ᠮᠠᠨ ᠤ᠋ ᠤᠷᠤᠨ ᠤ᠋ ᠤᠯᠠᠨ ᠭᠠᠵᠠᠷ ᠲᠦ᠍ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠨ᠎ᠠ
2025-08-06 10:03:57
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠢ᠋ᠢᠡᠷ᠂ 8 ᠰᠠᠷ᠎ᠠ ᠢ᠋ᠢᠨ 7 — 9 ᠤ᠋ ᠡᠳᠦᠷ ᠪᠣᠯᠲᠠᠯ᠎ᠠ ᠮᠠᠨ ᠤ᠋ ᠤᠷᠤᠨ ᠤ᠋ ᠶᠡᠬᠡᠩᠬᠢ ᠭᠠᠵᠠᠷ ᠲᠤ᠌᠎ᠪᠤᠷᠤᠭᠠᠨ ᠤᠷᠤᠵᠤ᠂ ᠪᠣᠷᠣᠲᠣᠬᠣᠶ ᠵᠢᠴᠢ ᠡᠷᠬᠢᠨ ᠲᠣᠭᠣᠷᠢᠨ ᠤ᠋ ᠭᠠᠵᠠᠷ ᠤᠷᠤᠨ᠂ ᠳᠤᠮᠳᠠ ᠪᠡᠶ᠎ᠠ ᠢ᠋ᠢᠨ ᠵᠡᠭᠦᠨ ᠬᠡᠰᠡᠭ᠂ ᠵᠡᠭᠦᠨ ᠪᠡᠶ᠎ᠠ ᠢ᠋ᠢᠨ ᠶᠡᠬᠡᠩᠬᠢ ᠭᠠᠵᠠᠷ ᠲᠤ᠌ ᠳᠤᠮᠳᠠ ᠡᠴᠡ ᠶᠡᠬᠡ ᠪᠣᠷᠣᠭᠠᠨ ᠣᠷᠣᠵᠤ᠂ ᠬᠡᠰᠡᠭ ᠭᠠᠵᠠᠷ ᠲᠤ᠌ ᠰᠢᠷᠦᠭᠦᠨ ᠪᠣᠷᠣᠭᠠᠨ ᠣᠷᠣᠨ᠎ᠠ᠃

7 ᠤ᠋ ᠡᠳᠦᠷ ᠤ᠋ᠨ 8 ᠴᠠᠭ ᠡᠴᠡ 9 ᠤ᠋ ᠡᠳᠦᠷ ᠤ᠋ᠨ 8 ᠴᠠᠭ ᠪᠣᠯᠲᠠᠯ᠎ᠠ᠂ ᠠᠯᠠᠱᠠ ᠠᠢᠮᠠᠭ ᠤ᠋ᠨ ᠵᠡᠭᠦᠨ ᠡᠮᠦᠨ᠎ᠠ ᠪᠡᠶ᠎ᠠ᠂ ᠦᠬᠠᠢ ᠬᠤᠳᠠ᠂ ᠪᠠᠶᠠᠨᠨᠠᠭᠤᠷ ᠬᠤᠳᠠ ᠢ᠋ᠢᠨ ᠡᠮᠦᠨ᠎ᠡ ᠪᠡᠶ᠎ᠠ᠂ ᠤᠷᠳᠤᠰ ᠬᠤᠳᠠ᠂ ᠪᠤᠭᠤᠲᠤ ᠬᠤᠳᠠ ᠢ᠋ᠢᠨ ᠳᠤᠮᠳᠠ ᠪᠡᠶ᠎ᠠ ᠪᠣᠯᠤᠨ ᠡᠮᠦᠨ᠎ᠡ ᠪᠡᠶ᠎ᠠ᠂ ᠬᠥᠬᠡᠬᠣᠲᠠ᠂ ᠤᠯᠠᠭᠠᠨᠴᠠᠪ ᠬᠤᠳᠠ ᠢ᠋ᠢᠨ ᠪᠠᠷᠠᠭᠤᠨ ᠡᠮᠦᠨ᠎ᠠ ᠪᠡᠶ᠎ᠠ᠂ ᠱᠢᠯᠢ ᠢ᠋ᠢᠨ ᠭᠣᠣᠯ ᠠᠢᠮᠠᠭ ᠤ᠋ᠨ ᠵᠡᠭᠦᠨ ᠬᠣᠢᠲᠤ ᠪᠡᠶ᠎ᠠ᠂ ᠤᠯᠠᠭᠠᠨᠬᠠᠳᠠ ᠬᠤᠳᠠ ᠢ᠋ᠢᠨ ᠪᠠᠷᠠᠭᠤᠨ ᠪᠡᠶ᠎ᠠ ᠪᠣᠯᠤᠨ ᠬᠣᠢᠲᠤ ᠪᠡᠶ᠎ᠠ᠂ ᠲᠦᠩᠯᠢᠶᠣᠤ ᠬᠤᠳᠠ ᠢ᠋ᠢᠨ ᠪᠠᠷᠠᠭᠤᠨ ᠬᠣᠢᠲᠤ ᠪᠡᠶ᠎ᠠ ᠪᠣᠯᠤᠨ ᠵᠡᠭᠦᠨ ᠪᠡᠶ᠎ᠠ᠂ ᠬᠢᠩᠭᠠᠨ ᠠᠢᠮᠠᠭ᠂ ᠬᠥᠯᠥᠨ ᠪᠤᠢ᠌ᠷ ᠬᠤᠳᠠ ᠢ᠋ᠢᠨ ᠶᠡᠬᠡᠩᠬᠢ ᠭᠠᠵᠠᠷ ᠲᠤ᠌ ᠳᠤᠮᠳᠠ ᠡᠴᠡ ᠲᠡᠭᠡᠭᠰᠢ ᠶᠡᠬᠡ ᠪᠣᠷᠣᠭᠠᠨ ᠣᠷᠣᠵᠤ᠂ ᠬᠥᠯᠥᠨ ᠪᠤᠢ᠌ᠷ ᠬᠤᠳᠠ ᠢ᠋ᠢᠨ ᠵᠡᠭᠦᠨ ᠪᠡᠶ᠎ᠡ ᠢ᠋ᠢᠨ ᠵᠡᠭᠦᠨ ᠬᠡᠰᠡᠭ ᠲᠦ᠍ ᠰᠢᠷᠦᠭᠦᠨ ᠪᠣᠷᠣᠭᠠᠨ ᠣᠷᠣᠨ᠎ᠠ᠃ ᠲᠤᠰ ᠤᠳᠠᠭ᠎ᠠ ᠵᠢᠨ ᠪᠤᠷᠤᠭᠠᠨ ᠳ᠋ᠤ ᠬᠤᠷ᠎ᠠ ᠲᠤᠨᠳᠠᠰᠤ ᠢ᠋ᠢᠨ ᠬᠠᠮᠤᠭ ᠤ᠋ᠨ ᠶᠡᠬᠡ ᠬᠤᠷᠠᠮᠳᠤᠯ ᠤ᠋ᠨ ᠬᠡᠮᠵᠢᠶ᠎ᠠ 30 — 50 ᠮᠢᠯᠢᠮᠧᠲ᠋ᠷ ᠬᠦᠷᠴᠦ᠍᠂ ᠵᠡᠭᠦᠨ ᠪᠡᠶ᠎ᠠ ᠢ᠋ᠢᠨ ᠬᠡᠰᠡᠭ ᠭᠠᠵᠠᠷ ᠤ᠋ᠨ ᠬᠤᠷ᠎ᠠ ᠳᠤᠨᠳᠠᠰᠤ ᠢ᠋ᠢᠨ ᠬᠤᠷᠠᠮᠳᠤᠯ ᠤ᠋ᠨ ᠬᠡᠮᠵᠢᠶ᠎ᠠ 70 ᠮᠢᠯᠢᠮᠧᠲ᠋ᠷ ᠢ᠋ ᠳᠠᠪᠠᠵᠤ᠂ ᠵᠠᠷᠢᠮ ᠭᠠᠵᠠᠷ ᠲᠤ᠌ ᠣᠬᠣᠷ ᠬᠤᠭᠤᠴᠠᠭᠠᠨ ᠤ᠋ ᠱᠢᠷᠦᠭᠦᠨ ᠪᠣᠷᠣᠭᠠᠨ᠂ ᠠᠶᠤᠩᠭᠠᠲᠤ ᠪᠣᠷᠣᠭᠠᠨ ᠶᠡᠬᠡ ᠰᠠᠯᠬᠢ᠂ ᠮᠥᠨᠳᠥᠷ ᠵᠡᠷᠭᠡ ᠴᠢᠡᠭᠭ᠎ᠠ ᠰᠣᠯᠢᠭ ᠤᠷᠤᠰᠭᠠᠯᠲᠤ ᠴᠠᠭ ᠠᠭᠤᠷ ᠳᠠᠭᠠᠯᠳᠤᠨ᠎ᠠ᠃

ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠬᠠᠮᠢᠶ᠎ᠠ ᠪᠦᠬᠦᠢ ᠭᠠᠵᠠᠷ ᠤ᠋ᠨ ᠬᠢᠨ ᠴᠠᠭ ᠠᠭᠤᠷ ᠤ᠋ᠨ ᠤᠷᠢᠳᠴᠢᠯᠠᠭᠰᠠᠨ ᠮᠡᠳᠡᠬᠡ ᠪᠠ ᠰᠡᠷᠡᠮᠵᠢᠯᠡᠬᠦᠯᠦᠯ ᠤ᠋ᠨ ᠲᠤᠬᠢᠶ᠎ᠠ ᠵᠢ ᠨᠢᠭᠳᠠ ᠠᠩᠬᠠᠷᠴᠦ᠂ ᠶᠡᠬᠡ ᠪᠤᠷᠤᠭᠠᠨ ᠤ᠋ ᠡᠬᠦᠰᠦᠮᠡᠯ ᠭᠠᠮᠰᠢᠭ ᠢ᠋ ᠰᠡᠷᠬᠡᠢᠯᠡᠬᠦ ᠴᠢᠬᠤᠯᠠᠳᠠᠢ ᠬᠡᠮᠡᠨ ᠰᠠᠨᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号