— ᠰᠢᠯᠢᠩᠬᠤᠲᠠ ᠢ᠋ᠢᠨ 《ᠵᠢᠨ ᡁᠢ ᠡᠶᠡᠲᠡᠭᠦᠯᠬᠦ ᠲᠠᠰᠤᠭ》 ᠤ᠋ᠨ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠲᠦᠷᠦᠯ ᠵᠦᠢᠯ ᠢ᠋ ᠲᠡᠮᠲᠡᠭᠯᠡᠪᠡ
ᠰᠢᠯᠢᠩᠬᠣᠲᠠ᠎ᠶᠢᠨ ᠬᠠᠩᠭᠠᠢ ᠵᠡᠭᠡᠯᠢ ᠭᠤᠳᠤᠮᠵᠢ᠎ᠶᠢᠨ ᠬᠥᠭᠵᠢᠯ ᠨᠡᠢᠭᠡᠮ ᠲᠣᠭᠣᠷᠢᠭ ᠲᠸ᠋᠂ ᠨᠠᠮ᠎ᠤᠨ ᠬᠣᠷᠢᠶ᠎ᠠ᠎ᠶᠢᠨ ᠱᠦᠵᠢ ᠸᠠᠩ ᠵᠢᠨ ᡁᠢᠶᠢᠨ ᠨᠡᠷ᠎ᠡ ᠨᠢ ᠨᠢᠭᠡᠨᠲᠡ ᠲᠤᠰ ᠨᠡᠢᠭᠡᠮ ᠲᠤᠭᠤᠷᠢᠭ᠎ᠤᠨ ᠵᠠᠰᠠᠯᠲᠠ ᠢ᠋ᠢᠨ 《ᠠᠯᠳᠠᠨ ᠲᠦᠯᠬᠢᠭᠦᠷ 》 ᠪᠣᠯᠵᠠᠢ᠃ ᠡᠨᠡ ᠬᠦ᠌ 《ᠲᠦᠯᠬᠢᠭᠦᠷ》 ᠨᠢ ᠬᠦᠷᠰᠢ ᠵᠡᠷᠭᠡᠯᠡᠲᠡᠭᠡ ᠢ᠋ᠢᠨ 《ᠰᠡᠳᠬᠢᠯ᠎ᠦᠨ ᠵᠠᠩᠬᠢᠷᠠᠭ᠎ᠠ 》 ᠵᠢ ᠲᠠᠢᠯᠤᠭᠰᠠᠨ᠎ᠢᠶᠠᠷ ᠪᠠᠷᠠᠬᠤ ᠦᠭᠡᠢ᠂ ᠨᠠᠩ ᠴᠤ᠌ ᠡᠨᠡ ᠬᠦ᠌ ᠣᠯᠠᠨ ᠦᠨᠳᠦᠰᠦᠲᠡᠨ᠎ᠲᠠᠢ ᠨᠡᠢᠭᠡᠮ ᠲᠣᠭᠣᠷᠢᠭ᠋᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ 《ᠪᠦᠯᠬᠦᠮᠳᠡᠯ ᠦᠨ ᠡᠭᠦᠳᠡ》 ᠵᠢ ᠨᠡᠭᠡᠭᠡᠭᠰᠡᠨ ᠪᠠᠢᠨ᠎ᠠ᠃ ᠲᠡᠭᠦᠨ᠎ᠤ ᠨᠡᠷ᠎ᠡ ᠪᠡᠷ ᠨᠡᠷᠡᠢᠲᠦᠭᠰᠡᠨ 《 ᠵᠢᠨ ᡁᠢ ᠡᠶᠡᠳᠡᠭᠦᠯᠬᠦ ᠲᠠᠰᠤᠭ》 ᠤ᠋ᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠦᠷᠦᠯ ᠵᠦᠢᠯ ᠨᠢ ᠬᠦᠷᠰᠢ ᠵᠡᠷᠭᠡᠯᠡᠲᠡᠭᠡ ᠢ᠋ᠢᠨ ᠠᠷᠰᠠᠷ ᠶᠠᠪᠤᠲᠠᠯ ᠢ᠋ ᠰᠢᠢᠳᠪᠦᠷᠢᠯᠡᠬᠦ ᠡᠴᠡ ᠡᠬᠢᠯᠡᠵᠦ᠂ ᠠᠯᠬᠤᠮ ᠠᠯᠬᠤᠮ᠎ᠢᠶᠠᠷ 《ᠪᠠᠭ᠎ᠠ ᠶᠠᠪᠤᠳᠠᠯ᠎ᠢ᠋ ᠨᠡᠢᠭᠡᠮ ᠲᠣᠭᠣᠷᠢᠭ᠋ ᠡᠴᠡ ᠭᠠᠷᠭᠠᠬᠤ ᠦᠭᠡᠢ᠂ ᠦᠨᠳᠦᠰᠦᠲᠡᠨ᠎ᠨᠦᠭᠦᠳ ᠨᠢᠭᠡ ᠭᠡᠷ᠎ᠦᠨ ᠬᠥᠮᠥᠨ ᠮᠡᠲᠦ ᠳᠣᠲᠣᠨᠣ᠌ ᠪᠠᠢᠬᠤ 》 ᠪᠠᠢᠲᠠᠯ ᠢ᠋ ᠪᠤᠢ ᠪᠤᠯᠭᠠᠪᠠ᠃ 2023 ᠤᠨ᠎ᠤ 4 ᠰᠠᠷ᠎ᠠ᠎ᠳᠤ ᠪᠠᠢᠭᠤᠯᠤᠬᠲᠠᠬᠰᠠᠨ ᠡᠴᠡ ᠨᠠᠭᠠᠰᠢ᠂ ᠡᠶᠡᠲᠡᠭᠦᠯᠬᠦ ᠲᠠᠰᠤᠭ ᠨᠢ ᠣᠷᠣᠭ ᠭᠡᠷ ᠪᠦᠯᠢ᠂ ᠬᠥᠷᠰᠢ ᠵᠡᠷᠭᠡᠯᠡᠳᠡᠭᠡ᠎ᠶᠢᠨ ᠵᠠᠭᠤᠷᠠᠯᠳᠤᠭᠠᠨ᠂ ᠠᠳᠠᠯ ᠠᠬᠤᠢ᠎ᠶᠢᠨ ᠵᠥᠷᠢᠴᠡᠯ ᠵᠡᠷᠭᠡ ᠡᠯ᠎ᠡ ᠲᠥᠷᠥᠯ᠎ᠦᠨ ᠵᠠᠭᠤᠷᠠᠯᠳᠤᠭᠠᠨ ᠢ ᠨᠡᠢᠲᠡ 211 ᠬᠤᠪᠢ ᠡᠶᠡᠲᠡᠭᠦᠯᠵᠦ᠂ ᠵᠢᠯ ᠲᠤᠮᠲᠠᠴᠢ ᠢ᠋ᠢᠨ ᠡᠶᠡᠲᠡᠭᠦᠯᠦᠭᠡᠳ ᠠᠮᠵᠢᠯᠲᠠ ᠤᠯᠤᠬᠰᠠᠨ ᠨᠤᠷᠮ᠎ᠠ ᠨᠢ 95% ᠡᠴᠡ ᠲᠡᠭᠡᠭᠰᠢ ᠪᠠᠢᠵᠦ᠂ ᠰᠠᠭᠤᠭᠠᠯᠢ ᠠᠷᠠᠳ ᠡᠬᠢᠨ᠎ᠳᠡᠭᠡᠨ 《 ᠨᠠᠷᠭᠢᠶᠠᠨ ᠦᠵᠡᠵᠦ》 ᠪᠠᠢᠭᠰᠠᠨ ᠡᠴᠠ᠎ᠪᠠᠨ ᠤᠳᠤ 《ᠬᠠᠪᠰᠤᠷᠤᠬᠴᠢ》 ᠪᠤᠯᠵᠤ᠂ ᠰᠠᠢᠨ ᠲᠤᠷ᠎ᠠ ᠢ᠋ᠢᠨ ᠦᠢᠯᠡᠴᠢᠯᠡᠭᠡᠨ ᠤ ᠦᠷ᠎ᠡ ᠨᠡᠢᠭᠡᠮ ᠲᠣᠭᠣᠷᠢᠭ᠋᠎ᠲᠤ ᠦᠨᠳᠦᠰᠦᠯᠡᠵᠦ ᠰᠣᠶᠣᠭᠠᠯᠠᠪᠠ᠃
ᠨᠠᠮ ᠤᠨ ᠪᠠᠢᠭᠤᠯᠤᠯᠲᠠ᠎ᠪᠠᠷ ᠵᠠᠮᠴᠢᠯᠠᠭᠤᠯᠵᠤ ᠦᠨᠳᠦᠰᠦᠨ ᠱᠠᠲᠤᠨ᠎ᠤ ᠵᠠᠰᠠᠯᠲᠠ ᠢ᠋ᠢᠨ ᠲᠤᠤᠷ ᠢ᠋ ᠪᠠᠲᠦ ᠰᠦᠯᠵᠢᠪᠡ
《ᠦᠨᠳᠦᠰᠦᠲᠡᠨ᠎ᠨᠦᠭᠦᠳ᠎ᠦᠨ ᠠᠬ᠎ᠠ ᠳᠡᠭᠦᠦ ᠨᠠᠷ᠎ᠤᠨ ᠰᠡᠳᠬᠢᠯ ᠢ᠋ ᠨᠢᠭᠡᠳᠭᠡᠨ ᠬᠦᠴᠦᠨ ᠢ᠋ ᠬᠠᠮᠳᠤᠳᠬᠠᠬᠤ᠎ᠳᠤ ᠵᠠᠩᠬᠢᠯᠠᠭ᠎ᠠ ᠨᠢ ᠨᠠᠮ᠎ᠳᠤ ᠪᠤᠢ᠃》 ᠬᠦᠭᠵᠢᠯ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ 《ᠵᠢᠨ ᡁᠢ ᠡᠶᠡᠳᠡᠭᠦᠯᠬᠦ ᠲᠠᠰᠤᠭ》 ᠢ᠋ ᠪᠠᠲᠤ ᠴᠢᠩᠭ᠎ᠠ ᠲᠠᠢ᠍ᠢᠴᠢᠨ ᠪᠡᠬᠢᠯᠡᠯᠲᠡ ᠪᠣᠯᠭᠠᠨ ᠪᠠᠢᠭᠤᠯᠵᠠᠢ᠃
32 ᠪᠦᠷᠢᠯᠲᠦᠭᠦᠨ ᠢ᠋ᠢᠡᠷ ᠪᠦᠷᠢᠯᠲᠦᠭᠰᠡᠨ ᠡᠶᠡᠳᠡᠭᠦᠯᠬᠦ ᠲᠠᠰᠤᠭ᠎ᠤᠨ《ᠲᠤᠰᠬᠠᠢ ᠮᠡᠷᠭᠡᠵᠢᠯᠲᠡᠨ᠎ᠦ ᠬᠥᠮᠥᠷᠭᠡ》 ᠨᠢ ᠨᠡᠢᠭᠡᠮ ᠲᠣᠭᠣᠷᠢᠭ᠋᠎ᠤᠨ ᠺᠠᠳ᠋ᠷ᠂ ᠢᠲᠡᠭᠡᠯ ᠬᠦᠨᠳᠦᠲᠡᠢ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠂ ᠠᠬᠠᠮᠠᠳ ᠪᠠᠭ᠍ᠰᠢ᠂ ᠠᠬᠠᠮᠠᠳ ᠵᠢᠱ᠌ᠢᠶᠡᠴᠢ᠂ ᠠᠬᠠᠮᠠᠳ ᠪᠠᠢᠯᠳᠤᠭ᠍ᠴᠢ᠂ ᠲᠤᠤᠷᠵᠢᠯ᠎ᠤᠨ ᠠᠵᠢᠯᠲᠠᠨ ᠪᠠ ᠰᠠᠢᠨ ᠳᠤᠷᠠᠴᠤᠳ ᠢ᠋ ᠪᠠᠬᠲᠠᠭᠠᠵᠦ᠂ ᠡᠭᠦᠨ᠎ᠳᠤ ᠦᠨᠳᠦᠰᠦᠲᠡᠨ᠎ᠦ ᠬᠡᠷᠡᠭ ᠶᠠᠪᠤᠳᠠᠯ᠎ᠢ ᠰᠠᠢᠨ ᠮᠡᠳᠡᠳᠡᠭ ᠭᠣᠣᠯᠯᠠᠭ᠍ᠴᠢ ᠬᠦᠴᠦᠨ ᠪᠠᠢᠬᠤ ᠮᠦᠷᠲᠡᠭᠡᠨ ᠪᠠᠰᠠ ᠵᠡᠭᠡᠯᠢ ᠭᠤᠳᠤᠮᠵᠢ᠎ᠶᠢᠨ ᠬᠠᠤᠯᠢ ᠴᠠᠭᠠᠵᠠ᠎ᠶᠢᠨ ᠭᠠᠵᠠᠷ᠂ ᠲᠣᠮᠢᠯᠠᠭᠰᠠᠨ ᠰᠠᠯᠪᠤᠷᠢ᠎ᠶᠢᠨ ᠺᠠᠳ᠋ᠷ ᠴᠠᠭᠳᠠᠭ᠎ᠠ ᠵᠢᠴᠢ ᠨᠡᠶ᠋ᠢᠲᠡ ᠶᠢᠨ ᠠᠰᠠᠷᠠᠮᠵᠢ ᠵᠢᠨ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠪᠠᠢᠲᠠᠭ᠃ ᠲᠤᠬᠠᠢᠯᠠᠭᠰᠠᠨ ᠠᠵᠢᠯ᠎ᠤᠨ ᠴᠢᠳᠠᠪᠤᠷᠢ ᠪᠣᠯᠣᠨ ᠶᠡᠷᠦᠩᠬᠡᠢᠯᠡᠭᠰᠡᠨ ᠬᠡᠪ ᠴᠢᠨᠠᠷ᠎ᠢᠶᠠᠷ ᠨᠢ ᠤᠷᠤᠭ ᠭᠡᠷ ᠪᠦᠯᠢ ᠵᠢᠨ ᠵᠠᠭᠤᠷᠠᠯᠳᠤᠭᠠᠨ᠂ ᠬᠥᠷᠰᠢ ᠵᠡᠷᠭᠡᠯᠡᠳᠡᠭᠡ᠎ᠶᠢᠨ ᠵᠠᠭᠤᠷᠠᠯᠳᠤᠭᠠᠨ᠂ ᠠᠳᠠᠯ ᠠᠬᠤᠢ᠎ᠶᠢᠨ ᠵᠠᠭᠤᠷᠠᠯᠳᠤᠭᠠᠨ ᠵᠡᠷᠭᠡ ᠭᠤᠷᠪᠠᠨ ᠲᠤᠰᠬᠠᠢ ᠲᠦᠷᠦᠯ᠎ᠤᠨ ᠡᠶᠡᠳᠡᠭᠦᠯᠬᠦ ᠳᠤᠭᠤᠢᠯᠠᠩ ᠬᠤᠪᠢᠶᠠᠨ᠂ 《ᠬᠥᠮᠥᠨ ᠢ᠋ ᠰᠠᠢᠨ ᠮᠡᠳᠡᠳᠡᠭ᠂ ᠭᠠᠵᠠᠷ ᠢ᠋ ᠰᠠᠢᠨ ᠮᠡᠳᠡᠳᠡᠭ᠂ ᠪᠠᠢᠳᠠᠯ ᠢ᠋ ᠰᠠᠢᠨ ᠮᠡᠳᠡᠳᠡᠭ》 ᠳᠠᠪᠠᠭᠤᠯᠢᠭ᠋᠎ᠢᠶᠠᠷ᠎ᠨᠢ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠲᠠᠢ ᠤᠨᠢᠨ ᠳᠡᠭᠡᠷ᠎ᠡ ᠨᠢ ᠵᠣᠯᠭᠠᠭᠤᠯᠵᠠᠢ᠃



(ᠬᠡᠷᠡᠯ ᠵᠢᠷᠤᠭ᠎ᠤᠳ ᠪᠤᠯ ᠡᠶᠡᠲᠡᠭᠦᠯᠬᠦ ᠲᠠᠰᠤᠭ᠎ᠤᠨ ᠠᠵᠢᠯᠯᠠᠭ᠎ᠠ ᠪᠤᠯᠤᠨ᠎ᠠ᠃ ᠰᠢᠯᠢᠩᠬᠤᠲᠠ ᠢ᠋ᠢᠨ ᠨᠠᠮ ᠤᠨ ᠬᠤᠷᠢᠶ᠎ᠠ ᠢ᠋ᠢᠨ ᠨᠡᠢᠭᠡᠮ ᠤᠨ ᠠᠵᠢᠯ ᠤᠨ ᠬᠡᠯᠲᠡᠰ ᠡᠴᠡ ᠬᠠᠩᠭᠠᠪᠠ)
ᠲᠦᠪ ᠭᠤᠤᠯᠴᠢ ᠪᠡᠷ ᠡᠶᠡᠳᠡᠭᠦᠯᠬᠦ᠎ᠳᠦ ᠬᠠᠤᠯᠢ᠎ᠪᠠᠷ ᠵᠠᠰᠠᠬᠤ ᠠ᠋ᠴᠠ ᠰᠠᠯᠵᠤ ᠴᠢᠳᠠᠬᠤ ᠦᠭᠡᠢ᠃ ᠡᠶᠡᠳᠡᠭᠦᠯᠬᠦ ᠲᠠᠰᠤᠭ ᠨᠢ ᠰᠠᠨᠠᠭᠠᠴᠢᠯᠠᠭ᠎ᠠ ᠡᠴᠡ᠎ᠪᠠᠨ ᠬᠠᠤᠯᠢ ᠴᠠᠭᠠᠵᠠ᠎ᠶᠢᠨ ᠵᠥᠪᠯᠡᠭᠴᠢ᠂ ᠵᠡᠭᠡᠯᠢ ᠭᠤᠳᠤᠮᠵᠢ᠎ᠶᠢᠨ ᠬᠠᠤᠯᠢ ᠴᠠᠭᠠᠵᠠ᠎ᠶᠢᠨ ᠭᠠᠵᠠᠷ ᠪᠠ ᠲᠣᠮᠢᠯᠠᠭᠰᠠᠨ ᠰᠠᠯᠪᠤᠷᠢ ᠲᠠᠢ ᠬᠠᠮᠳᠤᠷᠠᠯᠴᠠᠵᠦ᠂ ᠪᠤᠳᠤᠯᠢᠶᠠᠨᠲᠠᠢ ᠠᠰᠠᠭᠤᠳᠠᠯ ᠲᠤᠯᠭᠠᠷᠠᠪᠠᠯ᠂ 《ᠬᠣᠰᠢᠭᠤᠴᠢ ᠨᠠᠮ᠎ᠤᠨ ᠭᠡᠰᠢᠭᠦᠨ + ᠬᠠᠤᠯᠢ ᠴᠠᠭᠠᠵᠠ᠎ᠶᠢᠨ ᠵᠥᠪᠯᠡᠭᠴᠢ + ᠲᠤᠤᠷᠵᠢᠯ ᠤᠨ ᠠᠵᠢᠯᠲᠠᠨ》 ᠤ᠋ ᠦᠢᠯᠡᠲᠦᠯ ᠢ᠋ ᠪᠠᠲᠠᠷᠠᠭᠤᠯᠵᠦ᠂ ᠬᠠᠤᠯᠢ ᠴᠠᠭᠠᠵᠠ᠎ᠶᠢᠨ ᠵᠥᠪᠯᠡᠭᠴᠢ᠎ᠡᠴᠡ ᠬᠠᠤᠯᠢ ᠵᠦᠢ᠎ᠶᠢ ᠲᠤᠭᠤᠰᠢᠲᠠᠢ ᠶᠠᠷᠢᠵᠤ᠂ ᠨᠠᠮ᠎ᠤᠨ ᠭᠡᠰᠢᠭᠦᠨ ᠪᠠ ᠲᠤᠤᠷᠵᠢᠯ᠎ᠤᠨ ᠠᠵᠢᠯᠲᠠᠨ ᠶᠣᠰᠣ᠌ ᠤᠴᠢᠷ ᠢ᠋ ᠨᠡᠪᠲᠡ ᠶᠠᠷᠢᠵᠦ᠂ ᠡᠶᠡᠳᠡᠭᠦᠯᠭᠡ ᠪᠣᠯᠭᠠᠨ ᠨᠢ ᠴᠥᠮ ᠬᠠᠤᠯᠢ ᠲᠣᠭᠲᠠᠭᠠᠯ ᠢ ᠵᠢᠷᠤᠮᠯᠠᠵᠤ᠂ ᠡᠷᠬᠡ ᠲᠡᠭᠰᠢ ᠲᠥᠪ ᠭᠣᠣᠯᠴᠢ ᠪᠠᠢᠬᠤ᠎ᠶᠢ ᠪᠠᠲᠤᠯᠠᠪᠠ᠃
ᠨᠡᠢᠭᠡᠮ ᠲᠤᠭᠤᠷᠢᠭ ᠤᠨ 120 ᠰᠠᠭᠤᠷᠢ ᠲᠤᠤᠷᠵᠢᠯ᠎ᠤᠨ 120 ᠲᠤᠰᠬᠠᠢ ᠲᠤᠰᠢᠶᠠᠯᠲᠤ ᠲᠤᠤᠷᠵᠢᠯ ᠤᠨ ᠠᠵᠢᠯᠲᠠᠨ ᠦᠷᠭᠦᠯᠵᠢ ᠰᠠᠭᠤᠭᠠᠯᠢ ᠠᠷᠠᠳ᠎ᠤᠨ ᠲᠤᠭᠤᠷᠢᠭ ᠢ᠋ᠢᠡᠷ ᠬᠦᠨᠵᠡᠭᠡᠢᠷᠡᠵᠦ᠂ ᠰᠠᠭᠤᠭᠠᠯᠢ ᠠᠷᠠᠳ ᠤᠨ ᠵᠤᠪᠠᠨᠢᠵᠦ ᠪᠠᠢᠭ᠎ᠠ ᠤᠴᠢᠷ ᠶᠠᠪᠤᠳᠠᠯ ᠢ ᠬᠠᠮᠤᠭ᠎ᠤᠨ ᠲᠦᠷᠦᠭᠦᠨ᠎ᠳᠤ ᠤᠢᠯᠠᠭᠠᠨ ᠲᠡᠭᠡᠭᠰᠢ ᠮᠡᠲᠡᠭᠦᠯᠲᠡᠭ᠃ 2025 ᠣᠨ᠎ᠳᠤ᠂ ᠲᠤᠤᠷᠵᠢᠯ᠎ᠤᠨ ᠠᠵᠢᠯᠲᠠᠳ᠎ᠤᠨ ᠪᠠᠢᠴᠠᠭᠠᠵᠤ ᠳᠡᠭᠡᠭᠰᠢ ᠮᠡᠳᠡᠭᠦᠯᠦᠭᠰᠡᠨ 78 ᠵᠥᠷᠢᠴᠡᠯ ᠵᠠᠭᠤᠷᠠᠯᠳᠤᠭᠠᠨ᠎ᠢ ᠨᠢᠭᠡᠳ ᠨᠢᠭᠡ᠎ᠪᠡᠷ ᠪᠦᠬᠦᠨ ᠢ᠋ ᠰᠢᠢᠳᠪᠦᠷᠢᠯᠡᠵᠦ᠂ ᠦᠢᠯᠡᠴᠢᠯᠡᠭᠡ᠎ᠶᠢ ᠦᠨᠡᠨ ᠬᠦ᠌ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠤᠨ ᠭᠡᠷ᠎ᠦᠨ ᠡᠭᠦᠳᠡᠨ᠎ᠳᠤ ᠬᠦᠷᠬᠡᠵᠦ᠂ ᠰᠡᠳᠬᠢᠯ᠎ᠳᠤ᠎ᠨᠢ ᠬᠦᠷᠬᠡᠵᠡᠢ᠃
《ᠲᠠᠪᠤᠨ ᠰᠡᠳᠬᠢᠯ᠎ᠤ᠋ᠨ ᠡᠶᠡᠲᠡᠭᠦᠯᠬᠦ ᠠᠷᠭ᠎ᠠ》 ᠪᠡᠷ ᠪᠦᠯᠬᠦᠮᠳᠡᠯ᠎ᠦᠨ ᠴᠡᠴᠡᠭᠡᠰ ᠢ ᠤᠮᠳᠠᠯᠠᠪᠠ
ᠡᠶᠡᠳᠡᠭᠦᠯᠭᠦ ᠭᠡᠭᠴᠢ ᠬᠦᠢᠲᠡᠮᠰᠦᠭ ᠢ᠋ᠢᠡᠷ ᠵᠦᠪ ᠪᠤᠷᠤᠭᠤ ᠵᠢ ᠲᠠᠰᠤᠯᠬᠤ ᠶᠠᠪᠤᠴᠠ ᠪᠢᠰᠢ᠂ ᠬᠠᠷᠢᠨ ᠬᠠᠯᠠᠭᠤᠨ ᠲᠤᠳᠤᠨᠤ ᠪᠡᠷ ᠰᠡᠳᠬᠢᠯ᠎ᠤᠨ ᠵᠠᠩᠬᠢᠷᠠᠭ᠎ᠠ ᠵᠢ ᠲᠠᠢᠯᠬᠤ ᠶᠠᠪᠤᠴᠠ ᠮᠦᠨ᠃ ᠸᠠᠩ ᠵᠢᠨ ᡁᠢ ᠪᠣᠯᠣᠨ ᠲᠡᠭᠦᠨ᠎ᠦ ᠪᠦᠯᠬᠦᠮ᠎ᠦᠨ ᠬᠢᠨ 《ᠲᠠᠪᠤᠨ ᠰᠡᠳᠬᠢᠯ᠎ᠤᠨ ᠡᠶᠡᠳᠡᠭᠦᠯᠬᠦ ᠠᠷᠭ᠎ᠠ》 ᠵᠢ ᠳ᠋ᠦᠩᠨᠡᠨ ᠭᠠᠷᠭᠠᠵᠠᠢ᠂ ᠲᠤᠬᠠᠢᠯᠠᠪᠠᠯ 《ᠬᠠᠯᠠᠭᠤᠨ ᠰᠡᠳᠬᠢᠯ》 ᠢ᠋ᠢᠡᠷ ᠰᠡᠳᠬᠢᠯ᠎ᠤᠨ ᠵᠠᠢ ᠵᠢ ᠤᠢᠷ᠎ᠠ ᠪᠤᠯᠭᠠᠵᠤ᠂ 《ᠭᠣᠣᠯᠴᠢ ᠰᠡᠳᠬᠢᠯ》 ᠢ᠋ᠢᠡᠷ ᠲᠥᠪ ᠭᠣᠣᠯᠴᠢ᠎ᠶᠢ ᠪᠠᠷᠢᠮᠲᠠᠯᠠᠨ᠂ 《ᠨᠢᠮᠪᠠᠢ ᠰᠡᠳᠬᠢᠯ》 ᠢ᠋ᠢᠡᠷ ᠵᠢᠵᠢᠭ ᠰᠠᠵᠢᠭ᠋ ᠵᠦᠢᠯ᠎ᠢ ᠠᠵᠢᠭ᠍ᠯᠠᠨ᠂ 《ᠬᠢᠨᠠᠮᠠᠭᠠᠢ ᠰᠡᠳᠬᠢᠯ》 ᠢ᠋ᠢᠡᠷ ᠰᠢᠪᠲᠤᠯᠤᠯᠲᠠ᠎ᠶᠢ ᠡᠷᠢᠯᠬᠢᠯᠡᠵᠦ᠂ 《ᠲᠡᠰᠪᠦᠷᠢᠲᠠᠢ ᠰᠡᠳᠬᠢᠯ》 ᠢ᠋ᠢᠡᠷ ᠠᠷᠠᠳ᠎ᠤᠨ ᠰᠡᠳᠬᠢᠯ ᠢ᠋ ᠲᠤᠯᠠᠭᠠᠯᠠᠨ᠎ᠠ᠃ ᠨᠡᠩ ᠴᠤ᠌ ᠰᠢᠨ᠎ᠡ᠎ᠶᠢ ᠡᠭᠦᠳᠦᠨ《3+N》 ᠰᠤᠳᠤᠯᠤᠨ ᠮᠠᠭᠠᠳᠯᠠᠬᠤ ᠲᠣᠭᠲᠠᠴᠠ ᠪᠣᠯᠣᠨ《ᠵᠢᠷᠭᠤᠭ᠎ᠠ᠎ᠶᠢ ᠨᠢᠭᠡ ᠴᠣᠭᠴᠠᠵᠢᠭᠤᠯᠬᠤ》 ᠡᠶᠡᠳᠡᠭᠦᠯᠬᠦ ᠠᠷᠭ᠎ᠠ ᠶᠢ ᠪᠦᠷᠢᠯᠳᠦᠭᠦᠯᠵᠦ᠂ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ᠎ᠳᠤ ᠲᠤᠯᠠᠭᠠᠴᠠ ᠲᠠᠢ ᠮᠥᠷᠲᠡᠭᠡᠨ ᠡᠮᠬᠢ ᠵᠢᠷᠤᠮ᠎ᠲᠠᠢ ᠪᠣᠯᠭᠠᠪᠠ᠃
《3+N》ᠰᠤᠳᠤᠯᠤᠨ ᠮᠠᠭᠠᠳᠯᠠᠬᠤ ᠲᠣᠭᠲᠠᠴᠠ ᠨᠢ ᠪᠣᠳᠠᠲᠤ ᠵᠥᠷᠢᠴᠡᠯ᠂ ᠵᠢᠱ᠌ᠢᠭᠰᠡᠨ ᠲᠦᠭᠰᠢᠭᠦᠷᠢ᠂ ᠪᠣᠯᠣᠯᠴᠠᠭᠠᠲᠤ ᠲᠠᠯᠳᠠ ᠭᠡᠮ᠎ᠢ ᠦᠨᠳᠦᠰᠦᠯᠡᠨ᠂ ᠪᠣᠳᠠᠲᠤ ᠬᠡᠷᠡᠭ ᠨᠢ ᠲᠣᠳᠣᠷᠬᠠᠢ᠂ ᠮᠠᠷᠭᠤᠯᠳᠤᠭᠠᠨ ᠨᠢ ᠶᠡᠬᠡ ᠪᠢᠰᠢ᠂ ᠲᠡᠷᠡ ᠳᠠᠷᠤᠢ ᠳ᠋ᠤᠨᠢ ᠡᠶᠡᠳᠡᠭᠦᠯᠵᠦ ᠪᠣᠯᠬᠤ ᠵᠠᠭᠤᠷᠠᠯᠳᠤᠭᠠᠨ ᠢ᠋ ᠨᠤᠭᠤᠭᠠᠨ ᠦᠩᠭᠡ᠂ ᠬᠠᠤᠯᠢ ᠴᠠᠭᠠᠵᠠ᠂ ᠳᠣᠲᠣᠭᠠᠳᠤ᠎ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ᠎ᠤᠨ ᠬᠢᠨ ᠬᠠᠮᠵᠢᠯᠴᠠᠨ ᠰᠢᠢᠳᠪᠦᠷᠢᠯᠡᠬᠦ ᠴᠢᠬᠤᠯᠠᠲᠠᠢ ᠵᠠᠭᠤᠷᠠᠯᠳᠤᠭᠠᠨ ᠢ᠋ ᠰᠢᠷ᠎ᠡ ᠦᠩᠭᠡ᠂ ᠡᠶᠡᠳᠡᠭᠦᠯᠦᠭᠡᠳ ᠦᠷ᠎ᠡ ᠳ᠋ᠦᠩ ᠭᠠᠷᠤᠭᠰᠠᠨ ᠦᠭᠡᠢ᠂ ᠬᠠᠤᠯᠢ ᠶᠣᠰᠣᠭᠠᠷ ᠰᠢᠢᠳᠪᠦᠷᠢᠯᠡᠬᠦ ᠴᠢᠬᠤᠯᠠᠲᠠᠢ ᠵᠢ ᠨᠢ ᠤᠯᠠᠭᠠᠨ ᠦᠩᠭᠡ ᠬᠡᠵᠦ ᠭᠤᠷᠪᠠᠨ ᠳᠡᠰ ᠬᠤᠪᠢᠶᠠᠵᠤ᠂ ᠰᠢᠢᠳᠪᠦᠷᠢᠯᠡᠬᠦ ᠬᠦᠴᠦᠨ ᠢ ᠣᠨᠣᠪᠴᠢᠲᠠᠢ ᠲᠣᠬᠢᠷᠠᠭᠤᠯᠪᠠ᠃ 2025 ᠣᠨ᠎ᠳᠤ ᠡᠶᠡᠲᠡᠭᠦᠯᠦᠭᠰᠡᠨ 174 ᠵᠠᠭᠤᠷᠠᠯᠳᠤᠭᠠᠨ᠎ᠳᠤ ᠤᠯᠠᠭᠠᠨ ᠦᠩᠭᠡ ᠢ᠋ᠢᠨ ᠲᠡᠰ᠎ᠤᠨ ᠬᠡᠷᠡᠭ ᠪᠠᠢᠬᠰᠠᠨ ᠦᠭᠡᠢ᠃ 《ᠵᠢᠷᠭᠤᠭ᠎ᠠ᠎ᠶᠢ ᠨᠢᠭᠡ ᠴᠣᠭᠴᠠᠵᠢᠭᠤᠯᠬᠤ》ᠡᠶᠡᠳᠡᠭᠦᠯᠬᠦ ᠠᠷᠭ᠎ᠠ ᠨᠢ《ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠲᠤᠬᠠᠢᠯᠠᠭᠰᠠᠨ ᠠᠵᠢᠯ᠎ᠳᠠᠭᠠᠨ ᠪᠣᠯᠪᠠᠰᠤᠷᠠᠩᠭᠤᠢ ᠪᠣᠯᠬᠤ᠂ ᠠᠷᠭ᠎ᠠ ᠬᠡᠮᠵᠢᠶ᠎ᠡ᠎ᠶᠢ ᠠᠮᠢᠳᠤᠯᠢᠭ᠋ ᠪᠣᠯᠭᠠᠬᠤ᠂ ᠨᠠᠷᠢᠯᠢᠭ᠋ ᠠᠵᠢᠯᠯᠠᠬᠤ᠂ ᠦᠨᠡᠨᠴᠢ ᠣᠪᠣᠷ᠎ᠲᠠᠢ ᠪᠠᠢᠬᠤ》 ᠵᠢ ᠴᠢᠩᠭ᠎ᠠ ᠠᠳᠬᠤᠵᠤ᠂ ᠠᠯᠬᠤᠮ ᠪᠦᠷᠢ᠎ᠶᠢᠨ ᠡᠶᠡᠳᠡᠭᠦᠯᠭᠡ᠎ᠶᠢ ᠴᠥᠮ ᠯᠠᠪᠳᠠᠭᠤᠨ ᠪᠠᠲᠤᠲᠠᠢ ᠪᠥᠭᠡᠳ ᠬᠦᠴᠦᠲᠡᠢ ᠪᠣᠯᠭᠠᠵᠠᠢ᠃
ᠬᠦᠭᠵᠢᠯ ᠨᠡᠢᠭᠡᠮ ᠲᠤᠭᠤᠷᠢᠭ᠎ᠤᠨ ᠵᠦᠩ ᠯᠢ ᠷᠦ ᠢ ᠶᠤᠸᠠᠨ ᠰᠠᠭᠤᠭᠠᠯᠢ ᠠᠷᠠᠳ᠎ᠤᠨ ᠲᠤᠭᠤᠷᠢᠭ᠎ᠤᠨ ᠬᠸᠩ ᠨᠠᠰᠤᠲᠠᠨ ᠪᠤᠯᠤᠨ ᠨᠢᠦ ᠨᠠᠰᠤᠲᠠᠨ᠎ᠤ ᠬᠡᠷ ᠪᠠᠢᠰᠢᠩ ᠨᠢ ᠤᠰᠤ ᠭᠤᠭᠤᠵᠢᠬᠰᠠᠨ ᠡᠴᠡ ᠪᠤᠯᠤᠬᠰᠠᠨ ᠲᠦᠯᠦᠪᠦᠷᠢ ᠢ᠋ᠢᠨ ᠵᠠᠭᠤᠷᠠᠯᠳᠤᠭᠠᠨ᠎ᠢ ᠡᠶᠡᠳᠡᠬᠦᠯᠬᠦ᠎ᠳᠤ᠂ ᠠᠬᠠᠮᠠᠳ ᠨᠠᠮ᠎ᠤᠨ ᠬᠡᠰᠢᠭᠦᠨ ᠡᠶᠡᠲᠡᠭᠦᠯᠦᠭᠴᠢ ᠵᠠᠩ ᠠᠪᠤᠭᠠᠢ ᠲᠦᠪ ᠭᠣᠣᠯᠴᠢ ᠵᠢ ᠡᠷᠬᠢᠮᠯᠡᠨ ᠭᠡᠷ ᠲᠤᠨᠢ ᠬᠦᠷᠴᠦ ᠪᠠᠢᠲᠠᠯ ᠢ᠋ ᠤᠢᠯᠠᠭᠠᠨ ᠬᠠᠷᠢᠭᠤᠴᠠᠯᠭ᠎ᠠ᠎ᠶᠢ ᠲᠣᠳᠣᠷᠬᠠᠢᠯᠠᠵᠦ᠂ ᠬᠦᠯᠢᠴᠡᠩᠭᠦᠢ ᠶᠠᠷᠢᠵᠦ ᠡᠶᠡᠲᠡᠭᠦᠯᠬᠦ ᠪᠡᠷ ᠲᠠᠮᠵᠢᠨ ᠨᠢᠭᠡ ᠤᠳᠠᠭᠠᠨ᠎ᠤ ᠳᠡᠰ ᠳᠠᠪᠰᠢᠵᠤ ᠮᠡᠳᠡᠬᠦ ᠵᠥᠷᠢᠴᠡᠯ ᠢ᠋ ᠪᠦᠲᠦᠮᠵᠢᠲᠡᠢ ᠡᠶᠡᠲᠡᠭᠦᠯᠦᠭᠰᠡᠨ ᠪᠠᠢᠨ᠎ᠠ; ᠲᠤᠰ ᠰᠠᠭᠤᠭᠠᠯᠢ ᠠᠷᠠᠳ᠎ᠤᠨ ᠲᠤᠭᠤᠷᠢᠭ᠎ᠤᠨ ᠬᠣᠭ ᠨᠣᠪᠰᠢ ᠣᠪᠣᠭᠠᠯᠠᠬᠤ ᠭᠠᠵᠠᠷ ᠨᠢ ᠨᠢᠭᠡᠨ ᠦᠶ᠎ᠡ ᠰᠠᠭᠤᠭᠠᠯᠢ ᠠᠷᠠᠳ ᠪᠣᠯᠣᠨ ᠠᠳᠠᠯ ᠠᠬᠤᠢ᠎ᠶᠢᠨ ᠬᠢᠨ᠎ᠤ ᠵᠥᠷᠢᠴᠡᠯ᠎ᠦᠨ ᠴᠡᠭ ᠪᠤᠯᠵᠦ ᠪᠠᠢᠵᠠᠢ᠃ ᠡᠶᠡᠲᠡᠭᠦᠯᠬᠦ ᠲᠠᠰᠤᠭ᠎ᠤᠨ ᠬᠢᠨ ᠡᠯ᠎ᠡ ᠲᠠᠯ᠎ᠠ᠎ᠶᠢᠨ ᠬᠢᠨ᠎ᠦ ᠬᠦᠰᠡᠯ ᠱᠠᠭᠠᠷᠳᠠᠯᠭ᠎ᠠ᠎ᠶᠢ ᠰᠡᠳᠬᠢᠯ ᠲᠠᠯᠪᠢᠨ ᠰᠣᠨᠣᠰᠴᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠰᠠᠯᠠᠭ᠎ᠠ ᠮᠥᠴᠢᠷ᠎ᠲᠠᠢ ᠬᠣᠯᠪᠤᠭᠠᠯᠠᠨ᠂ ᠰᠠᠭᠤᠭᠠᠯᠢ ᠠᠷᠠᠳ᠎ᠤᠨ ᠲᠥᠯᠥᠭᠡᠯᠡᠭᠴᠢ᠂ ᠠᠳᠠᠯ ᠠᠬᠤᠢ᠎ᠶᠢᠨ ᠺᠣᠮᠫᠠᠨᠢ᠎ᠶᠢ ᠴᠤᠭᠯᠠᠭᠤᠯᠤᠨ ᠰᠠᠭᠤᠯᠭᠠᠵᠤ᠂ ᠬᠠᠮᠲᠤ᠎ᠪᠠᠷ ᠠᠷᠭᠠᠴᠠᠭᠠᠬᠤ ᠪᠣᠳᠣᠯᠭ᠎ᠠ᠎ᠶᠢ ᠵᠥᠪᠳᠡᠯᠴᠡᠵᠦ᠂ ᠡᠴᠦᠰ᠎ᠲᠡᠬᠡᠨ ᠤᠯᠠᠨ᠎ᠢᠶᠠᠷ᠎ᠢᠶᠠᠨ ᠴᠥᠮ ᠬᠦᠯᠢᠶᠡᠨ ᠠᠪᠴᠤ ᠳᠡᠶ᠋ᠢᠯᠬᠦ ᠴᠡᠪᠡᠷᠯᠡᠨ ᠵᠥᠭᠡᠭᠡᠪᠦᠷᠢᠯᠡᠬᠦ ᠲᠥᠰᠥᠯ᠎ᠢ ᠲᠣᠭᠲᠠᠭᠠᠵᠤ᠂ ᠪᠠᠰᠠ ᠬᠡᠲᠦᠨ ᠬᠠᠯᠠᠭᠤᠨ ᠰᠡᠳᠬᠢᠯᠲᠦ ᠰᠠᠭᠤᠭᠠᠯᠢ ᠠᠷᠠᠳ᠎ᠢ ᠰᠣᠩᠭᠣᠨ ᠬᠢᠨᠠᠯᠲᠠ ᠲᠠᠯᠪᠢᠭ᠍ᠴᠢ ᠪᠣᠯᠭᠠᠪᠠ᠃ ᠵᠦᠷᠢᠴᠡᠯ ᠲᠠᠢ ᠪᠠᠢᠬᠰᠠᠨ ᠡᠴᠡ ᠪᠠᠨ ᠬᠠᠮᠲᠦ ᠪᠡᠷ ᠨᠡᠢᠭᠡᠮ ᠲᠤᠭᠤᠷᠢᠭ᠎ᠤᠨ ᠵᠠᠰᠠᠯᠲᠠ᠎ᠳᠤ ᠤᠷᠤᠯᠴᠠᠬᠤ ᠪᠤᠯᠵᠤ᠂ ᠨᠡᠢᠭᠡᠮ ᠲᠤᠭᠤᠷᠢᠭ᠎ᠤᠨ ᠬᠦᠮᠦᠰ᠎ᠤᠨ ᠬᠤᠭᠤᠷᠤᠨᠳᠤᠬᠢ ᠬᠠᠷᠢᠴᠠᠭ᠎ᠠ ᠨᠡᠩ ᠡᠶ᠎ᠡ ᠵᠤᠬᠢᠴᠠᠩᠭᠤᠢ ᠪᠤᠯᠪᠠ᠃
《ᠡᠶᠡᠳᠡᠭᠦᠯᠬᠦ ᠲᠠᠰᠤᠭ》 ᠨᠢ ᠤᠯᠠᠨ ᠲᠦᠮᠡᠨ᠎ᠤ 《ᠰᠡᠳᠬᠢᠯ᠎ᠤᠨ ᠬᠤᠯᠪᠤᠭᠠᠰᠤ》 ᠪᠤᠯᠪᠠ
ᠤᠳᠤᠬᠠᠨ᠎ᠳᠤ 《ᠵᠢᠨ ᡁᠢ ᠡᠶᠡᠲᠡᠭᠦᠯᠬᠦ ᠲᠠᠰᠤᠭ》᠎ᠨᠢ ᠠᠷᠠᠳ᠎ᠤᠨ ᠰᠡᠳᠬᠢᠯ᠎ᠳᠤ ᠵᠦᠪᠬᠡᠨ ᠵᠦᠷᠢᠴᠡᠯ ᠵᠠᠭᠤᠷᠠᠯᠳᠤᠭᠠᠨ ᠢ᠋ ᠰᠢᠢᠳᠪᠦᠷᠢᠯᠡᠬᠦ ᠦᠢᠯᠡᠲᠦᠯ ᠲᠠᠢ ᠯᠡ ᠪᠢᠰᠢ᠂ ᠬᠠᠷᠢᠨ ᠨᠡᠢᠭᠡᠮ ᠲᠤᠭᠤᠷᠢᠭ᠎ᠤᠨ ᠠᠷᠠᠳ ᠲᠦᠮᠡᠨ ᠤ ᠰᠡᠳᠬᠢᠯ᠎ᠤᠨ ᠬᠤᠯᠪᠤᠭᠠᠰᠤ ᠪᠤᠯᠵᠦ᠂ ᠤᠯᠠᠨ ᠲᠦᠮᠡᠨ ᠢ᠋ ᠪᠦᠯᠬᠦᠮᠲᠡᠬᠦᠯᠦᠨ ᠬᠠᠷᠢᠯᠴᠠᠨ ᠬᠠᠪᠰᠤᠷᠤᠯᠴᠠᠬᠤ ᠪᠤᠯᠭᠠᠵᠠᠢ᠃
ᠬᠠᠤᠯᠢ ᠪᠡᠷ ᠵᠠᠰᠠᠬᠤ ᠰᠠᠭᠤᠷᠢ ᠶᠢ ᠪᠡᠬᠢᠵᠢᠭᠦᠯᠬᠦ᠎ᠶᠢᠨ ᠲᠥᠯᠥᠭᠡ ᠡᠶᠡᠳᠡᠭᠦᠯᠬᠦ ᠲᠠᠰᠤᠭ᠎ᠤᠨ ᠬᠢᠨ ᠰᠦᠯᠵᠢᠶᠡᠨ ᠳᠡᠭᠡᠷ᠎ᠡ ᠪᠠ ᠲᠤᠬᠠᠢ ᠢ᠋ᠢᠨ ᠲᠠᠯᠠᠪᠠᠢ᠎ᠳᠤ 15 ᠤᠳᠠᠭ᠎ᠠ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠵᠤ᠂ ᠬᠠᠤᠯᠢ ᠪᠡᠷ ᠵᠠᠰᠠᠬᠤ ᠤᠬᠠᠭᠤᠯᠭ᠎ᠠ᠎ᠶᠢ 50 ᠭᠠᠷᠤᠢ ᠤᠳᠠᠭ᠎ᠠ ᠥᠷᠨᠢᠭᠦᠯᠵᠦ᠂ 3000 ᠭᠠᠷᠤᠢ ᠬᠤᠪᠢ ᠮᠠᠲᠧᠷᠢᠶᠠᠯ ᠲᠠᠷᠬᠠᠭᠠᠵᠤ᠂ 1000 ᠰᠢᠬᠠᠮ ᠰᠠᠭᠤᠭᠠᠯᠢ ᠠᠷᠠᠳ ᠬᠠᠤᠯᠢ ᠴᠠᠭᠠᠵᠠ ᠲᠦᠷᠦ᠎ᠶᠢᠨ ᠪᠣᠳᠣᠯᠭ᠎ᠠ᠎ᠶᠢᠨ ᠯᠠᠪᠯᠠᠭ᠎ᠠ ᠦᠭᠬᠦ ᠠᠵᠢᠯᠯᠠᠭ᠎ᠠ᠎ᠳᠤ ᠣᠷᠣᠯᠴᠠᠨ᠂ 《ᠪᠠᠭ᠎ᠠ ᠶᠠᠪᠤᠳᠠᠯ ᠢ ᠨᠡᠢᠭᠡᠮ ᠲᠣᠭᠣᠷᠢᠭ᠋ ᠡᠴᠡ ᠭᠠᠷᠭᠠᠬᠤ ᠦᠭᠡᠢ᠂ ᠶᠡᠬᠡ ᠶᠠᠪᠤᠳᠠᠯ ᠢ ᠵᠡᠭᠡᠯᠢ ᠭᠤᠳᠤᠮᠵᠢ ᠡᠴᠠ ᠭᠠᠷᠭᠠᠬᠤ ᠦᠭᠡᠢ》 ᠪᠠᠢᠬᠤ ᠵᠢ ᠦᠨᠳᠦᠰᠦᠨ ᠳ᠋ᠡᠭᠡᠨ ᠪᠡᠶᠡᠯᠡᠬᠦᠯᠵᠦ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠠᠮᠤᠷ ᠵᠢᠮᠤᠷ ᠠᠵᠤ ᠲᠦᠷᠦᠭᠦ᠎ᠶᠢᠨ ᠪᠠᠲᠤ ᠴᠢᠩᠭ᠎ᠠ ᠪᠠᠲᠤᠯᠠᠭ᠎ᠠ ᠪᠣᠯᠪᠠ᠃
ᠰᠠᠢᠨ ᠲᠤᠷ᠎ᠠ ᠢ᠋ᠢᠨ ᠦᠢᠯᠡᠴᠢᠯᠡᠭᠡ ᠨᠢ ᠴᠸ᠋ ᠨᠡᠢᠭᠡᠮ ᠲᠤᠭᠤᠷᠢᠭ᠎ᠤᠨ ᠤᠯᠠᠨ ᠲᠦᠮᠡᠨ ᠢ᠋ ᠨᠦᠯᠦᠭᠡᠯᠡᠨ ᠲᠠᠢᠴᠢᠯᠠᠵᠦ᠂ 30 ᠭᠠᠷᠤᠢ ᠬᠡᠷ ᠲᠡᠭᠡᠨ ᠬᠤᠴᠤᠷᠤᠬᠰᠠᠨ ᠡᠮᠡᠭᠲᠡᠢᠴᠤᠳ ᠰᠠᠢᠨ ᠲᠤᠷᠠᠴᠤᠳ᠎ᠤᠨ ᠡᠩᠨᠡᠭᠡᠨ᠎ᠳᠤ ᠤᠷᠤᠵᠦ᠂ ᠨᠡᠢ᠍ᠢᠳᠡ 2000 ᠭᠠᠷᠤᠢ ᠴᠠᠭ᠎ᠤᠨ ᠰᠠᠢᠨ ᠳᠤᠷ᠎ᠠ᠎ᠶᠢᠨ ᠦᠢᠯᠡᠴᠢᠯᠡᠭᠡ ᠬᠠᠩᠭᠠᠵᠦ᠂ ᠵᠠᠷᠢᠮ ᠵᠡᠮᠳᠡᠭ ᠬᠦᠮᠦᠰ ᠡᠶᠡᠳᠡᠭᠦᠯᠬᠦ ᠲᠠᠰᠤᠭ᠎ᠤᠨ ᠬᠠᠪᠰᠤᠷᠤᠯᠭ᠎ᠠ ᠲᠤᠤᠷ᠎ᠠ ᠤᠰᠤ ᠬᠦᠷᠭᠡᠬᠦ ᠮᠡᠲᠦ ᠢ᠋ᠢᠨ《ᠭᠡᠷ᠎ᠦᠨ ᠡᠭᠦᠳᠡᠨ᠎ᠳᠡᠭᠡᠨ ᠠᠵᠢᠯ ᠣᠯᠬᠤ》 ᠵᠢ ᠪᠡᠶᠡᠯᠡᠭᠦᠯᠦᠭᠰᠡᠨ᠎ᠢᠶᠡᠷ ᠪᠠᠷᠠᠬᠤ ᠦᠭᠡᠢ᠂ ᠨᠠᠩ ᠴᠤ᠌ ᠪᠤᠰᠤᠳ᠎ᠲᠤ ᠦᠢᠯᠡᠴᠢᠯᠡᠬᠦ ᠳᠤᠮᠳᠠ ᠡᠴᠡ ᠨᠡᠷ᠎ᠡ ᠬᠦᠨᠳᠦ ᠪᠠ ᠦᠨ᠎ᠡ ᠥᠷᠲᠡᠭᠢ᠋ᠢᠡᠨ ᠤᠯᠵᠤ ᠮᠡᠳᠡᠷᠡᠵᠡᠢ᠃ ᠡᠨᠡ ᠬᠦ᠌ ᠰᠠᠢᠨ ᠳᠤᠷ᠎ᠠ᠎ᠶᠢᠨ ᠦᠢᠯᠡᠴᠢᠯᠡᠭᠡ ᠶᠢᠨ ᠲᠤᠯᠠᠭᠠᠨ ᠤᠷᠤᠰᠬᠠᠯ ᠨᠢ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠤᠨ ᠰᠡᠳᠬᠢᠯ ᠢ ᠨᠢᠭ᠍ᠲᠠ ᠬᠣᠯᠪᠣᠵᠠᠢ᠃
《ᠵᠢᠨ ᡁᠢ ᠡᠶᠡᠳᠡᠭᠦᠯᠬᠦ ᠲᠠᠰᠤᠭ》 ᠤ᠋ᠨ ᠠᠮᠵᠢᠯᠲᠠ᠎ᠲᠠᠢ ᠲᠤᠷᠰᠢᠯᠭ᠎ᠠ ᠨᠢ ᠬᠠᠩᠭᠠᠢ ᠵᠡᠭᠡᠯᠢ ᠭᠤᠲᠤᠮᠵᠢ ᠢ᠋ᠢᠨ ᠪᠤᠰᠤᠳ 11 ᠨᠡᠢᠭᠡᠮ ᠲᠣᠭᠣᠷᠢᠭ᠋᠎ᠢ ᠨᠥᠯᠥᠭᠡᠯᠡᠨ ᠲᠠᠢ᠍ᠢᠴᠢᠯᠠᠵᠦ ᠥᠪᠡᠷ ᠥᠪᠡᠷ ᠦᠨ ᠣᠨᠴᠠᠯᠢᠭ᠋᠎ᠲᠠᠢ ᠡᠶᠡᠳᠡᠭᠦᠯᠬᠦ ᠲᠠᠰᠤᠭ᠎ᠢ ᠪᠠᠢᠭᠤᠯᠵᠤ᠂ ᠪᠦᠬᠦ ᠣᠷᠣᠨ ᠪᠦᠰᠡ᠎ᠶᠢ ᠪᠦᠷᠬᠦᠭᠰᠡᠨ ᠵᠥᠷᠢᠴᠡᠯ᠎ᠢ ᠰᠢᠢᠳᠪᠦᠷᠢᠯᠡᠬᠦ ᠪᠠ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠣᠣᠷ ᠢ ᠪᠦᠷᠢᠯᠳᠦᠭᠦᠯᠵᠡᠢ᠃ ᠵᠡᠭᠡᠯᠢ ᠭᠤᠳᠤᠮᠵᠢ ᠶᠢᠨ ᠬᠢᠨ ᠴᠦ᠍ ᠬᠠᠭᠤᠴᠢᠨ ᠰᠠᠭᠤᠭᠠᠯᠢ ᠠᠷᠠᠳ ᠤᠨ ᠲᠣᠭᠣᠷᠢᠭ᠋ ᠢ ᠥᠭᠡᠷᠡᠴᠢᠯᠡᠬᠦ᠂ ᠣᠷᠴᠢᠨ ᠲᠣᠭᠣᠷᠢᠨ᠎ᠢ ᠭᠣᠶᠣᠵᠢᠭᠤᠯᠬᠤ᠂ ᠰᠣᠶᠣᠯ ᠢ ᠠᠭᠤᠰᠤᠯᠴᠠᠭᠤᠯᠬᠤ ᠵᠡᠷᠭᠡ ᠠᠵᠢᠯᠯᠠᠭ᠎ᠠ ᠶᠢ ᠢᠵᠢᠯᠢ ᠠᠯᠬᠤᠮ᠎ᠢᠶᠠᠷ ᠠᠬᠢᠭᠤᠯᠪᠠ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠵᠤ᠂ ᠬᠥᠭᠵᠢᠯᠲᠡ᠎ᠶᠢᠨ ᠦᠷ᠎ᠡ ᠪᠦᠲᠦᠭᠡᠯ ᠢ ᠬᠠᠮᠲᠤ᠎ᠪᠠᠷ ᠡᠳ᠋ᠯᠡᠬᠦ ᠶᠠᠪᠤᠴᠠ᠎ᠳᠤ ᠠᠬ᠎ᠠ ᠳᠡᠭᠦᠦ ᠮᠡᠲᠦ ᠳᠣᠲᠣᠨᠣ᠌ ᠪᠠᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠨᠥᠬᠥᠷᠯᠡᠯ ᠤᠯᠠᠮ ᠡᠴᠡ ᠤᠯᠠᠮ ᠪᠡᠳᠤᠵᠢᠯᠠ᠃