ᠥᠪᠥᠷ ᠮᠣᠩᠭᠣᠯ ᠤ᠋ᠨ ᠨᠣᠮ ᠤ᠋ᠨ ᠰᠠᠩ ᠤ᠋ᠨ ᠡᠷᠬᠢᠯᠡᠨ ᠶᠠᠪᠤᠭᠳᠠᠭᠤᠯᠤᠭᠰᠠᠨ 《ᠤᠮᠠᠷᠠᠲᠤ ᠬᠢᠯᠢ ᠶ᠋ᠢᠨ ᠳᠠᠭᠤᠷᠢᠰᠬᠠᠯ ᠢᠷᠠᠭᠤ ᠰᠠᠢᠬᠠᠨ ᠣᠨ ᠰᠠᠷ᠎ᠠ》 ᠥᠪᠥᠷ ᠮᠣᠩᠭᠣᠯ ᠤ᠋ᠨ ᠱᠢᠭᠤᠳ ᠬᠠᠷᠢᠶ᠎ᠠ ᠤᠯᠠᠭᠠᠨᠮᠥ᠋ᠴᠢᠷ ᠤ᠋ᠨ ᠠᠬᠠᠮᠠᠳ ᠭᠡᠱᠢᠭᠦᠳ ᠤ᠋ᠨ ᠳᠤᠷᠠᠰᠤᠮᠵᠢ ᠶ᠋ᠢᠨ ᠬᠡᠷᠡᠯ ᠵᠢᠷᠤᠭ ᠤ᠋ᠨ ᠦᠵᠡᠬᠦᠯᠬᠡ 2025 ᠣᠨ ᠤ᠋ 6 ᠰᠠᠷ᠎ᠠ ᠳ᠋ᠦ ᠡᠬᠢᠯᠡᠵᠦ ᠶᠠᠪᠤᠭᠳᠠᠭᠰᠠᠨᠡᠴᠡ ᠨᠠᠭᠠᠰᠢ᠂ ᠨᠡᠢᠭᠡᠮ ᠤ᠋ᠨ ᠡᠯ᠎ᠡ ᠡᠲᠡᠭᠡᠳ ᠤ᠋ᠨ ᠠᠩᠬᠠᠷᠤᠯ ᠢ᠋ ᠲᠠᠲᠠᠨ ᠬᠠᠯᠠᠭᠤᠨ ᠲᠤᠰᠭᠠᠯ ᠭᠠᠷᠴᠤ᠂ 8 ᠰᠠᠷ᠎ᠠ ᠶ᠋ᠢᠨ ᠡᠬᠢᠨ ᠪᠣᠯᠲᠠᠯ᠎ᠠ ᠪᠠᠢᠭᠤᠯᠭ᠎ᠠ ᠨᠢᠭᠡᠴᠢ ᠶ᠋ᠢᠨ ᠺᠠᠳ᠋ᠷ ᠠᠵᠢᠯᠲᠠᠨ᠂ ᠤᠳᠭ᠎ᠠ ᠤᠷᠠᠯᠢᠭ ᠤ᠋ᠨ ᠠᠵᠢᠯᠲᠠᠨ ᠵᠡᠷᠭᠡ ᠤᠯᠠᠨ ᠬᠥᠮᠦᠨ ᠦᠵᠡᠭᠦᠯᠭᠡ ᠵᠢ ᠰᠣᠨᠢᠷᠬᠠᠪᠠ᠃
ᠦᠵᠡᠰᠭᠦᠯᠡᠩ ᠨᠢ ᠭᠦᠨ ᠵᠤᠵᠠᠭᠠᠨ ᠲᠡᠦᠬᠡ ᠶ᠋ᠢᠨ ᠠᠭᠤᠯᠤᠭ᠍ᠳᠠᠬᠤᠨ ᠪᠠ ᠢᠯᠡ ᠲᠣᠳᠣ ᠴᠠᠭ ᠦᠶ᠎ᠡ ᠶ᠋ᠢᠨ ᠦᠨ᠎ᠡ ᠥᠷᠲᠡᠭ ᠢ᠋ᠶ᠋ᠡᠷ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠤᠯᠠᠭᠠᠨᠮᠥ᠋ᠴᠢᠷ ᠤ᠋ᠨ《ᠬᠤᠪᠢᠰᠭᠠᠯᠲᠤ ᠤᠳᠭ᠎ᠠ ᠤᠷᠠᠯᠢᠭ ᠤ᠋ᠨ ᠬᠥᠩᠭᠡᠨ ᠮᠣᠷᠢᠲᠤ ᠴᠡᠷᠢᠭ》 ᠤ᠋ᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠵᠢ ᠠᠮᠢᠳᠤᠯᠢᠭ ᠢ᠋ᠶ᠋ᠠᠷ ᠳᠠᠬᠢᠨ ᠢᠯᠡᠷᠡᠭᠦᠯᠵᠦ᠍᠂ ᠬᠤᠪᠢᠰᠭᠠᠯᠲᠤ ᠤᠳᠤᠮᠱᠢᠯ ᠢ᠋ ᠤᠯᠠᠮᠵᠢᠯᠠᠨ ᠵᠠᠯᠭᠠᠮᠵᠢᠯᠠᠬᠤ᠂ ᠤᠯᠠᠭᠠᠨᠮᠥ᠋ᠴᠢᠷ ᠤ᠋ᠨ ᠵᠣᠷᠢᠭ ᠰᠠᠨᠠᠭ᠎ᠠ ᠵᠢ ᠪᠠᠳᠠᠷᠠᠭᠤᠯᠬᠤ ᠴᠢᠬᠤᠯᠠ ᠰᠣᠶᠣᠯ ᠤ᠋ᠨ ᠠᠴᠢᠶᠠᠯᠠᠪᠤᠷᠢ ᠪᠣᠯᠵᠣ᠂ ᠢᠯᠡᠳᠲᠡ ᠨᠡᠢᠭᠡᠮ ᠤ᠋ᠨ ᠦᠷ᠎ᠡ ᠠᠱᠢᠭ ᠪᠠ ᠰᠤᠷᠭᠠᠨ ᠬᠥᠮᠦᠵᠢᠯ ᠤ᠋ᠨ ᠦᠷ᠎ᠡ ᠪᠦᠲᠦᠮᠵᠢ ᠣᠯᠵᠠᠶ᠃ ᠥᠪᠡᠷᠲᠡᠭᠡᠨ ᠵᠠᠰᠠᠬᠤ ᠣᠷᠣᠨ ᠤ᠋ ᠤᠯᠠᠨ ᠪᠠᠢᠭᠤᠯᠭ᠎ᠠ ᠨᠢᠭᠡᠴᠢ ᠶ᠋ᠢᠨ ᠬᠢᠨ ᠲᠣᠭᠣᠷᠢᠨ ᠦᠵᠡᠵᠦ᠍ ᠰᠤᠷᠤᠯᠴᠠᠨ᠂ ᠤᠯᠠᠭᠠᠨᠮᠥ᠋ᠴᠢᠷ ᠤ᠋ᠨ ᠵᠣᠷᠢᠭ ᠰᠠᠨᠠᠭ᠎ᠠ ᠵᠢ ᠣᠢᠯᠠᠭᠠᠬᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠢ᠋ ᠱᠢᠩᠭᠡᠭᠡᠨ ᠠᠪᠬᠤ ᠬᠠᠯᠠᠭᠤᠨ ᠥᠷᠨᠢᠯᠲᠡ ᠭᠠᠷᠴᠤ᠂ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ᠂ ᠦᠪᠦᠷ ᠮᠣᠩᠭᠣᠯ ᠤ᠋ᠨ ᠴᠠᠬᠢᠯᠭᠠᠨ ᠬᠦᠴᠦᠨ ᠤ᠋ ᠬᠠᠷᠢᠭᠤᠴᠠᠯᠭᠠᠳᠦ ᠺᠤᠮᠫᠠᠨᠢ ᠶ᠋ᠢᠨ ᠤᠯᠠᠭᠠᠨᠮᠥ᠋ᠴᠢᠷ᠂ ᠰᠠᠢᠬᠠᠨ ᠲᠣᠭᠣᠷᠢᠭ ᠤ᠋ᠨ ᠨᠠᠮ ᠤ᠋ᠨ ᠬᠣᠷᠢᠶ᠎ᠠ ᠵᠢᠨ ᠨᠢᠭᠡᠳᠦᠮᠡᠯ ᠹᠷᠣᠨᠲ ᠤ᠋ᠨ ᠬᠡᠯᠲᠡᠰ ᠵᠡᠷᠭᠡ ᠤᠯᠠᠨ ᠪᠠᠢᠭᠤᠯᠭ᠎ᠠ ᠨᠢᠭᠡᠴᠢ ᠶ᠋ᠢᠨ ᠬᠢᠨ ᠦᠵᠡᠬᠦᠯᠬᠡ ᠵᠢ ᠰᠤᠨᠢᠷᠬᠠᠵᠠᠢ᠃
ᠬᠣᠶᠠᠷ ᠰᠠᠷ᠎ᠠ ᠶ᠋ᠢᠨ ᠬᠤᠭᠤᠴᠠᠭ᠎ᠠ ᠲᠠᠶ ᠶᠠᠪᠤᠭ᠍ᠳᠠᠭ᠍ᠰᠠᠨ ᠬᠡᠷᠡᠯ ᠵᠢᠷᠤᠭ ᠤ᠋ᠨ ᠦᠵᠡᠬᠦᠯᠬᠡ ᠶ᠋ᠢᠨ ᠠᠮᠵᠢᠯᠲᠠ ᠲᠠᠶ ᠦᠶ᠋ᠯᠡᠳᠦᠯᠭᠡ ᠨᠢ ᠤᠯᠠᠭᠠᠨᠮᠥ᠋ᠴᠢᠷ ᠤ᠋ᠨ ᠬᠡᠰᠢᠬᠦᠳ ᠤ᠋ᠨ 《ᠠᠷᠠᠳ ᠲᠦᠮᠡᠨ ᠢ᠋ ᠳᠡᠭᠡᠳᠦᠯᠡᠬᠦ᠌》 ᠥᠷᠲᠡᠭ ᠤ᠋ᠨ ᠦᠵᠡᠯᠳᠡ᠂ 《ᠲᠡᠰᠪᠦᠷᠢ ᠬᠠᠲᠠᠭᠤᠵᠢᠯᠲᠠᠶ ᠲᠡᠮᠡᠴᠡᠬᠦ᠌》 ᠵᠣᠷᠢᠭ ᠰᠠᠨᠠᠭ᠎ᠠ᠂ 《ᠦᠨᠳᠦᠰᠦᠨ ᠱᠠᠲᠤᠨ ᠳ᠋ᠦ ᠦᠨᠳᠦᠰᠦᠯᠡᠬᠦ᠌》 ᠠᠵᠢᠯ ᠤ᠋ᠨ ᠰᠤᠷᠲᠠᠯ ᠨᠢ ᠰᠢᠨ᠎ᠠ ᠴᠠᠭ ᠦᠶᠠᠳᠦ ᠮᠥᠨ ᠯᠡ ᠠᠷᠠᠳ ᠲᠦᠮᠡᠨ ᠤ᠋ ᠬᠦᠷᠢᠶᠡᠯᠡᠯ ᠢ᠋ ᠤᠯᠵᠦ ᠪᠠᠢᠭ᠎ᠠ ᠵᠢ ᠬᠠᠷᠠᠭᠤᠯᠵᠦ᠂ ᠴᠠᠭ ᠦᠶ᠎ᠡ ᠬᠡᠷᠬᠢᠨ ᠬᠤᠪᠢᠷᠠᠭ᠍ᠰᠠᠨ ᠴᠤ᠌ ᠤᠳᠭ᠎ᠠ ᠤᠷᠠᠯᠢᠭ ᠨᠢ ᠠᠷᠠᠳ ᠲᠦᠮᠡᠨ ᠳ᠋ᠤ ᠦᠢᠯᠡᠴᠢᠯᠡᠬᠦ᠌ ᠦᠨᠳᠦᠰᠦᠨ ᠴᠢᠭ᠌ᠯᠡᠯ ᠬᠡᠵᠢᠶᠡᠳᠡ ᠬᠡᠯᠪᠡᠢᠬᠦ᠌ ᠦᠭᠡᠢ᠂ ᠠᠮᠢᠳᠤᠷᠠᠯ ᠳ᠋ᠦ ᠭᠦᠨᠵᠡᠭᠡᠢᠷᠡᠬᠦ᠌᠂ ᠠᠷᠠᠳ ᠲᠦᠮᠡᠨ ᠤ᠋ ᠳᠤᠮᠳᠠ ᠦᠨᠳᠦᠰᠦᠯᠡᠬᠦ᠌ ᠵᠣᠬᠢᠶᠠᠨ ᠪᠦᠲᠦᠭᠡᠬᠦ᠌ ᠠᠷᠭ᠎ᠠ ᠬᠡᠯᠪᠡᠷᠢ ᠨᠢ ᠬᠡᠵᠢᠶᠡᠳᠡ ᠴᠠᠭ ᠡᠴᠡ ᠬᠣᠴᠣᠷᠬᠤ ᠦᠭᠡᠢ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠌᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠌ ᠱᠢᠯᠢᠳᠡᠭ ᠰᠤᠷᠲᠠᠯ ᠨᠢ ᠬᠡᠵᠢᠶᠡᠳᠡ ᠬᠤᠪᠢᠷᠠᠬᠤ ᠦᠭᠡᠢ ᠬᠡᠳᠡᠭ ᠢ᠋ ᠬᠠᠷᠠᠭᠤᠯᠵᠠᠢ᠃ ᠤᠯᠠᠭᠠᠨᠮᠥ᠋ᠴᠢᠷ ᠤ᠋ᠨ ᠲᠤᠭᠯᠠᠭᠴᠢᠳ ᠵᠠᠯᠠᠭᠤ ᠨᠠᠰᠤ᠂ ᠬᠦᠴᠦ᠍ ᠬᠥᠯᠥᠰᠥ᠍ ᠪᠠᠷ ᠢ᠋ᠶ᠋ᠠᠨ ᠴᠣᠭ᠍ᠴᠠᠯᠠᠭ᠍ᠰᠠᠨ ᠡᠨᠡ ᠬᠦ᠌ ᠣᠶᠤᠨ ᠰᠠᠨᠠᠭᠠᠨ ᠤ᠋ ᠡᠳ᠋ ᠪᠠᠶᠠᠯᠢᠭ ᠨᠢ ᠨᠢᠭᠡᠨᠲᠡ ᠪᠥᠬᠥ᠌ ᠣᠷᠣᠨ ᠤ᠋ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠱᠢᠨ᠎ᠡ ᠴᠠᠭ ᠦᠶ᠎ᠡ ᠱᠢᠨ᠎ᠡ ᠠᠶᠠᠨ ᠵᠠᠮ ᠳᠡᠭᠡᠷ᠎ᠡ ᠪᠦᠯᠬᠦᠮᠳᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠬᠤ ᠵᠢ ᠵᠣᠷᠢᠭ᠍ᠵᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠤ᠋ ᠡᠬᠢ ᠪᠤᠯᠠᠭ ᠪᠣᠯᠤᠭ᠍ᠰᠠᠨ ᠪᠠᠢᠨ᠎ᠠ᠃