᠦᠮᠡᠨ ᠮᠥ᠍ 》 ᠵᠢᠨ ᠶᠡᠷᠦᠩᠬᠡᠢᠯᠡᠨ ᠵᠠᠰᠠᠬᠤ ᠢᠨᠵᠧᠨᠧᠷᠢᠩ ᠤ᠋ᠨ ᠨᠤᠭᠤᠰᠤᠲᠠᠶ ᠵᠢᠨ ᠲᠥᠷᠥᠯ ᠵᠦᠶ᠋ᠯ ᠤ᠋ᠨ ᠣᠷᠣᠨ ᠪᠣᠯᠤᠨ᠎ᠠ᠃ ᠲᠦᠩᠯᠢᠶᠣᠤ ᠬᠣᠲᠠ ᠬᠣᠷᠴᠢᠨ ᠤ᠋ ᠡᠯᠡᠰᠦᠷᠬᠡᠭ ᠭᠠᠵᠠᠷ ᠤ᠋ᠨ ᠥᠷᠥᠴᠡᠨ ᠳ᠋ᠤ ᠪᠠᠢᠷᠢᠯᠠᠵᠤ᠂ ᠡᠯᠡᠰᠦᠷᠬᠡᠭ ᠭᠠᠵᠠᠷ ᠤ᠋ᠨ ᠲᠠᠯᠠᠪᠠᠶ ᠨᠢ ᠬᠣᠷᠴᠢᠨ ᠤ᠋ ᠡᠯᠡᠰᠦᠷᠬᠡᠭ ᠭᠠᠵᠠᠷ ᠤ᠋ᠨ ᠶᠡᠷᠦᠩᠬᠡᠶ ᠲᠠᠯᠠᠪᠠᠶ ᠵᠢᠨ 50% ᠡᠴᠡ ᠳᠡᠭᠡᠭ᠌ᠰᠢᠬᠢ ᠶ᠋ᠢ ᠡᠵᠡᠯᠡᠵᠦ᠍ ᠪᠠᠢᠳᠠᠭ᠃ ᠨᠤᠭᠤᠰᠤᠲᠠᠢ ᠵᠢᠨ ᠲᠦᠷᠦᠯ ᠵᠦᠢᠯ ᠤ᠋ᠨ ᠤᠷᠤᠨ ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠪᠡᠷ ᠪᠠᠢᠷᠢᠯᠠᠵᠤ᠂ ᠥᠩᠭᠡᠷᠡᠭ᠌ᠰᠡᠨ ᠳ᠋ᠤ ᠪᠦᠬᠦ᠌ ᠤᠯᠤᠰ ᠤ᠋ᠨ ᠭᠠᠵᠠᠷ ᠱᠢᠷᠣᠢ ᠵᠢᠨ ᠡᠯᠡᠰᠦᠷᠬᠡᠭ᠌ᠵᠢᠯ ᠬᠠᠮᠤᠭ ᠤ᠋ᠨ ᠬᠦᠨᠳᠦ ᠨᠣᠴᠢᠲᠠᠢ᠂ ᠠᠮᠢ ᠠᠬᠤᠢ ᠣᠷᠴᠢᠨ ᠲᠣᠭᠣᠷᠢᠨ ᠬᠠᠮᠤᠭ ᠤ᠋ᠨ ᠬᠡᠪᠡᠷᠡᠭ ᠭᠠᠵᠠᠷ ᠣᠷᠣᠨ ᠤ᠋ ᠨᠢᠭᠡ ᠪᠠᠢᠵᠠᠢ᠃ ᠮᠠᠯᠴᠢᠨ ᠲᠠᠷᠢᠶᠠᠴᠢᠨ ᠢ᠋ ᠰᠠᠯᠬᠢ ᠡᠯᠡᠰᠦᠨ ᠤ᠋ ᠭᠠᠮᠱᠢᠭ ᠲᠤ᠌ ᠤᠴᠠᠷᠠᠭᠤᠯᠬᠤ ᠥᠬᠡᠶ ᠵᠢᠨ ᠲᠥᠯᠥᠭᠡ  ᠲᠦᠩᠯᠢᠶᠣᠤ ᠬᠣᠲᠠ 《ᠤᠮᠠᠷᠠᠲᠤ ᠵᠢᠨ ᠭᠤᠷᠪᠠᠨ ᠤᠷᠤᠨ》 ᠤ᠋ ᠬᠠᠯᠬᠠᠪᠴᠢ ᠣᠶ ᠵᠢᠨ ᠢᠨᠵᠧᠨᠧᠷᠢᠩ᠂ ᠲᠠᠷᠢᠶᠠᠯᠠᠬᠤ ᠶ᠋ᠢ ᠵᠤᠭᠰᠤᠭᠠᠨ ᠮᠤᠳᠤ ᠲᠠᠷᠢᠵᠤ ᠣᠢᠵᠢᠭᠤᠯᠬᠤ ᠢᠨᠵᠧᠨᠧᠷᠢᠩ ᠵᠡᠷᠭᠡ ᠤᠯᠤᠰ ᠤ᠋ᠨ ᠭᠤᠤᠯᠳᠠᠯᠭ᠎ᠠ ᠲᠠᠶ ᠠᠮᠢ ᠠᠬᠤᠢ ᠵᠢᠨ ᠪᠦᠳᠦᠬᠡᠨ ᠪᠠᠢᠭᠤᠯᠤᠯᠳᠠ ᠵᠢᠨ ᠢᠨᠵᠧᠨᠧᠷᠢᠩ ᠳ᠋ᠤ ᠲᠦᠱᠢᠭ᠌ᠯᠡᠨ ᠶᠡᠷᠦᠩᠬᠡᠢᠯᠡᠨ ᠵᠠᠰᠠᠬᠤ ᠠᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠬᠣᠷᠴᠢᠨ ᠤ᠋ ᠡᠯᠡᠰᠦᠷᠬᠡᠭ ᠭᠠᠵᠠᠷ ᠤ᠋ᠨ 《ᠬᠤᠤᠰ ᠵᠠᠭᠤᠨ ᠲᠦᠮᠡᠨ ᠮᠥ᠍》 ᠵᠢᠨ ᠶᠡᠷᠦᠩᠬᠡᠢᠯᠡᠨ ᠵᠠᠰᠠᠬᠤ ᠢᠨᠵᠧᠨᠧᠷᠢᠩ ᠢ᠋ ᠲᠥᠯᠥᠪᠵᠢᠭᠦᠯᠦᠨ ᠪᠠᠢᠭᠤᠯᠵᠤ᠂ ᠲᠥᠪᠯᠡᠷᠡᠭᠦᠯᠦᠨ ᠵᠠᠰᠠᠬᠤ ᠣᠷᠣᠨ ᠤ᠋ ᠲᠠᠯᠠᠪᠠᠶ 200 ᠲᠦᠮᠡᠨ ᠮᠤ᠌ ᠳ᠋ᠤ ᠬᠦᠷᠴᠡᠶ᠃ ᠡᠭᠦᠨ ᠳ᠋ᠤ ᠨᠤᠭᠤᠰᠤᠲᠠᠢ ᠵᠢᠨ ᠲᠥᠷᠥᠯ ᠵᠦᠢᠯ ᠤ᠋ᠨ ᠤᠷᠤᠨ 50 ᠲᠦᠮᠡᠨ ᠮᠦ᠍᠂ ᠠᠭᠤᠯᠠ ᠲᠥᠷᠥᠯ ᠵᠦᠢᠯ ᠤ᠋ᠨ ᠤᠷᠤᠨ 75 ᠲᠦᠮᠡᠨ ᠮᠦ᠍᠂ ᠮᠣᠳᠣᠲᠤ ᠲᠥᠷᠥᠯ ᠵᠦᠢᠯ ᠤ᠋ᠨ ᠤᠷᠤᠨ 75 ᠲᠦᠮᠡᠨ ᠮᠦ᠍ ᠪᠤᠢ᠃

《ᠮᠠᠨ ᠤ᠋ ᠡᠨᠳᠡᠬᠢ ᠡᠯᠡᠰᠦ ᠵᠢᠨ ᠮᠥᠬᠥᠯᠢᠭ᠎ᠨᠢ ᠪᠦᠳᠦᠭᠦᠨ ᠮᠦᠷᠳᠡᠬᠡᠨ ᠨᠠᠭᠠᠯᠳᠤᠮᠠᠬᠠᠢ ᠴᠢᠨᠠᠷ ᠵᠢᠡᠷ ᠠᠨᠠᠶ ᠪᠣᠯᠬᠣᠷ ᠮᠣᠳᠣ ᠳᠠᠷᠢᠬᠤ ᠳ᠋ᠤ ᠲᠡᠢᠮᠦ᠍ ᠬᠢᠯᠪᠠᠷ ᠪᠢᠰᠢ》 ᠭᠡᠵᠤ ᠴᠤᠭ᠍ᠲᠤ ᠲᠠᠨᠢᠯᠴᠠᠭᠤᠯᠤᠨ᠎ᠠ᠃ ᠴᠢᠬᠢ ᠮᠣᠳᠣᠨ ᠤ᠋ ᠡᠳᠡᠭᠡᠷᠡᠯᠲᠡ ᠵᠢᠨ ᠨᠤᠷᠮ᠎ᠠ ᠶ᠋ᠢ ᠳᠡᠭᠡᠭ᠌ᠰᠢᠯᠡᠭᠦᠯᠬᠦ᠌ ᠵᠢᠨ ᠲᠥᠯᠥᠭᠡ ᠲᠡᠷᠡ ᠪᠦᠯᠬᠦᠮ ᠤ᠋ᠨ ᠬᠢᠨ ᠲᠠᠢ ᠪᠡᠨ ᠲᠠᠷᠢᠬᠤ ᠳ᠋ᠤ ᠲᠤᠬᠢᠷᠠᠮᠵᠢᠲᠠᠢ ᠮᠣᠳᠣᠨ ᠤ᠋ ᠲᠦᠷᠦᠯ ᠢ᠋ ᠳᠠᠬᠢᠨ ᠳᠠᠪᠲᠠᠨ ᠰᠣᠩᠭᠣᠵᠤ᠂ ᠲᠠᠷᠢᠬᠤ ᠠᠷᠭ᠎ᠠ ᠬᠡᠯᠪᠡᠷᠢ ᠪᠡᠨ ᠥᠭᠡᠷᠡᠴᠢᠯᠡᠨ ᠰᠠᠢᠵᠢᠷᠠᠭᠤᠯᠵᠤ᠂ ᠡᠴᠦᠰ ᠲᠡᠬᠡᠨ 《ᠭᠦᠨ ᠵᠠᠢᠯᠠᠵᠤ ᠭᠦᠢᠭᠡᠨ ᠪᠤᠯᠠᠬᠤ》 ᠲᠠᠷᠢᠬᠤ ᠠᠷᠭ᠎ᠠ ᠶ᠋ᠢ ᠰᠦᠪᠡᠭ᠌ᠴᠢᠯᠡᠨ ᠭᠠᠷᠭᠠᠵᠤ᠂ ᠦᠩᠬᠡᠷᠡᠭᠰᠡᠨ ᠤ᠋ ᠤᠯᠠᠮᠵᠢᠯᠠᠯᠲᠤ 《ᠭᠤᠷᠪᠠ ᠤᠳᠠᠭ᠎ᠠ ᠪᠤᠯᠠᠬᠤ᠂ ᠬᠣᠶᠠᠷ ᠤᠳᠠᠭ᠎ᠠ ᠭᠢᠰᠭᠢᠬᠦ᠌᠂ ᠨᠢᠭᠡ ᠤᠳᠠᠭ᠎ᠠ ᠴᠢᠬᠢ ᠶ᠋ᠢ ᠲᠠᠲᠠᠬᠤ》 ᠮᠡᠷᠭᠡᠵᠢᠯ ᠢ᠋ 《ᠭᠦᠨ ᠨᠦᠭᠡ ᠮᠠᠯᠲᠠᠬᠤ᠂ ᠬᠣᠶᠠᠷ ᠤᠳᠠᠭ᠎ᠠ ᠪᠤᠯᠠᠬᠤ᠂ ᠨᠢᠭᠡ ᠤᠳᠠᠭ᠎ᠠ ᠤᠰᠤᠯᠠᠬᠤ᠂ ᠨᠢᠭᠡ ᠤᠳᠠᠭ᠎ᠠ ᠭᠢᠰᠭᠢᠬᠦ᠌》 ᠪᠣᠯᠭᠠᠨ ᠬᠤᠪᠢᠷᠠᠭᠤᠯᠪᠠ᠃ ᠲᠣᠰ ᠠᠷᠭ᠎ᠠ ᠨᠢ ᠤᠰᠤᠨ ᠤ᠋ ᠡᠬᠢ ᠪᠠᠶᠠᠯᠢᠭ ᠢ᠋ ᠠᠷᠪᠢᠯᠠᠵᠤ᠂ ᠴᠢᠬᠢ ᠮᠤᠳᠤᠨ ᠤ᠋ ᠤᠷᠴᠢᠨ ᠲᠤᠭᠤᠷᠢᠨ ᠳ᠋ᠠᠭᠠᠨ ᠵᠤᠬᠢᠴᠠᠬᠤ ᠬᠤᠭᠤᠴᠠᠭ᠎ᠠ ᠶ᠋ᠢ ᠪᠣᠭᠣᠨᠢᠰᠭᠠᠭᠰᠠᠨ ᠠᠵᠢ᠃ ᠲᠤᠷᠰᠢᠨ ᠬᠡᠷᠡᠭᠯᠡᠵᠤ ᠠᠮᠵᠢᠯᠲᠠ ᠣᠯᠤᠭ᠍ᠰᠠᠨ ᠤ᠋ ᠳᠠᠷᠠᠭ᠎ᠠ ᠬᠣᠷᠴᠢᠨ ᠵᠡᠭᠦᠨ ᠭᠠᠷᠤᠨ ᠬᠣᠢᠲᠤ ᠬᠣᠱᠢᠭᠤ ᠲᠣᠰ ᠮᠡᠷᠭᠡᠵᠢᠯ ᠢ᠋ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠳ᠋ᠤ ᠶᠡᠬᠡ ᠬᠡᠪᠴᠢᠶ᠎ᠡ ᠪᠡᠷ ᠳᠡᠯᠭᠡᠷᠡᠭᠦᠯᠤᠨ ᠬᠡᠷᠡᠭᠯᠡᠵᠤ᠂ ᠴᠢᠬᠢ ᠮᠣᠳᠣᠨ ᠤ᠋ ᠡᠳᠡᠭᠡᠷᠡᠯᠲᠡ ᠵᠢᠨ ᠨᠣᠷᠮ᠎ᠠ ᠶ᠋ᠢ ᠥᠩᠭᠡᠷᠡᠭ᠌ᠰᠡᠨ ᠤ᠋ 50% ᠣᠷᠴᠢᠮ ᠪᠠᠢᠭ᠍ᠰᠠᠨ ᠡᠴᠡ 90% ᠡᠴᠡ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠵᠦ᠍᠂ ᠤᠰᠤᠨ ᠤ᠋ ᠡᠬᠢ ᠪᠠᠶᠠᠯᠢᠭ ᠢ᠋ 50% ᠡᠴᠡ ᠳᠡᠭᠡᠭ᠌ᠰᠢ ᠠᠷᠪᠢᠯᠠᠪᠠ᠃ ᠴᠣᠭ᠍ᠲᠤ ᠪᠠᠰᠠ ᠪᠦᠯᠬᠦᠮ ᠵᠢᠡᠨ ᠳᠠᠭᠠᠭᠤᠯᠤᠨ 《ᠪᠦᠰᠡ᠂ ᠲᠤᠤᠷ᠂ ᠬᠡᠰᠡᠭ》 ᠢ᠋ ᠤᠶᠠᠯᠳᠤᠭᠤᠯᠤᠭ᠍ᠰᠠᠨ 9 ᠵᠦᠶ᠋ᠯ ᠤ᠋ᠨ ᠣᠢᠵᠢᠭᠤᠯᠤᠯᠲᠠ ᠵᠢᠨ ᠵᠠᠭ᠍ᠪᠤᠷ ᠢ᠋ ᠰᠦᠪᠡᠭ᠌ᠴᠢᠯᠡᠨ ᠭᠠᠷᠭᠠᠵᠤ᠂ ᠡᠯᠡᠰᠦᠷᠬᠡᠭ ᠭᠠᠵᠠᠷ ᠲᠦ᠍ ᠪᠣᠬᠢᠷᠲᠤᠯ ᠥᠬᠡᠶ ᠰᠡᠷᠭᠡᠢᠯᠡᠯᠲᠡ ᠵᠢᠨ ᠱᠤᠭᠤᠮ ᠢ᠋ ᠪᠠᠢᠭᠤᠯᠤᠨ᠂ ᠠᠮᠢ ᠠᠬᠤᠶ ᠵᠢᠨ ᠵᠠᠰᠠᠯᠲᠠ ᠳ᠋ᠤ ᠢᠯᠡᠳᠲᠡ ᠦᠷ᠎ᠡ ᠪᠦᠲᠦᠮᠵᠢ ᠤᠯᠤᠭᠰᠠᠨ ᠪᠢᠯᠡ᠃

ᠨᠤᠭᠤᠰᠤᠲᠠᠢ ᠵᠢᠨ ᠲᠥᠷᠥᠯ ᠵᠦᠢᠯ ᠤ᠋ᠨ ᠣᠷᠣᠨ ᠤ᠋ ᠠᠮᠵᠢᠯᠲᠠ ᠲᠠᠶ ᠦᠢᠯᠡᠳᠦᠯᠭᠡ ᠨᠢ ᠣᠯᠠᠨ ᠳ᠋ᠤ ᠡᠷᠬᠢᠮ ᠨᠠᠨᠳᠢᠨ ᠲᠤᠷᠱᠢᠯᠭ᠎ᠠ ᠬᠠᠩᠭᠠᠵᠤ ᠢᠲᠡᠭᠡᠯ ᠵᠣᠷᠢᠭ ᠢ᠋ ᠬᠦᠪᠴᠢᠯᠡᠪᠡ᠃ 《ᠲᠣᠰᠭᠣᠨ ᠤ᠋ ᠣᠯᠠᠨ ᠲᠦᠮᠡᠨ ᠨᠤᠭᠤᠰᠤᠲᠠᠶ ᠵᠢᠨ ᠲᠥᠷᠥᠯ ᠵᠦᠶ᠋ᠯ ᠤ᠋ᠨ ᠤᠷᠤᠨ ᠤ᠋ ᠪᠥᠲᠥᠭᠡᠨ ᠪᠠᠢᠭᠤᠯᠤᠯᠲᠠ ᠵᠢᠨ ᠦᠷ᠎ᠡ ᠪᠦᠲᠦᠭᠡᠯ ᠢ᠋ ᠦᠵᠡᠭᠡᠳ ᠶᠡᠬᠡᠳᠡ ᠵᠣᠷᠢᠭ᠍ᠵᠢᠵᠤ᠂ ᠣᠲᠣ ᠣᠯᠠᠨ ᠵᠢᠡᠷ ᠵᠢᠡᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠳ᠋ᠤ ᠣᠷᠣᠯᠴᠠᠵᠤ᠂ ᠠᠮᠢ ᠠᠬᠤᠶ ᠵᠢᠨ ᠪᠥᠲᠥᠭᠡᠨ ᠪᠠᠢᠭᠤᠯᠤᠯᠲᠠ ᠳ᠋ᠤ ᠤᠷᠤᠯᠴᠠᠬᠤ ᠬᠦᠰᠡᠯ ᠡᠷᠡᠮᠡᠯᠵᠡᠯ ᠨᠢ ᠮᠠᠰᠢ ᠴᠢᠩᠭ᠎ᠠ ᠪᠤᠯᠪᠠ᠃ ᠥᠩᠭᠡᠷᠡᠭ᠌ᠰᠡᠨ ᠳ᠋ᠤ 〈 ᠡᠯᠡᠰᠦ ᠬᠥᠮᠦᠨ ᠢ᠋ ᠬᠥᠭᠡᠭᠡᠵᠦ᠍ ᠪᠠᠢᠭᠰᠠᠨ〉᠂ ᠤᠳᠤ 〈ᠬᠥᠮᠦᠨ ᠡᠯᠡᠰᠤ ᠶ᠋ᠢ ᠬᠦᠭᠡᠭᠡᠵᠤ ᠮᠣᠳᠣ ᠲᠠᠷᠢᠵᠤ ᠪᠠᠢᠨ᠎ᠠ〉》 ᠭᠡᠵᠦ᠍ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠴᠢᠯᠠᠭᠤᠲᠤ ᠪᠠᠯᠭᠠᠰᠤ ᠵᠢᠨ ᠱᠢᠷᠠᠳᠠᠯ᠎ᠠ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠡᠷᠳᠡᠨᠢᠰᠠᠩ ᠪᠠᠶᠠᠷ ᠳᠠᠢ ᠬᠡᠯᠡᠨ᠎ᠠ᠃

2025 ᠣᠨ ᠳ᠋ᠤ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠥᠪᠥᠷ ᠮᠣᠩᠭᠣᠯ ᠯᠢᠶᠣᠤᠨᠢᠩ ᠤ᠋ᠨ ᠵᠠᠭᠠᠭ ᠲᠠᠬᠢ ᠬᠣᠷᠴᠢᠨ ᠤ᠋ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠡᠭᠦᠷᠭᠡ 14.65 ᠲᠦᠮᠡᠨ ᠮᠥ᠍ ᠪᠠᠢᠵᠤ᠂ ᠡᠭᠦᠨ ᠳ᠋ᠤ 4.98 ᠲᠦᠮᠡᠨ ᠮᠥ᠍ ᠡᠯᠡᠰᠦᠷᠬᠡᠭ ᠭᠠᠵᠠᠷ ᠢ᠋ ᠣᠢᠵᠢᠭᠤᠯᠵᠤ᠂ 6.01 ᠲᠦᠮᠡᠨ ᠮᠥ᠍ ᠡᠪᠡᠰᠦ ᠳᠠᠷᠢᠨ᠂ 3.66 ᠲᠦᠮᠡᠨ ᠮᠥ᠍ ᠠᠭᠤᠯᠠ ᠶ᠋ᠢ ᠪᠢᠲᠡᠭᠦᠮᠵᠢᠯᠡᠨ ᠣᠢᠵᠢᠭᠤᠯᠵᠤ᠂ ᠣᠲᠣᠬᠠᠨ ᠪᠣᠯᠲᠠᠯ᠎ᠠ ᠨᠢᠭᠡᠨᠲᠡ ᠡᠭᠦᠷᠭᠡ ᠪᠡᠨ ᠪᠦᠬᠦᠨ ᠢ᠋ ᠪᠡᠶᠡᠯᠡᠭᠦᠯᠪᠡ᠃

《ᠤᠢ ᠮᠣᠳᠣ ᠦᠨᠳᠦᠰᠦ ᠬᠠᠳᠭᠤᠨ ᠤᠷᠭᠤᠪᠠᠯ ᠮᠠᠨ ᠤ᠋ ᠵᠢᠭ᠍ᠰᠠᠭᠠᠯ ᠤ᠋ᠨ ᠭᠠᠵᠠᠷ ᠤᠷᠤᠭ᠍ᠰᠢ ᠠᠬᠢᠵᠤ ᠦᠷᠬᠡᠵᠢᠬᠦ ᠶᠤᠮ》 ᠭᠡᠵᠤ ᠴᠤᠭᠲᠤ ᠢᠲᠡᠭᠡᠯ ᠲᠡᠭᠦᠯᠳᠡᠷ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号