ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ ᠵᠤᠷᠢᠭ ᠰᠠᠨᠠᠭᠠᠨ ᠤ᠋ ᠰᠠᠭᠤᠷᠢ᠎ᠶᠢ ᠪᠠᠬᠢᠵᠢᠬᠦᠯᠤᠨ᠎ᠠ
2025-09-10 11:11:48
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

《ᠭᠤᠷᠪᠠᠨ ᠵᠦᠢᠯ ᠤ᠋ᠨ ᠲᠦᠯᠤᠪᠯᠡᠬᠡ》 ᠵᠢᠨ ᠤᠯᠤᠰ ᠤ᠋ᠨ ᠲᠤᠷᠰᠢᠯᠲᠠ ᠵᠢᠨ ᠴᠡᠭ ᠤ᠋ᠨ ᠲᠦᠷᠦᠯ ᠵᠦᠢᠯ ᠤ᠋ᠨ ᠦᠢᠯᠡᠲᠤᠯᠬᠡ ᠵᠢᠨ ᠲᠤᠬᠠᠢ ᠠᠵᠢᠭᠯᠠᠯᠲᠠ  ①

— ᠳ᠋ᠦᠩᠹᠧᠩ ᠰᠠᠨᠰᠠᠷ᠎ᠤᠨ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠎ᠢ ᠲᠡᠮᠳᠡᠭᠯᠡᠪᠡ


   

ᠨᠠᠢᠷᠠᠭᠤᠯᠤᠭ᠍ᠴᠢ᠎ᠶ᠋ᠢᠨ ᠦᠭᠡ᠄ ᠡᠨᠡ ᠵᠢᠯ ᠤ᠋ᠨ 9 ᠰᠠᠷ᠎ᠠ ᠪᠤᠯ ᠥᠪᠡᠷᠲᠡᠭᠡᠨ ᠵᠠᠰᠠᠬᠤ ᠣᠷᠣᠨ᠎ᠤ ᠲᠦᠴᠢᠨ ᠬᠤᠶᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠵᠢᠨ ᠰᠠᠷ᠎ᠠ ᠪᠤᠯᠤᠨ᠎ᠠ᠃ ᠮᠠᠨ ᠤ᠋ ᠤᠷᠤᠨ 《ᠠᠭᠤᠰᠤᠯᠴᠠᠨ ᠨᠢᠭᠳᠠᠷᠠᠨ ᠤᠮᠠᠷᠠᠲᠤ ᠬᠢᠯᠢ᠎ᠶ᠋ᠢ ᠴᠣᠭ᠍ᠴᠠᠯᠠᠵᠤ᠂ ᠰᠡᠳᠭᠢᠯ ᠨᠢᠭᠡᠳᠦᠨ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠶ᠎ᠠ》 ᠭᠡᠬᠦ᠌ ᠭᠤᠤᠯ ᠰᠡᠳᠦᠪ᠎ᠢᠶᠡᠷ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠦᠨᠳᠦᠰᠦᠲᠡᠨ᠎ᠨᠦᠭᠦᠳ᠎ᠦᠨ ᠰᠡᠳᠭᠢᠯ ᠨᠢᠭᠡᠳᠦᠨ ᠡᠷᠡᠯᠬᠡᠭ᠌ᠯᠡᠨ ᠤᠷᠤᠭ᠍ᠰᠢᠯᠠᠬᠤ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠤᠨ᠎ᠠ᠃ ᠦᠪᠠᠷᠲᠠᠬᠡᠨ ᠵᠠᠰᠠᠬᠤ ᠤᠷᠤᠨ 《ᠭᠤᠷᠪᠠᠨ ᠵᠦᠢᠯ ᠤ᠋ᠨ ᠲᠥᠯᠥᠪᠯᠡᠭᠡ》 (ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ᠂ ᠤᠯᠠᠨ ᠲᠦᠮᠡᠨ᠎ᠦ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠂ ᠵᠢᠭᠤᠯᠴᠢᠯᠠᠯ᠎ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ) ᠪᠡᠷ ᠴᠢᠬᠤᠯᠠ ᠭᠠᠷᠳᠠᠴᠠ ᠪᠣᠯᠭᠠᠨ᠂ 100 ᠱᠢᠯᠢᠳᠡᠭ ᠲᠦᠷᠦᠯ ᠵᠦᠢᠯ᠎ᠢ ᠪᠠᠢᠭᠤᠯᠬᠤ᠎ᠪᠠᠷ ᠲᠥᠯᠥᠪᠯᠡᠵᠦ᠍᠂ ᠦᠨᠳᠦᠰᠦᠲᠡᠨ᠎ᠨᠦᠭᠦᠳ ᠬᠠᠮᠲᠤ᠎ᠪᠠᠷ ᠣᠷᠣᠱᠢᠨ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠨᠡᠢᠭᠡᠮ᠎ᠦᠨ ᠨᠥᠬᠥᠴᠡᠯ᠎ᠢ ᠪᠦᠬᠦ᠌ ᠬᠦᠴᠦ᠍᠎ᠪᠡᠷ᠎ᠢᠶᠡᠨ ᠡᠭᠦᠳᠴᠦ ᠪᠠᠢᠨ᠎ᠠ᠃

 

ᠡᠵᠡᠨ᠎ᠡ ᠬᠣᠱᠢᠭᠤᠨ᠎ᠤ ᠳ᠋ᠦᠩᠹᠧᠩ ᠰᠠᠨᠰᠠᠷ᠎ᠤᠨ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠨᠢ 2023 ᠣᠨ᠎ᠤ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠭᠤᠷᠪᠠᠨ ᠵᠤᠢᠯ ᠤ᠋ᠨ ᠲᠦᠯᠤᠪᠯᠡᠬᠡ》 ᠵᠢᠨ ᠲᠤᠷᠱᠢᠯᠲᠠ᠎ᠶ᠋ᠢᠨ ᠴᠡᠭ᠎ᠦᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ ᠦᠪᠡᠷᠮᠢᠴᠡ ᠰᠠᠨᠰᠠᠷ᠎ᠤᠨ ᠠᠶᠠᠯᠠᠯ᠎ᠤᠨ ᠡᠬᠢ ᠪᠠᠶᠠᠯᠢᠭ ᠪᠣᠯᠤᠨ ᠬᠤᠪᠢᠰᠭᠠᠯ᠎ᠤᠨ ᠤᠤᠷ ᠲᠤᠨᠳᠠᠰᠤ᠎ᠳᠤ ᠰᠠᠭᠤᠷᠢᠯᠠᠵᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠪᠠᠷ ᠭᠤᠤᠯ ᠱᠢᠵᠢᠮ ᠪᠣᠯᠭᠠᠨ᠂ ᠤᠨᠴᠠᠯᠢᠬ᠍ᠳᠤ ᠰᠤᠳᠤᠯᠤᠨ ᠰᠤᠷᠤᠯᠴᠠᠬᠤ  ᠵᠠᠮ ᠱᠤᠭᠤᠮ᠎ᠢ  ᠨᠡᠭᠡᠭᠡᠵᠦ᠂ ᠰᠤᠷᠭᠠᠨ ᠬᠥᠮᠦᠵᠢᠯ᠎ᠦᠨ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠬᠦᠳᠦᠨ᠂ ᠬᠤᠪᠢᠰᠭᠠᠯ᠎ᠤᠨ ᠥᠯᠢᠭᠡᠷ᠎ᠢ ᠰᠠᠢᠲᠤᠷ ᠶᠠᠷᠢᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠭᠦᠨ ᠨᠡᠪᠴᠢᠭᠦᠯᠬᠦ ᠮᠠᠶᠢᠭ᠎ᠤᠨ ᠪᠡᠶᠡᠴᠢ ᠣᠢᠯᠠᠭᠠᠯᠲᠠ ᠳᠤᠮᠳᠠ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠤᠷᠤᠭ᠍ᠰᠢᠯᠠᠨ ᠳᠠᠪᠱᠢᠬᠤ ᠬᠦᠴᠦᠨ᠎ᠢ ᠨᠢᠭ᠍ᠲᠠᠷᠠᠭᠤᠯᠵᠤ᠂ ᠪᠥᠬᠥ᠌ ᠤᠯᠤᠰ᠎ᠤᠨ ᠬᠤᠪᠢᠰᠭᠠᠯ᠎ᠤᠨ ᠬᠥᠮᠦᠵᠢᠯ ᠬᠢᠭᠡᠳ ᠦᠨᠳᠦᠰᠦᠲᠡᠨ᠎ᠦ ᠠᠭᠤᠰᠤᠯᠴᠠᠯ᠎ᠤᠨ ᠬᠡᠪ ᠳᠠᠭᠤᠷᠢᠶᠠᠯ᠎ᠤᠨ ᠵᠢᠭ᠍ᠰᠠᠭᠠᠯ᠎ᠤᠨ ᠭᠠᠵᠠᠷ ᠪᠣᠯᠪᠠ᠃


QQ20250910-102617.png


ᠣᠳᠣᠬᠠᠨ᠎ᠳᠤ᠂ ᠮᠠᠨ᠎ᠤ ᠤᠷᠤᠨ᠎ᠤ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠳ᠋ᠦᠩᠹᠸᠩ ᠰᠠᠨᠰᠠᠷ᠎ᠤᠨ ᠬᠤᠳᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠂ ᠤᠯᠠᠭᠠᠨᠬᠠᠳᠠ ᠬᠤᠳᠠ᠎ᠶ᠋ᠢᠨ ᠬᠤᠩᠱᠠᠨ ᠲᠣᠭᠣᠷᠢᠭ᠎ᠤᠨ 《ᠠᠨᠠᠷ᠎ᠤᠨ ᠬᠣᠯᠪᠣᠭ᠎ᠠ ᠬᠠᠮᠲᠤ ᠪᠠᠷ ᠬᠥᠭ᠌ᠵᠢᠬᠦ᠌》 ᠵᠡᠷᠭᠡ 8 ᠲᠦᠷᠦᠯ ᠵᠦᠢᠯ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ 《ᠭᠤᠷᠪᠠᠨ ᠵᠦᠢᠯ ᠤ᠋ᠨ ᠲᠥᠯᠥᠪᠯᠡᠭᠡ》 ᠵᠢᠨ ᠲᠤᠷᠱᠢᠯᠲᠠ᠎ᠶ᠋ᠢᠨ ᠴᠡᠭ᠎ᠢᠶᠡᠷ ᠰᠣᠩᠭᠣᠭ᠍ᠳᠠᠵᠤ᠂ ᠤᠨᠴᠠᠯᠢᠬ᠍ᠳᠤ ᠦᠢᠯᠡᠳᠦᠯᠭᠡ᠎ᠪᠡᠷ ᠦᠨᠳᠦᠰᠦᠲᠡᠨ᠎ᠦ ᠠᠭᠤᠰᠤᠯᠴᠠᠯ᠎ᠢ ᠠᠬᠢᠭᠤᠯᠵᠤ ᠪᠤᠢ᠃ ᠦᠨᠦᠳᠦᠷ᠎ᠡᠴᠡ ᠡᠬᠢᠯᠡᠨ᠂ ᠪᠢᠳᠡ 《ᠬᠡᠷ ᠣᠷᠣᠨ》 ᠲᠤᠰᠬᠠᠢ ᠨᠢᠭᠤᠷ ᠲᠡᠭᠠᠨ 《ᠠᠭᠤᠰᠤᠯᠴᠠᠨ ᠨᠢᠭᠳᠠᠷᠠᠨ ᠤᠮᠠᠷᠠᠲᠤ ᠬᠢᠯᠢ᠎ᠶ᠋ᠢ ᠴᠣᠭ᠍ᠴᠠᠯᠠᠵᠤ᠂ ᠰᠡᠳᠭᠢᠯ ᠨᠢᠭᠡᠳᠦᠨ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠶ᠎ᠠ —〈ᠭᠤᠷᠪᠠᠨ ᠵᠦᠢᠯ ᠤ᠋ᠨ ᠲᠦᠯᠤᠪᠯᠡᠬᠡ〉ᠵᠢᠨ ᠤᠯᠤᠰ ᠤ᠋ᠨ ᠲᠤᠷᠰᠢᠯᠲᠠ ᠵᠢᠨ ᠴᠡᠭ ᠤ᠋ᠨ ᠲᠦᠷᠦᠯ ᠵᠦᠢᠯ ᠤ᠋ᠨ ᠦᠢᠯᠡᠲᠤᠯᠬᠡ ᠵᠢᠨ ᠲᠤᠬᠠᠢ ᠠᠵᠢᠭᠯᠠᠯᠲᠠ》 ᠱᠢᠷᠢᠰ ᠮᠡᠳᠡᠭᠡᠯᠡᠯ᠎ᠢ ᠨᠡᠢᠲᠡᠯᠡᠵᠦ᠍᠂ ᠲᠤᠷᠱᠢᠯᠲᠠ᠎ᠶ᠋ᠢᠨ ᠴᠡᠭ᠎ᠤᠨ ᠲᠥᠷᠥᠯ ᠵᠦᠶ᠋ᠯ᠎ᠦᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠪᠠᠷᠲᠠᠬᠡᠨ ᠵᠠᠰᠠᠬᠤ ᠤᠷᠤᠨ ᠤ᠋ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠢᠳᠡᠷᠡᠭᠦᠨ ᠠᠯᠬᠤᠭ᠎ᠠ᠎ᠶ᠋ᠢ ᠲᠡᠯᠭᠡᠨ ᠬᠠᠷᠠᠭᠤᠯᠬᠤ ᠪᠠᠷ ᠪᠤᠯᠤᠯ᠎ᠠ᠃ ᠲᠠᠭᠠᠰᠢᠶᠠᠮᠤ !


QQ20250910-102627.png


12 ᠤᠨᠴᠠᠯᠢᠭᠲᠤ ᠰᠤᠳᠤᠯᠤᠨ ᠰᠤᠷᠤᠯᠴᠠᠬᠤ ᠵᠠᠮ ᠱᠤᠭᠤᠮ᠎ᠢ ᠨᠡᠭᠡᠭᠡᠵᠦ᠂ ᠵᠠᠯᠠᠭᠤᠴᠤᠤᠨ ᠪᠠᠭᠠᠴᠤᠤᠨ ᠤ᠋ᠨ ᠤᠯᠤᠰ ᠶ᠋ᠢᠡᠨ ᠬᠠᠢᠷᠠᠯᠠᠬᠤ ᠰᠡᠳᠭᠢᠯᠭᠡ ᠵᠢ ᠨᠡᠮᠡᠭᠳᠡᠬᠦᠯᠦᠨ᠎ᠡ

ᠡᠵᠡᠨ᠎ᠡ ᠬᠣᠱᠢᠭᠤᠨ᠎ᠤ ᠳ᠋ᠦᠩᠹᠧᠩ ᠰᠠᠨᠰᠠᠷ᠎ᠤᠨ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠨᠢ ᠡᠵᠡᠨ᠎ᠡ ᠬᠣᠱᠢᠭᠤᠨ᠎ᠤ ᠬᠤᠪᠢᠰᠭᠠᠯ᠎ᠤᠨ ᠡᠬᠢ ᠪᠠᠶᠠᠯᠢᠭ ᠪᠣᠯᠤᠨ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠢ ᠠᠭᠤᠳᠠᠯᠵᠤ᠂ ᠳ᠋ᠦᠩᠹᠸᠩ ᠰᠠᠨᠰᠠᠷ᠎ᠤᠨ ᠬᠤᠳᠠ᠂ ᠡᠵᠡᠨ᠎ᠡ ᠬᠣᠱᠢᠭᠤᠨ᠎ᠤ ᠨᠠᠮ ᠵᠠᠰᠠᠭ᠎ᠤᠨ ᠪᠠᠢᠭᠤᠯᠭ᠎ᠠ᠎ᠶ᠋ᠢᠨ ᠬᠠᠭᠤᠴᠢ ᠪᠠᠭᠤᠷᠢ᠂ 《ᠬᠠᠮᠤᠭ᠎ᠤᠨ ᠦᠡᠭ ᠰᠢᠮᠡᠯᠢᠭ ᠮᠠᠯᠵᠢᠯ᠎ᠤᠨ ᠲᠠᠯᠠᠪᠠᠢ ᠪᠠᠨ ᠰᠠᠨᠰᠠᠷ᠎ᠤᠨ ᠦᠢᠯᠡᠰ ᠲᠸ᠋ ᠵᠤᠷᠢᠭᠤᠯᠤᠭᠰᠠᠨ》 ᠦᠵᠡᠭᠦᠯᠭᠡ᠎ᠶ᠋ᠢᠨ ᠲᠢᠩᠬᠢᠮ᠂ ᠬᠠᠷ᠎ᠠ ᠬᠤᠳᠠ᠎ᠶ᠋ᠢᠨ ᠪᠠᠭᠤᠷᠢ᠂ ᠡᠯᠡᠰᠦᠨ ᠴᠦᠯ᠎ᠦᠨ ᠲᠣᠣᠷᠠᠢ᠎ᠶ᠋ᠢᠨ ᠤᠢ᠎ᠶ᠋ᠢᠨ ᠦᠵᠡᠮᠵᠢ᠎ᠶ᠋ᠢᠨ ᠣᠷᠣᠨ ᠵᠡᠷᠭᠡ 12 ᠤᠨᠴᠠᠯᠢᠬ᠍ᠳᠤ ᠵᠢᠭᠠᠨ ᠰᠤᠷᠭᠠᠯᠲᠠ᠎ᠶ᠋ᠢᠨ ᠴᠡᠭ᠎ᠢ ᠬᠣᠯᠪᠣᠵᠤ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠎ᠪᠠᠷ 《ᠵᠢᠭᠠᠬᠤ ᠲᠥᠰᠦᠯ》ᠵᠤᠬᠢᠶᠠᠵᠤ᠂ ᠨᠣᠭᠣᠭᠠᠨ ᠪᠦᠷᠢᠳᠦ᠍᠎ᠶ᠋ᠢᠨ ᠡᠭᠡ ᠭᠠᠵᠠᠷ᠎ᠢᠶᠠᠷ  《ᠬᠢᠴᠢᠶᠡᠯ᠎ᠦᠨ ᠭᠡᠷ》 ᠪᠣᠯᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠂ ᠲᠡᠦᠬᠡ ᠰᠣᠶᠣᠯ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠬᠠᠮᠤᠷᠤᠭ᠍ᠰᠠᠨ ᠪᠦᠬᠦ᠌ ᠲᠠᠯ᠎ᠠ᠎ᠶ᠋ᠢᠨ ᠰᠤᠳᠤᠯᠤᠨ ᠰᠤᠷᠤᠯᠴᠠᠬᠤ ᠱᠢᠰᠲᠸᠮ᠎ᠢ ᠪᠠᠢᠭᠤᠯᠵᠠᠢ᠃

2025 ᠣᠨ᠎ᠤ 8 ᠰᠠᠷ᠎ᠠ᠎ᠳᠤ᠂ 《ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠴᠡᠷᠢᠭ᠎ᠶ᠋ᠢᠡᠨ ᠬᠦᠴᠦᠷᠬᠡᠭ᠌ᠵᠢᠭᠦᠯᠬᠦ ᠳ᠋ᠤ ᠬᠠᠷᠢᠭᠤᠴᠠᠯᠭ᠎ᠠ ᠡᠭᠦᠷᠭᠡᠯᠡᠯ᠎ᠲᠡᠶ》 ᠬᠡᠬᠦ ᠰᠤᠷᠤᠭ᠍ᠴᠢᠳ᠎ᠤᠨ ᠴᠡᠷᠢᠭ᠎ᠦᠨ ᠶᠠᠪᠤᠳᠠᠯ᠎ᠤᠨ ᠵᠤᠰᠠᠯᠠᠩ᠎ᠤᠨ ᠰᠤᠳᠤᠯᠤᠨ ᠰᠤᠷᠤᠯᠴᠠᠬᠤ ᠠᠵᠢᠯᠯᠠᠭ᠎ᠠ ᠡᠨᠳᠡ ᠶᠠᠪᠤᠭ᠍ᠳᠠᠵᠤ᠂ ᠪᠠᠶᠠᠨᠨᠠᠭᠤᠷ᠂ ᠠᠯᠠᠱᠠ᠂ ᠦᠬᠠᠢ᠂ ᠤᠷᠳᠤᠰ ᠵᠡᠷᠭᠡ ᠲᠦᠷᠪᠡᠨ ᠠᠢᠮᠠᠬ ᠬᠤᠲᠠ ᠡᠴᠠ ᠬᠦᠷᠤᠯᠴᠠᠨ ᠢᠷᠡᠭ᠌ᠰᠡᠨ 175 ᠨᠡᠷᠡᠰ ᠪᠠᠭ᠍ᠰᠢ ᠰᠤᠷᠤᠭ᠍ᠴᠢᠳ ᠳ᠋ᠦᠩᠹᠸᠩ ᠰᠠᠨᠰᠠᠷ᠎ᠤᠨ ᠬᠤᠳᠠ᠎ᠶ᠋ᠢᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ᠎ᠳᠤ ᠬᠦᠷᠴᠦ᠍ ᠸᠸᠨ ᠲᠢᠶᠠᠨ ᠭᠸ ᠲᠠᠭ᠍ᠲᠤ᠎ᠳᠤ ᠪᠠᠶᠠᠴᠢᠯᠠᠨ ᠤᠢᠯᠠᠭᠠᠪᠠ᠃ ᠰᠤᠷᠤᠭᠴᠢᠳ《ᠳ᠋ᠦᠩ ᠹᠠᠩ ᠬᠣᠩ ᠨᠢᠭᠡᠳᠦᠭᠡᠷ》ᠳᠠᠭᠠᠭᠤᠯᠢ ᠤᠳᠤᠨ᠎ᠤ ᠵᠠᠭ᠍ᠪᠤᠷ᠂ ᠬᠤᠪᠢᠯᠭᠠᠨ ᠣᠩᠭᠣᠴᠠ ᠨᠢᠰᠭᠦ ᠣᠩᠭᠣᠴᠠ᠎ᠶ᠋ᠢᠨ ᠪᠤᠴᠠᠬᠤ ᠦᠷᠦᠬᠡ ᠵᠡᠷᠭᠡ ᠪᠣᠳᠠᠲᠤ ᠪᠣᠳᠠᠰ᠎ᠤᠨ ᠦᠵᠡᠭᠦᠯᠭᠡ᠎ᠶ᠋ᠢ ᠲᠤᠭᠤᠷᠢᠨ ᠦᠵᠡᠵᠤ ᠰᠤᠷᠤᠯᠴᠠᠪᠠ; 《ᠬᠣᠶᠠᠷ ᠪᠥᠮᠪᠥᠭᠡ ᠨᠢᠭᠡ ᠤᠳᠤ》ᠡᠴᠡ ᠬᠤᠪᠢᠯᠭᠠᠨ ᠣᠩᠭᠣᠴᠠ ᠰᠠᠨᠰᠠᠷ᠎ᠲᠤ ᠳᠡᠭᠦᠯᠢᠬᠦ᠌ ᠬᠦᠷᠲᠡᠯᠡᠬᠢ ᠲᠡᠮᠡᠴᠡᠯ᠎ᠦᠨ ᠶᠠᠪᠤᠴᠠ᠎ᠶ᠋ᠢ ᠰᠣᠨᠣᠰᠤᠭᠠᠳ᠂ ᠤᠷᠳᠤᠰ ᠬᠤᠳᠠ᠎ᠶ᠋ᠢᠨ ᠰᠤᠷᠤᠬ᠍ᠴᠢ ᠸᠠᠩ ᠢᠦᠢ ᠱᠢᠤᠸᠠᠨ᠄ 《ᠬᠢᠴᠢᠶᠡᠯ᠎ᠦᠨ ᠪᠢᠴᠢᠭ᠎ᠲᠡᠬᠢ ᠰᠠᠨᠰᠠᠷ᠎ᠤᠨ ᠠᠶᠠᠯᠠᠯ᠎ᠤᠨ ᠥᠯᠢᠭᠡᠷ ᠨᠢ ᠨᠢᠳᠦᠨ ᠡᠮᠦᠨ᠎ᠡ ᠪᠤᠳᠠᠳᠠᠢ ᠢᠯᠡᠷᠡᠵᠦ᠂ ᠰᠠᠨᠰᠠᠷ᠎ᠤᠨ ᠲᠡᠬᠦᠯᠢᠯᠳᠡ ᠪᠤᠯᠭᠠᠨ ᠳ᠋ᠤ ᠡᠢᠮᠦ᠍ ᠣᠯᠠᠨ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠭ᠍ᠰᠠᠨ ᠥᠯᠢᠭᠡᠷ ᠨᠢᠭᠤᠭ᠍ᠳᠠᠵᠤ ᠪᠠᠢᠬᠤ᠎ᠶ᠋ᠢ ᠣᠯᠵᠤ ᠮᠡᠳᠡᠵᠠᠢ》ᠭᠡᠵᠦ᠍ ᠰᠡᠳᠭᠢᠯ ᠳᠣᠭ᠍ᠳᠣᠯᠤᠨ ᠬᠡᠯᠡᠪᠡ᠃ 《ᠬᠠᠮᠤᠭ᠎ᠤᠨ ᠦᠡᠭ ᠰᠢᠮᠡᠯᠢᠭ ᠮᠠᠯᠵᠢᠯ᠎ᠤᠨ ᠲᠠᠯᠠᠪᠠᠢ ᠪᠠᠨ ᠰᠠᠨᠰᠠᠷ᠎ᠤᠨ ᠠᠶᠠᠯᠠᠯ ᠳ᠋ᠤ ᠵᠤᠷᠢᠭᠤᠯᠤᠭᠰᠠᠨ 》 ᠦᠯᠢᠭᠡᠷ ᠨᠢ ᠬᠥᠮᠦᠰ᠎ᠢ ᠨᠡᠩ ᠬᠠᠯᠠᠭᠤᠨ ᠨᠢᠯᠪᠤᠰᠤ ᠠᠰᠭᠠᠷᠠᠭᠤᠯᠤᠨ᠎ᠠ᠃ ᠦᠬᠠᠢ ᠬᠤᠳᠠ᠎ᠶ᠋ᠢᠨ ᠠᠷᠪᠠᠳᠤᠭᠠᠷ ᠳᠤᠮᠳᠠᠳᠤ ᠰᠤᠷᠭᠠᠭᠤᠯᠢ᠎ᠶ᠋ᠢᠨ ᠬ᠍ᠤ ᠯᠢᠨ ᠲᠤᠤ᠄ 《ᠮᠠᠯᠴᠢᠳ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠦᠨ ᠲᠥᠯᠥᠭᠡ ᠮᠠᠯ ᠤᠨᠤᠭ᠎ᠠ᠎ᠪᠠᠨ ᠬᠦᠭᠡᠭᠡᠵᠦ ᠦᠶ᠎ᠡ᠎ᠶ᠋ᠢᠨ ᠦᠶ᠎ᠡ᠎ᠳᠡᠭᠡᠨ ᠠᠮᠢᠳᠤᠷᠠᠵᠤ ᠪᠠᠢᠭ᠍ᠰᠠᠨ ᠮᠠᠯᠵᠢᠯ᠎ᠤᠨ ᠲᠠᠯᠠᠪᠠᠢ᠎ᠠᠴᠠ  ᠪᠠᠨ ᠰᠢᠯᠵᠢᠵᠡᠢ᠃ ᠡᠢᠮᠦᠷᠬᠦᠦ 〈ᠦᠪᠡᠷ᠎ᠤᠨ ᠭᠡᠷ ᠪᠦᠯᠢ᠎ᠪᠡᠨ ᠦᠷᠡᠭ᠌ᠳᠡᠭᠦᠯᠵᠦ᠍ ᠤᠯᠤᠰ ᠤᠷᠤᠨ᠎ᠤ  ᠪᠠᠨ ᠲᠦᠯᠦᠭᠡ ᠵᠢᠳᠬᠦᠭ᠌ᠰᠡᠨ〉 ᠬᠠᠢᠷ᠎ᠠ ᠰᠡᠳᠭᠢᠯᠭᠡ ᠨᠢ ᠨᠠᠳᠠ ᠵᠢᠩᠬᠢᠨᠢ ᠤᠯᠤᠰ᠎ᠭᠡᠷ᠎ᠤᠨ ᠬᠠᠷᠢᠭᠤᠴᠠᠯᠭ᠎ᠠ ᠭᠡᠭᠴᠢ ᠶᠠᠮᠠᠷ ᠪᠠᠢᠳᠠᠭ᠎ᠢ ᠤᠢ᠍ᠢᠯᠠᠭᠠᠭᠤᠯᠪᠠ》 ᠭᠡᠪᠡ᠃

ᠰᠤᠷᠭᠠᠨ ᠬᠥᠮᠦᠵᠢᠯ᠎ᠦᠨ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠵᠠᠯᠠᠭᠤᠴᠤᠤᠨ ᠪᠠᠭᠠᠴᠤᠤᠨ ᠤ᠋ᠨ ᠬᠤᠪᠢᠰᠭᠠᠯ᠎ᠤᠨ ᠭᠸᠨ᠎ᠢ ᠠᠮᠢᠯᠠᠭᠤᠯᠤᠨ᠎ᠠ

ᠤᠯᠠᠮᠵᠢᠯᠠᠯᠲᠤ ᠬᠤᠪᠢᠰᠭᠠᠯ᠎ᠤᠨ ᠬᠥᠮᠦᠵᠢᠯ᠎ᠦᠨ ᠬᠡᠪ ᠵᠠᠭ᠍ᠪᠤᠷ᠎ᠤᠨ ᠰᠢᠨ᠎ᠡ ᠵᠢ ᠡᠬᠦᠳᠬᠦ᠌᠎ᠶ᠋ᠢᠨ ᠲᠥᠯᠥᠭᠡ ᠡᠵᠡᠨ᠎ᠡ ᠬᠣᠱᠢᠭᠤᠨ᠎ᠤ ᠳ᠋ᠦᠩᠹᠧᠩ ᠰᠠᠨᠰᠠᠷ᠎ᠤᠨ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠎ᠤ᠎ᠬᠢᠨ ᠵᠠᠯᠠᠭᠤᠴᠤᠳ ᠪᠠᠭᠠᠴᠤᠳ᠎ᠤᠨ ᠦᠵᠡᠵᠦ᠍ ᠰᠣᠨᠣᠰᠭᠤ ᠳᠤᠷᠠᠲᠠᠶ ᠠᠷᠭ᠎ᠠ ᠬᠡᠯᠪᠡᠷᠢ᠎ᠪᠡᠷ ᠠᠵᠢᠯᠯᠠᠭᠠᠨ᠎ᠤ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ 《ᠰᠤᠳᠤᠯᠤᠨ ᠰᠤᠷᠤᠯᠴᠠᠬᠤ + ᠬᠤᠪᠢᠯᠭᠠᠨ ᠣᠩᠭᠣᠴᠠ ᠬᠥᠮᠦᠨ ᠰᠠᠭᠤᠯᠭᠠᠭ᠍ᠰᠠᠨ ᠨᠢᠰᠭᠦ ᠣᠩᠭᠣᠴᠠ᠎ᠶ᠋ᠢ ᠰᠣᠨᠢᠷᠬᠠᠬᠤ ᠪᠡᠶᠡᠴᠢ ᠣᠢᠯᠠᠭᠠᠯᠳᠠ》ᠵᠢᠨ ᠤᠨᠴᠠᠯᠢᠬ᠍ᠳᠤ ᠲᠥᠷᠥᠯ ᠵᠦᠶ᠋ᠯ᠎ᠢ ᠭᠠᠷᠭᠠᠵᠤ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠬᠤᠪᠢᠯᠭᠠᠨ ᠣᠩᠭᠣᠴᠠ ᠨᠢᠰᠭᠦ ᠣᠩᠭᠣᠴᠠ᠎ᠶ᠋ᠢᠨ ᠬᠠᠷᠪᠤᠯᠲᠠ᠎ᠶ᠋ᠢᠨ ᠵᠢᠶᠠᠰᠠ᠂ ᠳ᠋ᠦᠩ ᠹᠠᠩ ᠬᠤᠩ ᠳᠠᠭᠠᠭᠤᠯᠢ ᠣᠳᠣᠨ᠎ᠤ ᠬᠠᠷᠪᠤᠯᠲᠠ᠎ᠶ᠋ᠢᠨ ᠲᠠᠯᠠᠪᠠᠶ᠂ ᠲᠩᠷᠢ᠎ᠶ᠋ᠢᠨ ᠣᠷᠳᠣᠨ᠎ᠤ ᠬᠢᠴᠢᠶᠡᠯ᠎ᠦᠨ ᠲᠠᠩᠬᠢᠮ᠎ᠤᠨ ᠭᠠᠵᠠᠷ ᠳᠡᠭᠡᠷᠡᠬᠢ ᠬᠢᠴᠢᠶᠡᠯ᠎ᠦᠨ ᠲᠠᠩᠬᠢᠮ᠎ᠵᠢᠡᠷ ᠲᠤᠭᠤᠷᠢᠨ ᠦᠵᠡᠬᠦᠯᠵᠦ᠂ ᠲᠡᠢᠷᠦᠯᠲᠦ ᠰᠤᠮᠤ ᠣᠭ᠍ᠲᠠᠷᠭᠤᠶ᠎ᠳᠤ ᠭᠠᠷᠤᠭ᠍ᠰᠠᠨ ᠭᠠᠢᠬᠠᠮᠱᠢᠭ᠎ᠢ ᠪᠡᠶᠡᠴᠢᠯᠡᠨ ᠤᠢᠯᠠᠭᠠᠭᠤᠯᠪᠠ; ᠭᠠᠴᠠᠭ᠎ᠠ (ᠨᠡᠢᠭᠡᠮ ᠲᠣᠭᠣᠷᠢᠭ) ᠪᠠ ᠲᠤᠤᠷᠠᠶ ᠵᠢᠨ ᠮᠤᠳᠤᠨ᠎ᠤ ᠳᠤᠤᠷ᠎ᠠ 《ᠨᠡᠭᠦᠳᠡᠯ ᠲᠠᠪᠴᠠᠩ》 ᠪᠠᠢᠭᠤᠯᠵᠤ᠂ 《ᠲᠤᠤᠷᠠᠶ ᠶᠠᠷᠢᠶᠠᠨ᠎ᠤ ᠲᠠᠩᠬᠢᠮ》᠂ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭᠠᠨ᠎ᠤ ᠥᠯᠢᠭᠡᠷ》 ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠦᠵᠡᠭ᠌ᠳᠡᠯᠲᠦ ᠵᠦᠴᠦᠭᠡ᠂ ᠴᠠᠷᠭᠢᠯ ᠬᠣᠯᠪᠣᠭ᠎ᠠ ᠵᠡᠷᠭᠡ ᠬᠡᠯᠪᠡᠷᠢ᠎ᠪᠡᠷ ᠬᠤᠪᠢᠰᠭᠠᠯ᠎ᠤᠨ ᠥᠯᠢᠭᠡᠷ᠎ᠢ ᠲᠣᠭ᠍ᠯᠠᠵᠤ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠪᠣᠯᠤᠨ ᠦᠨᠳᠦᠰᠦᠲᠡᠨ᠎ᠦ ᠨᠥᠬᠥᠷᠯᠡᠯ᠎ᠢ ᠬᠠᠷᠢᠯᠴᠠᠨ ᠳᠠᠮᠵᠢᠭᠤᠯᠪᠠ᠃

2024 ᠣᠨ᠎ᠳᠤ᠂ 《ᠤᠯᠠᠭᠠᠨ ᠪᠥᠴᠡᠲᠡᠨ ᠡᠬᠡ ᠤᠯᠤᠰ᠎ᠢᠶᠠᠨ ᠬᠠᠢᠷᠠᠯᠠᠬᠤ》ᠥᠪᠥᠷ ᠮᠣᠩᠭᠣᠯ ᠭᠦᠶ᠋ᠵᠧᠸ᠋ ᠬᠣᠶᠠᠷ ᠭᠠᠵᠠᠷ᠎ᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠭᠠᠷ ᠭᠠᠷ᠎ᠢᠶᠠᠨ ᠬᠣᠯᠪᠣᠯᠴᠠᠨ ᠬᠤᠪᠢᠯᠭᠠᠨ ᠣᠩᠭᠣᠴᠠ ᠠᠷᠪᠠ ᠶᠢᠰᠦᠳᠦᠭᠡᠷ᠎ᠢ ᠬᠠᠷᠪᠤᠬᠤ ᠦᠶ᠋ᠯᠡᠳᠦᠯᠭᠡ᠎ᠶ᠋ᠢᠨ ᠠᠵᠢᠯᠯᠠᠭ᠎ᠠ ᠵᠢ ᠰᠤᠨᠢᠷᠬᠠᠬᠤ ᠶᠤᠰᠤᠯᠠᠯ ᠡᠨᠳᠡ ᠶᠠᠪᠤᠭ᠍ᠳᠠᠵᠠᠢ᠃ ᠲᠡᠢ᠌ᠷᠦᠯᠲᠦ ᠰᠤᠮᠤ ᠣᠭ᠍ᠲᠠᠷᠭᠤᠢ᠎ᠶ᠋ᠢ ᠵᠦᠰᠦᠵᠦ᠂ ᠭᠦᠢᠵᠧᠦ ᠥᠪᠥᠷ ᠮᠣᠩᠭᠣᠯ ᠬᠣᠶᠠᠷ ᠭᠠᠵᠠᠷ᠎ᠠᠴᠠ ᠢᠷᠡᠭ᠌ᠰᠡᠨ 50 ᠭᠠᠷᠤᠢ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠰᠡᠳᠬᠢᠯ ᠬᠦᠭᠰᠡᠨ᠎ᠠ᠃ ᠭᠦᠢᠵᠧᠦ᠍᠎ᠶ᠋ᠢᠨ ᠽᠦᠨ ᠢ᠎ᠶ᠋ᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ ᠴᠧᠨ ᠢᠦᠢ ᠲᠦᠩ᠄ 《ᠥᠪᠥᠷ ᠮᠣᠩᠭᠣᠯ᠎ᠤᠨ ᠪᠢᠴᠢᠬᠠᠨ ᠨᠠᠢᠵᠠ ᠨᠠᠷ᠎ᠲᠠᠶ ᠬᠠᠮᠲᠤ ᠬᠤᠪᠢᠯᠭᠠᠨ ᠣᠩᠭᠣᠴᠠ ᠣᠭ᠍ᠲᠠᠷᠭᠤᠢ᠎ᠳᠤ ᠳᠡᠭᠦᠯᠢᠨ ᠨᠢᠰᠭᠦ᠎ᠶ᠋ᠢ ᠭᠡᠷᠡᠴᠢᠯᠡᠵᠦ᠍᠂ ᠪᠠᠰᠠ ᠡᠵᠡᠨ᠎ᠡ᠎ᠶ᠋ᠢᠨ ᠮᠠᠯᠴᠢᠳ᠎ᠤᠨ ᠰᠠᠨᠰᠠᠷ᠎ᠤᠨ ᠠᠶᠠᠯᠠᠯ᠎ᠢ ᠲᠤᠰᠠᠯᠠᠭ᠍ᠰᠠᠨ ᠦᠯᠢᠭᠡᠷ᠎ᠢ ᠰᠣᠨᠣᠰᠴᠤ᠌᠂ ᠡᠬᠡ ᠤᠯᠤᠰ᠎ᠤᠨ ᠬᠦᠴᠦᠷᠬᠡᠭ ᠶᠡᠬᠡ᠎ᠶ᠋ᠢ ᠰᠡᠷᠡᠵᠦ᠍ ᠮᠡᠳᠡᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠨᠦᠭᠦᠳ᠎ᠦᠨ ᠪᠢᠴᠢᠬᠠᠨ ᠨᠠᠢᠵᠠ ᠨᠠᠷ ᠲᠠᠢ ᠬᠦᠨ ᠵᠤᠵᠠᠭᠠᠨ ᠨᠦᠬᠦᠷᠯᠡᠯ ᠪᠠᠢᠭᠤᠯᠪᠠ》 ᠬᠡᠪᠠ᠃ ᠲᠣᠰ ᠤᠳᠠᠭᠠᠨ᠎ᠤ ᠠᠵᠢᠯᠯᠠᠭ᠎ᠠ᠎ᠶ᠋ᠢᠨ ᠳᠠᠷᠠᠭ᠎ᠠ᠂ ᠬᠣᠶᠠᠷ ᠭᠠᠵᠠᠷ᠎ᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠪᠠᠰᠠ ᠵᠠᠬᠢᠳᠠᠯ᠎ᠢᠶᠠᠷ ᠳᠡᠮᠵᠢᠨ ᠲᠥᠷᠥᠭ᠌ᠳᠡᠯ᠎ᠢᠶᠡᠨ ᠬᠤᠪᠢᠶᠠᠯᠴᠠᠵᠤ᠂ ᠮᠢᠩᠭᠠᠨ ᠭᠠᠵᠠᠷ᠎ᠢ ᠠᠯᠤᠰᠯᠠᠭ᠍ᠰᠠᠨ ᠦᠨᠳᠦᠰᠦᠲᠡᠨ᠎ᠦ ᠨᠥᠬᠥᠷᠯᠡᠯ᠎ᠢ ᠦᠷᠭᠦᠯᠵᠢᠯᠡᠭᠦᠯᠪᠡ᠃ ᠪᠦᠷᠢᠳᠭᠡᠯ᠎ᠢ ᠦᠨᠳᠦᠰᠦᠯᠡᠪᠡᠯ᠂ 2024 ᠣᠨ᠎ᠳᠤ ᠲᠤᠰ ᠰᠠᠭᠤᠷᠢᠨ ᠨᠢ ᠨᠡᠢᠲᠡ 20 ᠭᠠᠷᠤᠶ ᠰᠤᠳᠤᠯᠤᠨ ᠰᠤᠷᠤᠯᠴᠠᠬᠤ ᠪᠦᠯᠬᠦᠮ᠎ᠢ ᠭᠥᠯᠢᠶᠡᠨ ᠠᠪᠴᠤ᠌᠂ ᠦᠨᠳᠦᠰᠦᠲᠡᠨ᠎ᠨᠦᠭᠦᠳ᠎ᠦᠨ 1500 ᠱᠢᠬᠠᠮ ᠰᠣᠷᠣᠭ᠍ᠴᠢ ᠪᠣᠯᠤᠨ ᠬᠡᠷ᠎ᠦᠨ ᠠᠬᠠᠮᠠᠳ ᠣᠷᠣᠯᠴᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠴᠢᠬᠤᠯᠠ ᠲᠠᠪᠴᠠᠩ ᠪᠣᠯᠤᠭ᠍ᠰᠠᠨ ᠪᠠᠢᠨ᠎ᠠ᠃

ᠬᠤᠪᠢᠰᠭᠠᠯ᠎ᠤᠨ ᠦᠯᠢᠭᠡᠷ᠎ᠢ ᠰᠠᠢᠲᠤᠷ ᠶᠠᠷᠢᠵᠤ᠂ ᠦᠨᠲᠤᠰᠤᠲᠠᠨ ᠤ᠋ ᠠᠭᠤᠰᠤᠯᠴᠠᠯ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠤᠨ᠎ᠠ

ᠡᠵᠡᠨ᠎ᠡ ᠬᠣᠱᠢᠭᠤᠨ᠎ᠤ ᠳ᠋ᠦᠩᠹᠧᠩ ᠰᠠᠨᠰᠠᠷ᠎ᠤᠨ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠤ᠋᠎ᠬᠢᠨ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ᠎ᠢ ᠰᠠᠢᠲᠤᠷ ᠶᠠᠷᠢᠬᠤ》 ᠪᠠᠷ ᠭᠤᠤᠯ ᠡᠭᠦᠷᠭᠡ᠎ᠪᠡᠨ ᠪᠣᠯᠭᠠᠵᠤ᠂ ᠲᠤᠰᠭᠠᠶ ᠮᠡᠷᠭᠡᠵᠢᠯ᠎ᠦᠨ ᠵᠣᠬᠢᠶᠠᠨ ᠪᠢᠴᠢᠬᠦ᠌ ᠲᠤᠰᠭᠠᠶ ᠠᠩᠭᠢ᠎ᠶ᠋ᠢ ᠵᠣᠬᠢᠶᠠᠨ ᠪᠠᠢᠭᠤᠯᠵᠤ᠂ 12 ᠵᠢᠭᠠᠨ ᠰᠤᠷᠭᠠᠯᠲᠠ᠎ᠶ᠋ᠢᠨ ᠴᠡᠭ᠎ᠦᠨ ᠲᠠᠢᠯᠪᠤᠷᠢᠯᠠᠯᠲᠠ᠎ᠶ᠋ᠢ ᠳᠠᠬᠢᠨ ᠡᠷᠬᠢᠴᠡᠬᠦᠯᠵᠦ᠂ 《 ᠬᠣᠱᠢᠭᠤ ᠵᠠᠰᠠᠭ᠎ᠤᠨ ᠣᠷᠳᠣᠨ᠎ᠢᠶᠡᠨ ᠭᠤᠷᠪᠠᠨᠲᠠ ᠨᠡᠬᠦᠯᠬᠡᠵᠤ᠂ ᠬᠠᠮᠤᠭ᠎ᠤᠨ ᠦᠡᠭ ᠰᠢᠮᠡᠯᠢᠭ ᠮᠠᠯᠵᠢᠯ᠎ᠤᠨ ᠲᠠᠯᠠᠪᠠᠶ᠎ᠪᠠᠨ ᠰᠠᠨᠰᠠᠷ᠎ᠤᠨ ᠠᠶᠠᠯᠠᠯ ᠳ᠋ᠤ ᠵᠤᠷᠢᠭᠤᠯᠤᠭᠰᠠᠨ》 ᠵᠡᠷᠭᠡ ᠥᠯᠢᠭᠡᠷ᠎ᠢ ᠲᠠᠢᠯᠤᠮᠵᠢ᠎ᠳᠤ ᠠᠭᠤᠰᠭᠠᠵᠤ᠂ ᠲᠠᠢᠯᠪᠤᠷᠢᠯᠠᠯᠲᠠ ᠨᠢᠭᠡᠪᠦᠷᠢ᠎ᠶ᠋ᠢ ᠴᠥᠮ ᠦᠨᠳᠦᠰᠦᠲᠡᠨ᠎ᠦ ᠶᠡᠬᠡ ᠵᠢᠷᠤᠮ᠎ᠢ ᠢᠯᠡᠷᠡᠭᠦᠯᠬᠦ᠌᠂ ᠰᠡᠳᠭᠢᠯ᠎ᠢᠶᠡᠨ ᠨᠢᠭᠡᠳᠭᠡᠬᠦ᠌ ᠵᠣᠷᠢᠭ ᠰᠠᠨᠠᠭ᠎ᠠ᠎ᠶ᠋ᠢ ᠳᠠᠮᠵᠢᠭᠤᠯᠬᠤ ᠠᠴᠢᠶᠠᠯᠠᠪᠤᠷᠢ ᠪᠣᠯᠭᠠᠵᠠᠢ; ᠡᠭᠦᠨ᠎ᠦ ᠬᠠᠮᠲᠤ᠂ ᠰᠠᠨᠰᠠᠷ᠎ᠤᠨ ᠠᠶᠠᠯᠠᠯ᠎ᠤᠨ ᠭᠤᠤᠯ ᠰᠡᠳᠦᠪᠲᠦ ᠰᠣᠶᠣᠯ᠎ᠤᠨ ᠪᠦᠳᠦᠭᠡᠯᠴᠢ ᠦᠶ᠋ᠯᠡᠳᠬᠦᠨ᠎ᠢ ᠵᠢᠷᠤᠵᠤ ᠲᠥᠯᠥᠪᠯᠡᠨ᠂ ᠣᠯᠠᠨ ᠡᠱᠢᠴᠢᠯᠡᠭ᠌ᠰᠡᠨ ᠬᠡᠯᠪᠡᠷᠢ᠎ᠪᠡᠷ ᠬᠤᠪᠢᠰᠭᠠᠯᠲᠤ ᠥᠯᠢᠭᠡᠷ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠪᠠ᠃

2023 ᠣᠨ᠎ᠤ ᠬᠣᠷᠢᠨ ᠳᠥᠷᠪᠡᠳᠦᠭᠡᠷ ᠬᠤᠭᠤᠴᠠᠭᠠᠨ᠎ᠤ ᠡᠵᠡᠨ᠎ᠡ᠎ᠶ᠋ᠢᠨ ᠨᠠᠮᠤᠷ ᠲᠤᠤᠷᠠᠶ ᠵᠢᠨ ᠤᠢ᠎ᠶᠢᠨ  ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠨᠠᠢᠷ᠎ᠤᠨ ᠬᠤᠭᠤᠴᠠᠭᠠᠨ᠎ᠳᠤ᠂ ᠡᠵᠡᠨ᠎ᠡ ᠬᠣᠱᠢᠭᠤᠨ᠎ᠤ ᠳ᠋ᠦᠩᠹᠧᠩ ᠰᠠᠨᠰᠠᠷ᠎ᠤᠨ ᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠤ᠋᠎ᠬᠢᠨ ᠲᠤᠬᠠᠶ᠎ᠶ᠋ᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠡᠶ ᠬᠠᠮᠲᠤᠷᠠᠨ《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ + ᠲᠤᠤᠷᠠᠶ ᠵᠢᠨ ᠰᠣᠶᠣᠯ》 ᠤ᠋ᠨ ᠭᠤᠤᠯ ᠰᠡᠳᠦᠪᠲᠦ ᠦᠵᠡᠭᠦᠯᠭᠡ ᠭᠠᠷᠭᠠᠵᠤ᠂ ᠬᠠᠭᠤᠴᠢᠨ ᠬᠡᠷᠡᠯ ᠵᠢᠷᠤᠭ᠂ ᠪᠣᠳᠠᠲᠤ ᠪᠣᠳᠠᠰ᠎ᠤᠨ ᠦᠵᠡᠭᠦᠯᠭᠡ ᠪᠣᠯᠤᠨ ᠬᠤᠷᠱᠢᠯᠴᠠᠭ᠎ᠠ᠎ᠪᠠᠷ ᠳᠡᠮᠵᠢᠨ ᠡᠵᠡᠨ᠎ᠡ᠎ᠶ᠋ᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠨᠰᠠᠷ᠎ᠤᠨ ᠠᠶᠠᠯᠠᠯ᠎ᠢ ᠲᠤᠰᠠᠯᠠᠵᠤ᠂ ᠠᠮᠢ ᠠᠬᠤᠶ᠎ᠶ᠋ᠢ ᠬᠠᠮᠠᠭᠠᠯᠠᠭ᠍ᠰᠠᠨ ᠲᠡᠮᠡᠴᠡᠯ᠎ᠦᠨ ᠥᠩᠭᠡᠷᠡᠯᠲᠡ᠎ᠶ᠋ᠢ ᠳᠡᠯᠭᠡᠨ ᠦᠵᠡᠭᠦᠯᠵᠡᠶ᠃ ᠪᠡᠭᠡᠵᠢᠩ᠎ᠦᠨ ᠵᠢᠭᠤᠯᠴᠢᠯᠠᠭ᠍ᠴᠢ ᠯᠢ ᠠᠪᠠᠬᠠᠶ ᠬᠡᠦᠬᠡᠳ᠎ᠢᠶᠡᠨ ᠳᠠᠭᠠᠭᠤᠯᠤᠨ ᠲᠣᠭᠣᠷᠢᠨ ᠦᠵᠡᠭ᠌ᠰᠡᠨ᠎ᠦ ᠳᠠᠷᠠᠭ᠎ᠠ ᠰᠤᠷᠪᠤᠯᠵᠢᠯᠠᠭ᠎ᠠ ᠬᠦᠯᠢᠶᠠᠬᠦ ᠳ᠋ᠡᠬᠡᠨ᠄ 《ᠲᠤᠤᠷᠠᠶ᠎ᠶ᠋ᠢᠨ ᠣᠶ᠎ᠶ᠋ᠢᠨ ᠰᠦᠷᠯᠢᠭ ᠰᠠᠢᠬᠠᠨ᠎ᠢ ᠣᠯᠵᠤ ᠦᠵᠡᠭ᠌ᠰᠡᠨ᠎ᠢᠶᠡᠷ ᠪᠠᠷᠠᠬᠤ ᠥᠬᠡᠶ᠂ ᠡᠵᠡᠨ᠎ᠡ᠎ᠶ᠋ᠢᠨ ᠠᠷᠠᠳ ᠲᠦᠮᠡᠨ᠎ᠦ ᠤᠯᠤᠰ ᠣᠷᠣᠨ᠎ᠤ᠎ᠪᠠᠨ ᠲᠥᠯᠥᠭᠡ ᠭᠠᠷᠭᠠᠭ᠍ᠰᠠᠨ ᠦᠷᠡᠭ᠌ᠳᠡᠯ᠎ᠢ ᠴᠦ᠍ ᠤᠢᠯᠠᠭᠠᠵᠤ ᠮᠡᠳᠡᠵᠡᠶ》 ᠭᠡᠵᠦ ᠪᠠᠢᠯ᠎ᠠ᠃ ᠡᠢᠮᠦᠷᠬᠦᠦ ᠬᠤᠪᠢᠰᠭᠠᠯᠲᠤ ᠥᠯᠢᠭᠡᠷ᠎ᠢ ᠪᠠᠢᠭᠠᠯᠢ᠎ᠶ᠋ᠢᠨ ᠥᠩᠭᠡ ᠦᠵᠡᠮᠵᠢ᠎ᠲᠡᠶ ᠤᠶᠠᠯᠳᠤᠭᠤᠯᠬᠤ ᠠᠷᠭ᠎ᠠ ᠮᠠᠶᠢᠭ ᠨᠢ 《ᠦᠨᠳᠦᠰᠦᠲᠡᠨ᠎ᠦ ᠪᠦᠯᠬᠦᠮᠳᠡᠯ》᠂《ᠤᠯᠤᠰ ᠣᠷᠣᠨ᠎ᠤ ᠬᠠᠷᠢᠭᠤᠴᠠᠯᠭ᠎ᠠ》 ᠳ᠋ᠤ ᠨᠠᠩ ᠱᠢᠭᠤᠳ ᠣᠢᠯᠠᠭᠠᠯᠲᠠ᠎ᠲᠠᠶ ᠪᠣᠯᠭᠠᠵᠠᠶ᠃ ᠲᠤᠬᠠᠢ᠎ᠶ᠋ᠢᠨ ᠵᠢᠯ᠎ᠳᠦ᠂ ᠰᠠᠭᠤᠷᠢᠨ᠎ᠤ ᠪᠠᠢᠭ᠎ᠠ ᠡᠵᠡᠨ᠎ᠡ ᠬᠣᠱᠢᠭᠤ ᠦᠨᠳᠦᠰᠦᠲᠡᠨ᠎ᠨᠦᠭᠦᠳ᠎ᠦᠨ ᠵᠢᠭᠤᠯᠴᠢᠯᠠᠭᠰᠡᠳ᠎ᠢ 348 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠌᠂ ᠵᠢᠭᠤᠯᠴᠢᠯᠠᠯ ᠤ᠋ᠨ ᠶᠡᠷᠦᠩᠬᠡᠢ ᠣᠷᠣᠯᠭ᠎ᠠ ᠨᠢ 16.9 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠤᠪᠢᠰᠭᠠᠯ᠎ᠤᠨ ᠬᠥᠮᠦᠵᠢᠯ ᠪᠣᠯᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠠᠭᠤᠰᠤᠯᠴᠠᠯ᠎ᠢ ᠪᠡᠶᠡᠯᠡᠭᠦᠯᠵᠦ᠍᠂ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠮᠡᠲᠦ ᠳᠣᠲᠣᠨᠣ》 ᠣᠢᠯᠠᠭᠠᠭ᠍ᠳᠠᠬᠤᠨ᠎ᠢ ᠵᠢᠭᠤᠯᠴᠢᠯᠠᠭᠰᠡᠳ᠎ᠤᠨ ᠰᠡᠳᠭᠢᠯ᠎ᠳᠦ ᠬᠠᠳᠠᠩᠱᠢᠭᠤᠯᠵᠠᠢ᠃

ᠳ᠋ᠦᠩᠹᠸᠩ ᠰᠠᠨᠰᠠᠷ᠎ᠤᠨ ᠬᠤᠳᠠ᠎ᠶ᠋ᠢᠨ ᠵᠠᠯᠠᠭᠤᠴᠤᠳ ᠪᠠᠭᠠᠴᠤᠳ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠨᠢ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ 《ᠭᠤᠷᠪᠠᠨ ᠵᠦᠢᠯ ᠤ᠋ᠨ ᠲᠥᠯᠥᠪᠯᠡᠭᠡ》 ᠶ᠋ᠢᠨ ᠲᠤᠷᠱᠢᠯᠲᠠ᠎ᠶ᠋ᠢᠨ ᠴᠡᠭ᠎ᠤᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠪᠣᠯᠤᠭ᠍ᠰᠠᠨ᠎ᠤ ᠬᠤᠪᠢ᠎ᠳᠤ᠂ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ + ᠦᠨᠳᠦᠰᠦᠲᠡᠨ᠎ᠦ ᠠᠭᠤᠰᠤᠯᠴᠠᠯ》 ᠤ᠋ᠨ ᠤᠨᠴᠠᠯᠢᠬ᠍ᠳᠤ ᠠᠷᠭ᠎ᠠ ᠵᠠᠮ᠎ᠢ ᠦᠷᠭᠦᠯᠵᠢᠯᠡᠨ ᠬᠠᠢᠵᠤ᠂ ᠰᠤᠳᠤᠯᠤᠨ ᠰᠤᠷᠤᠯᠴᠠᠬᠤ ᠲᠤᠨᠤᠭ ᠲᠦᠬᠦᠬᠡᠷᠤᠮᠵᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠠᠵᠢᠯᠯᠠᠭ᠎ᠠ᠎ᠶ᠋ᠢᠨ ᠠᠭᠤᠯᠭ᠎ᠠ᠎ᠶ᠋ᠢ ᠪᠠᠶᠠᠯᠢᠭ᠍ᠵᠢᠭᠤᠯᠬᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠡᠵᠡᠨ᠎ᠡ ᠳ᠋ᠤ ᠠᠢᠯᠴᠢᠯᠠᠵᠤ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠎ᠶ᠋ᠢ ᠤᠬᠠᠵᠤ᠂ ᠬᠤᠪᠢᠰᠭᠠᠯ᠎ᠤᠨ ᠦᠯᠢᠭᠡᠷ᠎ᠢ ᠰᠣᠨᠣᠰᠭᠤ ᠳᠤᠮᠳᠠ 《ᠲᠠᠪᠤᠨ ᠬᠠᠮᠲᠤ᠎ᠶ᠋ᠢᠨ ᠲᠠᠨᠢᠯᠲᠠ》 ᠪᠠᠨ ᠭᠦᠨᠵᠡᠭᠡᠢᠷᠡᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ 《ᠡᠵᠡᠨ᠎ᠡ᠎ᠶ᠋ᠢᠨ ᠬᠦᠴᠦᠨ》᠎ᠢ᠋ ᠨᠡᠮᠡᠷᠢᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号