《ᠪᠠᠷᠢᠯᠭ᠎ᠠ ᠶ᠋ᠢᠨ ᠲᠥᠯᠦᠪᠵᠢᠭᠦᠯᠭᠡ ᠶ᠋ᠢᠨ ᠵᠥᠪᠰᠢᠶᠡᠷᠡᠯ᠎ᠦᠨ ᠦᠨᠡᠮᠯᠡᠯ ᠲᠤᠲᠠᠭᠤ ᠪᠤᠯᠬᠤᠷ ᠪᠢ ᠵᠦᠭᠡᠷ ᠬᠦᠶᠦᠴᠢᠬᠡᠯᠡ ᠬᠡᠵᠦ ᠪᠤᠳᠤᠬᠰᠠᠨ ᠶᠤᠮ᠂ ᠭᠠᠷ ᠬᠦᠢᠴᠡᠳᠬᠡᠯ ᠪᠥᠷᠢᠨ ᠪᠤᠰᠤ ᠴᠤ᠌ ᠬᠦᠢᠴᠡᠳᠬᠡᠬᠦ ᠦᠢᠯᠡᠴᠢᠯᠡᠭᠡ ᠪᠡᠷ ᠲᠠᠮᠵᠢᠨ᠂ ᠳᠤᠰ ᠡᠳᠦᠷ᠎ᠲᠡᠬᠡᠨ ᠰᠠᠭᠤᠷᠢ ᠨᠦᠬᠡ ᠶ᠋ᠢᠨ ᠪᠠᠷᠢᠯᠭ᠎ᠠ ᠪᠠᠷᠢᠬᠤ ᠵᠥᠪᠰᠢᠶᠡᠷᠡᠯ᠎ᠦᠨ ᠦᠨᠡᠮᠯᠡᠯ ᠢ᠋ᠢᠡᠨ ᠣᠯᠴᠢᠬᠠᠨ᠎ᠠ ᠭᠡᠵᠦ ᠰᠠᠨᠠᠭᠠᠨ᠎ᠳᠤ ᠦᠭᠡᠢ ᠪᠠᠢᠬᠰᠠᠨ᠂ ᠦᠢᠯᠡᠴᠢᠯᠡᠭᠡ ᠨᠢ ᠦᠨᠡᠬᠡᠷ ᠥᠨᠳᠥᠷ ᠪᠦᠲᠦᠮᠵᠢᠲᠡᠶ ᠪᠠᠢᠨ᠎ᠠ᠂ ᠡᠨᠡ ᠨᠢ ᠪᠠᠰᠠ ᠴᠤ᠌ ᠮᠠᠨ᠎ᠤ ᠠᠵᠤ ᠠᠬᠤᠢᠯᠠᠯ᠎ᠳᠤ ᠢᠲᠡᠭᠡᠯ ᠲᠠᠢ ᠪᠠᠢᠭ᠎ᠠ ᠶᠠᠪᠤᠲᠠᠯ ᠶᠤᠮ》᠃ ᠡᠮᠦᠨᠡᠬᠡᠨ ᠤᠯᠠᠭᠠᠨᠬᠠᠳᠠ ᠬᠣᠲᠠ᠎ᠶᠢᠨ ᠨᠢᠩᠴᠧᠩ ᠰᠢᠶᠠᠨ ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠶᠡᠬᠡ ᠲᠢᠩᠬᠢᠮ᠎ᠳᠦ ᠢᠷᠡᠭᠰᠡᠨ ᠳᠤᠰ ᠰᠢᠶᠠᠨ᠎ᠤ ᠮᠢᠩ ᠵᠦ᠍ ᠭᠡᠷ ᠭᠠᠵᠠᠷ᠎ᠤᠨ ᠬᠦᠷᠦᠩᠭᠡ ᠢ᠋ᠢᠨ ᠨᠡᠭᠡᠭᠡᠨ ᠬᠥᠭᠵᠢᠭᠦᠯᠦᠯᠲᠡ᠎ᠶᠢᠨ ᠬᠢᠵᠠᠭᠠᠷᠲᠤ ᠺᠣᠮᠫᠠᠨᠢ᠎ᠶᠢᠨ ᠲᠥᠷᠥᠯ ᠵᠦᠢᠯ᠎ᠦᠨ ᠬᠡᠯᠲᠡᠰ᠎ᠦᠨ ᠮᠠᠲᠧᠷᠢᠶᠠᠯ᠎ᠤᠨ ᠠᠵᠢᠯᠲᠠᠨ ᠵᠠᠩ ᠵᠢᠩ ᠮᠢᠨ ᠭᠠᠷ ᠬᠦᠢᠴᠡᠳᠬᠡᠯ ᠪᠥᠷᠢᠨ ᠪᠤᠰᠤ ᠴᠤ᠌ ᠬᠦᠢᠴᠡᠳᠬᠡᠬᠦ ᠦᠢᠯᠡᠴᠢᠯᠡᠭᠡ ᠳ᠋ᠤ ᠮᠠᠰᠢ ᠰᠡᠳᠬᠢᠯ ᠬᠠᠨᠤᠮᠵᠢᠳᠠᠢ ᠪᠠᠢᠯ᠎ᠠ᠃
ᠬᠥᠮᠥᠨ ᠢᠲᠡᠭᠡᠮᠵᠢ ᠦᠭᠡᠢ ᠪᠣᠯ ᠨᠡᠢᠭᠡᠮ᠎ᠳᠦ ᠰᠠᠭᠤᠷᠢᠯᠠᠵᠤ ᠴᠢᠳᠠᠬᠤ ᠦᠭᠡᠢ᠂ ᠠᠵᠢᠯ ᠦᠢᠯᠡᠰ ᠢᠲᠡᠭᠡᠮᠵᠢ ᠦᠭᠡᠢ ᠪᠣᠯ ᠬᠥᠭᠵᠢᠨ ᠮᠠᠨᠳᠤᠵᠤ ᠴᠢᠳᠠᠬᠤ ᠦᠭᠡᠢ ᠶᠤᠮ᠃ ᠤᠯᠠᠭᠠᠨᠬᠠᠳᠠ ᠬᠣᠲᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠬᠦ ᠪᠠ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠎ᠶᠢᠨ 《ᠰᠠᠯᠬᠢᠨ᠎ᠤ ᠵᠦᠭᠯᠡᠭᠦᠷ》 ᠢ᠋ ᠰᠠᠢᠲᠤᠷ ᠪᠣᠶ ᠪᠣᠯᠭᠠᠪᠠ᠃ ᠤᠯᠠᠭᠠᠨᠬᠠᠳᠠ ᠬᠣᠲᠠ 《ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ ᠬᠦᠢᠴᠡᠳᠬᠡᠬᠦ 》 ᠪᠠ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠎ᠲᠦ 《 ᠮᠡᠳᠡᠭᠳᠡᠬᠦ ᠠᠮᠠᠯᠠᠯᠲᠠ + ᠭᠠᠷ ᠬᠦᠢᠴᠡᠳᠬᠡᠯ ᠪᠥᠷᠢᠨ ᠪᠤᠰᠤ ᠴᠤ᠌ ᠬᠦᠢᠴᠡᠳᠬᠡᠬᠦ ᠦᠢᠯᠡᠴᠢᠯᠡᠭᠡ 》 ᠵᠢᠨ ᠬᠢᠨᠠᠨ ᠵᠥᠪᠰᠢᠶᠡᠷᠡᠬᠦ ᠦᠢᠯᠡᠴᠢᠯᠡᠭᠡᠨ᠎ᠦ ᠵᠠᠭᠪᠤᠷ᠎ᠢ ᠬᠡᠷᠡᠭᠵᠢᠭᠦᠯᠵᠦ᠂ ᠪᠥᠬᠥ ᠬᠣᠲᠠ᠎ᠶᠢᠨ ᠭᠠᠷ ᠬᠦᠢᠴᠡᠳᠬᠡᠯ ᠪᠥᠷᠢᠨ ᠪᠤᠰᠤ ᠴᠤ᠌ ᠬᠦᠢᠴᠡᠳᠬᠡᠬᠦ ᠦᠢᠯᠡᠴᠢᠯᠡᠭᠡ ᠵᠢ ᠪᠠᠬᠲᠠᠭᠠᠬᠰᠠᠨ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 546 ᠵᠦᠢᠯᠡᠰ᠂ ᠭᠠᠷ ᠬᠦᠢᠴᠡᠳᠬᠡᠯ ᠪᠥᠷᠢᠨ ᠪᠤᠰᠤ ᠴᠤ᠌ ᠬᠦᠢᠴᠡᠳᠬᠡᠬᠦ ᠦᠢᠯᠡᠴᠢᠯᠡᠭᠡ ᠵᠢ ᠪᠠᠬᠲᠠᠭᠠᠭᠰᠠᠨ 《 ᠨᠢᠭᠡ ᠶᠠᠪᠤᠳᠠᠯ 》 ᠤ᠋ᠨ 40 ᠵᠦᠢᠯᠡᠰ᠎ᠢ ᠡᠮᠬᠢᠯᠡᠨ ᠳᠢᠭᠯᠡᠵᠦ᠂ ᠤᠴᠢᠷ ᠶᠠᠪᠤᠳᠠᠯ᠎ᠢ ᠭᠦᠢᠴᠡᠳᠬᠡᠬᠦ᠎ᠶᠢᠨ ᠳᠥᠭᠥᠮ ᠳᠥᠲᠡ ᠴᠢᠨᠠᠷ᠂ ᠵᠢᠷᠤᠮᠵᠢᠯᠳᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠪᠡ᠃
ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ ᠪᠠᠢᠭᠤᠯᠤᠯᠲᠠ᠎ᠶᠢᠨ ᠲᠠᠯ᠎ᠠ᠎ᠪᠠᠷ᠂ ᠤᠯᠠᠭᠠᠨᠬᠠᠳᠠ ᠬᠣᠲᠠ 《ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠢ᠋ᠢᠨ ᠠᠵᠢᠯ᠎ᠤᠨ ᠲᠥᠰᠥᠯ》᠎ᠢ᠋ ᠳᠠᠷᠤᠮᠠᠯᠯᠠᠨ ᠲᠠᠷᠬᠠᠭᠠᠵᠤ᠂ ᠪᠥᠬᠥ ᠬᠣᠲᠠ᠎ᠶᠢᠨ 421 ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠥᠬᠥ ᠲᠠᠯ᠎ᠠ᠎ᠪᠠᠷ ᠥᠪᠡᠷ᠎ᠢ᠎ᠪᠡᠨ ᠪᠠᠢᠴᠠᠭᠠᠵᠤ᠂ ᠠᠵᠤ ᠠᠬᠤᠢᠯᠠᠯ᠎ᠳᠤ 280.2 ᠲᠦᠮᠡᠨ ᠲᠥᠭᠥᠷᠢᠭ ᠦᠨ ᠬᠣᠬᠢᠷᠠᠯ ᠢ ᠡᠭᠡᠭᠦᠯᠦᠨ ᠠᠪᠴᠢᠷᠠᠪᠠ᠃
ᠡᠨᠡ ᠵᠢᠯ᠎ᠡᠴᠡ ᠨᠠᠭᠠᠰᠢ᠂ ᠤᠯᠠᠭᠠᠨᠬᠠᠳᠠ ᠬᠣᠲᠠ ᠳᠡᠭᠡᠷ᠎ᠠ ᠲᠤᠤᠷ᠎ᠠ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠵᠦ᠂ ᠥᠨᠳᠥᠷ ᠪᠦᠲᠦᠮᠵᠢᠲᠡᠶ᠎ᠪᠡᠷ ᠲᠣᠬᠢᠷᠠᠭᠤᠯᠤᠨ᠂ ᠨᠠᠷᠢᠨ ᠲᠠᠩᠰᠠ ᠮᠠᠶᠢᠭ᠋᠎ᠤᠨ ᠬᠠᠮᠢᠶᠠᠷᠤᠯᠲᠠ᠎ᠶᠢᠨ ᠨᠠᠢᠳᠠᠪᠤᠷᠢᠵᠢᠭᠤᠯᠬᠤ ᠲᠣᠭᠲᠠᠴᠠ᠎ᠶᠢ ᠪᠠᠢᠭᠤᠯᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢᠭᠡᠮ᠎ᠦᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ ᠨᠡᠶ᠋ᠢᠲᠡ ᠶᠢᠨ ᠢᠲᠡᠭᠡᠮᠵᠢ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠥᠬᠥ ᠬᠣᠲᠠ ᠶᠢᠨ ᠨᠡᠢᠭᠡᠮ᠎ᠦᠨ ᠢᠲᠡᠭᠡᠮᠵᠢ ᠶᠢᠨ ᠰᠢᠰᠲᠧᠮ ᠬᠢᠭᠡᠳ ᠠᠵᠤ ᠠᠬᠤᠢ ᠨᠡᠢᠭᠡᠮ᠎ᠦᠨ ᠬᠥᠭᠵᠢᠯᠲᠡ ᠶᠢᠨ ᠡᠯ᠎ᠡ ᠲᠠᠯ᠎ᠠ ᠡᠯ᠎ᠡ ᠭᠣᠭᠴᠣᠭᠠᠨᠤ ᠭᠦᠨᠵᠡᠭᠡᠢ ᠠᠭᠤᠰᠤᠯᠴᠠᠬᠤ᠎ᠶᠢ ᠠᠬᠢᠭᠤᠯᠪᠠ᠃
ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠢᠯᠡᠳᠦᠯ ᠴᠢᠳᠠᠪᠬᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠶᠢᠨ ᠬᠠᠮᠲᠤ᠂ ᠤᠯᠠᠭᠠᠨᠬᠠᠳᠠ ᠬᠣᠲᠠ᠎ᠶᠢᠨ ᠬᠢᠨ ᠬᠤᠳᠠᠯᠳᠤᠭᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠎ᠶᠢᠨ 《ᠵᠠᠩᠭᠢᠯᠠᠭ᠎ᠠ》 ᠶ᠋ᠢ ᠪᠠᠲᠤ ᠡᠵᠡᠮᠳᠡᠵᠦ᠂ ᠦᠨᠡᠨᠴᠢ ᠢᠲᠡᠭᠡᠮᠵᠢ᠎ᠶᠢ ᠠᠵᠤ ᠠᠬᠤᠢᠯᠠᠯ᠎ᠤᠨ ᠬᠥᠭᠵᠢᠯᠲᠡ᠎ᠶᠢᠨ 《ᠠᠯᠲᠠᠨ ᠨᠡᠷ᠎ᠡ᠎ᠶᠢᠨ ᠬᠠᠭᠤᠳᠠᠰᠤ》 ᠪᠣᠯᠭᠠᠪᠠ᠃ ᠤᠯᠠᠭᠠᠨᠬᠠᠳᠠ ᠬᠣᠲᠠ ᠢᠲᠡᠭᠡᠮᠵᠢ᠎ᠶᠢᠨ ᠮᠡᠳᠡᠭᠡ ᠵᠠᠩᠭᠢ᠎ᠶᠢ ᠴᠤᠭᠯᠠᠭᠤᠯᠤᠨ ᠬᠠᠮᠲᠤ᠎ᠪᠠᠷ ᠡᠳ᠋ᠯᠡᠬᠦ᠎ᠶᠢ ᠭᠦᠨᠵᠡᠭᠡᠢᠷᠡᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠢᠲᠡᠭᠡᠮᠵᠢ᠎ᠶᠢᠨ ᠲᠠᠩᠰᠠ ᠡᠪᠬᠡᠮᠡᠯ᠎ᠢ 46.65 ᠲᠦᠮᠡ ᠪᠠᠢᠭᠤᠯᠵᠤ᠂ ᠪᠥᠬᠥ ᠬᠣᠲᠠ᠎ᠶᠢᠨ ᠠᠵᠤ ᠠᠬᠤᠢᠯᠠᠯ ᠤᠨ ᠶᠡᠷᠦᠩᠬᠡᠢᠯᠡᠭᠰᠡᠨ ᠢᠲᠡᠭᠡᠮᠵᠢ ᠶᠢᠨ ᠦᠨᠡᠯᠡᠯᠲᠡ᠎ᠶᠢᠨ ᠦᠷ᠎ᠡ ᠳ᠋ᠦᠩ᠎ᠢ 134.9 ᠲᠦᠮᠡᠨ ᠵᠤᠷᠪᠤᠰ ᠲᠠᠮᠵᠢᠭᠤᠯᠪᠠ᠃ ᠢᠲᠡᠭᠡᠮᠵᠢ᠎ᠶᠢᠨ ᠪᠡᠯᠡ ᠨᠡᠢᠯᠡᠭᠦᠯᠬᠦ ᠦᠢᠯᠡᠴᠢᠯᠡᠭᠡᠨ᠎ᠦ ᠰᠢᠨ᠎ᠡ ᠵᠢ ᠡᠭᠦᠳᠬᠦ ᠲᠠᠯ᠎ᠠ ᠪᠡᠷ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠵᠣᠬᠢᠴᠠᠭᠤᠯᠤᠨ 《ᠢᠲᠡᠭᠡᠮᠵᠢᠲᠦ ᠲᠦᠭᠦᠮ ᠵᠢᠭᠡᠯᠡᠯᠭᠡ》 ᠵᠢᠨ ᠲᠠᠪᠴᠠᠩ ᠢᠶᠠᠷ ᠳᠠᠮᠵᠢᠨ᠂ ᠢᠲᠡᠭᠡᠮᠵᠢᠲᠦ ᠵᠢᠭᠡᠯᠡᠯᠭᠡ ᠶᠢᠨ ᠲᠤᠬᠠᠢᠯᠠᠭᠰᠠᠨ ᠠᠵᠢᠯ ᠢ ᠥᠷᠨᠢᠭᠦᠯᠵᠦ᠂ ᠡᠨᠡ ᠵᠢᠯ ᠨᠢᠭᠡᠨᠲᠡ 292 ᠬᠤᠪᠢ ᠰᠦᠯᠵᠢᠶᠡᠨ ᠲᠡᠭᠡᠷ᠎ᠡ ᠪᠡᠯᠡ ᠨᠡᠢᠯᠡᠭᠦᠯᠬᠦ ᠲᠤᠬᠠᠢᠯᠠᠭᠰᠠᠨ ᠠᠵᠢᠯ ᠢ᠋ ᠠᠮᠵᠢᠯᠲᠠ ᠲᠠᠢ ᠵᠤᠯᠭᠠᠭᠤᠯᠵᠦ᠂ ᠪᠡᠯᠡ ᠨᠡᠢᠯᠡᠭᠦᠯᠦᠭᠰᠡᠨ ᠵᠣᠭᠣᠰ᠎ᠤᠨ ᠲᠣᠭ᠎ᠠ 3.01 ᠳ᠋ᠦᠩᠰᠢᠭᠤᠷ ᠲᠥᠭᠥᠷᠢᠭ᠎ᠲᠦ ᠬᠦᠷᠴᠦ᠂ ᠠᠵᠤ ᠠᠬᠤᠢᠯᠠᠯ᠎ᠢ ᠬᠠᠪᠰᠤᠷᠤᠨ ᠪᠡᠯᠡ ᠨᠡᠢᠯᠡᠭᠦᠯᠬᠦ᠎ᠳᠤ ᠬᠦᠴᠢᠷ ᠠᠰᠠᠭᠤᠳᠠᠯ᠎ᠢ ᠨᠢ ᠨᠠᠮᠳᠠᠭᠤᠯᠪᠠ ᠃
ᠦᠨᠡᠨᠴᠢ ᠢᠲᠡᠭᠡᠮᠵᠢ᠎ᠶᠢ ᠡᠷᠬᠢᠮᠯᠡᠨ᠂ ᠦᠨᠡᠨᠴᠢ ᠢᠲᠡᠭᠡᠮᠵᠢ᠎ᠶᠢ ᠬᠥᠮᠥᠰ᠎ᠦᠨ ᠬᠠᠮᠲᠤ᠎ᠶᠢᠨ ᠲᠠᠨᠢᠯᠲᠠ ᠪᠣᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ᠎ᠦᠨ ᠦᠨᠡᠨᠴᠢ ᠢᠲᠡᠭᠡᠮᠵᠢ᠎ᠶᠢᠨ ᠰᠠᠭᠤᠷᠢ ᠵᠢ ᠪᠠᠲᠤᠳᠬᠠᠪᠠ᠃ ᠤᠯᠠᠭᠠᠨᠬᠠᠳᠠ ᠬᠣᠲᠠ ᠦᠨᠡᠨᠴᠢ ᠢᠲᠡᠭᠡᠮᠵᠢ᠎ᠶᠢᠨ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠦᠨᠡᠨᠴᠢ ᠢᠲᠡᠭᠡᠮᠵᠢᠲᠡᠢ᠎ᠪᠡᠷ ᠡᠵᠡᠩᠨᠡᠬᠦ᠂ ᠢᠲᠡᠭᠡᠮᠵᠢᠲᠡᠢ᠎ᠪᠡᠷ ᠠᠮᠠᠯᠠᠯᠲᠠ᠎ᠪᠠᠨ ᠦᠢᠯᠡᠳᠦᠯᠭᠡᠵᠢᠭᠦᠯᠬᠦ ᠬᠡᠪ ᠳᠠᠭᠤᠷᠢᠶᠠᠯ ᠪᠣᠯᠬᠤ ᠠᠵᠤ ᠠᠬᠤᠢᠯᠠᠯ ᠪᠠ ᠦᠨᠡᠨᠴᠢ ᠢᠲᠡᠭᠡᠮᠵᠢ᠎ᠲᠠᠢ ᠬᠤᠪᠢ ᠬᠥᠮᠥᠨ ᠢ ᠪᠣᠶ ᠪᠣᠯᠭᠠᠵᠤ᠂ 《ᠦᠪᠦᠷ ᠮᠣᠩᠭᠣᠯ ᠨᠡᠷᠡᠮᠵᠢᠲᠦ》 ᠲᠦᠷᠦᠯ ᠲᠡᠮᠲᠡᠭᠢ᠋ᠢᠡᠷ ᠬᠡᠷᠡᠴᠢᠯᠡᠬᠦ ᠵᠢ ᠠᠬᠢᠭᠤᠯᠤᠨ᠂ ᠠᠵᠤ ᠠᠬᠤᠢᠯᠠᠯ᠎ᠤᠨ ᠲᠦᠷᠦᠯ ᠲᠡᠮᠲᠡᠭ᠎ᠤᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠦᠨᠡᠨᠴᠢ ᠢᠲᠡᠭᠡᠮᠵᠢ᠎ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠦ ᠬᠠᠮᠲᠤ᠂ 《ᠦᠨᠡᠨᠴᠢ ᠢᠲᠡᠭᠡᠮᠵᠢ ᠬᠠᠰ ᠯᠤᠤ ᠢ᠋ᠢᠨ ᠨᠤᠳᠤᠭ ᠤᠯᠠᠭᠠᠨᠬᠠᠲᠠ᠎ᠳᠤ ᠪᠤᠢ 》 ᠬᠡᠬᠦ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠡᠬᠡ ᠪᠢᠴᠢᠭ ᠡᠯᠰᠡᠬᠦ ᠵᠡᠷᠭᠡ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠦᠨᠡᠨᠴᠢ ᠢᠲᠡᠭᠡᠮᠵᠢ᠎ᠶᠢᠨ ᠣᠢᠯᠠᠭᠠᠭᠳᠠᠬᠤᠨ᠎ᠢ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ ᠪᠠ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶᠢᠨ ᠤᠬᠠᠭᠤᠯᠭ᠎ᠠ ᠬᠥᠮᠦᠵᠢᠯ᠎ᠳᠦ ᠠᠭᠤᠰᠬᠠᠨ ᠣᠷᠣᠭᠤᠯᠪᠠ ᠃
ᠤᠯᠠᠭᠠᠨᠬᠠᠳᠠ ᠬᠤᠳᠠ᠎ᠶᠢᠨ ᠬᠢᠨ ᠦᠨᠡᠨᠴᠢ ᠢᠲᠡᠭᠡᠮᠵᠢ᠎ᠶᠢ ᠬᠠᠤᠯᠢ ᠴᠠᠭᠠᠵᠠ᠎ᠶᠢᠨ ᠠᠵᠢᠯ ᠤᠨ ᠰᠠᠭᠤᠷᠢ ᠪᠣᠯᠭᠠᠵᠤ᠂ ᠡᠷᠡᠭᠦᠦ᠎ᠶᠢᠨ ᠬᠡᠷᠡᠭ᠎ᠦᠨ ᠳᠠᠷᠤᠭᠳᠠᠮᠠᠯ ᠬᠡᠷᠡᠭ᠎ᠢ ᠦᠷᠭᠦᠯᠵᠢᠯᠡᠨ ᠴᠡᠪᠡᠷᠯᠡᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠬᠠᠤᠯᠢ ᠶᠠᠪᠤᠭᠤᠯᠬᠤ ᠵᠢᠷᠦᠮᠵᠢᠯ ᠤᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠵᠢᠷᠤᠮᠵᠢᠭᠤᠯᠵᠤ᠂ ᠬᠠᠤᠯᠢ ᠴᠠᠭᠠᠵᠠ ᠶᠢᠨ ᠤᠯᠠᠨ ᠨᠡᠶ᠋ᠢᠲᠡ ᠶᠢᠨ ᠢᠲᠡᠭᠡᠮᠵᠢ ᠶᠢᠨ 《ᠬᠠᠮᠠᠭᠠᠯᠠᠯᠲᠠ᠎ᠶᠢᠨ ᠲᠣᠣᠷ》 ᠢ᠋ ᠨᠢᠭ᠍ᠲᠠ ᠰᠦᠯᠵᠢᠪᠡ ᠃ ᠡᠭᠦᠨ ᠦ ᠬᠠᠮᠲᠤ᠂ ᠬᠢᠯᠢᠰ ᠪᠤᠷᠤᠭᠤ ᠬᠡᠷᠡᠭ ᠢ ᠪᠦᠲᠦᠮᠵᠢᠲᠡᠶ ᠰᠡᠷᠭᠡᠢᠯᠡᠬᠦ ᠪᠠ ᠬᠠᠤᠯᠢ ᠶᠣᠰᠣᠭᠠᠷ ᠢᠯᠭᠠᠨ ᠲᠣᠳᠣᠯᠠᠵᠤ ᠵᠠᠯᠠᠷᠠᠭᠤᠯᠬᠤ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠣᠨᠴᠠᠭᠠᠢᠯᠠᠨ ᠠᠵᠤ ᠠᠬᠤᠢᠯᠠᠯ᠎ᠳᠤ ᠬᠣᠯᠪᠣᠭᠳᠠᠭᠰᠠᠨ ᠬᠢᠯᠢᠰ ᠪᠤᠷᠤᠭᠤ ᠬᠡᠷᠡᠭ᠎ᠦᠨ ᠡᠬᠡ ᠲᠠᠩᠰᠠ᠎ᠶᠢ ᠲᠣᠭᠲᠠᠭᠠᠪᠠ᠃ ᠵᠢᠯ᠎ᠦᠨ ᠡᠬᠢᠨ᠎ᠡᠴᠡ ᠨᠠᠭᠠᠰᠢ᠂ ᠪᠠᠢᠴᠠᠭᠠᠬᠤ ᠪᠠᠢᠭᠤᠯᠭ᠎ᠠ᠎ᠡᠴᠡ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠳᠤ ᠬᠢᠨᠠᠯᠲᠠ ᠲᠠᠯᠪᠢᠵᠤ 27 ᠬᠡᠷᠡᠭ᠎ᠢ ᠬᠡᠷᠡᠭ ᠪᠣᠯᠭᠠᠨ ᠳᠠᠩᠰᠠᠯᠠᠭᠰᠠᠨ ᠪᠠ ᠬᠦᠴᠦᠨ ᠦᠭᠡᠢ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ᠎ᠡᠴᠡ《ᠨᠢᠭᠡ ᠲᠣᠭᠣᠷᠢᠨ ᠪᠠᠢᠴᠠᠭᠠᠬᠤ᠂ ᠬᠣᠶᠠᠷ ᠢ ᠰᠤᠭᠤᠴᠢᠨ ᠪᠠᠢᠴᠠᠭᠠᠬᠤ》 ᠭᠤᠷᠪᠠᠨ ᠱᠠᠲᠤᠨ᠎ᠤ ᠬᠠᠤᠯᠢ ᠬᠡᠷᠡᠭᠵᠢᠭᠦᠯᠦᠯᠲᠡ᠎ᠶᠢᠨ ᠲᠣᠭᠣᠷᠢᠨ ᠪᠠᠢᠴᠠᠭᠠᠬᠤ ᠠᠵᠢᠯ᠎ᠤᠨ ᠳᠦᠷᠢᠮ᠎ᠢ ᠬᠡᠷᠡᠭᠵᠢᠭᠦᠯᠵᠦ᠂ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ ᠤ ᠪᠠᠢᠭᠤᠯᠭᠠᠡᠴᠠ ᠠᠵᠤ ᠠᠬᠤᠢᠯᠠᠯ᠎ᠢ ᠲᠤᠰᠠᠯᠠᠬᠤ ᠡᠰᠡᠷᠭᠦ ᠴᠢᠭᠯᠡᠯ᠎ᠢᠶᠡᠷ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠎ᠶᠢ 《ᠮᠡᠳᠡᠭᠳᠡᠬᠦ ᠪᠢᠴᠢᠭ》 ᠪᠠ ᠠᠵᠤ ᠠᠬᠤᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ᠎ᠶᠢᠨ ᠠᠰᠠᠭᠤᠯᠲᠠ᠎ᠶᠢᠨ ᠬᠠᠭᠤᠳᠠᠰᠤ᠎ᠶᠢ 380 ᠬᠤᠪᠢ ᠲᠠᠷᠬᠠᠭᠠᠵᠤ᠂ ᠬᠠᠤᠯᠢ ᠴᠠᠭᠠᠵᠠ ᠢ᠋ᠢᠨ ᠤᠯᠠᠨ ᠨᠡᠶ᠋ᠢᠲᠡ᠎ᠶᠢᠨ ᠢᠲᠡᠭᠡᠭᠦᠯᠬᠦ ᠬᠦᠴᠦᠨ ᠲᠠᠰᠤᠷᠠᠯᠳᠠ ᠦᠭᠡᠢ ᠴᠢᠩᠭᠠᠷᠠᠪᠠ᠃
ᠢᠲᠡᠭᠡᠮᠵᠢ ᠪᠡᠷᠰᠠᠭᠤᠷᠢ ᠪᠣᠯᠭᠠᠨ ᠳᠠᠷᠳᠠᠩ ᠵᠠᠮ ᠢ ᠲᠡᠪᠢᠰᠴᠤ᠂ ᠦᠨᠡᠨᠴᠢ ᠪᠡᠷ ᠳᠠᠷᠪᠠᠭᠤᠯ ᠪᠣᠯᠭᠠᠨ ᠰᠢᠨ᠎ᠡ ᠠᠶᠠᠨ ᠢ᠋ᠢᠡᠨ ᠡᠬᠢᠯᠡᠭᠦᠯᠦᠨ᠎ᠡ᠃ ᠤᠯᠠᠭᠠᠨᠬᠠᠳᠠ ᠬᠣᠲᠠ ᠶᠠᠭ ᠪᠣᠳᠠᠲᠠᠢ᠎ᠶᠢ ᠡᠷᠬᠢᠮᠯᠡᠬᠦ ᠠᠷᠭ᠎ᠠ ᠬᠡᠮᠵᠢᠶ᠎ᠡ᠎ᠪᠡᠷ ᠦᠨᠡᠨᠴᠢ ᠢᠲᠡᠭᠡᠮᠵᠢ᠎ᠶᠢ ᠬᠣᠲᠠ᠎ᠶᠢᠨ ᠬᠥᠭᠵᠢᠯᠲᠡ᠎ᠶᠢᠨ ᠭᠣᠣᠯᠯᠠᠬᠤ ᠥᠷᠢᠰᠦᠯᠳᠦᠬᠦ ᠬᠦᠴᠦᠨ ᠪᠣᠯᠭᠠᠵᠤ᠂ 《ᠦᠨᠡᠨᠴᠢ ᠢᠲᠡᠭᠡᠮᠵᠢᠲᠦ ᠤᠯᠠᠭᠠᠨᠬᠠᠳᠠ》 ᠢ᠋ᠢᠨ ᠲᠦᠷᠦᠯ ᠲᠡᠮᠲᠡᠭ ᠢ᠋ ᠴᠤᠭᠴᠠᠯᠠᠵᠦ ᠪᠠᠢᠨ᠎ᠠ᠃