ᠬᠠᠮᠠᠭᠠᠯᠠᠯᠳᠠ ᠬᠢᠭᠡᠳ ᠬᠦᠭᠵᠢᠯᠳᠡ ᠵᠢ ᠵᠠᠷᠭᠡᠪᠠᠷ ᠴᠢᠬᠤᠯᠠᠴᠢᠯᠠᠮᠤᠢ
2025-09-01 10:49:41
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠨᠤᠮᠢᠨ ᠤᠰᠤ ᠬᠦᠬᠡᠮᠳᠦᠭ ᠠᠭᠤᠯᠠ ᠪᠤᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠭᠦ ᠤᠢᠯᠠᠭᠠᠭᠳᠠᠬᠤᠨ ᠨᠢ ᠠᠮᠢ ᠠᠬᠤᠢ ᠤᠷᠴᠢᠨ ᠳᠤᠭᠤᠷᠢᠨ ᠤ᠋ ᠬᠠᠮᠠᠭᠠᠯᠠᠯᠳᠠ ᠪᠠ ᠠᠵᠤ ᠠᠬᠤᠢ ᠵᠢᠨ ᠬᠦᠭᠵᠢᠯᠳᠡ ᠵᠢᠨ ᠬᠠᠷᠢᠴᠠᠭ᠎ᠠ ᠵᠢ ᠲᠤᠳᠤᠷᠠᠭᠤᠯᠤᠨ᠎ᠠ

ᠬᠥᠬᠡᠬᠣᠲᠠ ᠠᠮᠢ ᠠᠬᠤᠢ ᠵᠢᠨ ᠬᠠᠮᠠᠭᠠᠯᠠᠯᠳᠠ ᠬᠢᠭᠡᠳ ᠠᠵᠤ ᠦᠢᠯᠡᠰ ᠤ᠋ᠨ ᠬᠥᠭᠵᠢᠯᠲᠡ ᠵᠢᠨ 《ᠬᠣᠣᠰ ᠠᠮᠵᠢᠯᠳᠠ》 ᠪᠠᠷ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠵᠢᠨ ᠠᠮᠢᠳᠤᠯᠢᠭ ᠦᠯᠢᠭᠡᠷ ᠭᠡᠪ  ᠬᠠᠩᠭᠠᠭᠰᠠᠨ ᠪᠠᠢᠨ᠎ᠠ᠃

ᠠᠵᠤ ᠠᠬᠤᠢ ᠵᠢ ᠬᠦᠭᠵᠢᠭᠦᠯᠬᠦ ᠳ᠋ᠤ ᠠᠮᠢ ᠠᠬᠤᠢ ᠵᠢ ᠡᠪᠳᠡᠭᠦ ᠪᠡᠷ ᠦᠷᠡᠭᠳᠡᠯ ᠪᠤᠯᠭᠠᠵᠤ ᠦᠯᠦ ᠪᠤᠯᠤᠮᠤᠢ᠃ ᠠᠮᠢ ᠠᠬᠤᠢ ᠤᠷᠴᠢᠨ ᠳᠤᠭᠤᠷᠢᠨ ᠢ᠋ ᠬᠠᠮᠠᠭᠠᠯᠠᠵᠤ ᠪᠠᠢᠭ᠎ᠠ ᠨᠢ ᠳᠠᠷᠤᠢ ᠪᠠᠢᠭᠠᠯᠢ ᠵᠢᠨ ᠡᠬᠢ ᠪᠠᠶᠠᠯᠢᠭ᠎ᠢ ᠬᠠᠮᠠᠭᠠᠯᠠᠵᠤ ᠪᠠᠢᠭ᠎ᠠ ᠶᠠᠪᠤᠳᠠᠯ ᠮᠦᠨ᠂ ᠳᠠᠷᠤᠢ ᠠᠵᠤ ᠠᠬᠤᠢ ᠨᠡᠢᠭᠡᠮ ᠤ᠋ᠨ ᠬᠦᠭᠵᠢᠯᠳᠡ ᠵᠢᠨ ᠳᠠᠯᠳᠠ ᠬᠦᠴᠤᠨ ᠢ᠋ ᠬᠠᠮᠠᠭᠠᠯᠠᠵᠤ᠂ ᠨᠤᠮᠢᠨ ᠤᠰᠤ ᠬᠦᠬᠡᠮᠳᠦᠭ ᠠᠭᠤᠯᠠ ᠪᠡᠷ ᠠᠮᠢ ᠠᠬᠤᠢ ᠵᠢᠨ ᠦᠷ᠎ᠠ ᠠᠰᠢᠭ ᠪᠠ ᠠᠵᠤ ᠠᠬᠤᠢ ᠨᠡᠢᠭᠡᠮ ᠤ᠋ᠨ ᠦᠷ᠎ᠡ ᠠᠰᠢᠭ ᠢ᠋ ᠦᠷᠭᠦᠯᠵᠢᠯᠡᠨ ᠪᠠᠳᠠᠷᠠᠭᠤᠯᠬᠤ ᠶᠠᠪᠤᠳᠠᠯ ᠪᠤᠯᠤᠨ᠎ᠠ᠃ ᠬᠦᠬᠡᠬᠣᠲᠠ ᠨᠢᠭᠡ ᠳᠠᠯ᠎ᠠ ᠪᠡᠷ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠵᠢᠡᠷ ᠭᠠᠷᠳᠠᠴᠠ ᠪᠣᠯᠭᠠᠵᠤ᠂ ᠣᠢ ᠰᠢᠭᠤᠢ ᠡᠪᠡᠰᠦ ᠪᠡᠯᠴᠢᠭᠡᠷ ᠤ᠋ᠨ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢ ᠨᠡᠢᠲᠡ 228.41 ᠲᠦᠮᠡᠨ ᠮᠦ᠍ ᠪᠡᠶᠡᠯᠡᠭᠦᠯᠪᠡ︔ ᠨᠥᠭᠦᠭᠡ ᠲᠠᠯ᠎ᠠ ᠪᠠᠷ ᠠᠵᠤ ᠠᠬᠤᠢ ᠵᠢᠨ ᠣᠢ᠂ ᠡᠪᠡᠰᠤᠨ ᠡᠮ ᠤ᠋ᠨ ᠮᠠᠲ᠋ᠧᠷᠢᠶᠠᠯ ᠵᠡᠷᠭᠡ ᠣᠨᠴᠠᠯᠢᠭᠲᠤ ᠠᠵᠤ ᠦᠢᠯᠡᠰ ᠢ᠋ ᠬᠦᠭᠵᠢᠭᠦᠯᠬᠦ ᠪᠠᠷ ᠳᠠᠮᠵᠢᠨ ᠠᠮᠢ ᠠᠬᠤᠢ ᠵᠢᠨ ᠳᠠᠪᠠᠭᠤᠯᠢᠭ ᠵᠢᠠᠨ ᠠᠵᠤ ᠠᠬᠤᠢ ᠵᠢᠨ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ 2024 ᠣᠨ ᠳ᠋ᠤ᠌ ᠣᠢ ᠰᠢᠭᠤᠢ ᠡᠪᠡᠰᠦᠨ ᠤ᠋ ᠶᠡᠷᠦᠩᠬᠡᠢ ᠥᠷᠲᠡᠭ 103 ᠳ᠋ᠦᠩᠰᠢᠭᠤᠷ ᠲᠥᠭᠥᠷᠢᠭ ᠢ᠋ ᠳᠠᠪᠠᠵᠤ᠂ ᠠᠳᠠᠯᠢ ᠬᠤᠭᠤᠴᠠᠭᠠᠨ ᠤ᠋ ᠬᠢ ᠡᠴᠡ 21.2% ᠢ᠋ᠶ᠋ᠠᠷ ᠨᠡᠮᠡᠭᠳᠡᠨ᠂ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠭᠰᠠᠨ》 《ᠠᠷᠠᠳ ᠢ᠋ ᠪᠠᠶᠠᠵᠢᠭᠤᠯᠤᠨ ᠠᠵᠤ ᠦᠢᠯᠡᠰ ᠬᠥᠭᠵᠢᠭᠰᠡᠨ》 ᠬᠣᠣᠰ ᠠᠮᠵᠢᠯᠲᠠ ᠵᠢ ᠪᠡᠶᠡᠯᠡᠭᠦᠯᠪᠡ᠃

ᠠᠮᠢ ᠠᠬᠤᠢ ᠤᠷᠴᠢᠨ ᠳᠤᠭᠤᠷᠢᠨ ᠤ᠋ ᠬᠠᠮᠠᠭᠠᠯᠠᠯᠳᠠ ᠬᠢᠭᠡᠳ ᠠᠵᠤ ᠠᠬᠤᠢ ᠵᠢᠨ ᠬᠦᠭᠵᠢᠯᠳᠡ ᠨᠢ ᠵᠦᠷᠢᠴᠡᠯᠳᠤᠨ ᠡᠰᠡᠷᠭᠦᠴᠡᠯᠳᠦᠭᠦ ᠬᠠᠷᠢᠴᠠᠭ᠎ᠠ ᠲᠠᠢ ᠪᠤᠰᠤ᠂ ᠬᠠᠷᠢᠨ ᠬᠤᠪᠢᠰᠤᠩᠭᠤᠢ ᠨᠢᠭᠡᠳᠦᠯ ᠤ᠋ᠨ ᠬᠠᠷᠢᠴᠠᠭ᠎ᠠ ᠲᠠᠢ ᠶᠤᠮ᠃ ᠠᠮᠢ ᠠᠬᠤᠢ ᠵᠢᠨ ᠡᠬᠢ ᠪᠠᠶᠠᠯᠢᠭ ᠢ᠋ ᠠᠵᠤ ᠠᠬᠤᠢ ᠵᠢᠨ ᠬᠦᠭᠵᠢᠯᠳᠡ ᠵᠢᠨ ᠦᠷ᠎ᠡ ᠠᠰᠢᠭ ᠪᠤᠯᠭᠠᠨ ᠬᠤᠪᠢᠷᠠᠭᠤᠯᠵᠤ ᠪᠤᠯᠳᠠᠭ᠂ ᠠᠮᠢ ᠠᠬᠤᠢ ᠵᠢ ᠰᠠᠢᠳᠤᠷ ᠬᠠᠮᠠᠭᠠᠯᠠᠵᠤ᠂ ᠠᠮᠢ ᠠᠬᠤᠢ ᠵᠢᠨ ᠳᠠᠪᠠᠭᠤᠯᠢᠭ ᠢ᠋ ᠪᠠᠳᠠᠷᠠᠭᠤᠯᠪᠠᠯ ᠰᠠᠶᠢ ᠴᠢᠨᠠᠷ ᠰᠠᠢᠳᠠᠢ ᠬᠦᠭᠵᠢᠯᠳᠡ ᠵᠢ ᠪᠡᠶᠡᠯᠡᠭᠦᠯᠵᠤ ᠴᠢᠳᠠᠨ᠎ᠠ  ᠭᠡᠳᠡᠭ ᠢ᠋ ᠬᠥᠬᠡᠬᠣᠲᠠ ᠵᠢᠨ ᠦᠢᠯᠡᠳᠦᠯᠭᠡ ᠭᠡᠷᠡᠴᠢᠯᠡᠵᠤ ᠪᠠᠢᠨ᠎ᠠ᠃ ᠡᠭᠦᠨ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠦᠳᠡᠯᠭᠡᠭᠴᠢ ᠬᠦᠴᠦᠨ ᠬᠢᠭᠡᠳ ᠳᠦᠷᠢᠮ ᠤ᠋ᠨ ᠰᠢᠨ᠎ᠡ ᠡᠭᠦᠳᠦᠯᠲᠡ ᠨᠢ ᠠᠮᠢ ᠠᠬᠤᠢ ᠵᠢᠨ ᠵᠠᠰᠠᠯᠳᠠ ᠠᠵᠤ ᠠᠬᠤᠢ ᠵᠢᠨ ᠬᠦᠭᠵᠢᠯᠳᠡ ᠳ᠋ᠤ ᠦᠷᠭᠦᠯᠵᠢᠯᠡᠬᠦ ᠴᠢᠨᠠᠷ ᠲᠤ᠌ ᠪᠠᠲᠤᠯᠠᠭ᠎ᠠ ᠬᠠᠩᠭᠠᠭᠰᠠᠨ ᠨᠢ ᠢᠯᠡᠭᠡᠨ᠃

ᠠᠮᠢ ᠠᠬᠤᠢ ᠤᠷᠴᠢᠨ ᠳᠤᠭᠤᠷᠢᠨ ᠤ᠋ ᠬᠠᠮᠠᠭᠠᠯᠠᠯᠳᠠ ᠬᠢᠭᠡᠳ ᠠᠵᠤ ᠠᠬᠤᠢ ᠵᠢᠨ ᠬᠦᠭᠵᠢᠯᠳᠡ ᠵᠢᠨ ᠬᠠᠷᠢᠴᠠᠭ᠎ᠠ ᠵᠢ ᠵᠦᠪ ᠵᠢᠡᠷ ᠰᠠᠢᠳᠤᠷ ᠰᠢᠢᠳᠪᠦᠷᠢᠯᠡᠭᠦ ᠪᠤᠯ ᠦᠷᠭᠦᠯᠵᠢᠯᠡᠭᠦᠢᠴᠡ ᠬᠦᠭᠵᠢᠯᠳᠡ ᠵᠢ ᠪᠠᠶᠡᠯᠡᠭᠦᠯᠬᠦ ᠵᠢᠨ ᠳᠤᠳᠤᠭᠠᠳᠤ ᠱᠠᠭᠠᠷᠳᠠᠯᠭ᠎ᠠ ᠪᠤᠯᠬᠤ ᠪᠦᠭᠡᠳ ᠪᠠᠰᠠ ᠴᠦ᠍ ᠤᠳᠤᠬᠢᠴᠢᠯᠠᠬᠤ ᠪᠦᠳᠦᠭᠡᠨ ᠪᠠᠢᠭᠤᠯᠤᠯᠳᠠ ᠵᠢ ᠠᠬᠢᠭᠤᠯᠬᠤ ᠵᠢᠨ ᠴᠢᠬᠤᠯᠠ ᠶᠡᠭᠡ ᠵᠠᠷᠴᠢᠮ ᠮᠦᠨ᠃ ᠨᠤᠮᠢᠨ ᠤᠰᠤ ᠬᠦᠬᠡᠮᠳᠦᠭ ᠠᠭᠤᠯᠠ ᠪᠤᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠭᠦ ᠤᠢᠯᠠᠭᠠᠭᠳᠠᠬᠤᠨ ᠨᠢ ᠠᠮᠢ ᠠᠬᠤᠢ ᠤᠷᠴᠢᠨ ᠳᠤᠭᠤᠷᠢᠨ ᠤ᠋ ᠬᠠᠮᠠᠭᠠᠯᠠᠯᠳᠠ ᠬᠢᠭᠡᠳ ᠠᠵᠤ ᠠᠬᠤᠢ ᠵᠢᠨ ᠬᠦᠭᠵᠢᠯᠳᠡ ᠵᠢᠨ ᠬᠠᠷᠢᠴᠠᠭ᠎ᠠ ᠵᠢ ᠲᠤᠳᠤᠷᠠᠭᠤᠯᠵᠤ᠂ ᠬᠦᠭᠵᠢᠯᠳᠡ ᠬᠢᠭᠡᠳ ᠬᠠᠮᠠᠭᠠᠯᠠᠯᠳᠠ ᠵᠢᠨ ᠬᠠᠮᠵᠢᠯᠴᠠᠨ ᠬᠠᠮᠳᠤ ᠤᠷᠤᠰᠢᠬᠤ ᠵᠢ ᠪᠡᠶᠡᠯᠡᠭᠦᠯᠬᠦ ᠠᠷᠭ᠎ᠠ ᠵᠠᠮ ᠭᠡᠳᠡᠭ ᠢ᠋ ᠭᠡᠷᠡᠴᠢᠯᠡᠵᠤ ᠪᠠᠢᠭ᠎ᠠ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号