ᠣᠶᠤᠲᠠᠨ
ᠠᠮᠢᠳᠤᠷᠠᠯ᠎ᠤᠨ ᠠᠩᠬᠠᠨ᠎ᠤ ᠬᠤᠭᠤᠴᠠᠭᠠᠨ᠎ᠳᠤ ᠮᠠᠨ᠎ᠤ ᠰᠤᠷᠭᠠᠭᠤᠯᠢ ᠪᠦᠬᠦ᠌ ᠣᠶᠣᠲᠠᠳ᠎ᠲᠠᠭᠠᠨ 《ᠳᠤᠮᠳᠠᠳᠤ ᠵᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ》 ᠭᠡᠬᠦ᠌ ᠰᠠᠭᠤᠷᠢ ᠣᠨᠣᠯ᠎ᠤᠨ ᠬᠢᠴᠢᠶᠡᠯ ᠢ ᠨᠡᠭᠡᠭᠡᠭᠰᠡᠨ ᠪᠢᠯᠡ᠃ ᠲᠤᠬᠠᠢ᠎ᠶᠢᠨ ᠦᠶ᠎ᠡ᠎ᠳᠤ
ᠪᠠᠭᠰᠢ᠎ᠠᠴᠠ ᠬᠡᠳᠦᠶ᠋ᠢᠪᠡᠷ ᠨᠠᠷᠢᠯᠢᠭ ᠲᠠᠶ᠋ᠢᠯᠪᠤᠷᠢᠯᠠᠵᠤ᠂ ᠨᠢᠮᠪᠠᠶ ᠰᠤᠷᠭᠠᠭᠰᠠᠨ ᠪᠣᠯᠪᠠᠴᠤ᠌ ᠲᠠᠯ᠎ᠠ
ᠲᠠᠯ᠎ᠠ᠎ᠶᠢᠨ ᠰᠢᠯᠲᠠᠭᠠᠨ᠎ᠠᠴᠠ ᠪᠤᠯᠵᠤ᠂ ᠲᠤᠰ ᠬᠢᠴᠢᠶᠡᠯ᠎ᠦᠨ ᠠᠭᠤᠯᠭ᠎ᠠ᠎ᠶᠢ ᠪᠦᠬᠦᠯᠢ ᠴᠤᠭᠴᠠ᠎ᠠᠴᠠ ᠨᠢ
ᠭᠦᠨᠵᠡᠭᠡᠢ ᠣᠶ᠋ᠢᠯᠠᠭᠠᠵᠤ᠂ ᠰᠢᠰᠲ᠋ᠧᠮᠴᠢᠯᠡᠭᠰᠡᠨ ᠮᠡᠳᠡᠯᠭᠡ ᠪᠣᠯᠭᠠᠵᠤ ᠴᠢᠳᠠᠭᠰᠠᠨ ᠦᠭᠡᠢ ᠨᠢ ᠨᠡᠭᠡᠷᠡᠡ
ᠬᠠᠷᠠᠮᠰᠠᠯ ᠪᠣᠯᠤᠭᠰᠠᠨ ᠪᠠᠶ᠋ᠢᠵᠠᠶ᠃
ᠣᠷᠴᠢᠮᠬᠠᠨ ᠪᠢ ᠰᠤᠷᠭᠠᠭᠤᠯᠢᠡᠴᠡᠨᠢᠭᠡᠳᠦᠯᠲᠡᠶ ᠵᠣᠬᠢᠶᠠᠨ
ᠪᠠᠢᠭᠤᠯᠤᠭᠰᠠᠨ ᠬᠡᠰᠡᠭ ᠪᠠᠭᠰᠢ ᠰᠤᠷᠤᠭᠴᠢᠳ ᠲᠠᠢ ᠬᠠᠮᠲᠤ ᠪᠠᠷ ᠬᠢᠯᠢ ᠬᠢᠵᠠᠭᠠᠷ ᠣᠷᠣᠨ᠎ᠤ ᠨᠡᠶ᠋ᠢᠭᠡᠮ᠎ᠦᠨ
ᠦᠢᠯᠡᠳᠦᠯᠭᠡ᠎ᠶᠢᠨ ᠳᠠᠳᠤᠯᠭ᠎ᠠ᠎ᠳᠦ ᠣᠷᠣᠯᠴᠠᠭᠰᠠᠨ ᠶᠤᠮ᠃ ᠳᠠᠳᠤᠯᠭ᠎ᠠ᠎ᠶᠢᠨ ᠬᠤᠭᠤᠴᠠᠭᠠᠨ᠎ᠳᠤ ᠮᠢᠨᠦ᠍
ᠠᠩᠬᠠᠷᠤᠯ᠎ᠳᠤ ᠤᠷᠤᠭᠰᠠᠨ᠂ ᠤᠯᠤᠰ ᠳᠠᠶᠠᠭᠠᠷ᠎ᠤᠨ ᠬᠠᠮᠤᠭ᠎ᠤᠨ ᠴᠢᠬᠤᠯᠠ ᠦᠵᠡᠯ ᠤᠬᠠᠮᠰᠠᠷ᠎ᠤᠨ ᠲᠠᠯ᠎ᠠ᠎ᠶᠢᠨ
ᠡᠭᠦᠷᠭᠡ᠎ᠶᠢᠨ ᠨᠢᠭᠡ ᠪᠣᠯ ᠲᠠᠷᠤᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ
ᠬᠡᠷᠭᠢᠨ ᠪᠠᠲᠤ ᠴᠤᠬᠴᠠᠯᠠᠬᠤ ᠶᠠᠪᠤᠳᠠᠯ ᠪᠣᠯᠬᠤ᠎ᠶᠢ ᠭᠦᠨᠵᠡᠭᠡᠶ ᠣᠶ᠋ᠢᠯᠠᠭᠠᠨ ᠮᠡᠳᠡᠭᠰᠡᠨ ᠪᠠᠶ᠋ᠢᠨ᠎ᠠ᠃
ᠨᠡᠩ ᠢᠯᠠᠩᠭᠤᠶ᠎ᠠ ᠪᠢᠳᠡᠨ᠎ᠦ ᠳᠠᠳᠤᠯᠭ᠎ᠠ᠎ᠶᠢᠨ ᠰᠠᠭᠤᠷᠢᠨ ᠪᠣᠯᠬᠤ ᠦᠨᠳᠦᠰᠦᠲᠡᠨ᠎ᠦ ᠥᠪᠡᠷᠲᠡᠭᠡᠨ ᠵᠠᠰᠠᠬᠤ
ᠣᠷᠣᠨ — ᠥᠪᠥᠷ ᠮᠣᠩᠭᠣᠯ᠎ᠤᠨ ᠡᠯ᠎ᠡ ᠱᠠᠲᠤᠨ᠎ᠤ ᠪᠠᠶ᠋ᠢᠭᠤᠯᠭ᠎ᠠ᠂ ᠤᠯᠤᠰ᠎ᠤᠨ ᠠᠯᠪᠠᠲᠠᠨ᠂ ᠠᠵᠢᠯᠲᠠᠨ
ᠠᠵᠢᠯᠴᠢᠨ᠂ ᠮᠠᠯᠴᠢᠨ ᠲᠠᠷᠢᠶᠠᠴᠢᠨ ᠳᠠᠶᠠᠭᠠᠷ᠎ᠢᠶᠠᠨ ᠡᠨᠡ ᠲᠠᠯ᠎ᠠ ᠶᠢᠨ ᠰᠤᠷᠤᠯᠴᠠᠯᠭ᠎ᠠ ᠤᠬᠠᠭᠤᠯᠭ᠎ᠠ᠎ᠶᠢ
ᠰᠦᠷ ᠳᠠᠯᠠᠶ᠋ᠢᠴᠠᠲᠠᠶ ᠶᠠᠪᠤᠭᠳᠠᠭᠤᠯᠵᠤ ᠪᠠᠶ᠋ᠢᠭ᠎ᠠ᠎ᠶᠢ ᠪᠡᠶᠡᠴᠢᠯᠡᠨ ᠤᠢᠯᠠᠭᠠᠵᠤ᠂ ᠲᠡᠳᠡᠨᠦᠰ᠎ᠲᠠᠶ ᠲᠣᠰ
ᠭᠣᠣᠯ ᠰᠡᠳᠦᠪᠲᠦ᠍ ᠰᠤᠷᠤᠯᠴᠠᠯᠭ᠎ᠠ᠎ᠶᠢᠨ ᠲᠤᠬᠠᠶ ᠴᠢᠯᠥᠭᠡᠳᠤ ᠶᠠᠷᠢᠯᠴᠠᠬᠤ ᠵᠢᠨ ᠤᠯᠠᠮ ᠵᠢᠡᠷ ᠶᠡᠬᠡ
ᠰᠤᠷᠭᠠᠭᠤᠯᠢ᠎ᠶᠢᠨ ᠵᠠᠪᠠᠯ ᠰᠤᠷᠬᠤ ᠬᠢᠴᠢᠶᠡᠯ ᠪᠤᠯᠬᠤ 《ᠳᠤᠮᠳᠠᠳᠤ
ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ》᠎ᠤᠨ ᠠᠭᠤᠯᠭ᠎ᠠ᠎ᠶᠢ
ᠥᠪᠡᠷ᠎ᠦᠨ ᠡᠷᠬᠡ ᠦᠭᠡᠢ ᠳᠠᠬᠢᠨᠲᠠ ᠨᠠᠷᠢᠯᠢᠭ ᠮᠦᠷᠳᠡᠭᠡᠨ ᠭᠦᠨᠵᠡᠭᠡᠢ ᠰᠤᠳᠤᠯᠤᠨ ᠤᠩᠰᠢᠭᠰᠠᠨ ᠪᠢᠯᠡ᠃
ᠬᠣᠶᠠᠷ ᠭᠠᠷᠠᠭ ᠰᠢᠬᠠᠮ᠎ᠦᠨ ᠬᠤᠭᠤᠴᠠᠭᠠᠨ᠎ᠳᠤ ᠳᠠᠳᠤᠯᠭ᠎ᠠ᠎ᠶᠢᠨ ᠪᠠᠭᠰᠢ᠎ᠶᠢᠨ ᠤᠨᠤᠯ᠎ᠤᠨ ᠲᠠᠯ᠎ᠠ᠎ᠶᠢᠨ
ᠬᠢᠨᠠᠮᠠᠭᠠᠶ ᠵᠢᠯᠣᠭᠣᠳᠤᠯᠭ᠎ᠠ᠂ ᠦᠨᠳᠦᠰᠦᠨ ᠱᠠᠲᠤᠨ᠎ᠤ ᠠᠳᠠᠯᠢ ᠪᠤᠰᠤ ᠠᠵᠢᠯ ᠲᠥᠷᠥᠯ᠎ᠦᠨ ᠬᠥᠮᠦᠰ᠎ᠦᠨ
ᠦᠢᠯᠡᠳᠦᠯᠭᠡ᠎ᠶᠢᠨ ᠲᠠᠯ᠎ᠠ᠎ᠶᠢᠨ ᠬᠠᠷᠠᠮ ᠦᠬᠡᠢ ᠳᠡᠮᠵᠢᠯᠭᠡ᠂ ᠬᠠᠮᠲᠤ᠌ ᠰᠤᠷᠤᠭᠴᠢᠳ᠎ᠤᠨ ᠬᠠᠪᠰᠤᠷᠤᠯᠭ᠎ᠠ᠎ᠪᠠᠷ 《ᠳᠤᠮᠳᠠᠳᠤ ᠵᠢᠨ ᠦᠨᠳᠦᠰᠦᠲᠡᠨ᠎ᠦ ᠬᠠᠮᠲᠤ ᠶᠢᠨ ᠴᠣᠭᠴᠠ᠎ᠶᠢᠨ ᠤᠬᠠᠮᠰᠠᠷ》 ᠭᠡᠬᠦ᠌ ᠨᠣᠮ᠎ᠤᠨ ᠠᠭᠤᠯᠭ᠎ᠠ᠎ᠳᠦ ᠤᠯᠠᠮ ᠭᠦᠨᠵᠡᠭᠡᠢ ᠤᠢᠯᠠᠭᠠᠯᠳᠠ ᠲᠠᠢ ᠪᠣᠯᠵᠠᠢ᠃
ᠶᠠᠭᠤᠨ
ᠦ ᠤᠷᠢᠳ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠭᠡᠳᠡᠭ ᠪᠣᠯ ᠳᠤᠮᠳᠠᠳᠤ᠎ᠶᠢᠨ ᠨᠤᠲᠤᠭ
ᠳᠡᠪᠢᠰᠬᠡᠷᠲᠦ᠍ ᠪᠦᠯᠬᠦᠮᠳᠡᠨ ᠨᠢᠭᠲᠠᠷᠠᠭᠰᠠᠨ ᠣᠯᠠᠨ ᠦᠨᠳᠦᠰᠦᠲᠡᠨ᠎ᠦ ᠨᠢᠭᠡᠳᠦᠯ ᠢ ᠬᠡᠯᠡᠵᠦ᠍ ᠪᠠᠶ᠋ᠢᠭ᠎ᠠ
ᠶᠤᠮ᠃ ᠳᠤᠮᠳᠠᠳᠤ᠎ᠶᠢᠨ ᠦᠨᠳᠦᠰᠦᠲᠡᠨ᠎ᠦ ᠣᠯᠠᠨ ᠮᠢᠩᠭᠠᠨ ᠵᠢᠯᠦᠨᠰᠣᠶᠣᠯ ᠪᠣᠯᠪᠠᠰᠤᠨ᠎ᠢ ᠪᠦᠳᠦᠭᠡᠨ ᠪᠠᠶ᠋ᠢᠭᠤᠯᠬᠤ
ᠶᠠᠪᠣᠴᠠ᠎ᠳᠤ ᠪᠣᠢ ᠪᠣᠯᠣᠭᠰᠠᠨ ᠰᠠᠯᠵᠤ ᠪᠣᠯᠤᠰᠢ ᠦᠭᠡᠢ ᠨᠢᠭᠡᠳᠦᠮᠡᠯ ᠴᠣᠭᠴᠠ ᠶᠤᠮ᠃ ᠳᠤᠮᠳᠠᠳᠤ᠎ᠶᠢᠨ ᠡᠯ᠎ᠡ
ᠦᠨᠳᠦᠰᠦᠲᠡᠨ᠎ᠤ ᠠᠷᠠᠳ ᠲᠦᠮᠡᠨ ᠥᠪᠡᠷ ᠥᠪᠡᠷ᠎ᠦᠨ ᠭᠡᠷᠡᠯ ᠰᠠᠴᠤᠷᠠᠩᠭᠤᠢ ᠲᠡᠦᠬᠡ᠎ᠪᠡᠨ ᠪᠢᠴᠢᠭᠯᠡᠵᠦ᠍᠂ ᠡᠬᠡ
ᠤᠯᠤᠰ᠎ᠤᠨ ᠨᠤᠲᠤᠭ ᠳᠡᠪᠢᠰᠬᠡᠷ᠎ᠢᠶᠡᠨ ᠴᠣᠭᠴᠠᠯᠠᠨ ᠪᠠᠶ᠋ᠢᠭᠤᠯᠬᠤ ᠶᠠᠪᠤᠴᠠ᠎ᠳᠤ ᠬᠠᠮᠲᠤ᠎ᠪᠠᠷ ᠴᠢᠨ ᠤᠯᠤᠰ
ᠬᠠᠨ ᠤᠯᠤᠰ᠎ᠤᠨ ᠦᠶ᠎ᠡ᠎ᠶᠢᠨ ᠶᠡᠭᠡ ᠨᠢᠭᠡᠳᠦᠯ᠂ ᠤᠮᠠᠷᠠᠲᠤ᠌ ᠸᠧᠢ ᠤᠯᠤᠰ ᠤᠨ ᠦᠶ᠎ᠡ᠎ᠶᠢᠨ ᠣᠯᠠᠨ
ᠦᠨᠳᠦᠰᠦᠲᠡᠨ᠎ᠦ ᠠᠭᠤᠰᠤᠯᠴᠠᠯ᠂ ᠶᠤᠸᠠᠨ ᠤᠯᠤᠰ ᠴᠢᠩ ᠤᠯᠤᠰ᠎ᠤᠨ ᠨᠢᠭᠡᠳᠦᠯ ᠵᠡᠷᠭᠡ ᠴᠢᠬᠤᠯᠠ ᠴᠢᠬᠤᠯᠠ
ᠲᠡᠦᠬᠡᠨ ᠱᠠᠲᠤ᠌ ᠦᠶ᠎ᠡ᠎ᠶᠢ ᠥᠩᠭᠡᠷᠡᠭᠡᠭᠡᠳ ᠰᠠᠶᠢ ᠥᠨᠥᠳᠦᠷ᠎ᠤᠨ ᠪᠥᠬᠥᠳᠡ ᠨᠠᠶ᠋ᠢᠷᠠᠮᠳᠠᠬᠤ ᠳᠤᠮᠳᠠᠳᠤ
ᠠᠷᠠᠳ ᠤᠯᠤᠰ᠎ᠤᠨ ᠨᠤᠲᠤᠭ ᠳᠡᠪᠢᠰᠬᠡᠷ ᠪᠣᠯᠤᠭᠰᠠᠨ ᠪᠠᠶ᠋ᠢᠨ᠎ᠠ᠃ ᠵᠢᠱ᠌ᠢᠶᠡᠯᠡᠪᠡᠯ ᠲᠤᠰ ᠨᠣᠮ ᠳᠤ
ᠥᠭᠦᠯᠡᠭᠰᠡᠨ ᠰᠢᠭ ᠵᠢᠦᠶᠤᠸᠠᠨ ᠰᠣᠶᠣᠯ (ᠥᠨᠥᠳᠦᠷ᠎ᠤᠨ ᠥᠪᠥᠷ
ᠮᠣᠩᠭᠣᠯ᠎ᠤᠨ ᠪᠤᠭᠤᠲᠤ᠌ ᠬᠣᠲᠠ)᠎ᠤᠨ ᠡᠷᠲᠡᠨ᠎ᠦ ᠦᠯᠡᠳᠡᠭᠳᠡᠯ ᠨᠢ
ᠨᠡᠭᠦᠳᠡᠯ ᠰᠣᠶᠣᠯ ᠪᠣᠯᠤᠨ ᠲᠠᠷᠢᠶᠠᠯᠠᠬᠤ ᠰᠣᠶᠣᠯ᠎ᠤᠨ ᠬᠠᠷᠢᠯᠴᠠᠨ ᠠᠭᠤᠰᠤᠯᠴᠠᠯ᠎ᠡᠴᠡ ᠨᠡᠭᠦᠳᠡᠯ ᠮᠠᠯᠵᠢᠬᠤ
ᠠᠵᠤ ᠠᠬᠤᠶ ᠪᠣᠯᠣᠨ ᠰᠠᠭᠤᠷᠢᠰᠢᠯ ᠲᠠᠷᠢᠶᠠᠯᠠᠬᠤ ᠠᠵᠤ ᠠᠬᠤᠶ ᠬᠠᠷᠢᠯᠴᠠᠨ ᠲᠦᠰᠢᠯᠴᠡᠵᠦ᠍᠂ ᠪᠦᠬᠦᠶ᠋ᠢᠯᠡ
ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠬᠥᠭᠵᠢᠯᠲᠡ᠎ᠶᠢ ᠠᠬᠢᠭᠤᠯᠤᠭᠰᠠᠨ᠎ᠤ ᠪᠣᠳᠠᠲᠠᠢ ᠭᠡᠷᠡᠴᠢ ᠪᠣᠯᠬᠤ᠎ᠶᠢ
ᠪᠠᠲᠤᠯᠠᠭᠰᠠᠨ ᠪᠠᠶ᠋ᠢᠨ᠎ᠠ᠃ ᠴᠢᠨ ᠤᠯᠤᠰ ᠪᠣᠯᠤᠨ ᠬᠠᠨ ᠤᠯᠤᠰ᠎ᠤᠨ ᠦᠶ᠎ᠡ᠎ᠳᠦ ᠥᠪᠥᠷ ᠮᠣᠩᠭᠣᠯ᠎ᠤᠨ
ᠪᠠᠶᠠᠨᠨᠠᠭᠤᠷ ᠬᠣᠲᠠ᠎ᠶᠢᠨ ᠪᠤᠷᠤᠳᠤᠬᠤᠢ ᠨᠢ ᠨᠡᠭᠦᠳᠡᠯ ᠮᠠᠯᠵᠢᠬᠤ ᠰᠣᠶᠣᠯ ᠪᠣᠯᠤᠨ ᠲᠠᠷᠢᠶᠠᠯᠠᠬᠤ
ᠰᠣᠶᠣᠯ᠎ᠦᠨ ᠬᠣᠰᠢᠭᠤᠴᠢ ᠣᠷᠣᠨ ᠪᠠᠶ᠋ᠢᠭᠰᠠᠨ ᠪᠣᠯᠬᠣᠷ ᠠᠭᠠᠵᠢᠮ ᠵᠢᠡᠷ ᠴᠡᠷᠢᠭ
ᠲᠡᠶ᠋ᠢᠨ᠎ᠤ ᠪᠣᠭᠣᠮᠲᠠ ᠡᠴᠠ ᠠᠷᠠᠯᠵᠢᠶ᠎ᠠ ᠬᠤᠳᠠᠯᠳᠤᠭᠠᠨᠦ ᠬᠦᠢᠰᠦ ᠤᠷᠤᠨ ᠪᠣᠯᠣᠨ ᠬᠥᠭᠵᠢᠵᠦ᠍᠂
ᠡᠴᠦᠰ᠎ᠲᠡᠬᠡᠨ ᠤᠯᠤᠰ ᠲᠥᠷᠥ᠍᠂ ᠴᠡᠷᠢᠭ᠎ᠤᠨ ᠶᠠᠪᠤᠳᠠᠯ᠂ ᠠᠵᠤ ᠠᠬᠤᠢ᠂ ᠰᠤᠶᠤᠯ᠎ᠤᠨ ᠰᠣᠯᠢᠯᠴᠠᠭᠠᠨ᠎ᠤ
ᠨᠡᠶ᠋ᠢᠯᠡᠮᠡᠯ ᠴᠣᠭᠴᠠ ᠤᠷᠤᠨ ᠪᠣᠯᠤᠨ ᠬᠥᠭᠵᠢᠭᠰᠡᠨ ᠪᠠᠶ᠋ᠢᠨ᠎ᠠ᠃ ᠳᠤᠮᠳᠠᠳᠤ᠎ᠶᠢᠨ ᠦᠨᠳᠦᠰᠦᠲᠡᠨᠨᠤᠬᠦᠳᠤᠨ ᠠᠷᠠᠳ ᠲᠦᠮᠡᠨ ᠬᠠᠮᠲᠤ᠎ᠪᠠᠷ ᠣᠶᠤᠨ᠎ᠤ ᠪᠣᠯᠪᠠᠰᠤᠨ᠂ ᠥᠷᠲᠡᠭ ᠦᠨ ᠦᠵᠡᠯᠲᠡ᠎ᠪᠡᠨ ᠡᠭᠦᠳᠦᠨ ᠪᠦᠲᠦᠭᠡᠵᠤ᠂
ᠳᠤᠮᠳᠠᠳᠤ᠎ᠶᠢᠨ ᠦᠨᠳᠦᠰᠦᠲᠡᠨ᠎ᠦ ᠣᠶᠤᠨ ᠤ ᠪᠣᠯᠪᠠᠰᠤᠨ᠂ ᠵᠣᠷᠢᠭ ᠰᠠᠨᠠᠭᠠᠨ᠎ᠤ ᠦᠨ᠎ᠡ ᠥᠷᠲᠡᠭ ᠪᠣᠯ
ᠲᠠᠷᠢᠶᠠᠯᠠᠬᠤ ᠰᠣᠶᠣᠯ᠂ ᠲᠠᠯ᠎ᠠ ᠨᠤᠲᠤᠭ᠎ᠤᠨ ᠰᠣᠶᠣᠯ᠂ ᠳᠠᠯᠠᠢ ᠲᠠᠩᠭᠢᠰ᠎ᠤᠨ ᠰᠣᠶᠣᠯ ᠬᠠᠷᠢᠯᠴᠠᠨ
ᠠᠭᠤᠰᠤᠯᠴᠠᠭᠰᠠᠨᠤ ᠦᠷ᠎ᠡ ᠳ᠋ᠦᠩ ᠮᠥᠨ᠃ ᠣᠶ᠋ᠢᠷ᠎ᠠ ᠦᠶ᠎ᠡ᠎ᠶᠢᠨ ᠲᠡᠦᠬᠡᠨ᠎ᠳᠦ ᠳᠤᠮᠳᠠᠳᠤ᠎ᠶᠢᠨ ᠡᠯ᠎ᠡ
ᠦᠨᠳᠦᠰᠦᠲᠡᠨ᠎ᠦ ᠠᠷᠠᠳ ᠲᠦᠮᠡᠨ ᠭᠠᠳᠠᠭᠠᠳᠤ᠎ᠶᠢᠨ ᠲᠦᠷᠢᠮᠡᠬᠡᠶ᠋ᠢᠯᠡᠯ᠂ ᠳᠠᠷᠤᠯᠠᠯ ᠲᠠᠷᠴᠢᠯᠠᠭᠠᠯ (ᠵᠢᠱ᠌ᠢᠶᠡᠯᠡᠪᠡᠯ ᠶᠠᠫᠣᠨ᠎ᠢ ᠡᠰᠡᠷᠭᠦᠴᠡᠬᠦ᠌ ᠲᠡᠶ᠋ᠢᠨ)᠎ᠢ ᠡᠰᠡᠷᠭᠦᠴᠡᠬᠦ᠌ ᠶᠠᠪᠤᠴᠠ᠎ᠳᠠᠭᠠᠨ 《ᠬᠠᠮᠲᠤ᠎ᠪᠠᠨ
ᠪᠣᠳᠣᠵᠤ ᠤᠬᠠᠮᠰᠠᠷᠠᠨ ᠪᠣᠰᠣᠯᠴᠠᠭᠰᠠᠨ》 ᠬᠠᠮᠲᠦ᠎ᠶᠢᠨ ᠬᠤᠪᠢ ᠵᠠᠶᠠᠭ᠎ᠠ
ᠵᠢᠨ ᠪᠦᠬᠦᠯᠢ ᠴᠣᠭᠴᠠ ᠪᠣᠯᠤᠨ ᠪᠦᠷᠢᠯᠳᠦᠭᠰᠡᠨ ᠪᠠᠶ᠋ᠢᠨ᠎ᠠ᠃ ᠡᠨᠡ ᠨᠢ ᠮᠠᠨ ᠤᠯᠤᠰ᠎ᠤᠨ ᠦᠨᠳᠦᠰᠦᠲᠡᠨ ᠨᠤᠬᠦᠳ᠎ᠤᠨ ᠠᠷᠠᠳ ᠲᠦᠮᠡᠨ᠎ᠦ ᠭᠡᠰᠢᠭᠦᠨ ᠪᠦᠬᠦᠨ᠎ᠳᠦ ᠪᠠᠶ᠋ᠢᠳᠠᠭ ᠤᠯᠤᠰ᠎ᠢᠶᠠᠨ ᠬᠠᠶ᠋ᠢᠷᠠᠯᠠᠬᠤ
ᠦᠵᠡᠯ᠎ᠤᠨ ᠭᠣᠣᠯ ᠴᠥᠮ᠎ᠡ ᠮᠥᠨ᠃ ᠡᠶ᠋ᠢᠮᠦ᠎ᠡᠴᠡ ᠪᠢᠳᠡ ᠵᠠᠪᠠᠯ ᠲᠡᠦᠬᠡᠨ ᠲᠤᠷᠰᠢᠯᠭ᠎ᠠ ᠰᠤᠷᠭᠠᠮᠵᠢ ᠪᠠᠨ
ᠪᠠᠲᠤ᠌ ᠴᠡᠭᠡᠵᠢᠯᠡᠵᠦ᠍᠂ ᠳᠤᠮᠳᠠᠳᠤ᠎ᠶᠢᠨ ᠦᠨᠳᠦᠰᠦᠲᠡᠨ᠎ᠦ ᠪᠦᠷᠢᠯᠳᠦᠨ ᠲᠣᠭᠲᠠᠭᠰᠠᠨ ᠲᠡᠦᠬᠡᠨ ᠦᠵᠡᠯᠲᠡ᠎ᠶᠢ
ᠵᠥᠪ ᠣᠨᠣᠪᠴᠢᠲᠠᠶ᠎ᠪᠠᠷ ᠣᠶ᠋ᠢᠯᠠᠭᠠᠪᠠᠯ ᠰᠠᠶᠢ ᠳᠣᠲᠣᠭᠠᠳᠤ ᠭᠠᠳᠠᠭᠠᠳᠤ᠎ᠶᠢᠨ ᠬᠠᠭᠠᠴᠠᠭᠤᠯᠬᠤ
ᠬᠤᠤᠪᠢᠯᠳᠤᠯ ᠢ ᠪᠤᠲᠠ ᠨᠢᠷᠭᠡᠨ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ ᠢ ᠨᠠᠩ
ᠪᠠᠲᠤᠳᠬᠠᠵᠤ ᠴᠢᠳᠠᠨ᠎ᠠ᠃
ᠳᠠᠷᠠᠭ᠎ᠠ ᠳ᠋ᠦ᠍ᠨᠢ ᠲᠣᠰ ᠨᠣᠮ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ
ᠴᠣᠭᠴᠠ᠎ᠶᠢᠨ ᠤᠬᠠᠭᠳᠠᠬᠤᠨ᠎ᠤ ᠪᠣᠳᠠᠲᠤ᠌ ᠤᠳᠬ᠎ᠠ ᠠᠭᠤᠯᠭ᠎ᠠ ᠪᠠ ᠠᠴᠢ ᠬᠣᠯᠪᠣᠭᠳᠠᠯ᠂ ᠳᠠᠷᠤᠢ ᠶᠡᠷᠦᠩᠬᠡᠶ
ᠱᠦᠵᠢ ᠰᠢ ᠵᠢᠨ ᠫᠢᠩ᠎ᠤᠨ ᠴᠢᠬᠤᠯᠠᠴᠢᠯᠠᠨ ᠵᠢᠭᠠᠪᠤᠷᠢᠯᠠᠭᠰᠠᠨ ᠡᠯ᠎ᠡ ᠦᠨᠳᠦᠰᠦᠲᠡᠨ᠎ᠦ ᠠᠷᠠᠳ ᠲᠦᠮᠡᠨ 《ᠵᠢᠷᠭᠠᠯ ᠵᠣᠪᠠᠯᠠᠩ᠎ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ
ᠭᠤᠲᠤᠮᠰᠢᠭ᠎ᠢᠶᠠᠨ ᠬᠠᠮᠲᠤᠳᠬᠠᠬᠤ᠂ ᠦᠬᠦᠬᠦ᠌ ᠰᠡᠬᠡᠬᠦ᠌᠎ᠪᠡᠨ ᠬᠠᠮᠲᠤᠳᠬᠠᠬᠤ᠂ ᠬᠤᠪᠢ ᠵᠠᠶᠠᠭ᠎ᠠ᠎ᠪᠠᠨ
ᠬᠠᠮᠲᠤᠳᠬᠠᠬᠤ》 ᠤᠬᠠᠭᠳᠠᠬᠤᠨ ᠢ ᠳᠡᠭᠡᠳᠦ ᠬᠡᠮᠵᠢᠶ᠎ᠡ᠎ᠪᠡᠷ
ᠪᠦᠲᠦᠭᠡᠯᠴᠢ᠎ᠪᠡᠷ ᠪᠣᠯᠪᠠᠰᠤᠷᠠᠭᠤᠯᠤᠨ ᠨᠠᠶ᠋ᠢᠷᠠᠭᠤᠯᠤᠭᠰᠠᠨ ᠪᠠᠶ᠋ᠢᠨ᠎ᠠ᠃ ᠡᠨᠡ ᠨᠢ ᠳᠣᠣᠷᠠᠬᠢ ᠬᠡᠳᠦᠨ
ᠲᠠᠯ᠎ᠠ᠎ᠪᠠᠷ ᠢᠯᠡᠳᠬᠡᠭᠳᠡᠵᠦ᠍ ᠪᠤᠢ᠃ ᠰᠣᠶᠣᠯ᠎ᠤᠨ ᠲᠠᠯ᠎ᠠ᠎ᠪᠠᠷ᠂ ᠪᠢᠳᠡ ᠭᠣᠣᠯ ᠴᠣᠭᠴᠠ ᠪᠣᠯᠣᠨ ᠰᠠᠯᠠᠭ᠎ᠠ
ᠮᠥᠴᠢᠷ᠎ᠦᠨ ᠬᠣᠭᠣᠷᠣᠨᠳᠣᠬᠢ ᠬᠤᠪᠢᠰᠤᠩᠭᠤᠶ ᠬᠠᠷᠢᠴᠠᠭ᠎ᠠ᠎ᠶᠢ ᠵᠥᠪ ᠣᠶ᠋ᠢᠯᠠᠭᠠᠬᠤ ᠬᠡᠷᠡᠭᠲᠡᠶ᠃
ᠳᠤᠮᠳᠠᠳᠤ᠎ᠶᠢᠨ ᠰᠣᠶᠣᠯ ᠪᠣᠯ ᠪᠤᠢ ᠪᠦᠬᠦᠢ ᠳᠤᠮᠳᠠᠳᠤ᠎ᠶᠢᠨ ᠠᠷᠠᠳ ᠲᠦᠮᠡᠨ᠎ᠦ ᠰᠣᠶᠣᠯ᠎ᠤᠨ ᠭᠣᠣᠯ ᠴᠣᠭᠴᠠ
ᠮᠥᠨ᠂ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠰᠣᠶᠣᠯ ᠨᠢ ᠳᠠᠷᠤᠶ ᠲᠡᠭᠦᠨ᠎ᠦ ᠰᠠᠯᠠᠭ᠎ᠠ ᠮᠥᠴᠢᠷ ᠪᠣᠯᠬᠤ
ᠮᠥᠷᠲᠡᠭᠡᠨ ᠳᠤᠲᠠᠭᠳᠠᠰᠢ ᠪᠣᠯᠣᠰᠢ ᠦᠭᠡᠢ ᠪᠦᠷᠢᠯᠳᠦᠭᠦᠨ ᠮᠥᠨ᠃ ᠲᠤᠬᠠᠶ᠋ᠢᠯᠠᠪᠠᠯ᠂ ᠥᠪᠥᠷ ᠮᠣᠩᠭᠣᠯ ᠣᠷᠣᠨ ᠨᠢ
《ᠤᠮᠠᠷᠠᠲᠤ᠌ ᠬᠢᠯᠢ ᠵᠢᠨ ᠰᠣᠶᠣᠯ᠎ᠤᠨ ᠪᠠᠶ᠋ᠢᠭᠤᠯᠤᠯᠲᠠ》᠎ᠶᠢᠨ ᠣᠯᠠᠨ ᠲᠥᠷᠥᠯ᠎ᠦᠨ ᠠᠵᠢᠯᠯᠠᠭ᠎ᠠ ᠪᠡᠷ ᠳᠠᠮᠵᠢᠨ ᠦᠨᠳᠦᠰᠦᠲᠡᠨ᠎ᠦ ᠰᠣᠶᠣᠯ᠎ᠢᠶᠠᠨ
ᠤᠯᠠᠮᠵᠢᠯᠠᠨ ᠬᠠᠳᠠᠭᠠᠯᠠᠵᠤ᠂ ᠤᠯᠠᠮ ᠴᠢᠨᠠᠭᠰᠢᠳᠠ ᠪᠦᠲᠦᠭᠡᠯᠴᠢ᠎ᠪᠠᠷ ᠬᠥᠭᠵᠢᠭᠦᠯᠵᠦ᠍ ᠴᠢᠳᠠᠭᠰᠠᠨ᠎ᠢᠶᠠᠷ
ᠪᠠᠷᠠᠬᠤ ᠦᠭᠡᠢ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠰᠤᠶᠤᠯ᠎ᠦᠨ ᠨᠡᠶ᠋ᠢᠲᠡᠯᠢᠭ ᠴᠢᠨᠠᠷ᠎ᠢ ᠴᠦ᠍
ᠨᠡᠩ ᠲᠣᠪᠣᠶ᠋ᠢᠯᠭᠠᠨ ᠴᠢᠨᠭᠭᠠᠳᠬᠠᠵᠤ ᠴᠢᠳᠠᠭᠰᠠᠨ ᠪᠠᠶ᠋ᠢᠨ᠎ᠠ᠃
ᠠᠵᠤ ᠠᠬᠤᠢ᠎ᠶᠢᠨ ᠬᠥᠭᠵᠢᠯᠲᠡ᠎ᠶᠢᠨ
ᠲᠠᠯ᠎ᠠ᠎ᠪᠠᠷ᠂ ᠪᠣᠳᠠᠰ᠎ᠤᠨ ᠪᠠ ᠣᠶᠤᠨ᠎ᠤ ᠪᠤᠯᠪᠠᠰᠤᠨ᠎ᠤ ᠪᠠᠶ᠋ᠢᠭᠤᠯᠤᠯᠲᠠ᠎ᠶᠢ ᠵᠡᠷᠭᠡ ᠳ᠋ᠦ᠍ᠨᠢ ᠴᠢᠩᠭᠠᠳᠬᠠᠵᠤ᠂
ᠦᠨᠳᠦᠰᠦᠲᠡᠨ᠎ᠦ ᠣᠷᠣᠨ᠎ᠤ ᠠᠷᠠᠳ ᠲᠦᠮᠡᠨ᠎ᠦ ᠠᠮᠢᠳᠤᠷᠠᠯ᠎ᠤᠨ ᠳᠤᠮᠳᠠᠬᠢ ᠬᠦᠴᠢᠷ ᠪᠡᠷᠬᠡ᠎ᠶᠢ ᠪᠣᠳᠠᠲᠠᠶ᠎ᠪᠠᠷ
ᠰᠢ᠌ᠳᠪᠦᠷᠢᠯᠡᠨ ᠪᠦᠬᠦ᠌ ᠠᠷᠠᠳ ᠲᠦᠮᠡᠨ᠎ᠦ ᠪᠣᠳᠠᠰ᠎ᠤᠨ ᠪᠠ ᠣᠶᠤᠨ᠎ᠤ ᠪᠣᠯᠪᠠᠰᠤᠨ᠎ᠤ ᠱᠠᠭᠠᠷᠳᠠᠯᠭ᠎ᠠ᠎ᠶᠢ
ᠬᠠᠩᠭᠠᠬᠤ᠎ᠪᠠᠷ ᠳᠠᠮᠵᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ
ᠪᠠᠲᠤ ᠴᠤᠬᠴᠠᠯᠠᠬᠤ ᠬᠡᠷᠡᠭᠲᠡᠶ᠃ ᠠᠳᠠᠯᠢ ᠪᠤᠰᠤ ᠭᠠᠵᠠᠷ ᠣᠷᠣᠨ ᠨᠢ ᠲᠤᠬᠠᠢ᠎ᠶᠢᠨ ᠤᠷᠤᠨ᠎ᠤ ᠪᠤᠳᠠᠲᠠᠢ
ᠪᠠᠶ᠋ᠢᠳᠠᠯ᠎ᠠᠴᠠ ᠡᠭᠦᠰᠴᠤ᠌᠂ ᠠᠵᠤ ᠠᠬᠤᠢ᠎ᠶᠢᠨ ᠬᠥᠭᠵᠢᠯᠲᠡ᠎ᠶᠢᠨ ᠲᠥᠰᠦᠪ ᠲᠥᠯᠥᠪᠯᠡᠭᠡ ᠳᠤ ᠲᠤᠬᠠᠶ᠎ᠶᠢᠨ
ᠭᠠᠵᠠᠷ ᠣᠷᠣᠨ᠂ ᠦᠨᠳᠦᠰᠦᠲᠡᠨ᠎ᠦ ᠣᠨᠴᠠᠯᠢᠭᠲᠤ᠌ ᠠᠵᠤ ᠠᠬᠤᠶ᠋ᠢᠯᠠᠯ᠎ᠢ ᠲᠡᠳᠬᠦᠨ᠂ ᠠᠮᠢ ᠠᠬᠤᠢ᠎ᠶᠢᠨ
ᠨᠥᠬᠥᠪᠥᠷᠢ᠎ᠶᠢᠨ ᠲᠣᠭᠲᠠᠯᠴᠠᠭ᠎ᠠ ᠵᠡᠷᠭᠡ᠎ᠶᠢ ᠲᠤᠭᠤᠰᠢᠯᠠᠭᠤᠯᠤᠨ ᠬᠡᠷᠡᠭᠵᠢᠭᠦᠯᠵᠦ᠍ ᠪᠠᠶ᠋ᠢᠭ᠎ᠠ ᠨᠢ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠳᠡᠭᠡᠭᠰᠢᠯᠡᠭᠦᠯᠬᠦ᠌᠎ᠳᠤ ᠮᠠᠰᠢ
ᠴᠢᠬᠤᠯᠠ ᠠᠴᠢ ᠬᠣᠯᠪᠣᠭᠳᠠᠯ ᠲᠠᠶ ᠪᠣᠯᠤᠭᠰᠠᠨ᠎ᠢ ᠦᠢᠯᠡᠳᠦᠯᠭᠡ ᠭᠡᠷᠡᠴᠢᠯᠡᠵᠦ᠍ ᠪᠤᠢ᠃ ᠡᠶ᠋ᠢᠮᠦᠷᠬᠦᠦ ᠠᠷᠠᠳ
ᠲᠦᠮᠡᠨ᠎ᠦ ᠠᠬᠤᠢ ᠠᠮᠢᠳᠤᠷᠠᠯ ᠲᠠᠢ ᠰᠢᠭᠤᠳ ᠬᠤᠯᠪᠤᠭᠳᠠᠬᠤ ᠪᠣᠳᠠᠲᠠᠢ ᠠᠵᠢᠯᠯᠠᠭ᠎ᠠ ᠨᠢ ᠶᠠᠷᠢᠶᠠᠨ ᠦᠭᠡᠢ
ᠡᠯ᠎ᠡ ᠦᠨᠳᠦᠰᠦᠲᠡᠨ᠎ᠦ ᠠᠷᠠᠳ ᠲᠦᠮᠡᠨ᠎ᠦ ᠰᠡᠳᠬᠢᠯ ᠵᠢᠷᠦᠬᠡ᠂ ᠬᠤᠪᠢ ᠵᠠᠶᠠᠭ᠎ᠠ᠎ᠶᠢ ᠬᠣᠯᠪᠣᠭᠰᠠᠨ ᠪᠦᠰᠡ
ᠬᠣᠯᠪᠣᠭᠠᠰᠤ ᠪᠣᠯᠵᠤ ᠴᠢᠳᠠᠬᠤ ᠶᠤᠮ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ
ᠪᠣᠯᠤᠨ ᠦᠨᠳᠦᠰᠦᠲᠡᠨ᠎ᠦ ᠤᠬᠠᠮᠰᠠᠷ᠎ᠤᠨ ᠬᠤᠪᠢᠰᠤᠩᠭᠤᠶ ᠬᠠᠷᠢᠴᠠᠭ᠎ᠠ᠎ᠶᠢ ᠵᠥᠪ ᠲᠤᠳᠤᠷᠬᠠᠢ ᠤᠢᠯᠠᠭᠠᠵᠤ᠂
ᠬᠡᠵᠢᠶᠡᠳᠡ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠲᠡᠷᠢᠭᠦᠨ
ᠪᠠᠶ᠋ᠢᠷᠢᠨ᠎ᠳᠤ ᠲᠠᠯᠪᠢᠬᠤ ᠬᠡᠷᠡᠭᠲᠡᠶ᠃ ᠡᠨᠡ ᠨᠢ ᠪᠢᠳᠡ ᠶᠠᠮᠠᠷ ᠴᠤ᠌ ᠦᠶ᠎ᠡ᠎ᠳᠦ᠂ ᠶᠠᠮᠠᠷ ᠴᠤ᠌ ᠪᠠᠶ᠋ᠢᠳᠠᠯ
ᠳᠣᠣᠷ᠎ᠠ ᠲᠤᠮᠳᠠᠲᠦ᠎ᠶᠢᠨ ᠦᠨᠳᠦᠰᠦᠲᠡᠨ᠎ᠦ ᠬᠠᠮᠲᠦ᠎ᠶᠢᠨ ᠠᠰᠢᠭ ᠲᠤᠰᠠ᠎ᠶᠢ ᠲᠡᠷᠢᠭᠦᠨ ᠪᠠᠶ᠋ᠢᠷᠢᠨ᠎ᠳᠤ
ᠲᠠᠯᠪᠢᠵᠤ᠂ ᠦᠨᠳᠦᠰᠦᠲᠡᠨ᠎ᠦ ᠢᠪᠴᠤᠤ ᠦᠵᠡᠯ᠎ᠦᠨ ᠤᠷᠤᠰᠬᠠᠯ ᠢ ᠡᠷᠡᠰ ᠬᠣᠷᠢᠭᠯᠠᠬᠤ ᠬᠡᠷᠡᠭᠲᠡᠢ ᠭᠡᠰᠡᠨ ᠦᠭᠡ
ᠶᠤᠮ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠶᠠᠪᠤᠳᠠᠯ
ᠪᠣᠯ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠠᠯᠲᠠᠨ ᠲᠦᠯᠬᠢᠭᠦᠷ ᠮᠥᠨ᠂
ᠪᠦᠬᠦᠶ᠋ᠢᠯᠡ ᠳᠤᠮᠳᠠᠳᠤ᠎ᠶᠢᠨ ᠦᠨᠳᠦᠰᠦᠳᠡᠨ ᠨᠤᠬᠦᠳ᠎ᠤᠨ ᠠᠷᠠᠳ ᠲᠦᠮᠡᠨ᠎ᠦ ᠰᠢᠨ᠎ᠡ ᠡᠷᠢᠨ ᠴᠠᠭ᠎ᠤᠨ ᠪᠣᠯᠪᠠᠰᠤᠨ
ᠬᠥᠭᠵᠢᠯᠲᠡ᠎ᠶᠢᠨ ᠪᠠᠲᠤᠯᠠᠭ᠎ᠠ ᠮᠥᠨ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ
ᠪᠣᠯ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠰᠣᠶᠣᠯ ᠪᠣᠯᠪᠠᠰᠤᠨ᠂ ᠣᠶᠤᠨ ᠤᠬᠠᠭᠠᠨ᠎ᠤ ᠬᠠᠮᠲᠤ᠎ᠶᠢᠨ ᠬᠤᠪᠢ
ᠵᠠᠶᠠᠭᠠᠨ᠎ᠤ ᠬᠠᠷᠢᠯᠴᠠᠨ ᠲᠦᠰᠢᠯᠴᠡᠨ ᠤᠷᠤᠰᠢᠬᠤ᠎ᠶᠢᠨ ᠵᠠᠩᠭᠢᠯᠠᠭ᠎ᠠ ᠪᠦᠭᠡᠳ ᠪᠦᠯᠬᠦᠮᠳᠡᠨ ᠨᠢᠭᠲᠠᠷᠠᠵᠤ
ᠣᠳᠣᠬᠢᠴᠢᠯᠠᠭᠰᠠᠨ ᠤᠯᠤᠰ ᠭᠡᠷ᠎ᠢᠶᠡᠨ ᠪᠦᠲᠦᠭᠡᠨ ᠪᠠᠶ᠋ᠢᠭᠤᠯᠬᠤ ᠪᠠᠲᠦ᠍ ᠰᠠᠭᠤᠷᠢ ᠮᠦᠨ᠃
ᠬᠣᠷᠢᠶᠠᠩᠭᠤᠶ᠋ᠢᠯᠠᠪᠠᠯ᠂
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠤᠬᠴᠠᠯᠠᠬᠤ ᠪᠣᠯ ᠬᠡᠢ ᠬᠣᠭᠣᠰᠣᠨ
ᠤᠷᠢᠶ᠎ᠠ ᠪᠢᠰᠢ᠂ ᠬᠠᠷᠢᠨ ᠠᠯᠤᠰ ᠬᠡᠳᠦ᠎ᠶᠢᠨ ᠠᠴᠢ ᠬᠣᠯᠪᠣᠭᠳᠠᠯ᠎ᠲᠠᠶ ᠶᠤᠮ᠃ ᠲᠡᠷᠡ ᠪᠣᠯ ᠮᠠᠨ᠎ᠤ ᠤᠯᠤᠰ
ᠣᠷᠣᠨ᠎ᠤ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠡᠯ᠎ᠡ ᠦᠨᠳᠦᠰᠦᠲᠡᠨ᠎ᠦ
ᠠᠷᠠᠳ ᠲᠦᠮᠡᠨ᠎ᠦ ᠣᠶᠤᠨ ᠤᠬᠠᠭᠠᠨ᠎ᠤ ᠰᠥᠭ ᠰᠦᠨᠡᠰᠦ ᠮᠥᠨ᠃ ᠰᠢᠨ᠎ᠡ ᠴᠠᠭ ᠦᠶ᠎ᠡ᠎ᠶᠢᠨ ᠪᠦᠷᠢᠯᠳᠦᠬᠦᠨ
ᠪᠣᠯᠤᠭᠰᠠᠨ ᠵᠠᠯᠠᠭᠤᠰ ᠪᠢᠳᠡ ᠴᠠᠭ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ
ᠤᠬᠠᠮᠰᠠᠷ ᠢ ᠪᠠᠲᠤ ᠴᠤᠬᠴᠠᠯᠠᠬᠤ ᠠᠵᠢᠯᠯᠠᠭ᠎ᠠ᠎ᠶᠢ ᠢᠳᠡᠪᠬᠢᠲᠡᠶ ᠦᠢᠯᠡᠳᠦᠯᠭᠡᠵᠢᠭᠦᠯᠬᠦ᠌ ᠬᠡᠷᠡᠭᠲᠡᠢ᠃ ᠪᠢᠳᠡ
ᠤᠬᠠᠮᠰᠠᠷ᠎ᠠᠴᠠ᠎ᠪᠠᠨ ᠦᠨᠳᠦᠰᠦᠲᠡᠨ ᠨᠤᠭᠦᠳ᠎ᠤᠨ ᠠᠬ᠎ᠠ ᠳᠡᠭᠦᠦ᠎ᠨᠡᠷ᠎ᠲᠠᠶ ᠦᠵᠡᠯ ᠰᠠᠨᠠᠭ᠎ᠠ᠂ ᠰᠣᠶᠣᠯ᠎ᠤᠨ
ᠰᠣᠯᠢᠯᠴᠠᠭ᠎ᠠ ᠬᠢᠵᠦ᠍᠂ ᠥᠪᠡᠷ᠎ᠦᠨ ᠳᠠᠪᠠᠭᠤᠯᠢᠭ ᠲᠠᠯ᠎ᠠ᠎ᠪᠠᠨ ᠪᠠᠳᠠᠷᠠᠭᠤᠯᠵᠤ ᠦᠨᠳᠦᠰᠦᠲᠡᠨ᠎ᠦ ᠣᠷᠣᠨ᠎ᠤ
ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠶ᠃ ᠢᠷᠡᠭᠡᠳᠦᠢ᠎ᠪᠡᠨ ᠪᠠᠷᠠᠯᠠᠬᠤᠶ᠎ᠠ᠂
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠤᠬᠴᠠᠯᠠᠵᠦ᠂ ᠲᠠᠪᠢᠨ
ᠵᠢᠷᠭᠤᠭᠠᠨ ᠦᠨᠳᠦᠰᠦᠲᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠪᠡᠯ᠂ ᠳᠤᠮᠳᠠᠳᠤ ᠵᠢᠨ ᠦᠨᠳᠦᠰᠦᠲᠡᠨ
ᠦ ᠰᠡᠷᠭᠦᠨ ᠮᠠᠨᠳᠤᠯᠲᠠ᠎ᠶᠢᠨ ᠬᠠᠲᠠᠭᠤ ᠪᠡᠷᠬᠡ᠂ ᠭᠡᠷᠡᠯ ᠰᠠᠴᠤᠷᠠᠩᠭᠤᠶ᠂ ᠲᠡᠤᠬᠡᠲᠦ᠍ ᠡᠭᠦᠷᠭᠡ ᠯᠠᠪᠲᠠᠶ
ᠪᠡᠶᠡᠯᠡᠭᠳᠡᠬᠦ᠌ ᠶᠤᠮ᠃
( ᠠᠩᠬᠠᠪᠠᠶᠠᠷ
᠂ ᠲᠦᠪ ᠤᠨ ᠦᠨᠳᠦᠰᠦᠲᠡᠨ ᠦ ᠶᠡᠭᠡ ᠰᠤᠷᠭᠠᠭᠤᠯᠢ)