7 ᠰᠠᠷ᠎ᠠ᠎ᠶ᠋ᠢᠨ 28 ᠤ᠋ ᠡᠳᠦᠷ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶᠠᠨ᠎ᠳᠤ ᠬᠦᠷᠬᠦ᠌᠎ᠳᠦ᠂ ᠲᠤᠰ ᠱᠢᠭᠦᠬᠦ᠌ ᠬᠣᠷᠢᠶᠠᠨ᠎ᠤ ᠭᠦᠢᠴᠡᠳᠭᠡᠬᠦ᠌ ᠲᠣᠪᠴᠢᠶᠠᠨ᠎ᠤ ᠱᠢᠭᠦᠭ᠌ᠴᠢ ᠲᠤᠰᠢᠶᠠᠯᠲᠠᠨ ᠰᠠᠶᠢᠬᠠᠨ ᠬᠡᠷᠡᠭ ᠪᠣᠯᠭᠠᠨ ᠳᠠᠩᠰᠠᠯᠠᠭ᠍ᠰᠠᠨ ᠭᠦᠢᠴᠡᠳᠭᠡᠬᠦ᠌ ᠬᠡᠷᠡᠭ᠎ᠦᠨ ᠡᠪᠬᠡᠮᠡᠯ᠎ᠢ ᠡᠮᠬᠢᠯᠡᠵᠦ᠍ ᠶᠠᠭᠠᠷᠠᠨ᠎ᠠ᠃ 《ᠣᠢᠷ᠎ᠠ᠎ᠳᠤ᠂ ᠮᠠᠨ᠎ᠤ ᠱᠢᠭᠦᠬᠦ᠌ ᠬᠣᠷᠢᠶ᠎ᠠ 500 ᠭᠠᠷᠤᠶ ᠲᠦᠮᠡᠨ ᠲᠥᠭᠥᠷᠢᠭ᠎ᠦᠨ ᠬᠤᠳᠠᠯᠳᠤᠭᠠᠨ᠎ᠤ ᠭᠡᠷ᠎ᠡ᠎ᠶ᠋ᠢᠨ ᠵᠠᠭᠤᠷᠠᠯᠳᠤᠭᠠᠨ᠎ᠤ ᠬᠡᠷᠡᠭ᠎ᠢ ᠠᠮᠵᠢᠯᠲᠠ᠎ᠲᠠᠶ ᠭᠦᠶ᠋ᠴᠡᠳᠭᠡᠨ ᠳᠠᠭᠤᠰᠭᠠᠪᠠ᠂ ᠡᠨᠡ ᠪᠣᠯ ᠮᠠᠨ᠎ᠤ ᠱᠢᠭᠦᠬᠦ᠌ ᠬᠣᠷᠢᠶ᠎ᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠭ᠌ᠰᠡᠨ ᠬᠠᠤᠯᠢ ᠪᠠᠷᠢᠬᠤ ᠦᠶ᠋ᠯᠡᠳᠦᠯᠭᠡ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ ᠪᠣᠯᠤᠨ᠎ᠠ》 ᠭᠡᠵᠦ᠍ ᠠᠯᠠᠱᠠ ᠵᠡᠭᠦᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ ᠹᠸᠩ ᠷᠦᠢ ᠫᠢᠩ ᠬᠡᠯᠡᠪᠡ᠃
ᠲᠠᠨᠢᠯᠴᠠᠭᠤᠯᠤᠭ᠍ᠰᠠᠨ᠎ᠢᠶᠠᠷ᠂ ᠾᠧᠨᠠᠨ᠎ᠤ ᠨᠢᠭᠡᠨ ᠺᠣᠮᠫᠠᠨᠢ ᠪᠣᠯᠤᠨ ᠥᠪᠥᠷ ᠮᠣᠩᠭᠣᠯ᠎ᠤᠨ ᠨᠢᠭᠡᠨ ᠺᠣᠮᠫᠠᠨᠢ᠎ᠶ᠋ᠢᠨ ᠬᠤᠳᠠᠯᠳᠤᠭᠠᠨ᠎ᠤ ᠭᠡᠷ᠎ᠡ᠎ᠶ᠋ᠢᠨ ᠵᠠᠭᠤᠷᠠᠯᠳᠤᠭᠠᠨ᠎ᠤ ᠬᠡᠷᠡᠭ᠎ᠦᠨ ᠲᠠᠰᠤᠯᠤᠯᠲᠠ ᠬᠦᠴᠦᠨ᠎ᠲᠡᠶ ᠪᠣᠯᠤᠭ᠍ᠰᠠᠨ᠎ᠤ ᠳᠠᠷᠠᠭ᠎ᠠ᠂ ᠭᠦᠶ᠋ᠴᠡᠳᠭᠡᠭ᠌ᠳᠡᠭ᠌ᠴᠢ ᠪᠣᠯᠤᠭ᠍ᠰᠠᠨ ᠥᠪᠥᠷ ᠮᠣᠩᠭᠣᠯ᠎ᠤᠨ ᠨᠢᠭᠡᠨ ᠺᠣᠮᠫᠠᠨᠢ ᠴᠠᠭ ᠲᠤᠬᠠᠶ᠎ᠳᠤᠨᠢ ᠵᠣᠭᠣᠰ ᠥᠭ᠌ᠬᠦ ᠡᠭᠦᠷᠭᠡ᠎ᠪᠡᠨ ᠭᠦᠶ᠋ᠴᠡᠳᠭᠡᠭ᠌ᠰᠡᠨ ᠥᠬᠡᠶ ᠪᠣᠯᠬᠣᠷ ᠭᠤᠶᠤᠴᠢᠯᠠᠭ᠍ᠴᠢ ᠠᠯᠪᠠᠲᠠᠨ ᠭᠦᠶ᠋ᠴᠡᠳᠭᠡᠭᠦᠯᠬᠦ᠌ᠪᠡᠷ ᠭᠤᠶᠤᠴᠢᠯᠠᠪᠠ᠃ ᠠᠯᠠᠱᠠ ᠵᠡᠭᠦᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶᠠᠨ᠎ᠤ ᠳᠠᠭᠠᠭᠠᠨ ᠠᠪᠴᠤ᠌ ᠱᠢᠶ᠋ᠳᠪᠦᠷᠢᠯᠡᠬᠦ᠌ ᠱᠢᠭᠦᠭ᠌ᠴᠢ ᠲᠤᠰᠢᠶᠠᠯᠲᠠᠨ ᠬᠡᠷᠡᠭ᠎ᠦᠨ ᠪᠠᠢᠳᠠᠯ᠎ᠢ ᠭᠦᠨᠵᠡᠭᠡᠶ ᠣᠢᠯᠠᠭᠠᠭ᠍ᠰᠠᠨ᠎ᠤ ᠳᠠᠷᠠᠭ᠎ᠠ᠂ ᠭᠦᠶ᠋ᠴᠡᠳᠭᠡᠭ᠌ᠳᠡᠭ᠌ᠴᠢ ᠮᠠᠭᠤ ᠰᠠᠨᠠᠭ᠎ᠠ᠎ᠲᠠᠶ᠎ᠪᠠᠷ ᠥᠷᠢᠲᠦᠭ᠌ᠰᠡᠨ ᠪᠢᠰᠢ᠂ ᠬᠠᠷᠢᠨ ᠣᠬᠣᠷ ᠬᠤᠭᠤᠴᠠᠭᠠᠨ᠎ᠤ ᠡᠵᠡᠩᠨᠡᠯᠲᠡ᠎ᠶ᠋ᠢᠨ ᠬᠦᠴᠢᠷᠳᠡᠯ᠎ᠡᠴᠡ ᠪᠣᠯᠵᠣ ᠪᠠᠯᠠ ᠮᠥᠩᠭᠥᠨ᠎ᠦ ᠬᠡᠯᠬᠢᠶ᠎ᠡ ᠪᠠᠴᠢᠮ ᠪᠣᠯᠵᠣ ᠵᠣᠭᠣᠰ ᠪᠤᠴᠠᠭᠠᠬᠤ᠎ᠶ᠋ᠢᠨ ᠠᠷᠭ᠎ᠠ ᠥᠬᠡᠶ ᠪᠣᠯᠤᠭ᠍ᠰᠠᠨ᠎ᠢ ᠣᠯᠵᠤ ᠮᠡᠳᠡᠵᠡᠶ᠃ ᠬᠡᠷᠪᠡ ᠱᠢᠭᠦᠬᠦ᠌ ᠬᠣᠷᠢᠢ᠎ᠠ ᠪᠠᠢᠴᠠᠭᠠᠨ ᠪᠢᠲᠡᠭᠦᠮᠵᠢᠯᠡᠬᠦ᠌᠂ ᠴᠡᠪᠳᠡᠭ᠌ᠯᠡᠬᠦ᠌ ᠵᠡᠷᠭᠡ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠬᠤ᠎ᠳᠤ ᠬᠦᠷᠪᠡᠯ᠂ ᠠᠵᠤ ᠠᠬᠤᠢᠯᠠᠯ ᠳᠠᠷᠤᠢ ᠨᠡᠩ ᠬᠡᠴᠡᠭᠦᠦ ᠬᠦᠴᠢᠷᠳᠡᠯ᠎ᠳᠦ ᠣᠷᠣᠵᠤ ᠂ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶ᠋ᠢ ᠨᠥᠯᠥᠭᠡᠯᠡᠬᠦ᠌ ᠪᠣᠯᠤᠨ᠎ᠠ᠃ 《ᠨᠢᠭᠡ ᠬᠡᠷᠡᠭ᠎ᠢ ᠱᠢᠢᠳᠪᠦᠷᠢᠯᠡᠵᠦ᠂ ᠨᠢᠭᠡ ᠠᠵᠤ ᠠᠬᠤᠢᠯᠠᠯ᠎ᠢ ᠲᠠᠮᠫᠤᠷᠠᠭᠤᠯᠬᠤ》᠎ᠡᠴᠡ ᠵᠠᠢᠯᠠᠰᠭᠢᠬᠦ᠌᠎ᠶ᠋ᠢᠨ ᠲᠥᠯᠥᠭᠡ᠂ ᠳᠠᠭᠠᠭᠠᠨ ᠠᠪᠴᠤ᠌ ᠱᠢᠢᠳᠪᠦᠷᠢᠯᠡᠬᠦ᠌ ᠱᠢᠭᠦᠬᠦ᠌ ᠲᠤᠱᠢᠶᠠᠯᠲᠠᠨ ᠬᠣᠶᠠᠷ ᠲᠠᠯ᠎ᠠ ᠳ᠋ᠦ ᠤᠯᠠᠨ ᠤᠳᠠᠭ᠎ᠠ ᠵᠢᠨ ᠤᠯᠤᠯᠴᠠᠬᠤ ᠲᠤᠬᠢᠶᠠᠯ ᠤᠯᠭᠤᠵᠤ᠂ ᠬᠠᠤᠯᠢ᠎ᠶ᠋ᠢ ᠬᠦᠯᠢᠴᠡᠩᠭᠦᠢ᠎ᠪᠡᠷ ᠲᠠᠢᠯᠪᠤᠷᠢᠯᠠᠨ ᠶᠣᠰᠣ ᠤᠴᠢᠷ᠎ᠢ ᠲᠣᠳᠣᠷᠬᠠᠢᠯᠠᠵᠤ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠠᠭᠤᠴᠢᠯᠠᠵᠤ ᠬᠠᠷᠢᠯᠴᠠᠨ ᠨᠠᠢᠷ ᠲᠠᠯᠪᠢᠬᠤ᠎ᠶ᠋ᠢ ᠢᠳᠭᠠᠪᠠ᠃ ᠡᠴᠦᠰ᠎ᠲᠦ᠂ ᠬᠣᠶᠠᠷ ᠲᠠᠯ᠎ᠠ᠎ᠪᠠᠷ᠎ᠢᠶᠠᠨ ᠡᠶᠡᠳᠡᠬᠦ᠌ ᠬᠡᠯᠡᠯᠴᠡᠭᠡᠷ ᠲᠣᠭ᠍ᠲᠠᠵᠤ᠂ ᠭᠤᠶᠤᠴᠢᠯᠠᠭ᠍ᠴᠢ ᠰᠠᠢ᠌ᠨ ᠳᠤᠷ᠎ᠠ᠎ᠠᠴᠠ᠎ᠪᠠᠨ ᠬᠡᠰᠡᠭ ᠵᠣᠭᠣᠰ᠎ᠢᠶᠠᠨ ᠠᠪᠬᠤ ᠦᠭᠡᠢ ᠪᠡᠷ ᠲᠤᠭᠳᠠᠵᠤ᠂ ᠭᠦᠢᠴᠡᠳᠭᠡᠭ᠌ᠳᠡᠭ᠌ᠴᠢ ᠵᠥᠪᠬᠡᠨ 400 ᠭᠠᠷᠤᠢ ᠲᠦᠮᠡᠨ ᠲᠥᠭᠥᠷᠢᠭ ᠲᠦᠯᠦᠪᠡᠯ ᠪᠣᠯᠴᠢᠬᠠᠨ᠎ᠠ᠃
《ᠡᠨᠡ ᠬᠦ᠌ ᠱᠢᠶ᠋ᠳᠪᠦᠷᠢᠯᠡᠬᠦ᠌ ᠠᠷᠭ᠎ᠠ ᠮᠠᠶᠢᠭ ᠨᠢ ᠭᠤᠶᠤᠴᠢᠯᠠᠭ᠍ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ ᠢ ᠬᠠᠮᠠᠭᠠᠯᠠᠭ᠍ᠰᠠᠨ ᠮᠥᠷᠲᠡᠭᠡᠨ ᠪᠠᠰᠠ ᠭᠦᠶ᠋ᠴᠡᠳᠭᠡᠭ᠌ᠳᠡᠬᠴᠢ ᠪᠤᠯᠤᠭᠰᠠᠨ ᠠᠵᠤ ᠠᠬᠤᠢᠯᠠᠯ᠎ᠳᠤ ᠣᠷᠣᠱᠢᠨ ᠲᠣᠭ᠍ᠲᠠᠨᠢᠬᠤ ᠣᠷᠣᠨ ᠵᠠᠶ᠎ᠶ᠋ᠢ ᠲᠡᠮᠡᠴᠡᠨ ᠣᠯᠵᠤ᠂ ᠬᠣᠶᠠᠷ ᠲᠠᠯ᠎ᠠ᠎ᠶ᠋ᠢᠨ ᠠᠵᠤ ᠠᠬᠤᠢᠯᠠᠯ᠎ᠤᠨ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ》 ᠭᠡᠵᠦ᠍ ᠹᠸᠩ ᠷᠦᠢ ᠫᠢᠩ ᠬᠡᠯᠡᠪᠡ᠃
ᠤᠢ᠍ᠢᠷ᠎ᠠ᠎ᠶ᠋ᠢᠨ ᠵᠢᠯ᠎ᠳᠦ᠂ ᠠᠯᠠᠱᠠ ᠠᠢᠮᠠᠭ ᠬᠢᠯᠢ ᠬᠢᠵᠠᠭᠠᠷ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠢᠮ᠎ᠦᠨ ᠱᠢᠨ᠎ᠡ ᠡᠭᠦᠳᠦᠯᠲᠡ᠎ᠪᠡᠷ ᠰᠠᠭᠤᠷᠢ ᠪᠣᠯᠭᠠᠵᠤ᠂ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠪᠠᠷ ᠬᠤᠷᠴᠠ ᠢᠷ ᠪᠣᠯᠭᠠᠵᠤ᠂ ᠬᠠᠤᠯᠢ ᠬᠡᠷᠡᠭ᠌ᠵᠢᠭᠦᠯᠬᠦ᠌ ᠬᠢᠨᠠᠯᠲᠠ᠎ᠪᠠᠷ ᠪᠠᠮᠪᠠᠢ ᠪᠣᠯᠭᠠᠵᠤ᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠪᠡᠷ ᠬᠣᠯᠪᠣᠭᠠᠰᠤ ᠪᠣᠯᠭᠠᠵᠤ᠂ 《ᠲᠦᠷᠪᠡ᠎ᠶ᠋ᠢ ᠨᠢᠭᠡ ᠴᠤᠬ᠍ᠴᠠᠵᠢᠭᠤᠯᠬᠤ》 ᠬᠠᠤᠯᠢ ᠪᠡᠷ ᠵᠠᠰᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠬᠠᠤᠯᠢ ᠪᠡᠷ ᠵᠠᠰᠠᠬᠤ 《ᠬᠠᠲᠠᠭᠤ ᠠᠷᠭ᠎ᠠ ᠬᠡᠮᠵᠢᠢ᠎ᠡ》 ᠪᠡᠷ ᠬᠤᠳᠠᠯᠳᠤᠭ᠎ᠠ ᠡᠷᠬᠢᠯᠡᠬᠦ᠌ 《ᠵᠥᠭᠡᠯᠡᠨ ᠣᠷᠴᠢᠨ ᠨᠥᠬᠥᠴᠡᠯ》᠎ᠢ᠋ ᠦᠷᠭᠦᠯᠵᠢᠯᠡᠨ ᠱᠢᠯᠢᠳᠡᠭ᠌ᠵᠢᠭᠦᠯᠵᠦ᠍᠂ ᠲᠤᠰ ᠠᠢᠮᠠᠭ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠲᠦᠷᠢᠮ᠎ᠦᠨ ᠱᠢᠨ᠎ᠡ ᠡᠭᠦᠳᠦᠯᠲᠡ᠎ᠪᠡᠷ ᠭᠤᠤᠯᠳᠠᠯᠭ᠎ᠠ ᠪᠣᠯᠭᠠᠵᠤ᠂ ᠠᠯᠠᠱᠠ ᠠᠢᠮᠠᠭ᠎ᠤᠨ ᠪᠠᠢᠴᠠᠭᠠᠬᠤ ᠬᠤᠪᠢᠶᠠᠷᠢ ᠬᠣᠷᠢᠶ᠎ᠠ ᠬᠢᠭᠡᠳ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ 《ᠬᠠᠤᠯᠢ ᠴᠠᠭᠠᠵᠠ + ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ》᠎ᠶ᠋ᠢᠨ ᠬᠠᠮᠵᠢᠯᠴᠠᠬᠤ ᠦᠶ᠋ᠯᠡᠴᠢᠯᠡᠭᠡᠨ᠎ᠦ ᠱᠢᠰᠲ᠋ᠧᠮ᠎ᠢ ᠱᠢᠨ᠎ᠡ᠎ᠪᠡᠷ ᠡᠭᠦᠳᠦᠨ ᠪᠠᠢᠭᠤᠯᠵᠤ᠂ ᠠᠵᠤ ᠠᠬᠤᠢᠯᠠᠯ᠎ᠢ ᠵᠣᠬᠢᠶᠠᠨ ᠪᠠᠢᠭᠤᠯᠵᠤ ᠬᠠᠤᠯᠢ ᠴᠠᠭᠠᠵᠠ᠎ᠶ᠋ᠢᠨ ᠪᠠᠢᠭᠤᠯᠭ᠎ᠠ᠎ᠪᠡᠷ ᠲᠣᠭᠣᠷᠢᠨ ᠦᠵᠡᠭᠦᠯᠬᠦ᠌᠂ ᠲᠤᠰᠭᠠᠶ ᠰᠡᠳᠦᠪᠲᠦ ᠬᠠᠤᠯᠢ ᠴᠠᠭᠠᠵᠠ᠎ᠶ᠋ᠢᠨ ᠲᠠᠢᠯᠤᠮᠵᠢ ᠬᠢᠬᠦ᠌᠂ ᠨᠠᠷᠢᠨ ᠣᠨᠤᠴᠠᠲᠠᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠣᠯᠠᠨ ᠡᠱᠢᠵᠢᠭ᠌ᠰᠡᠨ ᠬᠡᠯᠪᠡᠷᠢ᠎ᠪᠡᠷ ᠳᠠᠮᠵᠢᠭᠤᠯᠤᠨ᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠢᠭᠡᠳ ᠠᠵᠤ ᠠᠬᠤᠢᠯᠠᠯ᠎ᠤᠨ ᠬᠡᠷᠡᠭ᠌ᠴᠡᠭᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠪᠠ᠃ ᠡᠭᠦᠨ᠎ᠦ ᠬᠠᠮᠲᠤ᠂ ᠪᠥᠬᠥ᠌ ᠠᠢᠮᠠᠭ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ᠎ᠶ᠋ᠢ 310 ᠨᠠᠢᠷᠠᠭᠤᠯᠤᠨ ᠵᠣᠬᠢᠶᠠᠵᠤ ᠨᠡᠢᠲᠡᠯᠡᠨ᠂ 55 ᠰᠠᠯᠠᠭ᠎ᠠ ᠮᠥᠴᠢᠷ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠪᠠᠢᠴᠠᠭᠠᠯᠲᠠ᠎ᠶ᠋ᠢᠨ 《ᠬᠣᠶᠠᠷ ᠨᠠᠷᠢᠨ ᠲᠠᠩᠰᠠ》᠎ᠶ᠋ᠢ ᠨᠠᠢᠷᠠᠭᠤᠯᠤᠨ ᠵᠣᠬᠢᠶᠠᠵᠤ ᠳᠠᠭᠤᠰᠭᠠᠭ᠍ᠰᠠᠨ ᠪᠥᠭᠡᠳ 《ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ》 ᠪᠠᠷ ᠳᠠᠮᠵᠢᠭᠤᠯᠤᠨ ᠬᠠᠮᠲᠤᠷᠠᠨ ᠬᠠᠤᠯᠢ ᠬᠡᠷᠡᠭ᠌ᠵᠢᠭᠦᠯᠵᠦ᠍᠂ ᠡᠨᠡ ᠵᠢᠯ ᠨᠢᠭᠡᠨᠲᠡ 340 ᠠᠵᠤ ᠠᠬᠤᠢᠯᠠᠯ᠎ᠳᠤ 43 ᠤᠳᠠᠭ᠎ᠠ ᠬᠠᠮᠲᠤᠷᠠᠨ ᠪᠠᠢᠴᠠᠭᠠᠯᠲᠠ ᠬᠢᠵᠦ᠍᠂ 《ᠨᠢᠭᠡ ᠯᠡ ᠤᠳᠠᠭ᠎ᠠ ᠳᠤ ᠣᠯᠠᠨ ᠤᠴᠢᠷ ᠶᠠᠪᠤᠳᠠᠯ ᠢ ᠪᠠᠢᠴᠠᠭᠠᠬᠤ》 ᠲᠥᠪᠯᠡᠷᠡᠨᠭᠭᠦᠢ ᠬᠢᠨᠠᠯᠲᠠ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠣᠯᠠᠨ ᠲᠠᠯ᠎ᠠ᠎ᠠᠴᠠ ᠬᠠᠤᠯᠢ ᠬᠡᠷᠡᠭ᠌ᠵᠢᠭᠦᠯᠬᠦ᠌᠂ ᠳᠠᠪᠬᠤᠷᠳᠠᠭᠤᠯᠤᠨ ᠪᠠᠢᠴᠠᠭᠠᠬᠤ᠎ᠶ᠋ᠢᠨ ᠠᠵᠤ ᠠᠬᠤᠢᠯᠠᠯ᠎ᠳᠤ ᠦᠵᠡᠭᠦᠯᠬᠦ᠌ ᠬᠠᠷᠱᠢᠯᠠᠯ᠎ᠢ ᠪᠦᠲᠦᠮᠵᠢᠲᠡᠶ ᠪᠠᠭᠠᠰᠭᠠᠪᠠ᠃
ᠬᠠᠢᠷ᠎ᠠ ᠰᠡᠳᠭᠢᠯᠭᠡ ᠲᠠᠢ ᠪᠡᠷ ᠬᠠᠤᠯᠢ ᠴᠠᠭᠠᠵᠠ ᠵᠢᠨ ᠪᠠᠳᠤᠯᠠᠭ᠎ᠠ ᠬᠠᠩᠭᠠᠵᠤ᠂ ᠤᠶᠠᠨ ᠬᠠᠳᠠᠨ ᠵᠢᠡᠷ ᠬᠠᠤᠯᠢ ᠬᠡᠷᠡᠭ᠌ᠵᠢᠭᠦᠯᠦᠨ ᠠᠵᠤ ᠠᠬᠤᠢᠯᠠᠯ᠎ᠤᠨ ᠬᠦᠴᠢᠷᠳᠡᠯ᠎ᠢ ᠰᠢᠢᠳᠪᠦᠷᠢᠯᠡᠬᠦ᠎ᠪᠠᠷ ᠭᠣᠣᠯᠳᠠᠯᠭ᠎ᠠ ᠪᠣᠯᠭᠠᠵᠤ᠂ ᠠᠯᠠᠱᠠ ᠵᠡᠭᠦᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠲᠦ 《ᠰᠠᠭᠠᠳ ᠦᠭᠡᠢ ᠨᠡᠪᠲᠡᠷᠡᠬᠦ᠌ ᠵᠠᠮ》 ᠨᠡᠭᠡᠭᠡᠵᠦ᠍᠂ ᠤᠷᠢᠳ᠎ᠢᠶᠠᠷ ᠬᠡᠷᠡᠭ ᠪᠣᠯᠭᠠᠨ ᠳᠠᠩᠰᠠᠯᠠᠬᠤ᠂ ᠤᠷᠢᠳ᠎ᠢᠶᠠᠷ ᠬᠦᠷᠭᠡᠬᠦ᠌᠂ ᠤᠷᠢᠳ᠎ᠢᠶᠠᠷ ᠡᠶᠡᠳᠡᠭᠦᠯᠬᠦ᠌᠂ ᠤᠷᠢᠳ᠎ᠢᠶᠠᠷ ᠱᠢᠭᠦᠬᠦ᠌᠂ ᠤᠷᠢᠳ᠎ᠢᠶᠠᠷ ᠭᠦᠢᠴᠡᠳᠭᠡᠬᠦ᠌ 《ᠲᠠᠪᠤᠨ ᠤᠷᠢᠳ》 ᠤ᠋ᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠤᠢ᠍ᠢᠷ᠎ᠠ᠎ᠶ᠋ᠢᠨ 3 ᠵᠢᠯ᠎ᠦᠨ ᠲᠤᠷᠰᠢ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ 10520 ᠬᠡᠷᠡᠭ᠎ᠢ ᠱᠢᠭᠦᠨ ᠳᠠᠭᠤᠰᠭᠠᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ 3852 ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠨ᠂ 800 ᠭᠠᠷᠤᠢ ᠠᠵᠤ ᠠᠬᠤᠢᠯᠠᠯ᠎ᠳᠤ 18.43 ᠳ᠋ᠦᠩᠱᠢᠭᠤᠷ ᠭᠠᠷᠤᠢ ᠲᠥᠭᠥᠷᠢᠭ᠎ᠦᠨ ᠭᠦᠢᠴᠡᠳᠭᠡᠯᠲᠡ ᠬᠢᠵᠦ᠍᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠦᠴᠦᠲᠡᠢ ᠬᠠᠮᠠᠭᠠᠯᠠᠪᠠ; ᠠᠯᠠᠱᠠ ᠵᠡᠭᠦᠨ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠲᠢᠩᠬᠢᠮ᠎ᠦᠨ ᠱᠢᠭᠦᠯᠲᠡ᠎ᠶ᠋ᠢᠨ ᠲᠤᠬᠠᠢ᠎ᠶ᠋ᠢᠨ ᠲᠠᠯᠠᠪᠠᠢ᠎ᠶ᠋ᠢ 《ᠰᠡᠷᠡᠮᠵᠢᠯᠡᠭᠦᠯᠬᠦ᠌ ᠬᠢᠴᠢᠶᠡᠯ᠎ᠦᠨ ᠲᠠᠩᠬᠢᠮ》 ᠪᠣᠯᠭᠠᠨ ᠬᠤᠪᠢᠷᠠᠭᠤᠯᠵᠤ᠂ ᠠᠵᠤ ᠠᠬᠤᠢᠯᠠᠯ᠎ᠤᠨ ᠲᠥᠯᠥᠭᠡᠯᠡᠭ᠌ᠴᠢ᠎ᠶ᠋ᠢ ᠤᠷᠢᠵᠤ ᠲᠦᠷᠦ᠍᠎ᠶ᠋ᠢᠨ ᠠᠵᠢᠯᠳᠠᠨ ᠪᠤᠰᠤ ᠬᠥᠮᠦᠨ᠎ᠦ ᠬᠡᠭᠡᠯᠢ ᠢᠳᠡᠭ᠌ᠰᠡᠨ ᠬᠡᠷᠡᠭ ᠢ ᠦᠵᠡᠭᠦᠯᠵᠦ᠍᠂ 《ᠳᠡᠷᠭᠡᠳᠡᠬᠢ ᠬᠡᠷᠡᠭ》 ᠵᠢᠡᠷ 《ᠳᠡᠷᠭᠡᠳᠡᠬᠢ ᠬᠥᠮᠦᠨ》 ᠵᠢᠡᠨ ᠰᠡᠷᠡᠮᠵᠢᠯᠡᠭᠦᠯᠪᠡ; ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ 《ᠬᠠᠤᠯᠢ ᠴᠠᠭᠠᠵᠠ ᠵᠢᠨ ᠪᠠᠳᠤᠯᠠᠭ᠎ᠠ ᠬᠠᠩᠭᠠᠬᠤ ᠴᠠᠭ᠍ᠳᠠᠭ᠎ᠠ》 ᠵᠢᠨ ᠲᠦᠷᠢᠮ᠎ᠢ ᠬᠡᠷᠡᠭ᠌ᠵᠢᠭᠦᠯᠵᠦ᠍᠂ ᠴᠠᠭ᠍ᠳᠠᠭ᠎ᠠ ᠠᠵᠤ ᠠᠬᠤᠢᠯᠠᠯ᠎ᠤᠨ ᠬᠣᠯᠪᠣᠭᠠᠯᠠᠨ ᠰᠡᠷᠭᠡᠢᠯᠡᠬᠦ᠌ ᠠᠵᠢᠯᠯᠠᠬᠤ ᠲᠠᠰᠤᠭ᠎ᠢ 78 ᠪᠠᠢᠭᠤᠯᠵᠤ᠂ 《ᠦᠢᠯᠡᠴᠢᠯᠡᠬᠦ᠌᠂ ᠰᠡᠷᠭᠡᠢᠯᠡᠨ ᠡᠵᠡᠮᠳᠡᠬᠦ᠌᠂ ᠴᠣᠬᠢᠯᠲᠠ ᠥᠭ᠌ᠬᠦ》ᠭᠤᠷᠪᠠ᠎ᠶ᠋ᠢ ᠨᠢᠭᠡ ᠴᠤᠬ᠍ᠴᠠᠵᠢᠭᠤᠯᠤᠬ᠍ᠰᠠᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠣᠣᠷ᠎ᠢ ᠪᠠᠢᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ 33 ᠵᠥᠷᠢᠴᠡᠯ ᠵᠠᠭᠤᠷᠠᠯᠳᠤᠭᠠᠨ ᠢ ᠱᠢᠢᠳᠪᠦᠷᠢᠯᠡᠨ ᠨᠠᠮᠳᠠᠭᠠᠵᠤ᠂ ᠠᠵᠤ ᠠᠬᠤᠢᠯᠠᠯ᠎ᠳᠤ ᠠᠮᠤᠷ ᠲᠦᠪᠱᠢᠨ ᠲᠣᠭ᠍ᠲᠠᠭᠤᠨ ᠬᠥᠭ᠌ᠵᠢᠯᠲᠡ᠎ᠶ᠋ᠢᠨ ᠣᠷᠴᠢᠨ ᠲᠣᠭᠣᠷᠢᠨ ᠢ ᠪᠤᠢ ᠪᠣᠯᠭᠠᠪᠠ᠃
ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠲᠤᠤᠷ ᠢ ᠨᠢᠭ᠍ᠲᠠ ᠰᠦᠯᠵᠢᠵᠦ᠍᠂ ᠨᠡᠢᠭᠡᠮ᠎ᠦᠨ ᠬᠠᠮᠲᠤ᠎ᠶ᠋ᠢᠨ ᠵᠠᠰᠠᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠱᠢᠨ᠎ᠡ ᠪᠠᠢᠳᠠᠯ᠎ᠢ ᠪᠣᠶ ᠪᠣᠯᠭᠠᠬᠤ᠎ᠶ᠋ᠢᠨ ᠲᠥᠯᠥᠭᠡ᠂ ᠲᠣᠰ ᠠᠢᠮᠠᠭ 《ᠬᠢᠨᠠᠯᠲᠠ ᠲᠠᠯᠪᠢᠬᠤ + ᠴᠡᠭ᠌ᠴᠡᠯᠡᠨ ᠰᠠᠢᠵᠢᠷᠠᠭᠤᠯᠬᠤ》ᠪᠦᠬᠦᠢᠯᠡ ᠭᠤᠭᠴᠤᠭ᠎ᠠ ᠵᠢᠨ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠱᠢᠰᠲ᠋ᠧᠮ ᠢ ᠪᠠᠢᠭᠤᠯᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠨᠡᠢᠭᠡᠮ᠎ᠦᠨ ᠬᠢᠨᠠᠯᠲᠠ ᠲᠠᠯᠪᠢᠭ᠍ᠴᠢ᠎ᠶ᠋ᠢ 214 ᠰᠣᠩᠭᠣᠨ ᠤᠷᠢᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠠᠵᠤ ᠠᠬᠤᠢᠯᠠᠯ᠎ᠤᠨ ᠬᠠᠷᠢᠯᠴᠠᠬᠤ ᠴᠡᠭ᠎ᠢ 38 ᠪᠠᠢᠭᠤᠯᠵᠤ᠂ 《ᠳᠠᠭᠠᠯᠲᠠ ᠮᠠᠶᠢᠭ》 ᠤ᠋ᠨ ᠬᠢᠨᠠᠯᠲᠠ ᠲᠠᠯᠪᠢᠬᠤ ᠪᠠ 12345 ᠬᠠᠯᠠᠮᠱᠢᠯ ᠤᠲᠠᠰᠤᠨ᠎ᠤ ᠠᠵᠢᠯ᠎ᠤᠨ ᠲᠠᠩᠰᠠ᠎ᠪᠠᠷ ᠳᠠᠮᠵᠢᠭᠤᠯᠤᠨ᠂ ᠳᠤᠷ᠎ᠠ᠎ᠪᠠᠷ᠎ᠢᠶᠠᠨ ᠪᠠᠢᠴᠠᠭᠠᠯᠲᠠ ᠬᠢᠬᠦ᠌᠂ ᠬᠠᠤᠯᠢ ᠬᠡᠷᠡᠭ᠌ᠵᠢᠭᠦᠯᠦᠯᠲᠡ᠎ᠨᠢ ᠵᠢᠷᠤᠮᠵᠢᠯ ᠥᠬᠡᠶ ᠪᠠᠢᠬᠤ ᠵᠡᠷᠭᠡ 54 ᠵᠤᠷᠪᠤᠰ ᠠᠰᠠᠭᠤᠳᠠᠯ ᠢ ᠡᠮᠬᠢᠯᠡᠨ ᠳᠢᠭ᠌ᠯᠡᠪᠡ᠃ ᠠᠰᠠᠭᠤᠳᠠᠯ᠎ᠢ ᠢᠯᠡᠷᠡᠭᠦᠯᠦᠨ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠠᠩᠬᠠᠷᠬᠤ᠎ᠳᠦ ᠴᠢᠭ᠌ᠯᠡᠭᠦᠯᠦᠨ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠲᠣᠭ᠍ᠲᠠᠭᠠᠯ᠎ᠤᠨ ᠪᠢᠴᠢᠭ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠵᠤ ᠱᠠᠯᠠᠪᠳᠠᠭᠤᠯᠤᠨ ᠭᠦᠶ᠋ᠴᠡᠳᠭᠡᠯᠭᠡᠬᠦ᠌ ᠵᠠᠬᠢᠳᠠᠯ᠎ᠢ ᠴᠠᠭ ᠲᠤᠬᠠᠶ᠎ᠳᠤᠨᠢ ᠵᠣᠬᠢᠶᠠᠨ ᠲᠠᠷᠬᠠᠭᠠᠵᠤ᠂ ᠠᠰᠠᠭᠤᠳᠠᠯ ᠢ ᠢᠯᠡᠷᠡᠭᠦᠯᠬᠦ᠌᠂ ᠲᠤᠱᠢᠶᠠᠨ ᠭᠦᠶ᠋ᠴᠡᠳᠭᠡᠯᠭᠡᠬᠦ᠌᠂ ᠴᠡᠭ᠌ᠴᠡᠯᠡᠨ ᠰᠠᠢᠵᠢᠷᠠᠭᠤᠯᠬᠤ᠂ ᠬᠠᠷᠢᠭᠤ ᠲᠤᠰᠭᠠᠬᠤ ᠪᠦᠷᠢᠨ ᠪᠦᠲᠦᠨ ᠬᠡᠯᠬᠢᠶ᠎ᠠ᠎ᠶ᠋ᠢ ᠪᠦᠷᠢᠯᠳᠦᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ᠎ᠶ᠋ᠢ ᠦᠨᠡᠨ ᠬᠦ᠌ ᠵᠢᠷᠤᠮᠵᠢᠭᠤᠯᠪᠠ᠃
ᠡᠭᠦᠨ᠎ᠦ ᠬᠠᠮᠲᠤ᠂ ᠲᠣᠰ ᠠᠢᠮᠠᠭ ᠪᠠᠰᠠ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶᠢ ᠪᠦᠷᠢᠨ ᠪᠦᠷᠬᠦᠭᠦᠯᠵᠦ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠤᠨᠢᠨ ᠲᠡᠭᠡᠷ᠎ᠠ ᠨᠢ ᠱᠢᠶ᠋ᠳᠪᠦᠷᠢᠯᠡᠵᠦ᠂ 《ᠪᠥᠬᠥ᠌ ᠬᠡᠯᠬᠢᠶ᠎ᠡ᠂ ᠵᠠᠪᠰᠠᠷ ᠵᠠᠶ ᠥᠬᠡᠶ》 ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠵᠢᠭ᠍ᠰᠠᠭᠠᠯ᠎ᠢ ᠬᠦᠴᠦᠯᠡᠨ ᠪᠠᠢᠭᠤᠯᠪᠠ᠃ ᠲᠣᠰ ᠠᠢᠮᠠᠭ᠎ᠤᠨ ᠠᠯᠪᠠᠨ ᠭᠡᠷᠡᠴᠢᠯᠡᠭᠡ᠎ᠶ᠋ᠢᠨ ᠪᠠᠢᠭᠤᠯᠤᠮᠵᠢ 9 ᠵᠦᠶ᠋ᠯ᠎ᠦᠨ ᠦᠨᠡᠮᠯᠡᠯ᠎ᠢ ᠴᠥᠭᠡᠳᠭᠡᠵᠦ᠍ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ ᠠᠪᠴᠤ᠌᠂ 84 ᠵᠦᠶ᠋ᠯ᠎ᠦᠨ ᠠᠯᠪᠠᠨ ᠭᠡᠷᠡᠴᠢᠯᠡᠭᠡ᠎ᠶ᠋ᠢᠨ ᠵᠦᠶ᠋ᠯᠡᠰ᠎ᠢ 《ᠬᠠᠮᠤᠭ ᠤᠯᠠᠨ ᠳ᠋ᠠᠭᠠᠨ ᠨᠢᠭᠡ ᠯᠡ ᠤᠳᠠᠭ᠎ᠠ ᠣᠴᠢᠵᠤ ᠭᠦᠶ᠋ᠴᠡᠳᠭᠡᠬᠦ᠌》 ᠶ᠋ᠢ ᠪᠡᠶᠡᠯᠡᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠨᠡᠢᠲᠡ 105 ᠬᠤᠪᠢ ᠠᠯᠪᠠᠨ ᠭᠡᠷᠡᠴᠢᠯᠡᠭᠡ ᠵᠢ ᠭᠦᠢᠴᠡᠳᠭᠡᠪᠡ; ᠲᠣᠰ ᠠᠢᠮᠠᠭ᠎ᠤᠨ ᠬᠠᠤᠯᠢᠴᠢ᠎ᠶ᠋ᠢᠨ ᠠᠵᠢᠯ ᠲᠥᠷᠥᠯ᠎ᠦᠨ ᠬᠢᠨ 《ᠠᠵᠤ ᠠᠬᠤᠢᠯᠠᠯ᠎ᠢ ᠲᠤᠰᠠᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠪᠦᠯᠬᠦᠮ ᠪᠠᠢᠭᠤᠯᠵᠤ᠂ 111 ᠠᠵᠤ ᠠᠬᠤᠢᠯᠠᠯ᠎ᠲᠠᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠬᠡᠯᠡᠯᠴᠡᠭᠡᠷ ᠲᠣᠭ᠍ᠲᠠᠵᠤ᠂ 《ᠬᠠᠤᠯᠢ ᠴᠠᠭᠠᠵᠠ᠎ᠶ᠋ᠢ ᠠᠵᠤ ᠠᠬᠤᠢᠯᠠᠯ᠎ᠳᠤ ᠬᠦᠷᠭᠡᠬᠦ᠌》 ᠠᠵᠢᠯᠯᠠᠭ᠎ᠠ᠎ᠶ᠋ᠢ 28 ᠤᠳᠠᠭ᠎ᠠ ᠥᠷᠨᠢᠭᠦᠯᠪᠡ; ᠡᠵᠡᠨ᠎ᠡ ᠬᠣᠱᠢᠭᠤᠨ᠎ᠤ ᠬᠠᠤᠯᠢ ᠴᠠᠭᠠᠵᠠ᠎ᠶ᠋ᠢᠨ ᠲᠣᠪᠴᠢᠶ᠎ᠠ 《ᠬᠢᠯᠢ ᠵᠢᠨ ᠪᠣᠭᠣᠮᠲᠠ᠎ᠶ᠋ᠢᠨ ᠹᠸᠩ ᠴᠢᠶᠣᠤ ᠡᠶᠡᠳᠡᠭᠦᠯᠬᠦ᠌ ᠠᠩᠭᠢ》 ᠪᠠᠢᠭᠤᠯᠵᠤ᠂ ᠴᠠᠭ ᠢᠮᠠᠭᠳᠠ᠂ ᠴᠠᠭᠲᠤᠬᠠᠢ ᠳ᠋ᠤᠨᠢ ᠂ ᠲᠤᠬᠢᠷᠠᠮᠵᠢᠳᠠᠢ ᠴᠠᠭ᠎ᠲᠤ ᠂ ᠬᠢᠵᠠᠭᠠᠷ ᠲᠠᠢ ᠴᠠᠭ ᠲᠤ᠌᠂ ᠴᠠᠭ ᠬᠣᠢᠱᠢᠯᠠᠭᠤᠯᠬᠤ ᠵᠡᠷᠭᠡ 《ᠲᠠᠪᠤᠨ ᠴᠠᠭ ᠤ᠋ᠨ ᠠᠵᠢᠯᠯᠠᠬᠤ ᠠᠷᠭ᠎ᠠ》 ᠶ᠋ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ 2023 ᠣᠨ᠎ᠤ 2 ᠰᠠᠷ᠎ᠠ᠎ᠳᠤ ᠪᠠᠢᠭᠤᠯᠤᠭ᠍ᠳᠠᠭ᠍ᠰᠠᠨ᠎ᠡᠴᠡ ᠨᠠᠭᠠᠰᠢ᠂ ᠨᠡᠢᠲᠡ 125 ᠵᠠᠭᠤᠷᠠᠯᠳᠤᠭᠠᠨ᠎ᠢ ᠡᠶᠡᠳᠡᠭᠦᠯᠵᠦ᠍᠂ ᠬᠡᠷᠡᠭ᠎ᠲᠦ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ ᠨᠢ 4766 ᠲᠦᠮᠡᠨ ᠲᠥᠭᠥᠷᠢᠭ᠎ᠲᠦ ᠬᠦᠷᠴᠦ᠍᠂ ᠠᠵᠤ ᠠᠬᠤᠢᠯᠠᠯ᠎ᠤᠨ ᠵᠠᠷᠭᠤ᠎ᠶ᠋ᠢᠨ ᠥᠪᠡᠷ᠎ᠦᠨ ᠥᠷᠲᠡᠭ ᠢ ᠪᠠᠷᠤᠭ 400 ᠲᠦᠮᠡᠨ ᠲᠥᠭᠥᠷᠢᠭ ᠠᠷᠪᠢᠯᠠᠵᠤ᠂ ᠠᠵᠤ ᠠᠬᠤᠢᠯᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠪᠦᠲᠦᠮᠵᠢᠲᠡᠶ ᠠᠬᠢᠭᠤᠯᠪᠠ᠃
《ᠣᠢᠷ᠎ᠠ᠎ᠶ᠋ᠢᠨ ᠵᠢᠯ᠎ᠳᠦ᠂ ᠪᠢᠳᠡ ᠠᠯᠢ ᠣᠯᠠᠨ ᠬᠠᠤᠯᠢ ᠪᠡᠷ ᠵᠠᠰᠠᠬᠤ 〈ᠬᠠᠲᠠᠭᠤ ᠠᠷᠭ᠎ᠠ ᠬᠡᠮᠵᠢᠶ᠎ᠡ〉 ᠪᠠᠷ ᠳᠠᠮᠵᠢᠭᠤᠯᠤᠨ᠂ ᠠᠯᠠᠱᠠ᠎ᠶ᠋ᠢᠨ ᠬᠤᠳᠠᠯᠳᠤᠭ᠎ᠠ ᠡᠷᠭᠢᠯᠡᠬᠦ 〈ᠵᠥᠭᠡᠯᠡᠨ ᠣᠷᠴᠢᠨ ᠨᠥᠬᠥᠴᠡᠯ〉 ᠢ᠋ ᠦᠷᠭᠦᠯᠵᠢᠯᠡᠨ ᠱᠢᠯᠢᠳᠡᠭ᠌ᠵᠢᠭᠦᠯᠵᠦ᠍᠂ ᠪᠥᠬᠥ᠌ ᠠᠢᠮᠠᠭ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠴᠢᠩᠭ᠎ᠠ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠵᠤ᠂ ᠠᠵᠤ ᠠᠬᠤᠢᠯᠠᠯ᠎ᠤᠨ ᠰᠠᠨᠠᠭ᠎ᠠ ᠠᠮᠤᠷ ᠪᠠᠯᠠ ᠣᠷᠣᠭᠤᠯᠬᠤ᠂ ᠨᠢᠭᠡ ᠰᠡᠳᠭᠢᠯ᠎ᠢᠶᠡᠷ ᠦᠶ᠋ᠯᠡᠰ ᠪᠤᠰᠬᠠᠬᠤ᠂ ᠲᠠᠭᠠᠯᠠᠮᠵᠢᠲᠠᠶ᠎ᠪᠠᠷ ᠬᠥᠭ᠌ᠵᠢᠬᠦ᠌ ᠰᠠᠢᠨ ᠰᠠᠢᠬᠠᠨ ᠬᠠᠤᠯᠢ ᠪᠡᠷ ᠵᠠᠰᠠᠬᠤ ᠣᠷᠴᠢᠨ ᠨᠥᠬᠥᠴᠡᠯ ᠢ ᠪᠣᠶ ᠪᠣᠯᠭᠠᠪᠠ》 ᠭᠡᠵᠦ ᠠᠯᠠᠱᠠ ᠠᠢᠮᠠᠭ᠎ᠤᠨ ᠨᠠᠮ᠎ᠤᠨ ᠬᠣᠷᠢᠶ᠎ᠠ ᠵᠢᠨ ᠪᠥᠬᠥ᠌ ᠲᠠᠯ᠎ᠠ᠎ᠪᠠᠷ ᠬᠠᠤᠯᠢ᠎ᠪᠠᠷ ᠠᠢᠮᠠᠭ ᠢ ᠵᠠᠰᠠᠬᠤ ᠵᠥᠪᠯᠡᠯ᠎ᠦᠨ ᠠᠯᠪᠠᠨ ᠬᠡᠷ᠎ᠦᠨ ᠳᠡᠳ᠋ ᠡᠷᠬᠢᠯᠡᠭ᠌ᠴᠢ᠂ ᠠᠢᠮᠠᠭ᠎ᠤᠨ ᠬᠠᠤᠯᠢ ᠴᠠᠭᠠᠵᠠ᠎ᠶ᠋ᠢᠨ ᠲᠣᠪᠴᠢᠶᠠᠨ᠎ᠤ ᠳᠠᠷᠤᠭ᠎ᠠ ᠯᠢ ᠵᠢᠶᠦ᠋ᠨ ᠬᠣᠩ ᠬᠡᠯᠡᠪᠡ᠃