ᠪᠥᠬᠥ᠌ ᠣᠷᠣᠨ ᠎ᠤ ᠬᠢᠯᠢ᠎ ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
2025-09-10 10:01:07
ᠵᠣᠬᠢᠶᠠᠭ᠍ᠴᠢ᠄
ᠸᠠᠩ ᠬᠤᠤ ᠫᠠᠨ ᠵᠢᠶᠠ ᠬᠤᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 8 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠱᠢᠯᠢ᠎ᠶ᠋ᠢᠨ ᠭᠣᠣᠯ ᠠᠢᠮᠠᠭ᠎ᠤᠨ ᠡᠷᠢᠶᠡᠨ ᠬᠤᠳᠠ᠎ᠳᠤ ᠪᠦᠬᠦ᠌ ᠣᠷᠣᠨ᠎ᠤ ᠬᠢᠯᠢ ᠶ᠋ᠢᠨ ᠨᠠᠮ ᠎ᠤᠨ ᠪᠠᠢᠭᠤᠯᠤᠯᠲᠠ᠎ᠶ᠋ᠢᠨ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃

ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ ᠎ᠦᠨ ᠬᠢᠯᠢ ᠬᠢᠵᠠᠭᠠᠷ᠎ᠤᠨ ᠵᠠᠰᠠᠯᠲᠠ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠮᠠᠨ᠎ᠤ ᠣᠷᠣᠨ ᠎ᠤ ᠬᠢᠯᠢ ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠤᠷᠱᠢᠯᠭ᠎ᠠ᠎ᠶ᠋ᠢ ᠳ᠋ᠦᠩᠨᠡᠨ ᠰᠣᠯᠢᠯᠴᠠᠵᠤ᠂《ᠬᠢᠯᠢ᠎ᠶ᠋ᠢᠨ ᠠᠷᠠᠳ ᠪᠠᠶᠠᠨ ᠴᠢᠨᠡᠭᠡᠯᠢᠭ᠂ ᠬᠢᠯᠢ᠎ᠶ᠋ᠢᠨ ᠪᠣᠭᠣᠮᠲᠠ ᠦᠵᠡᠰᠭᠦᠯᠡᠩᠲᠦ ᠰᠠᠢᠬᠠᠨ᠂ ᠬᠢᠵᠠᠭᠠᠷ ᠤᠷᠤᠨ ᠡᠶ᠎ᠡ ᠨᠠᠢᠷᠠᠮᠳᠠᠭᠤ᠂ ᠬᠢᠯᠢ᠎ᠶ᠋ᠢᠨ ᠬᠠᠮᠠᠭᠠᠯᠠᠯᠲᠠ ᠪᠠᠲᠤ ᠪᠠᠬᠢ᠂ ᠬᠢᠯᠢ ᠳᠠᠭᠠᠤ ᠠᠮᠤᠷ ᠳᠤᠬᠳᠠᠭᠤᠨ》 ᠵᠢᠡᠷ ᠭᠤᠤᠯ ᠠᠭᠤᠯᠭ᠎ᠠ ᠪᠣᠯᠭᠠᠭ᠍ᠰᠠᠨ ᠱᠢᠨ᠎ᠡ ᠴᠠᠭ ᠦᠶ᠎ᠡ᠎ᠶ᠋ᠢᠨ 《ᠬᠢᠯᠢ ᠎ᠶ᠋ᠢᠨ ᠲᠠᠪᠤᠨ ᠠᠵᠢᠯᠯᠠᠭ᠎ᠠ》 ᠶ᠋ᠢ ᠲᠣᠬᠢᠷᠠᠭᠤᠯᠤᠨ ᠪᠠᠢᠷᠢᠯᠠᠭᠤᠯᠵᠤ᠂ ᠮᠠᠨ᠎ᠤ ᠣᠷᠣᠨ᠎ᠤ ᠬᠢᠯᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠪᠡ᠃

ᠬᠤᠷᠠᠯ᠎ᠠᠴᠠ ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ᠎ᠤ 《ᠬᠢᠯᠢ ᠶ᠋ᠢᠨ ᠲᠠᠪᠤᠨ ᠠᠵᠢᠯᠯᠠᠭ᠎ᠠ》 ᠶ᠋ᠢ ᠢᠮᠠᠭ᠍ᠲᠠ ᠲᠤᠭᠤᠱᠢᠯᠠᠭᠤᠯᠵᠦ ᠭᠦᠨᠵᠡᠭᠡᠶ ᠠᠬᠢᠭᠤᠯᠬᠤ᠂ 《ᠤᠮᠠᠷᠠᠲᠤ ᠬᠢᠯᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠣᠷᠳᠣ ᠬᠣᠩᠭᠢᠯ》 ᠤ᠋ᠨ ᠪᠦᠳᠦᠭᠡᠨ  ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠤ᠂ ᠬᠢᠯᠢ ᠳᠠᠭᠠᠤ ᠣᠷᠣᠨ᠎ᠤ ᠦᠨᠳᠦᠰᠦᠨ ᠱᠠᠲᠤᠨ ᠎ᠤ ᠨᠠᠮ᠎ᠤᠨ ᠵᠣᠬᠢᠶᠠᠨ ᠪᠠᠢᠭᠤᠯᠤᠯᠲᠠ ᠎ᠶ᠋ᠢᠨ ᠤᠯᠤᠰ ᠲᠥᠷᠥ᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠬᠦ᠌᠂ ᠬᠢᠯᠢ ᠳᠠᠭᠠᠤ ᠣᠷᠣᠨ᠎ᠤ ᠴᠡᠴᠡᠭ᠌ᠯᠡᠯᠳᠠ ᠬᠥᠭ᠌ᠵᠢᠯᠳᠡ ᠪᠠ ᠠᠮᠤᠷ ᠲᠣᠭ᠍ᠲᠠᠭᠤᠨ ᠪᠠᠢᠳᠠᠯ᠎ᠢ ᠬᠠᠮᠠᠭᠠᠯᠠᠬᠤ ᠵᠡᠷᠭᠡ ᠲᠠᠯ᠎ᠠ᠎ᠪᠠᠷ ᠣᠯᠤᠭ᠍ᠰᠠᠨ ᠢᠯᠡᠳᠲᠡ ᠠᠮᠵᠢᠯᠲᠠ ᠪᠦᠲᠦᠮᠵᠢ᠎ᠶ᠋ᠢ ᠳ᠋ᠦᠩᠨᠡᠵᠦ᠍᠂ ᠬᠢᠯᠢ ᠵᠢᠨ ᠠᠢᠮᠠᠭ ᠬᠣᠲᠠ᠂ ᠬᠣᠱᠢᠭᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠢ 《ᠬᠢᠯᠢ᠎ᠶ᠋ᠢᠨ ᠠᠷᠠᠳ ᠪᠠᠶᠠᠨ ᠴᠢᠨᠡᠭᠡᠯᠢᠭ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ ᠵᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠦ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ ᠬᠡᠷᠡᠭᠳᠡᠢ;《ᠬᠢᠯᠢ᠎ᠶ᠋ᠢᠨ ᠪᠣᠭᠣᠮᠲᠠ ᠦᠵᠡᠰᠭᠦᠯᠡᠩᠲᠦ ᠰᠠᠢᠬᠠᠨ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠥᠬᠡᠶ ᠠᠮᠢ ᠠᠬᠤᠶ᠎ᠶ᠋ᠢ ᠬᠢᠯᠢ ᠵᠢᠨ ᠬᠠᠮᠤᠭ᠎ᠤᠨ ᠦᠵᠡᠰᠭᠦᠯᠡᠩᠲᠦ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠭᠠᠬᠤ ᠬᠡᠷᠡᠭᠳᠡᠢ; 《ᠬᠢᠵᠠᠭᠠᠷ ᠤᠷᠤᠨ ᠡᠶ᠎ᠡ ᠨᠠᠢᠷᠠᠮᠳᠠᠭᠤ 》ᠪᠠᠢᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭᠳᠡᠢ;《ᠬᠢᠯᠢ᠎ᠶ᠋ᠢᠨ ᠬᠠᠮᠠᠭᠠᠯᠠᠯᠲᠠ ᠪᠠᠳᠤ ᠪᠡᠬᠢ》 ᠪᠠᠢᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ᠎ᠶ᠋ᠢᠨ ᠡᠮᠦᠨ᠎ᠡ ᠹᠷᠣᠨᠲ᠎ᠲᠤ ᠨᠠᠮ ᠎ᠤᠨ ᠲᠦᠷᠦ᠍ ᠪᠠᠷᠢᠬᠤ ᠰᠠᠭᠤᠷᠢ᠎ᠶ᠋ᠢ ᠪᠡᠬᠢᠵᠢᠬᠦᠯᠬᠦ ᠬᠡᠷᠡᠭᠳᠡᠢ; 《ᠬᠢᠯᠢ ᠳᠠᠭᠠᠤ ᠠᠮᠤᠷ ᠳᠤᠬᠳᠠᠭᠤᠨ》 ᠪᠠᠢᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ ᠳᠠᠭᠠᠤ ᠣᠷᠣᠨ ᠎ᠤ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠨᠠᠮ᠎ᠤᠨ ᠪᠠᠢᠭᠤᠯᠤᠯᠲᠠ᠎ᠶ᠋ᠢ ᠠᠳᠭᠤᠵᠤ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠡᠯ᠎ᠡ ᠵᠦᠶ᠋ᠯ᠎ᠦᠨ ᠠᠵᠢᠯ᠎ᠢ ᠬᠠᠮᠲᠤ᠎ᠪᠠᠷ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠡᠨᠡ᠎ᠬᠦ ᠦᠵᠡᠮᠵᠢ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠎ᠪᠠᠷ ᠴᠢᠷᠮᠠᠢᠵᠤ᠂ ᠮᠠᠨ ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠬᠦᠴᠦᠨ ᠴᠢᠳᠠᠯ᠎ᠢᠶᠠᠨ ᠡᠷᠭᠦᠬᠦ ᠬᠡᠷᠡᠭ᠌ᠲᠡᠶ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号