ᠤᠨᠤᠯ᠎ᠢᠶᠡᠷ ᠰᠦᠭ ᠰᠦᠨᠡᠰᠦ᠎ᠶ᠋ᠢ ᠱᠤᠭᠤᠵᠤ ᠱᠢᠨ᠎ᠡ᠎ᠶ᠋ᠢ ᠡᠬᠦᠳᠬᠦ ᠬᠤᠰᠢᠭᠤᠴᠢ ᠪᠤᠯᠤᠨ᠎ᠠ
2025-09-01 11:20:57
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠶᠡᠬᠡ ᠳᠡᠭᠡᠳᠦ ᠰᠤᠷᠭᠠᠭᠤᠯᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠴᠤᠬᠴᠠᠯᠠᠯᠲᠠ᠎ᠳᠤ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠬᠰᠠᠭᠠᠲᠠᠨ ᠵᠦᠢ ᠬᠦᠮᠦᠨ ᠵᠦᠢ᠎ᠶᠢᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠠᠵᠢᠯᠳᠠᠨ᠎ᠤ ᠨᠢᠭᠡᠳᠦᠭᠡᠷ ᠨᠠᠮ᠎ᠤᠨ ᠡᠭᠦᠷ ᠪᠤᠯ ᠬᠡᠪ ᠳᠠᠭᠤᠷᠢᠶᠠᠯ ᠪᠤᠯᠬᠤᠢᠴᠠ ᠨᠢᠭᠡᠨ ᠦᠯᠢᠭᠡᠷ ᠵᠢᠱ᠌ᠢᠶ᠎ᠠ ᠪᠤᠯᠬᠤ ᠶᠤᠮ᠃ ᠲᠤᠰᠭᠠᠶ ᠲᠤᠱᠢᠶᠠᠯᠲᠤ ᠪᠠᠭ᠍ᠰᠢ ᠎ᠶ᠋ᠢᠨ ᠡᠩᠨᠡᠭᠡ ᠪᠡᠷ ᠪᠦᠷᠢᠯᠳᠦᠭᠰᠡᠨ ᠨᠠᠮ ᠎ᠤᠨ ᠡᠭᠦᠷ ᠪᠣᠯᠤᠭ᠍ᠰᠠᠨ᠎ᠤ ᠬᠤᠪᠢ ᠎ᠳᠤ  ᠤᠬᠰᠠᠭᠠᠲᠠᠨ ᠵᠦᠢ᠎ᠶᠢᠨ ᠨᠢᠭᠡᠳᠦᠭᠡᠷ ᠳᠡᠰ᠎ᠤᠨ ᠱᠢᠨᠵᠢᠯᠡᠭᠡᠨ᠎ᠦ ᠪᠠᠭ᠍ᠰᠢ᠎ᠪᠠᠷ ᠭᠤᠤᠯᠯᠠᠭ᠍ᠴᠢ ᠪᠣᠯᠭᠠᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠂ ᠪᠠᠭ᠍ᠰᠢ ᠰᠤᠷᠤᠭ᠍ᠴᠢᠳ᠎ᠲᠤ ᠦᠶ᠋ᠯᠡᠴᠢᠯᠡᠬᠦ᠌ ᠵᠡᠷᠭᠡ ᠣᠯᠠᠨ ᠲᠠᠯ᠎ᠠ ᠎ᠪᠠᠷ ᠬᠦᠴᠦᠯᠡᠵᠦ᠍᠂ ᠨᠠᠮ᠎ᠤᠨ ᠲᠣᠭ᠎ᠢ ᠰᠤᠷᠭᠠᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠲᠤ ᠥᠨᠳᠥᠷ ᠨᠠᠮᠢᠷᠠᠭᠤᠯᠤᠨ᠎ᠠ᠃

ᠤᠨᠤᠯ᠎ᠵᠢᠡᠷ ᠰᠦᠭ ᠰᠦᠨᠡᠰᠦ᠎ᠶᠢ ᠱᠤᠭᠤᠵᠦ᠂ 《ᠬᠤᠪᠢᠰᠭᠠᠯᠲᠤ ᠬᠢᠴᠢᠶᠡᠯ ᠎ᠦᠨ ᠲᠠᠩᠬᠢᠮ》 ᠢ᠋ ᠴᠣᠭ᠍ᠴᠠᠯᠠᠪᠠ᠃ ᠤᠨᠤᠯ᠎ᠤᠨ ᠰᠤᠷᠤᠯᠴᠠᠯᠭ᠎ᠠ ᠪᠣᠯ ᠨᠠᠮ᠎ᠤᠨ ᠭᠡᠱᠢᠭᠦᠨ᠎ᠦ ᠦᠰᠦᠨ ᠪᠣᠢᠵᠢᠯᠳᠠ᠎ᠶ᠋ᠢᠨ ᠰᠠᠭᠤᠷᠢ ᠪᠤᠯᠤᠨ᠎ᠠ᠃ ᠲᠤᠰ ᠨᠠᠮ᠎ᠤᠨ ᠡᠭᠦᠷ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠰᠤᠷᠤᠯᠴᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠪᠡ᠃ ᠨᠠᠮ᠎ᠤᠨ ᠡᠭᠦᠷ᠎ᠨᠢ 《ᠪᠡᠶᠡᠴᠢᠯᠡᠨ ᠣᠢᠯᠠᠭᠠᠬᠤ ᠬᠡᠯᠪᠡᠷᠢ᠂ ᠬᠠᠷᠢᠯᠴᠠᠨ ᠬᠥᠳᠡᠯᠦᠯᠴᠡᠬᠦ᠌ ᠬᠡᠯᠪᠡᠷᠢ》 ᠵᠢ ᠡᠬᠦᠳᠴᠦ᠂ ᠬᠤᠪᠢᠰᠭᠠᠯᠲᠤ ᠰᠣᠶᠣᠯ ᠎ᠢ 《ᠲᠤᠭᠳᠠᠩᠭᠤᠢ ᠪᠠᠢᠳᠠᠯ᠎ᠤᠨ ᠦᠵᠡᠭᠦᠯᠭᠡ》 ᠡᠴᠠ 《ᠬᠥᠳᠡᠯᠦᠩᠭᠦᠶ ᠪᠠᠢᠳᠠᠯ ᠎ᠤᠨ ᠮᠡᠳᠡᠷᠡᠮᠵᠢ》 ᠪᠣᠯᠭᠠᠨ ᠬᠤᠪᠢᠷᠠᠭᠤᠯᠪᠠ᠃ ᠡᠬᠦᠨ᠎ᠳᠤ᠂ ᠨᠠᠮ᠎ᠤᠨ ᠭᠡᠱᠢᠭᠦᠳ  ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠳᠤ ᠬᠦᠷᠴᠦ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠡᠮᠦᠨ᠎ᠡ ᠬᠤᠪᠢᠰᠭᠠᠯ᠎ᠤᠨ ᠦᠯᠢᠭᠡᠷ᠎ᠢ ᠰᠣᠨᠣᠰᠬᠤ᠂ ᠳᠠᠭᠤᠷᠢᠶᠠᠮᠠᠯ ᠪᠠᠢᠯᠳᠤᠭᠠᠨ᠎ᠳᠤ ᠣᠷᠣᠯᠴᠠᠨ ᠤᠷᠳᠤ ᠵᠠᠮ᠎ᠤᠨ ᠠᠶᠠᠨ ᠲᠠᠢ᠌ᠨ᠎ᠦ ᠵᠠᠮ᠎ᠢᠶᠠᠷ ᠲᠠᠬᠢᠨ ᠵᠠᠮᠨᠠᠬᠤ ᠬᠡᠯᠪᠡᠷᠢ ᠪᠡᠷ ᠠᠬᠠᠮᠠᠳ ᠨᠢᠭᠡ ᠦᠶ᠎ᠡ᠎ᠶ᠋ᠢᠨ ᠬᠢᠨ᠎ᠦ ᠡᠷᠡᠰ ᠪᠠᠲᠤ ᠢᠲᠡᠭᠡᠯ ᠪᠢᠱᠢᠷᠡᠯ ᠪᠣᠯᠤᠨ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠎ᠶ᠋ᠢ ᠪᠡᠶᠡᠴᠢᠯᠡᠨ ᠤᠢᠯᠠᠭᠠᠪᠠ᠃ ᠡᠢᠮᠦᠷᠬᠦᠦ ᠰᠤᠷᠤᠯᠴᠠᠯᠭ᠎ᠠ ᠨᠢ ᠤᠨᠤᠯ ᠎ᠢ ᠲᠠᠷᠢᠬᠢᠨ ᠎ᠳᠤ ᠬᠠᠳᠠᠩᠱᠢᠭᠤᠯᠤᠨ ᠰᠡᠳᠭᠢᠯ᠎ᠳᠦ ᠰᠠᠭᠤᠬᠳᠠᠭᠤᠯᠵᠦ᠂ ᠨᠠᠮ᠎ᠤᠨ ᠭᠡᠱᠢᠭᠦᠨ᠎ᠦ ᠬᠠᠢᠷ᠎ᠠ ᠰᠡᠳᠭᠢᠯᠭᠡ᠎ᠶ᠋ᠢᠨ ᠮᠡᠳᠡᠷᠡᠮᠵᠢ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢ ᠪᠤᠢ ᠪᠤᠯᠭᠠᠪᠠ᠃

ᠦᠢᠯᠡᠳᠦᠯᠭᠡ ᠪᠡᠷ ᠴᠢᠳᠠᠪᠤᠷᠢ ᠤᠯᠭᠤᠵᠤ᠂ ᠬᠠᠯᠠᠭᠤᠨ ᠲᠤᠳᠤᠨᠤ 《ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ》 ᠢ᠋ ᠪᠠᠢᠭᠤᠯᠪᠠ᠃ 《 ᠪᠠᠭ᠍ᠰᠢ ᠰᠤᠷᠤᠭ᠍ᠴᠢᠳ᠎ᠲᠤ ᠪᠣᠳᠠᠲᠤ ᠶᠠᠪᠤᠲᠠᠯ ᠬᠢᠵᠦ᠍ ᠥᠭ᠌ᠬᠦ》 ᠨᠢ ᠨᠠᠮ᠎ᠤᠨ ᠡᠭᠦᠷ᠎ᠦᠨ ᠠᠵᠢᠯ᠎ᠤᠨ ᠱᠢᠯᠭᠠᠭᠤᠷ ᠪᠤᠯᠵᠠᠢ᠃ ᠨᠠᠮ ᠎ᠤᠨ ᠡᠭᠦᠷ᠎ᠡᠴᠡ ᠪᠠᠭ᠍ᠰᠢ ᠰᠤᠷᠤᠭ᠍ᠴᠢᠳ᠎ᠤᠨ ᠬᠡᠷᠡᠭ᠌ᠴᠡᠭᠡ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠪᠣᠳᠠᠲᠠᠶ ᠠᠰᠠᠭᠤᠳᠠᠯ ᠎ᠢ ᠰᠡᠳᠭᠢᠯ ᠳᠡᠯᠪᠢᠨ ᠱᠢᠶ᠋ᠳᠪᠦᠷᠢᠯᠡᠵᠦ᠍᠂ ᠬᠠᠯᠠᠭᠤᠨ ᠳᠤᠯᠠᠭᠠᠨ ᠦᠢᠯᠡᠴᠢᠯᠡᠭᠡ ᠬᠦᠷᠭᠡᠵᠦ ᠪᠤᠢ᠃ ᠰᠤᠷᠤᠯᠭ᠎ᠠ ᠎ᠶᠢ ᠬᠠᠪᠰᠤᠷᠤᠨ ᠲᠡᠳᠬᠦᠬᠦ᠌ ᠲᠠᠯ᠎ᠠ᠎ᠪᠠᠷ᠂ ᠨᠠᠮ᠎ᠤᠨ ᠭᠡᠱᠢᠭᠦᠨ ᠪᠠᠭ᠍ᠰᠢ ᠡᠴᠡ ᠰᠤᠷᠤᠭ᠍ᠴᠢᠳ᠎ᠲᠠᠶ ᠬᠠᠪᠰᠤᠷᠤᠯᠴᠠᠭ᠎ᠠ ᠪᠠᠢᠭᠤᠯᠵᠤ᠂ ᠥᠪᠡᠷᠮᠢᠴᠡ ᠬᠠᠪᠰᠤᠷᠤᠨ ᠵᠢᠯᠣᠭᠣᠳᠭᠤ ᠲᠥᠯᠥᠪᠯᠡᠭᠡ ᠲᠣᠭ᠍ᠲᠠᠭᠠᠪᠠ᠃ ᠰᠠᠭᠤᠷᠢ ᠮᠡᠳᠡᠯᠭᠡ ᠎ᠶ᠋ᠢᠨ ᠲᠠᠢᠯᠤᠮᠵᠢ᠎ᠠᠴᠠ ᠰᠤᠷᠤᠯᠴᠠᠬᠤ ᠠᠷᠭ᠎ᠠ ᠎ᠶ᠋ᠢᠨ ᠵᠢᠯᠣᠭᠣᠳᠣᠯᠭ᠎ᠠ ᠬᠦᠷᠲᠡᠯ᠎ᠡ᠂ ᠬᠢᠴᠢᠶᠡᠯ᠎ᠦᠨ ᠳᠠᠷᠠᠭ᠎ᠠ ᠮᠠᠲᠠᠭ᠎ᠢ ᠲᠠᠢᠯᠬᠤ᠎ᠠᠴᠠ ᠱᠢᠯᠭᠠᠯᠲᠠ᠎ᠶ᠋ᠢᠨ ᠡᠮᠦᠨᠡᠬᠢ ᠰᠡᠳᠭᠢᠴᠡ᠎ᠶ᠋ᠢᠨ ᠵᠢᠯᠣᠭᠣᠳᠣᠯᠭ᠎ᠠ ᠬᠦᠷᠲᠡᠯ᠎ᠡ᠂ ᠪᠠᠭ᠍ᠰᠢ᠎ᠨᠠᠷ᠎ᠦᠨᠡᠨ ᠬᠦ᠌ ᠬᠦᠴᠦ ᠬᠦᠯᠦᠰᠦ ᠵᠠᠷᠤᠴᠠᠭᠤᠯᠵᠤ᠂ ᠰᠤᠷᠤᠭ᠍ᠴᠢᠳ᠎ᠤᠨ ᠰᠤᠷᠤᠯᠭ᠎ᠠ᠎ᠶᠢᠨ ᠬᠢᠷᠢ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠰᠤᠷᠤᠯᠴᠠᠬᠤ ᠢᠲᠡᠭᠡᠯ ᠎ᠢ ᠨᠢ ᠶᠡᠬᠡ᠎ᠪᠡᠷ ᠨᠡᠮᠡᠭ᠌ᠳᠡᠭᠦᠯᠪᠡ᠃ ᠠᠵᠢᠯ ᠣᠯᠭᠣᠯᠲᠠ᠎ᠶ᠋ᠢ ᠠᠬᠢᠭᠤᠯᠬᠤ ᠲᠠᠯ᠎ᠠ᠎ᠪᠠᠷ᠂ ᠨᠠᠮ᠎ᠤᠨ ᠭᠡᠱᠢᠭᠦᠨ ᠪᠠᠭ᠍ᠰᠢ᠎ᠨᠠᠷ ᠠᠵᠤ ᠠᠬᠤᠢᠯᠠᠯ᠎ᠳᠤ ᠭᠦᠨᠵᠡᠭᠡᠢᠷᠡᠨ ᠪᠠᠢᠳᠠᠯ ᠎ᠢ ᠤᠢᠯᠠᠭᠠᠵᠦ᠂ ᠰᠤᠷᠤᠭ᠍ᠴᠢᠳ᠎ᠲᠤ ᠳᠠᠳᠤᠯᠭ᠎ᠠ ᠬᠢᠵᠦ᠍ ᠠᠵᠢᠯ ᠤᠯᠬᠤ ᠲᠣᠬᠢᠶᠠᠯ ᠣᠯᠭᠣᠪᠠ᠃ ᠡᠭᠦᠨ ᠎ᠦ ᠬᠠᠮᠲᠤ᠂ ᠠᠵᠢᠯ ᠣᠯᠭᠣᠯᠲᠠ ᠎ᠶ᠋ᠢᠨ ᠲᠠᠢᠯᠤᠮᠵᠢ᠂ ᠳᠠᠭᠤᠷᠢᠶᠠᠮᠠᠯ ᠨᠢᠭᠤᠷᠲᠠᠨ ᠱᠢᠯᠭᠠᠯᠲᠠ ᠵᠡᠷᠭᠡ ᠠᠵᠢᠯᠯᠠᠭ᠎ᠠ᠎ᠶ᠋ᠢ ᠡᠷᠭᠢᠯᠡᠵᠦ᠍᠂ ᠠᠵᠢᠯ ᠣᠯᠭᠣᠯᠲᠠ᠂ ᠰᠤᠷᠭᠠᠭᠤᠯᠢ ᠳᠡᠪᠱᠢᠬᠦ᠌ ᠵᠢᠯᠣᠭᠣᠳᠣᠯᠭ᠎ᠠ ᠦᠶ᠋ᠯᠡᠴᠢᠯᠡᠭᠡ ᠬᠠᠩᠭᠠᠵᠤ᠂ ᠰᠤᠷᠤᠭ᠍ᠴᠢᠳ᠎ᠤᠨ ᠠᠵᠢᠯ ᠤᠯᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠪᠡ᠃

ᠱᠢᠨ᠎ᠡ᠎ᠶ᠋ᠢ ᠡᠭᠦᠳᠬᠦ᠌ ᠎ᠪᠡᠷ ᠵᠠᠮᠴᠢᠯᠠᠭᠤᠷ ᠪᠤᠯᠭᠠᠵᠦ᠂ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ ᠨᠠᠮ᠎ᠤᠨ ᠪᠠᠢᠭᠤᠯᠤᠯᠲᠠ ᠬᠢᠭᠡᠳ ᠵᠢᠭᠠᠨ ᠰᠤᠷᠭᠠᠯᠲᠠ ᠡᠷᠳᠡᠮ ᠰᠢᠨᠵᠢᠯᠡᠭᠡᠨ᠎ᠤ ᠭᠦᠨᠵᠡᠭᠡᠶ ᠠᠭᠤᠰᠤᠯᠴᠠᠯ᠎ᠢ ᠠᠬᠢᠭᠤᠯᠬᠤ᠎ᠶ᠋ᠢᠨ ᠲᠥᠯᠥᠭᠡ᠂ ᠨᠠᠮ ᠎ᠤᠨ ᠡᠭᠦᠷ᠎ᠡᠴᠡ ᠵᠣᠬᠢᠶᠠᠨ ᠪᠠᠢᠭᠤᠯᠤᠯᠲᠠ᠎ᠶ᠋ᠢᠨ ᠪᠦᠲᠦᠴᠡ᠎ᠪᠡᠨ ᠱᠢᠯᠢᠳᠡᠭ᠌ᠵᠢᠭᠦᠯᠵᠦ᠍᠂ ᠤᠬᠰᠠᠭᠠᠲᠠᠨ ᠵᠦᠢ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ ᠬᠢᠭᠡᠳ ᠲᠥᠷᠥ᠎ᠶ᠋ᠢᠨ ᠪᠣᠳᠣᠯᠭ᠎ᠠ ᠵᠡᠷᠭᠡ ᠲᠤᠰᠭᠠᠶ ᠮᠡᠷᠬᠡᠵᠢᠯ᠎ᠤᠨ ᠨᠠᠮ᠎ᠤᠨ ᠳᠤᠭᠤᠢᠯᠠᠩ ᠪᠠᠢᠭᠤᠯᠪᠠ᠃ ᠡᠯ᠎ᠡ ᠨᠠᠮ᠎ᠤᠨ ᠳᠤᠭᠤᠢᠯᠠᠩ ᠲᠤᠰᠭᠠᠶ ᠮᠡᠷᠭᠡᠵᠢᠯ᠎ᠦᠨ ᠣᠨᠴᠠᠯᠢᠭ᠎ᠤᠨ᠎ᠢᠶᠠᠨ ᠲᠣᠭᠣᠷᠢᠨ᠎ᠳᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠵᠦ᠍᠂《ᠨᠠᠮ᠎ᠤᠨ ᠪᠠᠢᠭᠤᠯᠤᠯᠲᠠ + ᠲᠤᠰᠭᠠᠶ ᠮᠡᠷᠭᠡᠵᠢᠯ》ᠤ᠋ᠨ ᠵᠠᠭ᠍ᠪᠤᠷ᠎ᠢ ᠪᠦᠷᠢᠯᠳᠦᠭᠦᠯᠪᠡ᠃

ᠨᠠᠮ᠎ᠤᠨ ᠡᠭᠦᠷ 《ᠨᠠᠮ᠎ᠤᠨ ᠪᠠᠢᠭᠤᠯᠤᠯᠲᠠ + ᠲᠤᠰᠭᠠᠶ ᠮᠡᠷᠭᠡᠵᠢᠯ》 ᠤ᠋ᠨ ᠲᠦᠷᠦᠯ ᠲᠡᠮᠳᠡᠭ ᠎ᠢ ᠡᠭᠦᠳᠴᠦ᠍᠂ ᠨᠠᠮ᠎ᠤᠨ ᠭᠡᠱᠢᠭᠦᠨ ᠪᠠᠭ᠍ᠰᠢ᠎ᠨᠠᠷ᠎ᠢ ᠳᠠᠭᠠᠭᠤᠯᠤᠨ ᠲᠥᠷᠥᠯ ᠵᠦᠶ᠋ᠯ ᠭᠤᠶᠤᠴᠢᠯᠠᠨ ᠮᠡᠳᠡᠭᠦᠯᠵᠦ᠍᠂ ᠱᠢᠯᠢᠳᠡᠭ᠎ᠢ ᠱᠢᠯᠭᠠᠷᠠᠭᠤᠯᠬᠤ᠎ᠪᠠᠷ ᠬᠦᠴᠦᠯᠡᠪᠡ᠃ ᠨᠠᠮ᠎ᠤᠨ ᠡᠭᠦᠷ᠎ᠤᠨ ᠨᠠᠮ᠎ᠤᠨ ᠭᠡᠱᠢᠭᠦᠨ᠎ᠦ ᠡᠭᠦᠳᠦᠨ ᠪᠠᠢᠭᠤᠯᠤᠭ᠍ᠰᠠᠨ 《ᠪᠢᠯᠢᠭ》 ᠨᠣᠮ ᠤᠩᠱᠢᠬᠤ ᠬᠤᠷᠠᠯ᠎ᠤᠨ ᠲᠦᠷᠦᠯ ᠲᠡᠮᠳᠡᠭ ᠨᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠠᠮ᠎ᠤᠨ ᠭᠡᠱᠢᠭᠦᠨ ᠪᠠᠭ᠍ᠰᠢ ᠪᠣᠯᠤᠨ ᠰᠤᠷᠤᠭ᠍ᠴᠢᠳ᠎ᠢ ᠵᠣᠬᠢᠶᠠᠨ ᠪᠠᠢᠭᠤᠯᠤᠨ ᠨᠣᠮ ᠤᠩᠱᠢᠯᠭ᠎ᠠ ᠪᠠᠨ ᠬᠤᠪᠢᠶᠠᠯᠴᠠᠬᠤ ᠠᠵᠢᠯᠯᠠᠭ᠎ᠠ ᠥᠷᠨᠢᠭᠦᠯᠪᠡ᠃ ᠣᠯᠠᠨ᠎ᠢᠶᠠᠷ᠎ᠢᠶᠠᠨ ᠤᠬᠰᠠᠭᠠᠲᠠᠨ ᠵᠦᠢ᠎ᠶᠢᠨ ᠰᠣᠩᠭᠣᠳᠠᠭ ᠵᠣᠬᠢᠶᠠᠯ ᠪᠦᠲᠦᠭᠡᠯ ᠪᠠ ᠬᠣᠱᠢᠭᠤᠷᠠᠯ ᠰᠤᠳᠤᠯᠭᠠᠨ᠎ᠤ ᠦᠷ᠎ᠡ ᠪᠦᠲᠦᠭᠡᠯ᠎ᠦᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠵᠤ᠂ ᠭᠦᠨ ᠵᠤᠵᠠᠭᠠᠨ ᠡᠷᠳᠡᠮ ᠱᠢᠨᠵᠢᠯᠡᠭᠡᠨ᠎ᠦ ᠠᠭᠤᠷ ᠠᠮᠢᠰᠭᠤᠯ ᠎ᠢ ᠪᠣᠶ ᠪᠣᠯᠭᠠᠵᠤ᠂ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ ᠬᠢᠭᠡᠳ ᠨᠠᠮ᠎ᠤᠨ ᠡᠭᠦᠷ᠎ᠦᠨ ᠲᠦᠷᠦᠯ ᠲᠡᠮᠳᠡᠭ᠎ᠤᠨ ᠪᠠᠢᠭᠤᠯᠤᠯᠲᠠ᠎ᠶ᠋ᠢ ᠵᠡᠷᠭᠡ᠎ᠪᠡᠷ ᠶᠠᠪᠤᠭ᠍ᠳᠠᠭᠤᠯᠵᠤ᠂ ᠨᠥᠯᠥᠭᠡᠯᠡᠨ ᠳᠠᠢᠴᠢᠯᠠᠬᠤ ᠦᠶ᠋ᠯᠡᠳᠦᠯ ᠎ᠵᠢᠡᠨ  ᠴᠢᠩᠭᠠᠷᠠᠭᠤᠯᠪᠠ᠃

ᠨᠠᠮ᠎ᠤᠨ ᠡᠭᠦᠷ 《ᠤᠬᠰᠠᠭᠠᠲᠠᠨ ᠵᠦᠢ᠎ᠶᠢᠨ ᠨᠢᠭᠡᠳᠦᠭᠡᠷ ᠳᠡᠰ᠎ᠤᠨ ᠱᠢᠨᠵᠢᠯᠡᠭᠡᠨ᠎ᠦ ᠲᠥᠷᠥᠯ᠎ᠦᠨ ᠳ᠋ᠣᠺᠲ᠋ᠣᠷ (ᠮᠠᠰᠲ᠋ᠧᠷ) ᠬᠥᠮᠦᠵᠢᠭᠦᠯᠬᠦ᠌ ᠨᠢᠭᠡᠴᠢ》 ᠵᠡᠷᠭᠡ ᠳᠡᠭᠡᠳᠦ ᠲᠠᠰ᠎ᠤᠨ ᠲᠠᠪᠴᠠᠩ᠎ᠢ ᠠᠱᠢᠭ᠍ᠯᠠᠨ᠂ ᠡᠬᠢ ᠪᠠᠶᠠᠯᠢᠭ᠎ᠢ ᠨᠡᠢᠳᠭᠡᠵᠦ ᠴᠢᠬᠤᠯᠠ ᠶᠡᠬᠡ ᠰᠡᠳᠦᠪ᠎ᠦᠨ ᠰᠤᠳᠤᠯᠭᠠᠨ᠎ᠢ ᠥᠷᠨᠢᠭᠦᠯᠵᠦ᠍᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠡᠬᠦᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠣᠨᠣᠯ᠎ᠤᠨ ᠱᠢᠰᠲ᠋ᠧᠮ ᠎ᠢ ᠪᠠᠢᠭᠤᠯᠬᠤ ᠲᠠᠯ᠎ᠠ᠎ᠪᠠᠷ ᠨᠠᠮ᠎ᠤᠨ ᠡᠭᠦᠷ ᠴᠢᠬᠤᠯᠠ ᠦᠢᠯᠡᠳᠦᠯ ᠵᠢᠡᠨ ᠪᠠᠳᠠᠷᠠᠭᠤᠯᠵᠤ᠂ ᠣᠯᠠᠨ ᠱᠢᠨᠵᠢᠯᠡᠭᠡᠨ᠎ᠦ ᠰᠠᠯᠠᠭ᠎ᠠ ᠰᠣᠯᠪᠢᠴᠠᠨ ᠠᠭᠤᠰᠤᠯᠴᠠᠭ᠍ᠰᠠᠨ ᠣᠨᠣᠯ᠎ᠤᠨ ᠰᠤᠳᠤᠯᠭᠠᠨ ᠎ᠤ ᠪᠠᠢᠷᠢᠱᠢᠯ᠎ᠢ ᠪᠦᠷᠢᠯᠳᠦᠭᠦᠯᠪᠡ᠃ ᠤᠮᠠᠷᠠᠲᠤ ᠬᠢᠯᠢ᠎ᠶ᠋ᠢᠨ ᠰᠣᠶᠣᠯ᠎ᠤᠨ ᠤᠯᠠᠮᠵᠢᠯᠠᠯ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠂ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠣᠳᠠᠲᠤ ᠠᠰᠠᠭᠤᠳᠠᠯ ᠵᠡᠷᠭᠡ ᠰᠤᠳᠤᠯᠭᠠᠨ᠎ᠤ ᠳᠤᠮᠳᠠ ᠴᠢᠬᠤᠯᠠ ᠶᠡᠬᠡ ᠦᠷ᠎ᠡ ᠪᠦᠲᠦᠭᠡᠯ᠎ᠤᠳ᠎ᠢ ᠤᠯᠪᠠ᠃

ᠣᠢᠷ᠎ᠠ᠎ᠶ᠋ᠢᠨ ᠵᠢᠯ ᠡᠴᠡ ᠨᠠᠭᠠᠰᠢ᠂ ᠲᠤᠰ ᠨᠠᠮ᠎ᠤᠨ ᠡᠭᠦᠷ ᠨᠢ 《ᠬᠠᠮᠤᠭ᠎ᠤᠨ ᠬᠦᠴᠦᠷᠭᠡᠭ ᠨᠠᠮ᠎ᠤᠨ ᠡᠬᠦᠷ 》᠂ 《ᠬᠤᠤᠰ ᠲᠠᠭᠠᠭᠤᠯᠤᠭᠴᠢ ᠨᠠᠮ᠎ᠤᠨ ᠡᠬᠦᠷ》᠂ 《ᠲᠡᠷᠢᠬᠦᠨ᠎ᠤ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ 》 ᠵᠡᠷᠭᠡ ᠰᠤᠷᠭᠠᠭᠤᠯᠢ᠎ᠶ᠋ᠢᠨ ᠲᠠᠰ᠎ᠤᠨ ᠣᠯᠠᠨ ᠵᠦᠶ᠋ᠯ᠎ᠦᠨ ᠢᠷᠠᠭᠤ ᠠᠯᠳᠠᠷ᠎ᠢ ᠬᠦᠷᠳᠡᠭᠰᠡᠨ ᠵᠢᠡᠷ ᠪᠠᠷᠠᠬᠤ ᠦᠭᠡᠢ᠂ ᠨᠠᠮ᠎ᠤᠨ ᠡᠬᠦᠷ᠎ᠤᠨ  ᠪᠠᠭᠰᠢ ᠠᠵᠢᠯᠳᠠᠨ《ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ》 ᠂ 《ᠲᠠᠯ᠎ᠠ ᠨᠤᠳᠤᠭ᠎ᠤᠨ ᠰᠤᠳᠤᠨ ᠴᠢᠳᠠᠪᠤᠷᠢᠳᠠᠨ》 ᠵᠡᠷᠭᠡ ᠢᠷᠠᠭᠤ ᠠᠯᠳᠠᠷ ᠎ᠢ ᠲᠤᠰᠤᠭᠰᠠᠨ ᠶᠤᠮ᠃ ᠡᠨᠡ ᠨᠢ ᠰᠢᠯᠢᠳᠡᠭ ᠨᠠᠮ᠎ᠤᠨ ᠭᠡᠱᠢᠭᠦᠨ ᠪᠠᠭ᠍ᠰᠢ᠎ᠶ᠋ᠢ ᠬᠥᠬᠢᠭᠦᠯᠦᠨ ᠰᠠᠢᠱᠢᠶᠠᠭ᠍ᠰᠠᠨ ᠶᠠᠪᠤᠳᠠᠯ ᠪᠣᠯᠬᠤ ᠪᠥᠭᠡᠳ ᠪᠠᠰᠠ ᠴᠤ᠌ ᠨᠠᠮ᠎ᠤᠨ ᠡᠭᠦᠷ᠎ᠦᠨ《ᠨᠢᠭᠡ ᠠᠭᠤᠰᠤᠯᠴᠠᠯ ᠬᠣᠶᠠᠷ ᠴᠢᠨᠠᠷ ᠰᠠᠢᠲᠠᠢ》 ᠢ᠋ᠢ ᠠᠬᠢᠭᠤᠯᠤᠭ᠍ᠰᠠᠨ ᠲᠤᠬᠠᠢ ᠨᠤᠲᠠᠯᠠᠯᠲᠠ ᠪᠣᠯᠤᠨ᠎ᠠ᠃ ᠢᠷᠡᠭᠡᠳᠦᠢ ᠪᠠᠨ ᠪᠠᠷᠠᠯᠠᠬᠤᠶ᠎ᠠ ᠲᠤᠰ ᠨᠠᠮ᠎ᠤᠨ ᠡᠭᠦᠷ ᠨᠢ ᠦᠷᠬᠦᠯᠵᠢᠯᠡᠨ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠭᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号