ᠵᠣᠨ᠎ᠤ 7 ᠰᠠᠷ᠎ᠠ᠎ᠶ᠋ᠢᠨ ᠦᠪᠦᠷ ᠮᠤᠩᠭᠤᠯ᠎ᠤᠨ ᠲᠠᠯ᠎ᠠ ᠨᠤᠲᠤᠭ᠎ᠲᠤ ᠡᠪᠡᠰᠦ ᠪᠡᠯᠴᠢᠭᠡᠷ ᠬᠠᠯᠢᠭᠤᠷᠠᠨ᠂ ᠬᠦᠯᠦᠭ ᠮᠤᠷᠢᠳ ᠲᠣᠪᠳᠤᠯᠤᠯᠴᠠᠵᠦ᠍᠂ ᠬᠦᠮᠦᠨ ᠵᠤᠨ ᠪᠠᠶᠠᠰᠣᠯᠴᠠᠨᠠ᠃ 7 ᠰᠠᠷ᠎ᠠ᠎ᠶ᠋ᠢᠨ 19 — 31᠎ᠤ ᠡᠳᠦᠷ ᠪᠤᠯᠳᠠᠯ᠎ᠠ ᠶᠠᠪᠤᠭ᠍ᠳᠠᠭ᠍ᠰᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠨᠢ ᠤᠯᠠᠭᠠᠨᠬᠠᠳᠠ ᠬᠤᠳᠠ᠎ᠳᠤ ᠠᠮᠵᠢᠯᠳᠠ ᠲᠡᠭᠦᠰ ᠥᠨᠳᠥᠷᠯᠡᠪᠡ᠃ 《ᠬᠠᠰ ᠯᠤᠤ᠎ᠶ᠋ᠢᠨ ᠨᠤᠲᠤᠭ᠎ᠲᠤ ᠪᠤᠯᠵᠤᠨ ᠦᠵᠡᠰᠭᠦᠯᠡᠩᠲᠦ ᠰᠠᠢᠬᠠᠨ ᠤᠮᠠᠷᠠᠲᠤ ᠬᠢᠯᠢ ᠪᠠᠨ ᠪᠦᠲᠦᠭᠡᠨ ᠪᠠᠢᠭᠤᠯᠤᠶ᠎ᠠ》᠎ᠪᠠᠷ ᠭᠤᠣᠯ ᠰᠡᠳᠦᠪ ᠪᠣᠯᠭᠠᠭ᠍ᠰᠠᠨ ᠲᠤᠰ ᠤᠳᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ᠂ 18 ᠤᠷᠤᠯᠳᠤᠭᠠᠨ᠎ᠤ ᠲᠦᠷᠦᠯ ᠵᠤᠢᠯ ᠪᠠ 12 ᠲᠤᠭ᠍ᠯᠠᠯᠳᠠ᠎ᠶ᠋ᠢᠨ ᠲᠦᠷᠦᠯ ᠵᠦᠢᠯ ᠢ ᠲᠣᠬᠢᠷᠠᠭᠤᠯᠵᠤ᠂ ᠪᠦᠬᠦ᠌ ᠤᠷᠤᠨ᠎ᠤ 2600 ᠭᠠᠷᠤᠢ ᠲᠠᠰᠭᠠᠯᠵᠢᠭᠤᠯᠤᠭ᠍ᠴᠢ᠂ ᠬᠢᠨᠠᠭ᠍ᠴᠢ ᠪᠠ ᠲᠠᠮᠢᠷᠴᠢᠨ ᠴᠤᠭ᠍ᠯᠠᠭᠠᠨ᠎ᠳᠤ ᠤᠷᠤᠯᠴᠠᠵᠤ ᠰᠦᠷ ᠵᠢᠪᠬᠤᠭ᠎ᠠ᠎ᠪᠠᠨ ᠭᠠᠢᠬᠠᠭᠤᠯᠤᠨ᠂ ᠤᠷ᠎ᠠ ᠤᠬᠠᠭᠠᠨ᠎ᠢᠶᠠᠨ ᠦᠵᠡᠯᠴᠡᠵᠠᠢ᠃

ᠦᠨᠳᠦᠰᠦᠲᠡᠨ᠎ᠦ ᠶᠡᠬᠡ ᠬᠠᠮᠳᠤᠷᠠᠭᠰᠠᠨ ᠨᠠᠢᠷ᠎ᠤᠨ ᠠᠵᠢᠯᠯᠠᠭ᠎ᠠ
11 ᠡᠳᠦᠷ ᠦᠷᠭᠦᠯᠵᠢᠯᠡᠭ᠌ᠰᠡᠨ ᠦᠪᠡᠳᠡᠭ᠌ᠰᠢ ᠴᠤᠭ᠍ᠯᠠᠭᠠᠨ᠎ᠳᠤ᠂ ᠬᠤᠷᠳᠤᠨ ᠮᠤᠷᠢᠨ᠎ᠤ ᠣᠷᠤᠯᠳᠤᠭᠠᠨ᠂ ᠡᠷ᠎ᠡ᠎ᠶ᠋ᠢᠨ ᠭᠤᠷᠪᠠᠨ ᠨᠠᠭᠠᠳᠤᠮ᠂ ᠮᠣᠩᠭᠤᠯ ᠱᠢᠳᠠᠷ᠎ᠠ᠎ᠶ᠋ᠢᠨ ᠣᠷᠣᠯᠳᠤᠭᠠᠨ᠂ ᠪᠢᠯᠠᠭᠤ᠎ᠶ᠋ᠢᠨ ᠣᠷᠤᠯᠳᠤᠭᠠᠨ ᠵᠡᠷᠭᠡ᠎ᠨᠢ ᠢᠳᠡ ᠬᠦᠭ᠎ᠲᠠᠢ ᠶᠠᠪᠤᠭ᠍ᠳᠠᠭ᠍ᠰᠠᠨ ᠪᠤᠯ ᠡᠨᠡ ᠣᠳᠠᠭᠠᠨ᠎ᠤ ᠣᠷᠣᠯᠳᠤᠭᠠᠨ᠎ᠳᠤ ᠬᠠᠳᠠᠭ ᠱᠢᠭᠦᠷᠬᠦ᠂ ᠨᠠᠮᠨᠠᠭ᠎ᠠ᠎ᠶ᠋ᠢᠨ ᠣᠷᠣᠯᠳᠣᠭᠠᠨ ᠢ ᠱᠢᠨ᠎ᠡ᠎ᠪᠠᠷ ᠲᠣᠬᠢᠷᠠᠭᠤᠯᠤᠭ᠍ᠰᠠᠨ᠎ᠨᠢ ᠣᠯᠠᠨ ᠬᠦᠮᠦᠰ᠎ᠤᠨ ᠠᠩᠬᠠᠷᠤᠯ᠎ᠳᠤ ᠬᠦᠷᠴᠦ᠍ ᠪᠠᠭ᠍ᠠᠷᠬᠠᠯ᠎ᠢ ᠬᠦᠷᠳᠡᠭ᠌ᠰᠡᠨ ᠪᠠᠢᠯ᠎ᠠ᠃ 《ᠦᠨᠳᠦᠰᠦᠳᠡᠨ᠎ᠤ ᠪᠦᠯᠭᠦᠮᠳᠡᠯ᠎ᠤᠨ ᠦᠪᠡᠳᠡᠭ᠌ᠰᠢ ᠴᠤᠭ᠍ᠯᠠᠭᠠᠨ ᠦᠷᠭᠡᠨ ᠲᠦᠮᠡᠨ᠎ᠤ ᠦᠩᠱᠢᠭ ᠨᠠᠭᠠᠳᠤᠮ》᠎ᠢᠶᠠᠷ ᠪᠠᠢᠷᠢ ᠲᠣᠭ᠍ᠳᠠᠭᠠᠯᠳᠠᠪᠠᠨ ᠪᠣᠯᠭᠠᠭ᠍ᠰᠠᠨ ᠲᠤᠰ ᠤᠳᠠᠭᠠᠨ᠎ᠤ ᠴᠤᠭ᠍ᠯᠠᠭᠠᠨ᠎ᠤ ᠬᠤᠪᠢᠶᠠᠷᠢ ᠲᠠᠯᠠᠪᠠᠢ ᠣᠷᠤᠯᠳᠤᠭᠠᠨ ᠢ ᠪᠠᠭᠠᠷᠢᠨ ᠪᠠᠷᠠᠭᠤᠨ ᠬᠤᠱᠢᠭᠤᠨ᠎ᠳᠤ ᠲᠣᠬᠢᠷᠠᠭᠤᠯᠵᠦ᠍᠂ ᠭᠤᠣᠯ ᠲᠠᠯᠠᠪᠠᠢ ᠣᠷᠣᠯᠳᠤᠭ᠎ᠠ᠎ᠨᠢ ᠣᠯᠠᠭᠠᠨᠬᠠᠳᠠ᠎ᠶ᠋ᠢᠨ ᠪᠡᠶ᠎ᠡ᠎ᠶ᠋ᠢᠨ ᠲᠠᠮᠢᠷ᠎ᠤᠨ ᠲᠦᠪ᠎ᠲᠤ ᠲᠣᠬᠢᠷᠠᠭᠤᠯᠵᠤ᠂ ᠬᠤᠳᠠ ᠲᠣᠭᠤᠷᠢᠭ᠂ ᠬᠤᠱᠢᠭᠤ ᠱᠢᠶᠠᠨ ᠬᠠᠮᠳᠦ᠍ᠳᠠᠭᠠᠨ ᠣᠷᠣᠯᠴᠠᠭ᠍ᠰᠠᠨ ᠦᠪᠡᠳᠡᠭ᠌ᠰᠢ ᠴᠤᠭ᠍ᠯᠠᠭᠠᠨ ᠪᠤᠯᠵᠠᠢ᠃

ᠲᠡᠮᠡᠭᠡ ᠣᠷᠣᠯᠳᠣᠨ᠎ᠠ
ᠦᠪᠦᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠣᠭᠠᠳᠦ ᠦᠨᠳᠦᠰᠦᠳᠡᠨ᠎ᠤ ᠣᠯᠠᠮᠵᠢᠯᠠᠯᠳᠦ ᠪᠡᠶ᠎ᠡ᠎ᠶ᠋ᠢᠨ ᠲᠠᠮᠢᠷ᠎ᠤᠨ ᠴᠣᠭ᠍ᠯᠠᠭᠠᠨ ᠪᠣᠯ ᠣᠷᠣᠨ᠎ᠤ ᠲᠣᠳᠣᠷᠠᠬᠢ ᠪᠠᠷᠢᠮᠵᠢᠶ᠎ᠡ᠎ᠪᠠᠷ ᠬᠠᠮᠤᠭ᠎ᠤᠨ ᠦᠨᠳᠦᠷ᠂ ᠬᠡᠪᠴᠢᠶ᠎ᠡ᠎ᠪᠠᠷ ᠬᠠᠮᠤᠭ᠎ᠤᠨ ᠶᠡᠭᠡ ᠶᠡᠷᠦᠩᠭᠡᠢᠯᠡᠭ᠌ᠰᠡᠨ ᠴᠢᠨᠠᠷᠳᠠᠢ ᠦᠨᠳᠦᠰᠦᠳᠡᠨ᠎ᠤ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠣᠨ᠎ᠠ᠃ 1985 ᠣᠨ᠎ᠠᠴᠠ ᠡᠬᠢᠯᠡᠨ ᠤᠳᠤ ᠪᠤᠯᠳᠠᠯ᠎ᠠ ᠨᠢᠭᠡᠨᠳᠡ 10 ᠬᠤᠭᠤᠴᠠᠭ᠎ᠠ ᠠᠮᠵᠢᠯᠳᠠ᠎ᠲᠠᠢ ᠡᠷᠬᠢᠯᠡᠵᠡᠢ᠃

ᠪᠦᠬᠡ ᠵᠢᠨ ᠪᠠᠷᠢᠯᠳᠣᠭᠠᠨ
ᠲᠤᠰ ᠣᠳᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠨᠢ ᠨᠢᠭᠡ ᠤᠳᠠᠭᠠᠨ᠎ᠤ ᠪᠡᠶ᠎ᠡ᠎ᠶ᠋ᠢᠨ ᠲᠠᠮᠢᠷ᠎ᠤᠨ ᠮᠥᠷᠥᠢᠴᠡᠭᠡᠨ ᠪᠣᠯᠬᠤ᠎ᠪᠠᠷ ᠪᠠᠷᠠᠬᠤ ᠦᠭᠡᠢ ᠦᠨᠳᠦᠰᠦᠲᠡᠨ᠎ᠤ ᠰᠣᠶᠣᠯ᠎ᠤᠨ ᠰᠣᠯᠢᠯᠴᠠᠭ᠎ᠠ ᠠᠭᠤᠰᠣᠯᠴᠠᠭ᠎ᠠ᠂ ᠦᠨᠳᠦᠰᠦᠲᠡᠨ᠎ᠤ ᠪᠦᠯᠬᠦᠮᠳᠡᠯ ᠨᠢᠭ᠍ᠳᠠᠷᠠᠯᠤᠨ ᠦᠪᠡᠳᠡᠭ᠌ᠰᠢ ᠴᠤᠭ᠍ᠯᠠᠭᠠᠨ ᠪᠣᠯᠬᠤ ᠶᠤᠮ᠃ ᠦᠨᠳᠦᠰᠦᠲᠡᠨ᠎ᠨᠦᠭᠦᠳ᠎ᠤᠨ ᠠᠬ᠎ᠠ ᠳᠡᠭᠦᠦ ᠨᠠᠷ ᠤᠷᠤᠯᠳᠤᠭᠠᠨ᠎ᠤ ᠲᠠᠯᠠᠪᠤᠷ᠎ᠲᠤ ᠬᠠᠷᠢᠯᠴᠠᠨ ᠮᠥᠷᠥᠢᠴᠡᠵᠦ᠍᠂ ᠠᠨᠠᠷ᠎ᠤᠨ ᠦᠷ᠎ᠡ ᠱᠢᠭ ᠨᠢᠭ᠍ᠲᠠ ᠪᠦᠯᠭᠦᠮᠳᠡᠵᠡᠭᠡᠵᠦ᠍᠂ ᠲᠠᠯ᠎ᠠ ᠨᠤᠲᠤᠭ᠎ᠤᠨ ᠡᠶ᠎ᠡ ᠵᠣᠬᠢᠴᠠᠩᠭᠤᠢ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃

ᠬᠣᠯᠬᠣᠪᠴᠢ ᠨᠣᠮᠣ ᠬᠠᠷᠪᠣᠨ᠎ᠠ

《ᠬᠣᠷᠴᠢᠨ ᠵᠢᠷᠣᠭ᠎ᠠ》 ᠬᠤᠯᠠ ᠣᠢᠷ᠎ᠠ᠎ᠳᠤ ᠪᠠᠨ ᠠᠯᠳᠠᠷᠰᠢᠪᠠ

ᠠᠶᠠᠯᠭᠤᠲᠤ ᠵᠢᠭᠣᠯᠴᠢᠯᠠᠯ ᠦᠪᠦᠷ ᠮᠣᠩᠭᠣᠯ ᠯᠣᠣᠲᠣ ᠨᠣᠲᠣᠭ ᠣᠯᠠᠭᠠᠨᠬᠠᠳᠠ᠎ᠳᠡᠬᠢ ᠠᠶᠠᠯᠠᠯ