— ᠳᠤᠮᠳᠠᠳᠤ ᠤᠯᠤᠰ ᠤᠨ ᠠᠷᠠᠳ ᠲᠦᠮᠡᠨ ᠦ ᠶᠠᠫᠤᠨ ᠢ ᠡᠰᠡᠷᠭᠦᠴᠡᠬᠦ ᠲᠠᠢ᠍ᠢᠨ ᠪᠠ ᠳᠡᠯᠡᠬᠡᠢ ᠶᠢᠨ ᠹᠠᠱ᠌ᠢᠰ ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ ᠦᠨ ᠤᠢ ᠶᠢ ᠳᠤᠷᠠᠰᠬᠠᠬᠤ ᠠᠵᠢᠯᠯᠠᠭ᠎ᠠ ᠶᠢᠨ ᠰᠡᠩᠬᠡᠷᠡᠭᠦᠯᠦᠯ (ᠨᠢᠭᠡ)
ᠠᠭᠤᠤ ᠶᠡᠬᠡ ᠢᠯᠠᠯᠲᠠ ᠪᠠᠯᠠᠷᠠᠰᠢ ᠦᠭᠡᠢ ᠬᠥᠰᠢᠶ᠎ᠡ᠎ᠶᠢ ᠪᠤᠰᠬᠠᠵᠤ᠂ ᠴᠣ ᠰᠢᠨ᠎ᠡ ᠡᠬᠢᠯᠡᠯᠲᠡ᠎ᠶᠢᠨ ᠴᠡᠭ᠎ᠢ ᠲᠠᠯᠪᠢᠵᠠᠢ᠃
2025 ᠣᠨ᠎ᠤ 9 ᠰᠠᠷ᠎ᠠ᠎ᠶᠢᠨ 3᠎ᠤ᠋ ᠡᠳᠦᠷ᠂ ᠡᠩᠬᠡ ᠲᠠᠢᠪᠤᠩ᠎ᠤᠨ ᠰᠠᠯᠬᠢ ᠦᠷᠡᠭᠳᠡᠭᠰᠡᠨ ᠪᠠᠭᠠᠲᠤᠷᠴᠤᠳ᠎ᠤᠨ ᠪᠠᠢᠯᠳᠤᠵᠤ ᠶᠠᠪᠤᠭᠰᠠᠨ ᠭᠠᠵᠠᠷ ᠪᠦᠬᠦᠨ᠎ᠢ ᠢᠯᠪᠢᠨ᠎ᠡ᠃ ᠤᠢᠷ᠎ᠡ ᠵᠢᠨ ᠡᠳᠦᠷ᠎ᠦᠳ᠎ᠲᠦ᠂ ᠬᠥᠮᠥᠰ᠎ᠦᠨ ᠳᠣᠭᠳᠣᠯᠤᠭᠰᠠᠨ ᠰᠡᠳᠬᠢᠯ ᠤᠳᠠᠲᠠᠯ᠎ᠠ ᠲᠠᠢᠪᠤᠰᠢᠷᠠᠵᠤ ᠴᠢᠳᠠᠭ᠎ᠠ ᠦᠭᠡᠢ᠃ ᠴᠠᠩ ᠪᠠᠢ ᠱᠠᠨ ᠠᠭᠤᠯᠠ ᠬᠠᠷᠠᠮᠦᠢ᠍ᠷᠡᠨ᠎ᠡᠴᠡ ᠲᠠᠢ ᠬᠠᠩ ᠱᠠᠨ ᠠᠭᠤᠯᠠ ᠵᠢᠨ ᠭᠦᠨ ᠬᠦᠷᠲᠡᠯ᠎ᠡ᠂ ᠰᠢᠷ᠎ᠠ ᠬᠥᠷᠥᠰᠥᠲᠦ ᠥᠨᠳᠥᠷᠯᠢᠭ᠎ᠡᠴᠡ ᠡᠮᠦᠨᠡᠲᠦ ᠲᠠᠩᠭᠢᠰ᠎ᠤᠨ ᠬᠦᠪᠡᠭᠡ ᠬᠦᠷᠲᠡᠯ᠎ᠡ᠂ ᠲᠦᠭ ᠲᠦᠮᠡᠨ ᠰᠡᠳᠬᠢᠯ ᠵᠢᠷᠦᠬᠡ ᠨᠢᠭ᠍ᠲᠠᠷᠠᠨ ᠪᠦᠯᠬᠦᠮᠳᠡᠪᠡ᠃ 80 ᠵᠢᠯ᠎ᠦᠨ ᠡᠮᠦᠨᠡᠬᠢ ᠲᠡᠷᠡ ᠬᠦ᠌ ᠠᠭᠤᠤ ᠶᠡᠬᠡ ᠢᠯᠠᠯᠲᠠ ᠨᠢ ᠣᠨ ᠴᠠᠭ᠎ᠤᠨ ᠡᠷᠬᠢᠯᠳᠠ ᠵᠢᠨ ᠳᠤᠮᠳᠠ ᠴᠤᠤᠷᠢᠶᠠᠲᠤᠵᠤ᠂ ᠮᠥᠩᠬᠡ᠎ᠶᠢᠨ ᠵᠢᠷᠦᠬᠡ ᠰᠡᠳᠬᠢᠯ᠎ᠳᠦ ᠴᠣᠬᠢᠯᠤᠨ ᠳᠣᠯᠭᠢᠰᠴᠤ᠂ ᠠᠷᠤ ᠭᠡᠷ ᠪᠣᠯᠣᠨ ᠡᠬᠡ ᠤᠯᠤᠰ᠂ ᠠᠮᠢ ᠨᠠᠰᠤ ᠪᠣᠯᠣᠨ ᠨᠤᠳᠤᠭ ᠤᠷᠤᠨ᠂ ᠬᠤᠪᠢ ᠬᠥᠮᠥᠨ ᠪᠣᠯᠣᠨ ᠦᠨᠳᠦᠰᠦᠲᠡᠨ᠂ ᠲᠡᠦᠬᠡ ᠪᠣᠯᠣᠨ ᠪᠣᠳᠠᠲᠤ ᠠᠬᠤᠢ ᠨᠢᠭ᠍ᠲᠠ ᠬᠣᠯᠪᠣᠯᠳᠤᠵᠠᠢ᠃
ᠲᠡᠮᠦᠷ ᠴᠡᠷᠢᠭ᠎ᠤᠨ ᠤᠷᠤᠰᠬᠠᠯ ᠣᠢᠯᠤᠨ ᠳᠠᠪᠠᠯᠭᠠᠯᠠᠵᠤ᠂ ᠡᠷᠡᠯᠬᠡᠭ ᠪᠠᠢᠯᠳᠤᠭᠴᠢᠳ᠎ᠤᠨ ᠤᠷᠠᠢ ᠬᠠᠩᠭᠢᠨᠠᠵᠤ᠂ ᠲᠦᠮᠡ ᠭᠠᠷᠤᠢ ᠳᠠᠷᠤᠭ᠎ᠠ ᠪᠠᠢᠯᠳᠤᠭ᠍ᠴᠢ᠂ 80 ᠪᠠᠢᠯᠳᠤᠭᠠᠨ᠎ᠤ ᠲᠤᠭ᠂ ᠬᠡᠳᠦᠨ ᠵᠠᠭᠤᠨ ᠰᠠᠤᠷᠢ ᠭᠠᠵᠠᠷ ᠳᠡᠭᠡᠷᠡᠬᠢ ᠵᠡᠪᠰᠡᠭ ᠲᠣᠨᠣᠭᠯᠠᠯ ᠪᠠ ᠵᠠᠭᠤ ᠭᠠᠷᠤᠢ ᠨᠢᠰᠬᠡᠯ᠎ᠢᠶᠡᠷ ᠪᠦᠷᠢᠯᠳᠦᠭᠰᠡᠨ 45 ᠵᠢᠭᠰᠠᠭᠠᠯ (ᠱᠠᠲᠤᠯᠵᠢᠨ ᠡᠨᠭᠨᠡᠭᠡ) ᠤ᠋ᠨ ᠠᠩᠭᠢ ᠲᠢᠶᠠᠨ ᠠᠨ ᠮᠧᠨ ᠦ᠌ ᠡᠮᠦᠨ᠎ᠡ ᠰᠢᠯᠭᠠᠨ ᠦᠵᠡᠬᠦ᠎ᠶᠢ ᠬᠦᠯᠢᠶᠡᠪᠡ; ᠳᠠᠶ᠋ᠢᠯᠠᠯᠭ᠎ᠠ᠎ᠳᠤ ᠳᠤᠮᠳᠠᠳᠤ ᠭᠠᠳᠠᠭᠠᠳᠤ᠎ᠶᠢᠨ ᠵᠣᠴᠢᠳ ᠴᠤᠭᠯᠠᠷᠠᠵᠤ᠂ ᠢᠯᠠᠯᠲᠠ ᠪᠣᠯᠣᠨ ᠡᠩᠬᠡ ᠲᠠᠢᠪᠤᠩ᠎ᠤᠨ ᠲᠥᠯᠥᠭᠡ ᠬᠤᠨᠳᠠᠭ᠎ᠠ ᠡᠷᠭᠦᠵᠡᠭᠡᠪᠡ; ᠤᠷᠠᠨ ᠰᠠᠢᠬᠠᠨ᠎ᠤ ᠦᠳᠡᠰᠢᠯᠡᠭᠡ ᠳᠡᠭᠡᠷ᠎ᠡ᠂ ᠰᠡᠳᠬᠢᠯ ᠢ ᠳᠣᠭᠳᠣᠯᠤᠭᠤᠯᠤᠭᠰᠠᠨ ᠲᠣᠭᠯᠠᠯᠲᠠ ᠨᠢ ᠬᠥᠮᠥᠰ ᠢ ᠰᠦᠷ ᠵᠢᠪᠬᠤᠯᠠᠩᠲᠤ ᠶᠠᠫᠤᠨ ᠢ ᠡᠰᠡᠷᠭᠦᠴᠡᠬᠦ ᠳᠠᠢ᠍ᠢᠨ᠎ᠦ ᠣᠨ ᠰᠠᠷ᠎ᠠ᠎ᠳᠤ ᠠᠪᠠᠴᠢᠵᠠᠢ᠁
80 ᠵᠢᠯ᠎ᠦᠨ ᠡᠮᠦᠨᠡᠬᠢ ᠡᠨᠡ ᠤᠳᠠᠭᠠᠨ᠎ᠤ ᠢᠯᠠᠯᠲᠠ ᠵᠢ ᠶᠠᠭᠤᠨ᠎ᠳᠦ ᠠᠭᠤᠤ ᠶᠡᠬᠡ ᠭᠡᠳᠡᠭ ᠪᠤᠢ?
ᠶᠡᠷᠦᠩᠬᠡᠢ ᠱᠦᠵᠢ ᠰᠢ᠎ᠶᠢᠨ ᠫᠢᠩ᠄ 《ᠳᠤᠮᠳᠠᠳᠤ ᠤᠯᠤᠰ᠎ᠤᠨ ᠠᠷᠠᠳ ᠲᠦᠮᠡᠨ ᠯᠤᠲᠤ ᠶᠡᠬᠡ ᠦᠨᠳᠦᠰᠦᠲᠡᠨ᠎ᠦ ᠦᠷᠡᠭᠳᠡᠯ᠎ᠢᠶᠡᠷ ᠬᠥᠮᠥᠨ ᠲᠥᠷᠥᠯᠬᠢᠲᠡᠨ᠎ᠦ ᠪᠣᠯᠪᠠᠰᠤᠨ᠎ᠢ ᠠᠪᠤᠷᠠᠬᠤ᠂ ᠳᠡᠯᠡᠬᠡᠢ᠎ᠶᠢᠨ ᠡᠩᠬᠡ ᠲᠠᠢᠪᠤᠩ ᠢ ᠬᠠᠮᠠᠭᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ᠶᠤᠮ》 ᠭᠡᠵᠦ ᠲᠣᠳᠣᠷᠬᠠᠢ ᠵᠢᠭᠠᠵᠤ ᠭᠠᠷᠭᠠᠪᠠ᠃ ᠡᠨᠡ ᠬᠦ᠌ ᠨᠤᠲᠠᠯᠠᠯᠲᠠ ᠨᠢ ᠬᠠᠲᠠᠭᠤ ᠪᠡᠷᠬᠡᠰᠢᠶᠡᠯᠲᠡᠢ ᠶᠠᠫᠤᠨ᠎ᠢ ᠡᠰᠡᠷᠭᠦᠴᠡᠬᠦ ᠲᠠᠢ᠍ᠢᠨ᠎ᠦ ᠲᠡᠦᠬᠡ᠎ᠶᠢᠨ ᠰᠡᠩᠬᠡᠷᠡᠭᠦᠯᠦᠯ᠂ ᠴᠠᠭ ᠦᠶ᠎ᠡ᠎ᠶᠢᠨ ᠠᠭᠤᠯᠤᠭᠳᠠᠬᠤᠨ ᠪᠠ ᠳᠡᠯᠡᠬᠡᠢ᠎ᠶᠢᠨ ᠠᠴᠢ ᠬᠣᠯᠪᠣᠭᠳᠠᠯ᠎ᠢ ᠭᠦᠨᠵᠡᠭᠡᠢ ᠢᠯᠡᠷᠡᠭᠦᠯᠦᠭᠰᠡᠨ ᠪᠠᠢᠨ᠎ᠠ᠃
ᠡᠨᠡ ᠤᠳᠠᠭᠠᠨ᠎ᠤ ᠢᠯᠠᠯᠲᠠ ᠪᠣᠯ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ᠎ᠦ ᠳᠣᠷᠣᠨᠠᠳᠠᠬᠢᠨ᠎ᠤ ᠭᠣᠣᠯ ᠲᠠᠢ᠍ᠢᠨ᠎ᠦ ᠲᠠᠯᠠᠪᠤᠷ᠎ᠤᠨ ᠢᠯᠠᠯᠲᠠ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠲᠤᠯᠭᠠᠭᠤᠷᠢ ᠦᠢᠯᠡᠳᠦᠯ᠎ᠢᠶᠡᠨ ᠪᠠᠳᠠᠷᠠᠭᠤᠯᠤᠭᠰᠠᠨᠤ ᠢᠯᠠᠯᠲᠠ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠯᠠᠯᠲᠠ ᠮᠥᠨ᠂ ᠳᠡᠯᠡᠬᠡᠢ᠎ᠶᠢᠨ ᠠᠷᠠᠳ ᠲᠦᠮᠡᠨ᠎ᠦ ᠢᠯᠠᠯᠲᠠ ᠮᠥᠨ᠃
ᠳᠤᠮᠳᠠᠳᠤ ᠤᠯᠤᠰ ᠳᠡᠯᠡᠬᠡᠢ ᠳ᠋ᠠᠬᠢᠨ᠎ᠳᠤ 《ᠲᠡᠦᠬᠡ᠎ᠪᠡᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ ᠵᠢ ᠡᠬᠦᠳᠦᠨ ᠨᠡᠬᠡᠭᠡᠶᠡ》 ᠭᠡᠰᠡᠨ ᠰᠢᠳᠤᠷᠭᠤ ᠶᠣᠰᠣᠨ᠎ᠤ ᠲᠠᠭᠤᠨ᠎ᠢ ᠴᠤᠤᠷᠢᠶᠠᠳᠤᠭᠰᠠᠨ ᠪᠠᠢᠨ᠎ᠠ᠃
ᠥᠨᠢᠳᠡ ᠮᠥᠩᠬᠡᠷᠡᠨ᠎ᠡ! 《ᠣᠷᠴᠢᠨ ᠦᠶ᠎ᠡ᠎ᠡᠴᠡ ᠨᠠᠭᠠᠰᠢᠬᠢ ᠭᠠᠳᠠᠭᠠᠳᠤ᠎ᠶᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭᠰᠡᠨ ᠠᠩᠬᠠᠳᠠᠬᠴᠢ ᠪᠦᠷᠢᠨ ᠢᠯᠠᠯᠲᠠ᠎ᠶᠢ ᠣᠯᠪᠠ》
9 ᠰᠠᠷ᠎ᠠ᠎ᠶᠢᠨ 3 ᠤ᠋ ᠦᠳᠡ᠎ᠶᠢᠨ ᠡᠮᠦᠨ᠎ᠡ᠂ ᠲᠢᠶᠠᠨ ᠠᠨ ᠮᠸᠨ ᠠᠰᠠᠷ ᠳᠡᠭᠡᠷᠡᠬᠢ ᠡᠨᠡ ᠬᠦ᠌ ᠬᠠᠯᠠᠭᠤᠨ ᠳᠤᠯᠠᠭᠠᠨ ᠭᠱᠠᠨ ᠨᠢ ᠦᠢ ᠤᠯᠠᠨ ᠠᠷᠠᠳ ᠲᠦᠮᠡᠨ᠎ᠦ ᠰᠡᠳᠬᠢᠯ᠎ᠢ ᠳᠣᠭᠳᠣᠯᠤᠭᠤᠯᠪᠠ —
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠡᠬᠢᠯᠡᠬᠦ᠎ᠡᠴᠡ ᠡᠮᠦᠨ᠎ᠡ᠂ ᠶᠡᠷᠦᠩᠬᠡᠢ ᠱᠦᠵᠢ ᠰᠢ᠎ᠶᠢᠨ ᠫᠢᠩ ᠲᠠᠢ᠍ᠢᠨ᠎ᠦ ᠭᠠᠯᠳᠦ ᠡᠷᠡᠯᠬᠡᠭᠯᠡᠨ ᠪᠠᠢᠯᠳᠤᠵᠤᠶᠠᠪᠤᠭᠰᠠᠨ ᠶᠠᠫᠤᠨ᠎ᠢ ᠡᠰᠡᠷᠭᠦᠴᠡᠬᠦ ᠲᠠᠢ᠍ᠢᠨ᠎ᠦ 6 ᠠᠬᠠᠮᠠᠳ ᠪᠠᠢᠯᠳᠤᠭ᠍ᠴᠢ ᠠᠬᠠᠮᠠᠳ ᠨᠥᠬᠥᠷ ᠵᠦᠭ ᠢᠳᠡᠷᠡᠭᠦᠨ ᠠᠯᠬᠤᠭ᠎ᠠ᠎ᠪᠠᠷ ᠠᠯᠬᠤᠵᠤ᠂ ᠢᠨᠢᠶᠡᠮᠰᠦᠭᠯᠡᠨ ᠪᠥᠬᠥᠢᠵᠦ᠂ ᠲᠡᠳᠡᠨ᠎ᠦ ᠭᠠᠷ᠎ᠢ ᠴᠢᠩᠭ᠎ᠠ ᠠᠳᠬᠤᠪᠠ᠃
ᠭᠦᠨ ᠵᠤᠵᠠᠭᠠᠨ ᠬᠠᠢᠷ᠎ᠠ ᠰᠡᠳᠬᠢᠯᠭᠡ ᠪᠡᠷ ᠭᠠᠷ ᠠᠳᠬᠤᠵᠤ᠂ ᠲᠡᠷᠡ ᠬᠦ᠌ ᠶᠠᠷᠦ ᠪᠤᠰᠤ ᠵᠢᠨ ᠤᠨ ᠴᠠᠭ ᠲᠦ᠍ ᠬᠦᠨᠳᠦᠳᠬᠡᠯ ᠳᠡᠪᠰᠢᠭᠦᠯᠪᠡ᠃ 《ᠨᠠᠮ ᠪᠠ ᠤᠯᠤᠰ ᠪᠢᠳᠡᠨ᠎ᠢ ᠶᠡᠷᠦ᠎ᠡᠴᠡ ᠮᠠᠷᠲᠠᠭ᠎ᠠ ᠦᠭᠡᠢ!》 ᠭᠡᠵᠦ ᠵᠠᠭᠤ ᠨᠠᠰᠤᠯᠠᠭᠰᠠᠨ ᠵᠠᠩ ᠫᠢᠩ ᠰᠡᠳᠬᠢᠯ ᠬᠥᠳᠡᠯᠦᠨ ᠬᠡᠯᠡᠨ᠎ᠡ᠃
ᠶᠣᠰᠣᠯᠠᠯ᠎ᠤᠨ ᠫᠤᠤ ᠵᠡᠷᠭᠡ᠎ᠪᠡᠷ ᠳᠤᠤᠭᠠᠷᠴᠤ᠂ ᠦᠷᠡᠭᠳᠡᠭᠰᠡᠨ ᠪᠠᠭᠠᠲᠤᠷᠴᠤᠳ᠎ᠢ ᠲᠠᠢᠳᠬᠤᠷᠠᠭᠤᠯᠤᠨᠠ; ᠦᠪᠡᠳᠡᠭᠰᠢ ᠶᠣᠰᠣᠯᠠᠯ ᠰᠦᠷ ᠵᠢᠪᠬᠤᠯᠠᠩᠲᠠᠢ ᠶᠠᠪᠤᠭᠳᠠᠵᠤ᠂ ᠲᠡᠦᠬᠡ᠎ᠶᠢ ᠪᠠᠲᠤ ᠴᠡᠭᠡᠵᠢᠯᠡᠨ᠎ᠡ᠃
ᠶᠡᠷᠦᠩᠬᠡᠢ ᠱᠦᠵᠢ ᠰᠢ᠎ᠶᠢᠨ ᠫᠢᠩ ᠤᠨ ᠦᠭᠡ ᠦᠭᠦᠯᠡᠪᠦᠷᠢ ᠪᠦᠬᠦᠨ ᠡᠷᠡᠰ ᠰᠢᠭᠤᠷᠬᠠᠢ ᠪᠠᠢᠵᠤ᠂ ᠶᠡᠬᠡ ᠲᠡᠦᠬᠡ᠎ᠶᠢᠨ ᠦᠵᠡᠯᠲᠡ᠎ᠪᠡᠷ ᠠᠭᠤᠤ ᠶᠡᠬᠡ ᠢᠯᠠᠯᠲᠠ᠎ᠶᠢᠨ ᠪᠠᠶᠠᠯᠢᠭ᠋ ᠠᠭᠤᠯᠬᠤᠨ᠎ᠢ ᠲᠣᠳᠣᠷᠬᠠᠢᠯᠠᠪᠠ ︱《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠠᠴᠢᠯᠠᠨ ᠪᠠᠢᠭᠤᠯᠤᠭᠰᠠᠨ ᠶᠠᠫᠤᠨ᠎ᠢ ᠡᠰᠡᠷᠭᠦᠴᠡᠬᠦ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠲᠤᠭ᠎ᠤᠨ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠡᠷᠡᠰ ᠬᠠᠳᠠᠨ ᠵᠣᠷᠢᠭ᠋᠎ᠢᠶᠠᠷ ᠬᠦᠴᠦᠷᠬᠡᠭ ᠳᠠᠢᠰᠤᠨ᠎ᠲᠠᠢ ᠪᠠᠢᠯᠳᠤᠵᠤ᠂ ᠴᠢᠰᠤ ᠮᠢᠬ᠎ᠠ᠎ᠪᠠᠷ᠎ᠢᠶᠠᠨ ᠤᠷᠳᠤ ᠴᠠᠭᠠᠨ ᠬᠡᠷᠡᠮ᠎ᠢ ᠪᠣᠰᠬᠠᠵᠤ᠂ ᠣᠢᠷ᠎ᠠ ᠦᠶ᠎ᠡ᠎ᠡᠴᠡ ᠨᠠᠭᠠᠰᠢᠬᠢ ᠭᠠᠳᠠᠭᠠᠳᠤ᠎ᠶᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭᠰᠡᠨ ᠠᠩᠬᠠᠳᠠᠬᠴᠢ ᠪᠦᠷᠢᠨ ᠢᠯᠠᠯᠲᠠ᠎ᠶᠢ ᠣᠯᠵᠠᠢ》᠃
ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠲᠤᠯᠭᠠᠭᠤᠷᠢ ᠦᠢᠯᠡᠳᠦᠯ᠎ᠢᠶᠡᠨ ᠪᠠᠳᠠᠷᠠᠭᠤᠯᠤᠭᠰᠠᠨᠤ ᠠᠭᠤᠤ ᠶᠡᠬᠡ ᠢᠯᠠᠯᠲᠠ ᠮᠥᠨ᠃
3᠎ᠤ᠋ ᠣᠷᠣᠢ᠂ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠨᠭᠬᠢᠮᠳᠦ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠤᠷᠠᠨ ᠰᠠᠢᠬᠠᠨ᠎ᠤ ᠦᠳᠡᠰᠢᠯᠡᠭᠡ《ᠰᠢᠳᠤᠷᠭᠤ ᠶᠣᠰᠣ᠌ ᠯᠠᠪᠲᠠᠢ ᠢᠯᠠᠨ᠎ᠠ》ᠵᠢᠨ ᠲᠠᠢᠰᠠᠨ ᠳᠡᠭᠡᠷ᠎ᠡ᠂ ᠲᠤᠭᠠᠯᠠᠰᠢ ᠦᠭᠡᠢ ᠤᠯᠠᠨ ᠪᠠᠭᠠᠲᠤᠷ ᠬᠦᠮᠦᠰ᠎ᠤᠨ ᠪᠠᠷ᠎ᠠ ᠰᠡᠭᠦᠳᠡᠷ ᠴᠠᠭ ᠬᠤᠭᠤᠴᠠᠭ᠎ᠠ ᠵᠢᠨ ᠰᠤᠨᠳᠠᠯᠠᠨ ᠪᠤᠴᠠᠵᠤ ᠢᠷᠡᠵᠤ ᠪᠠᠢᠯ᠎ᠠ᠃
《ᠲᠡᠭᠷᠢ᠎ᠶᠢᠨ ᠳᠣᠣᠷᠠᠬᠢ ᠪᠠᠷᠲᠠᠭ᠎ᠠ᠎ᠲᠦ ᠵᠠᠮ ᠪᠦᠬᠦᠨ᠎ᠢ ᠪᠢᠳᠡ ᠨᠡᠬᠡᠭᠡᠨ ᠵᠠᠮᠨᠠᠶ᠎ᠠ》!ᠶᠠᠨ ᠠᠨ ᠡᠴᠡ ᠰᠠᠴᠤᠷᠠᠭᠰᠠᠨ ᠲᠡᠷᠡ ᠵᠤᠷᠪᠤᠰ ᠭᠡᠷᠡᠯ ᠬᠠᠷᠠᠩᠭᠤᠢ ᠰᠥᠨᠢ᠎ᠶᠢ ᠨᠡᠪᠲᠡᠯᠵᠤ᠂ ᠤᠷᠤᠭᠰᠢᠯᠠᠯᠲᠠ᠎ᠶᠢᠨ ᠵᠠᠮ᠎ᠢ ᠭᠡᠷᠡᠯᠲᠦᠭᠦᠯᠪᠡ᠃
ᠳᠤᠮᠳᠠᠳᠤ᠎ᠶᠢᠨ ᠦᠨᠳᠦᠰᠦᠲᠡᠨ᠎ᠦ ᠬᠠᠮᠤᠭ᠎ᠤᠨ ᠲᠦᠨᠡᠷ ᠬᠠᠷᠠᠩᠭᠤᠢ᠂ ᠬᠠᠮᠤᠭ᠎ᠤᠨ ᠬᠦᠴᠢᠷ ᠪᠡᠷᠬᠡᠰᠢᠶᠡᠯ᠎ᠲᠠᠢ᠂ ᠬᠠᠮᠤᠭ᠎ᠤᠨ ᠲᠤᠰᠠᠯᠠᠮᠵᠢ ᠲᠤᠲᠠᠭᠰᠠᠨ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠫᠤᠨ᠎ᠢ ᠡᠰᠡᠷᠭᠦᠴᠡᠬᠦ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠲᠤᠭ᠎ᠢ ᠥᠨᠳᠥᠷ ᠮᠠᠨᠳᠤᠭᠤᠯᠵᠤ᠂ ᠦᠢ ᠤᠯᠠᠨ ᠡᠪ ᠬᠠᠮᠲᠤᠴᠤᠳ ᠠᠷᠢᠭᠤᠨ ᠴᠢᠰᠤ ᠪᠠ ᠠᠯᠲᠠᠨ ᠠᠮᠢ᠎ᠪᠠᠷ᠎ᠢᠶᠠᠨ ᠦᠵᠡᠯ ᠰᠠᠨᠠᠭ᠎ᠠ ᠪᠤᠯᠤᠨ ᠢᠲᠡᠭᠡᠯ ᠪᠢᠰᠢᠷᠡᠯ᠎ᠢᠶᠡᠨ ᠪᠢᠴᠢᠭᠯᠡᠵᠦ᠂ ᠳᠤᠮᠳᠠᠳᠤ᠎ᠶᠢᠨ ᠦᠨᠳᠦᠰᠦᠲᠡᠨ᠎ᠦ ᠮᠥᠬᠥᠯ᠎ᠡᠴᠡ ᠠᠪᠤᠷᠠᠵᠤ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ᠎ᠢ ᠲᠤᠯᠭᠠᠭᠤᠷᠢᠯᠠᠵᠤ᠂ ᠪᠦᠬᠦ ᠦᠨᠳᠦᠰᠦᠲᠡᠨ᠎ᠦ ᠶᠠᠫᠤᠨ᠎ᠢ ᠡᠰᠡᠷᠭᠦᠴᠡᠬᠦ ᠳᠠᠢ᠍ᠢᠨ᠎ᠦ ᠭᠣᠣᠯ ᠲᠤᠯᠭᠠᠭᠤᠷᠢ ᠪᠤᠯᠪᠠ!
ᠡᠨᠡ ᠪᠣᠯ ᠠᠭᠤᠤ ᠶᠡᠬᠡ ᠵᠣᠷᠢᠭ᠋ ᠰᠠᠨᠠᠭ᠎ᠠ᠎ᠶᠢ ᠪᠤᠢᠵᠢᠭᠤᠯᠤᠭᠰᠠᠨ ᠠᠭᠤᠤ ᠶᠡᠬᠡ ᠢᠯᠠᠯᠲᠠ ᠮᠥᠨ᠃
14 ᠵᠢᠯ᠎ᠦᠨ ᠴᠢᠰᠤᠲᠤ ᠪᠠᠢᠯᠳᠤᠭᠠᠨ᠂ 5098 ᠡᠳᠦᠷ ᠬᠤᠨᠤᠭ᠎ᠤᠨ ᠦᠬᠦᠯ ᠲᠡᠮᠡᠴᠡᠯ᠄ ᠫᠢᠩ ᠰᠢᠩ ᠭᠤᠸᠠᠨᠤ ᠶᠡᠬᠡ ᠢᠯᠠᠯᠲᠠ᠎ᠳᠤ《ᠶᠠᠫᠤᠨ ᠵᠣᠯᠢᠭ᠋ᠢ ᠪᠤᠴᠠᠬᠤ ᠵᠠᠮ ᠦᠭᠡᠢ ᠪᠤᠯᠭᠠᠵᠤ》᠂ ᠵᠠᠭᠤᠨ ᠬᠣᠷᠢᠶ᠎ᠠ᠎ᠶᠢᠨ ᠶᠡᠬᠡ ᠪᠠᠢᠯᠳᠤᠭᠠᠨ᠎ᠳᠦ 《ᠴᠢᠰᠤ ᠮᠢᠬ᠎ᠠ ᠪᠡᠷ᠎ᠢᠶᠡᠨ ᠰᠢᠯᠢᠳᠡᠭ ᠵᠡᠪᠰᠡᠭ ᠲᠣᠨᠣᠭᠯᠠᠯ᠎ᠢ ᠤᠰᠠᠳᠬᠠᠵᠤ》᠂ ᠲᠠᠢ ᠡᠯ ᠵᠤᠸᠠᠩ᠎ᠤᠨ ᠪᠠᠢᠯᠳᠤᠭᠠᠨ᠎ᠳᠤ《ᠮᠢᠬᠠᠨ ᠬᠡᠷᠡᠮ ᠪᠤᠰᠬᠠᠨ ᠴᠢᠰᠤᠨ ᠭᠤᠤᠯ ᠤᠷᠤᠰᠬᠠᠵᠤ》᠂ ᠦᠬᠠᠨ᠎ᠤ ᠲᠤᠯᠤᠯᠳᠤᠭᠠᠨ᠎ᠳᠤ 《ᠡᠷᠡᠯᠬᠡᠭᠯᠡᠨ ᠪᠠᠢᠯᠳᠤᠬᠤ ᠬᠠᠯᠠᠭᠤᠨ ᠴᠢᠰᠤ ᠫᠦᠸᠸ ᠶᠠᠩ ᠬᠣ᠌ ᠨᠠᠭᠤᠷ᠎ᠲᠤ ᠣᠷᠭᠢᠯᠪᠠ》 ᠁
ᠳᠤᠮᠳᠠᠳᠤ ᠤᠯᠤᠰ᠎ᠤᠨ ᠠᠷᠠᠳ ᠲᠦᠮᠡᠨ ᠶᠠᠫᠤᠨ᠎ᠢ ᠡᠰᠡᠷᠭᠦᠴᠡᠬᠦ ᠳᠠᠢ᠍ᠢᠨ᠎ᠦ ᠰᠦᠷ ᠳᠠᠯᠠᠢᠴᠠᠲᠠᠢ ᠶᠠᠪᠤᠴᠠ᠎ᠳᠤ ᠶᠠᠫᠤᠨ᠎ᠢ ᠡᠰᠡᠷᠭᠦᠴᠡᠬᠦ ᠳᠠᠢᠨ᠎ᠤ ᠠᠭᠤᠤ ᠶᠡᠬᠡ ᠵᠣᠷᠢᠭ᠋ ᠰᠠᠨᠠᠭ᠎ᠠ᠎ᠶᠢ ᠪᠤᠢ ᠪᠣᠯᠭᠠᠵᠤ᠂ ᠤᠯᠤᠰ ᠤᠷᠤᠨ᠎ᠤ ᠮᠠᠨᠳᠤᠯ ᠮᠦᠬᠦᠯ᠎ᠳᠦ ᠬᠥᠮᠥᠨ ᠪᠦᠬᠦᠨ ᠬᠠᠷᠢᠭᠤᠴᠠᠯᠭ᠎ᠠ᠎ᠲᠠᠢ ᠭᠡᠬᠦ ᠤᠯᠤᠰ᠎ᠢᠶᠡᠨ ᠬᠠᠢᠷᠠᠯᠠᠬᠤ ᠰᠡᠳᠬᠢᠯᠭᠡ᠂ ᠦᠬᠦᠬᠦ᠎ᠶᠢ ᠤᠨᠲᠠᠬᠤ᠎ᠶᠢᠨ ᠲᠡᠳᠦᠢ ᠪᠤᠳᠤᠨ᠂ ᠬᠤᠭᠤᠷᠠᠬᠤ ᠡᠴᠡ ᠪᠢᠰᠢ ᠨᠤᠭᠤᠷᠠᠬᠤ ᠦᠭᠡᠢ ᠪᠠᠢᠬᠤ ᠦᠨᠳᠦᠰᠦᠲᠡᠨ᠎ᠦ ᠬᠠᠳᠠᠨ ᠵᠣᠷᠢᠭ᠋᠂ ᠬᠦᠴᠦᠷᠬᠡᠭ᠎ᠡᠴᠡ ᠰᠦᠷᠳᠡᠬᠦ ᠦᠭᠡᠢ᠂ ᠡᠴᠦᠰ ᠲᠦ᠍ᠨᠢ ᠲᠤᠯᠲᠠᠯ᠎ᠠ ᠪᠠᠢᠯᠳᠤᠨ ᠲᠡᠮᠡᠴᠡᠬᠦ ᠪᠠᠭᠠᠲᠤᠷᠯᠢᠭ᠋ ᠴᠤᠭ ᠰᠦᠯᠳᠡ᠂ ᠨᠤᠭᠤᠷᠠᠰᠢ ᠦᠭᠡᠢ᠂ ᠰᠢᠨᠲᠠᠷᠠᠰᠢ ᠦᠭᠡᠢ ᠯᠠᠪᠲᠠᠢ ᠢᠯᠠᠬᠤ ᠢᠲᠡᠭᠡᠯ ᠵᠣᠷᠢᠭ᠋᠎ᠢᠶᠠᠨ ᠳᠡᠯᠡᠬᠡᠢ ᠳ᠋ᠠᠬᠢᠨ᠎ᠳᠤ ᠬᠠᠷᠠᠭᠤᠯᠵᠠᠢ᠃
ᠲᠡᠦᠬᠡ ᠵᠢᠨ ᠤᠷᠤᠰᠭᠠᠯ ᠲᠠᠰᠤᠷᠠᠰᠢ ᠦᠭᠡᠢ ᠦᠷᠭᠦᠯᠵᠢᠯᠡᠵᠤ᠂ ᠵᠣᠷᠢᠭ᠋ ᠰᠠᠨᠠᠭ᠎ᠠ ᠦᠶ᠎ᠡ᠎ᠶᠢᠨ ᠦᠶ᠎ᠡ᠎ᠳᠦ ᠤᠯᠠᠮᠵᠢᠯᠠᠭᠳᠠᠨ᠎ᠠ᠃ ᠶᠠᠫᠤᠨ᠎ᠢ ᠡᠰᠡᠷᠭᠦᠴᠡᠬᠦ ᠳᠠᠢᠨ᠎ᠤ ᠠᠭᠤᠤ ᠶᠡᠬᠡ ᠵᠣᠷᠢᠭ᠋ ᠰᠠᠨᠠᠭ᠎ᠠ ᠪᠣᠯ ᠥᠨᠢ ᠡᠭᠦᠷᠢᠳᠡ ᠳᠤᠮᠳᠠᠳᠤ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠥᠭᠡ ᠲᠡᠮᠡᠴᠡᠬᠦ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠭᠴᠢ ᠬᠦᠴᠦᠨ ᠮᠥᠨ᠃
《ᠶᠠᠫᠤᠨ᠎ᠢ ᠡᠰᠡᠷᠭᠦᠴᠡᠬᠦ ᠳᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠬᠤ ᠬᠡᠷᠡᠭᠲᠡᠢ》︱ ᠶᠡᠷᠦᠩᠬᠡᠢ ᠱᠦᠵᠢ ᠰᠢ᠎ᠶᠢᠨ ᠫᠢᠩ᠎ᠤᠨ ᠳᠤᠷᠠᠰᠬᠠᠬᠤ ᠶᠡᠬᠡ ᠬᠤᠷᠠᠯ ᠳᠡᠭᠡᠷᠡᠬᠢ ᠬᠦᠴᠦᠲᠡᠢ ᠤᠷᠢᠶᠠᠯᠠᠭ᠎ᠠ ᠨᠢ ᠲᠦᠭ ᠲᠦᠮᠡᠨ ᠳᠤᠮᠳᠠᠳᠤ᠎ᠶᠢᠨ ᠬᠥᠪᠡᠭᠦᠳ ᠥᠬᠢᠳ᠎ᠦᠨ ᠴᠢᠷᠮᠠᠢᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ᠎ᠶᠢ ᠵᠣᠷᠢᠭ᠍ᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠬᠦ᠎ᠶᠢ ᠵᠣᠷᠢᠭ᠍ᠵᠢᠭᠤᠯᠵᠠᠢ᠃
ᠡᠨᠡ ᠪᠣᠯ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠢᠷᠡᠭᠡᠳᠦᠢ᠎ᠶᠢ ᠨᠡᠭᠡᠭᠡᠭᠰᠡᠨ ᠠᠭᠤᠤ ᠶᠡᠬᠡ ᠢᠯᠠᠯᠲᠠ ᠮᠥᠨ᠃
ᠳᠤᠮᠳᠠᠳᠤ ᠤᠯᠤᠰ᠎ᠤᠨ ᠣᠷᠴᠢᠨ ᠦᠶ᠎ᠡ᠎ᠶᠢᠨ ᠲᠡᠦᠬᠡ᠎ᠶᠢ ᠰᠡᠬᠦᠪᠡᠯ᠂ ᠬᠠᠷ᠎ᠠ ᠲᠠᠮᠠᠬᠢ᠎ᠶᠢᠨ ᠲᠠᠢ᠍ᠢᠨ᠂ ᠬᠥᠬᠡ ᠮᠣᠷᠢᠨ ᠵᠢᠯ᠎ᠦᠨ ᠲᠠᠢ᠍ᠢᠨ᠂ ᠨᠠᠢ᠍ᠮᠠᠨ ᠤᠯᠤᠰ᠎ᠤᠨ ᠬᠣᠯᠪᠣᠭᠠᠲᠤ ᠴᠡᠷᠢᠭ ᠳᠤᠮᠳᠠᠳᠤ ᠤᠯᠤᠰ᠎ᠢ ᠲᠦᠷᠢᠮᠡᠬᠡᠢᠯᠡᠭᠰᠡᠨ ᠁ ᠤᠯᠤᠰ ᠤᠷᠤᠨ ᠭᠤᠲᠤᠭᠠᠯ ᠳᠤᠷᠤᠮᠵᠢᠯᠠᠯ᠎ᠳᠦ ᠤᠴᠠᠷᠠᠵᠤ᠂ ᠠᠷᠠᠳ ᠲᠦᠮᠡᠨ ᠭᠠᠢ ᠵᠤᠪᠠᠯᠠᠩ ᠠᠮᠰᠠᠵᠤ᠂ ᠪᠣᠯᠪᠠᠰᠤᠨ ᠲᠤᠭᠤᠰᠤᠨ᠎ᠳᠦ ᠳᠠᠷᠤᠭᠳᠠᠨ ᠲᠠᠯᠬᠢᠭᠳᠠᠵᠤ᠂ ᠳᠤᠮᠳᠠᠳᠤ᠎ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠰᠢᠭᠤᠨ ᠵᠤᠪᠠᠯᠠᠩ᠎ᠳᠦ ᠤᠴᠠᠷᠠᠪᠠ᠃ ᠶᠠᠫᠤᠨᠴᠤᠳ 《ᠮᠢᠰᠦ᠋ᠷᠢ》 ᠨᠡᠷᠡᠮᠵᠢᠲᠦ ᠪᠠᠢᠯᠳᠤᠭᠠᠨ᠎ᠤ ᠬᠥᠯᠭᠡ ᠣᠩᠭᠣᠴᠠᠨ ᠳᠡᠭᠡᠷ᠎ᠡ ᠪᠠᠭᠤᠵᠤ ᠥᠭᠬᠦ ᠪᠢᠴᠢᠭ ᠲᠦ᠍ ᠭᠠᠷᠤᠨ ᠦᠰᠦᠭ ᠵᠢᠷᠤᠬᠰᠠᠨ ᠡᠴᠡ ᠡᠬᠢᠯᠡᠨ ᠳᠤᠮᠳᠠᠳᠤ᠎ᠶᠢᠨ ᠪᠣᠯᠪᠠᠰᠤᠨ 《ᠲᠦᠨᠡᠷ ᠬᠠᠷᠠᠩᠭᠤᠢ ᠴᠠᠭ ᠮᠥᠴᠡ》 ᠶ᠋ᠢ ᠳᠠᠪᠠᠨ ᠲᠤᠭᠤᠯᠵᠠᠢ᠃
《ᠡᠨᠡ ᠪᠣᠯ ᠳᠤᠮᠳᠠᠳᠤ᠎ᠶᠢᠨ ᠦᠨᠳᠦᠰᠦᠲᠡᠨ᠎ᠦ ᠣᠢᠷ᠎ᠠ ᠦᠶ᠎ᠡ᠎ᠡᠴᠡ ᠨᠠᠭᠠᠰᠢ ᠬᠦᠨᠳᠦ ᠬᠡᠴᠡᠭᠦᠦ ᠬᠢᠮᠤᠷᠠᠯ᠎ᠤᠨ ᠲᠤᠮᠳᠠ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠭᠰᠠᠨ ᠲᠡᠦᠬᠡ᠎ᠶᠢᠨ ᠡᠷᠭᠢᠯᠲᠡ᠎ᠶᠢᠨ ᠴᠡᠭ ᠮᠥᠨ》︱ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠳᠠᠶ᠋ᠢᠯᠠᠯᠭ᠎ᠠ ᠳᠡᠭᠡᠷᠡᠬᠢ ᠶᠡᠷᠦᠩᠬᠡᠢ ᠱᠦᠵᠢ ᠰᠢ᠎ᠶᠢᠨ ᠫᠢᠩ ᠡᠨᠡ ᠬᠦ᠌ ᠴᠢᠬᠤᠯᠠ ᠥᠭᠦᠯᠡᠯᠲᠡ ᠨᠢ ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢᠨ ᠠᠬᠢᠴᠠ᠎ᠳᠠᠬᠢ ᠶᠠᠫᠤᠨ᠎ᠢ ᠡᠰᠡᠷᠭᠦᠴᠡᠬᠦ ᠳᠠᠢ᠍ᠢᠨ᠎ᠦ ᠢᠯᠠᠯᠲᠠ᠎ᠶᠢᠨ ᠲᠡᠦᠬᠡᠨ ᠪᠠᠢᠷᠢ ᠰᠠᠭᠤᠷᠢ᠎ᠶᠢ ᠲᠣᠳᠣᠷᠬᠠᠢ ᠵᠢᠭᠠᠭᠰᠠᠨ ᠪᠠᠢᠨ᠎ᠠ᠃
ᠳᠠᠷᠢ᠎ᠶᠢᠨ ᠤᠲᠤᠭ᠎ᠠ ᠰᠠᠷᠨᠢᠵᠤ᠂ ᠠᠭᠤᠯᠠ ᠤᠰᠤ ᠬᠦᠬᠡᠷᠡᠨ ᠴᠡᠯᠭᠡᠷᠡᠵᠦ᠂ ᠬᠥᠮᠥᠨ᠎ᠦ ᠣᠷᠴᠢᠯᠠᠩ ᠰᠣᠯᠢᠭ᠍ᠳᠠᠨ ᠰᠢᠨᠡᠳᠪᠡ᠃ 《ᠦᠭᠡᠢᠭᠦᠦ ᠶᠠᠳᠠᠭᠤ》 ᠵᠢᠨ ᠰᠠᠭᠤᠷᠢ ᠳᠡᠭᠡᠷ᠎ᠡ ᠪᠦᠲᠦᠭᠡᠨ ᠪᠠᠢᠭᠤᠯᠤᠯᠲᠠ ᠬᠢᠵᠦ ᠬᠥᠭᠵᠢᠭᠦᠯᠵᠦ ᠪᠠᠢᠭᠰᠠᠨ᠎ᠡᠴᠡ ᠥᠭᠡᠷᠡᠴᠢᠯᠡᠯᠲᠡ᠎ᠶᠢᠨ ᠤᠷᠢᠬᠠᠨ ᠬᠠᠪᠤᠷ ᠲᠦ᠍ ᠥᠷᠨᠢᠭᠦᠨ ᠬᠥᠭᠵᠢᠬᠦ ᠬᠦᠷᠲᠡᠯ᠎ᠡ; ᠬᠣᠴᠤᠷᠤᠩᠭᠤᠢ ᠴᠠᠭ ᠦᠶ᠎ᠡ᠎ᠡᠴᠡ ᠴᠠᠭ ᠦᠶ᠎ᠡ᠎ᠶᠢ ᠬᠥᠭᠡᠭᠡᠴᠡᠯᠳᠦᠨ ᠳᠠᠭᠠᠬᠤ ᠬᠦᠷᠲᠡᠯ᠎ᠡ᠂ ᠴᠠᠭ ᠦᠶ᠎ᠡ᠎ᠶᠢ ᠬᠥᠭᠡᠭᠡᠵᠦ ᠭᠦᠢᠴᠡᠭᠰᠡᠨ᠎ᠡᠴᠡ ᠴᠠᠭ ᠦᠶ᠎ᠡ᠎ᠶᠢ ᠬᠥᠲᠥᠯᠥᠨ ᠳᠠᠭᠠᠭᠤᠯᠬᠤ ᠬᠦᠷᠲᠡᠯ᠎ᠡ ᠁ ᠥᠨᠢ ᠤᠳᠠᠭᠠᠨ ᠵᠢᠯ᠎ᠤᠨ ᠲᠡᠥᠬᠡ ᠲᠡᠢ ᠳᠤᠮᠳᠠᠳᠤ ᠤᠯᠤᠰ ᠭᠠᠯ ᠤᠰᠤᠨ᠎ᠤ ᠠᠶᠤᠯ ᠵᠤᠪᠠᠯᠠᠩ᠎ᠢ ᠳᠠᠪᠠᠨ ᠲᠤᠭᠤᠯᠵᠤ ᠳᠠᠬᠢᠨ ᠲᠦᠷᠦᠬᠦ ᠪᠡᠷ ᠰᠢᠨ᠎ᠡ ᠠᠶᠠᠨ᠎ᠤ ᠭᠠᠷᠤᠭ᠎ᠠ ᠪᠡᠨ ᠡᠯᠬᠦᠯ᠎ᠡ᠃
ᠠᠭᠤᠯᠠ ᠤᠰᠤ ᠵᠢ ᠲᠤᠩᠰᠤᠯᠤᠭᠠᠯᠠ! 《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠪᠣᠯ ᠲᠤᠢᠯ᠎ᠤᠨ ᠬᠠᠲᠠᠭᠤ ᠪᠡᠷᠬᠡᠰᠢᠶᠡᠯᠲᠡᠢ ᠠᠭᠤᠤ ᠶᠡᠬᠡ ᠳᠠᠶ᠋ᠢᠨ ᠮᠥᠨ 》
《ᠶᠢᠰᠦᠨ ᠰᠠᠷ᠎ᠠ᠎ᠶᠢᠨ ᠠᠷᠪᠠᠨ ᠨᠠᠢ᠍ᠮᠠᠨ᠂ ᠶᠢᠰᠦᠨ ᠰᠠᠷ᠎ᠠ᠎ᠶᠢᠨ ᠠᠷᠪᠠᠨ ᠨᠠᠢ᠍ᠮᠠᠨ᠂ ᠲᠡᠷᠡ ᠬᠦ᠌ ᠭᠠᠰᠠᠯᠠᠩᠲᠤ ᠴᠠᠭ ᠦᠶ᠎ᠡ᠎ᠡᠴᠡ ᠁ 》
3᠎ᠤ᠋ ᠡᠳᠦᠷ᠂ ᠪᠡᠭᠡᠵᠢᠩ᠎ᠦᠨ ᠲᠢᠶᠠᠨ ᠠᠨ ᠮᠧᠨ ᠠᠭᠤᠳᠠᠮ ᠲᠠᠯᠠᠪᠠᠢ᠎ᠳᠤ᠂ ᠨᠠᠢᠷᠠᠯ ᠳᠠᠭᠤᠤ᠎ᠶᠢᠨ ᠪᠦᠯᠬᠦᠮ᠎ᠦᠨ ᠬᠢᠨ ᠡᠨᠡ ᠬᠦ᠌ 《ᠰᠤᠩᠭᠠᠷᠢ ᠮᠥᠷᠡᠨ᠎ᠤ ᠬᠦᠪᠡᠭᠡᠨ᠎ᠳᠦ》 ᠭᠡᠬᠦ ᠳᠠᠭᠤᠤ᠎ᠶᠢ ᠬᠠᠮᠲᠤ᠎ᠪᠠᠷ ᠤᠶᠠᠩᠭᠠᠯᠠᠨ ᠳᠠᠭᠤᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠤᠭ᠎ᠤᠨ ᠡᠮᠭᠡᠨᠢᠯᠲᠡᠢ᠂ ᠬᠠᠮᠤᠭ᠎ᠤᠨ ᠤᠶᠠᠷᠠᠭᠤᠨ ᠵᠢᠪᠬᠤᠯᠠᠩᠲᠤ ᠳᠤᠷᠠᠰᠤᠮᠵᠢ᠎ᠶᠢ ᠰᠡᠷᠭᠦᠭᠡᠨ᠎ᠡ᠃
《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ ᠪᠣᠯ ᠲᠤᠢᠯ᠎ᠤᠨ ᠬᠠᠲᠠᠭᠤ ᠪᠡᠷᠬᠡᠰᠢᠶᠡᠯᠲᠡᠢ ᠠᠭᠤᠤ ᠶᠡᠬᠡ ᠳᠠᠢ᠍ᠢᠨ ᠮᠥᠨ》᠃ ᠶᠡᠷᠦᠩᠬᠡᠢ ᠱᠦᠵᠢ ᠰᠢ᠎ᠶᠢᠨ ᠫᠢᠩ᠎ᠤᠨ ᠦᠭᠡ ᠲᠣᠪᠴᠢᠬᠠᠨ ᠤᠳᠬ᠎ᠠ ᠲᠡᠭᠦᠰ ᠪᠠᠢᠵᠤ᠂ ᠳᠤᠮᠳᠠᠳᠤ᠎ᠶᠢᠨ ᠬᠥᠪᠡᠭᠦᠳ ᠥᠬᠢᠳ᠎ᠦᠨ ᠮᠢᠬ᠎ᠠ ᠴᠢᠰᠤ᠎ᠪᠠᠷ᠎ᠢᠶᠠᠨ ᠪᠣᠯᠣᠳ ᠲᠡᠮᠦᠷ ᠮᠡᠲᠦ ᠤᠷᠳᠤ ᠴᠠᠭᠠᠨ ᠬᠡᠷᠡᠮ᠎ᠢ ᠪᠣᠰᠬᠠᠵᠤ᠂ ᠠᠭᠤᠤ ᠶᠡᠬᠡ ᠢᠯᠠᠯᠲᠠ᠎ᠶᠢ ᠣᠯᠵᠤ᠂ ᠦᠨᠳᠦᠰᠦᠲᠡᠨ᠎ᠦ ᠨᠡᠷ᠎ᠡ ᠬᠦᠨᠳᠦ᠎ᠶᠢ ᠣᠯᠵᠤ᠂ ᠳᠡᠯᠡᠬᠡᠢ ᠳ᠋ᠠᠬᠢᠨ᠎ᠤ ᠬᠦᠨᠳᠦᠳᠬᠡᠯ᠎ᠢ ᠣᠯᠣᠭᠰᠠᠨ᠎ᠢ ᠲᠠᠢᠯᠪᠤᠷᠢᠯᠠᠵᠠᠢ᠃
ᠠᠬᠤᠢ ᠦᠵᠡᠭᠳᠡᠯᠲᠦᠳᠠᠭᠤᠤ ᠪᠥᠵᠢᠭ 《ᠴᠢᠰᠤᠨ᠎ᠳᠦ ᠪᠤᠳᠤᠭᠳᠠᠭᠰᠠᠨ ᠴᠠᠭᠠᠨ ᠬᠤᠰᠤᠨ ᠣᠶ》 ᠳ᠋ᠥ ᠵᠡᠭᠦᠨ ᠬᠣᠢᠲᠤ ᠣᠷᠣᠨ᠎ᠤ ᠶᠠᠫᠤᠨ᠎ᠢ ᠡᠰᠡᠷᠭᠦᠴᠡᠬᠦ ᠬᠣᠯᠪᠣᠭᠠᠲᠤ ᠴᠡᠷᠢᠭ᠎ᠦᠨ ᠪᠠᠭᠠᠲᠤᠷᠴᠤᠳ᠎ᠤᠨ ᠠᠮᠢ ᠪᠡᠶ᠎ᠡ᠎ᠪᠡᠨ ᠦᠷᠡᠭᠳᠡᠭᠦᠯᠵᠦ ᠬᠤᠪᠢ ᠨᠡᠮᠡᠷᠢ ᠦᠵᠡᠭᠦᠯᠦᠭᠰᠡᠨ᠎ᠢ ᠳᠠᠬᠢᠨᠲᠠ ᠢᠯᠡᠷᠡᠭᠦᠯᠵᠦ᠂《ᠵᠠᠭᠤᠷᠮᠠᠭ ᠨᠠᠰᠤ》ᠭᠡᠬᠦ ᠪᠦᠵᠢᠭ ᠲᠦ᠍ ᠨᠠᠨᠵᠢᠩ᠎ᠤᠨ ᠶᠡᠬᠡ ᠬᠢᠳᠤᠯᠭ᠎ᠠ᠎ᠶᠢᠨ ᠬᠥᠮᠥᠨ᠎ᠦ ᠶᠢᠷᠲᠢᠨᠴᠦ ᠵᠢᠨ ᠬᠠᠷᠠᠰᠠᠯᠲᠤ ᠦᠵᠡᠭᠳᠡᠯ᠎ᠢ ᠲᠣᠭᠠᠴᠢᠪᠠ ᠁ 3᠎ᠤ᠋ ᠡᠳᠦᠷ᠎ᠦᠨ ᠤᠷᠠᠨ ᠰᠠᠢᠬᠠᠨ᠎ᠤ ᠦᠳᠡᠰᠢᠯᠡᠭᠡ ᠨᠢ ᠲᠤᠬᠠᠢ᠎ᠶᠢᠨ ᠲᠠᠯᠠᠪᠠᠶ᠎ᠶᠢᠨ ᠦᠵᠡᠭᠴᠢᠳ᠎ᠢ ᠨᠢᠯᠪᠤᠰᠤ ᠠᠰᠬᠠᠷᠠᠭᠤᠯᠤᠯ᠎ᠠ᠃
ᠲᠡᠮᠦᠷ ᠲᠤᠭᠤᠷᠠᠢ ᠴᠠᠪᠴᠢᠯᠠᠵᠤ᠂ ᠠᠭᠤᠯᠠ ᠤᠰᠤᠨ᠎ᠤ ᠦᠨᠭᠭᠡ ᠭᠠᠨᠭᠳᠠᠵᠤ᠂ ᠠᠮᠢ ᠨᠠᠰᠤ ᠠᠶᠤᠯ ᠵᠣᠪᠠᠯᠠᠩ᠎ᠳᠤ ᠲᠤᠯᠭᠠᠷᠠᠪᠠ᠃ ᠶᠠᠫᠤᠨ᠎ᠢ ᠡᠰᠡᠷᠭᠦᠴᠡᠬᠦ ᠲᠠᠢ᠍ᠢᠨ᠎ᠦ ᠠᠭᠤᠤ ᠶᠡᠬᠡ ᠢᠯᠠᠯᠲᠠ᠎ᠶᠢᠨ ᠰᠦᠷ ᠵᠢᠪᠬᠤᠯᠠᠩᠲᠤ ᠲᠤᠤᠯᠢᠰ ᠲᠦ᠍᠂ ᠤᠯᠤᠰ ᠦᠨᠳᠦᠰᠦᠲᠡᠨ᠎ᠦ ᠭᠠᠰᠠᠯᠠᠩ ᠵᠣᠪᠠᠯᠠᠩ᠎ᠢ ᠡᠭᠦᠷᠢᠳᠡ ᠮᠠᠷᠲᠠᠵᠤ ᠪᠤᠯᠬᠤ ᠦᠭᠡᠢ ᠶᠤᠮ᠃
ᠪᠠᠯᠠᠮᠠᠳ ᠬᠡᠷᠴᠡᠭᠡᠢ ᠬᠢᠳᠤᠯᠭ᠎ᠠ᠂ ᠬᠠᠷᠭᠢᠰ ᠬᠡᠷᠴᠡᠭᠡᠢ《ᠭᠤᠷᠪᠠ᠎ᠶᠢ ᠳᠠᠭᠤᠰᠬᠠᠬᠤ》 ᠲᠦᠷᠦ᠎ᠶᠢᠨ ᠪᠣᠳᠣᠯᠭ᠎ᠠ᠂ ᠬᠥᠮᠥᠨ᠎ᠢ ᠰᠣᠴᠢᠭᠠᠮ᠎ᠠ ᠪᠠᠺᠲᠧᠷᠢ᠎ᠶᠢᠨ ᠲᠠᠢ᠍ᠢᠨ ᠪᠠ ᠬᠢᠮᠢ᠎ᠶᠢᠨ ᠲᠠᠢ᠍ᠢᠨ ᠁ ᠶᠠᠫᠤᠨ᠎ᠤ ᠴᠡᠷᠢᠭᠯᠡᠬᠦ ᠦᠵᠡᠯ᠎ᠦᠨ ᠪᠠᠯᠠᠮᠠᠳ ᠬᠡᠷᠴᠡᠭᠡᠢ ᠲᠦᠷᠢᠮᠡᠬᠡᠢᠯᠡᠯ᠎ᠦᠨ ᠳᠣᠣᠷ᠎ᠠ᠂ ᠳᠤᠮᠳᠠᠳᠤ᠎ᠶᠢᠨ ᠬᠥᠪᠡᠭᠦᠳ ᠥᠬᠢᠳ ᠬᠠᠯᠠᠭᠤᠨ ᠴᠢᠰᠤ ᠪᠡᠨ ᠠᠭᠤᠯᠠ ᠤᠰᠤᠨ᠎ᠳᠠᠭᠠᠨ ᠰᠢᠨᠭᠭᠡᠭᠡᠪᠡ᠃
ᠡᠬᠢᠯᠡᠭᠰᠡᠨ ᠴᠠᠭ ᠨᠢ ᠬᠠᠮᠤᠭ᠎ᠤᠨ ᠡᠷᠲᠡ᠂ ᠦᠷᠭᠦᠯᠵᠢᠯᠡᠭᠰᠡᠨ ᠴᠠᠭ ᠨᠢ ᠬᠠᠮᠤᠭ᠎ᠤᠨ ᠤᠷᠳᠤ᠂ ᠦᠷᠡᠭᠳᠡᠯ ᠰᠦᠢᠳᠦᠯ ᠨᠢ ᠬᠠᠮᠤᠭ᠎ᠤᠨ ᠶᠡᠬᠡ ᠪᠠᠢᠵᠤ᠂ ᠶᠠᠫᠤᠨ᠎ᠤ ᠴᠡᠷᠢᠭᠯᠡᠬᠦ ᠦᠵᠡᠯ᠎ᠦᠨ ᠭᠣᠣᠯ ᠴᠡᠷᠢᠭ᠎ᠦᠨ ᠬᠦᠴᠦᠨ᠎ᠢ ᠤᠷᠳᠤ ᠬᠤᠭᠤᠴᠠᠭ᠎ᠠ᠎ᠪᠠᠷ ᠬᠣᠷᠢᠭ᠍ᠯᠠᠨ ᠡᠰᠡᠷᠭᠦᠴᠡᠪᠡ ᠁ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ᠎ᠦ ᠳᠣᠷᠣᠨᠠᠳᠠᠬᠢᠨ᠎ᠤ ᠭᠣᠣᠯ ᠲᠠᠢ᠍ᠢᠨ᠎ᠦ ᠲᠠᠯᠠᠪᠤᠷ᠎ᠲᠤ᠂ ᠳᠤᠮᠳᠠᠳᠤ ᠤᠯᠤᠰ ᠮᠠᠰᠢ ᠤᠯᠠᠨ 《ᠬᠠᠮᠤᠭ》 ᠵᠢᠡᠷ ᠶᠠᠫᠤᠨ᠎ᠢ ᠡᠰᠡᠷᠭᠦᠴᠡᠭᠰᠡᠨ ᠰᠦᠷ ᠵᠢᠪᠬᠤᠯᠠᠩᠲᠤ ᠲᠤᠤᠯᠢᠰ ᠢ ᠪᠢᠴᠢᠭᠯᠡᠭᠰᠡᠨ ᠪᠠᠢᠨ᠎ᠠ᠃
《ᠶᠡᠷᠦᠩᠬᠡᠢ ᠱᠦᠵᠢ᠎ᠶᠢᠨ ᠶᠠᠷᠢᠭ᠍ᠰᠠᠨ 〈ᠲᠤᠢᠯ᠎ᠤᠨ ᠬᠠᠲᠠᠭᠤ ᠪᠡᠷᠭᠡᠰᠢᠶᠡᠯᠳᠡᠢ〉 ᠭᠡᠬᠦ ᠳᠦᠷᠪᠡᠨ ᠦᠭᠡ ᠮᠢᠨᠤ ᠴᠢᠬᠢᠨ᠎ᠳᠦ ᠴᠤᠤᠷᠢᠶᠠᠲᠤᠭᠰᠠᠭᠠᠷ ᠪᠠᠢᠨ᠎ᠠ᠃ 〈ᠲᠤᠢᠯ᠎ᠤᠨ ᠬᠠᠲᠠᠭᠤ ᠪᠡᠷᠭᠡᠰᠢᠶᠡᠯᠳᠡᠢ〉 ᠭᠡᠳᠡᠭ ᠨᠢ ᠳᠠᠷᠤᠢ ᠡᠳᠡᠭᠡᠷ ᠤᠯᠠᠨ 〈ᠬᠠᠮᠤᠭ〉 ᠤ᠋ᠳ ᠳᠡᠭᠡᠷ᠎ᠡ ᠢᠯᠡᠷᠡᠵᠦ ᠪᠠᠢᠨ᠎ᠠ》 ᠃ ᠬᠠᠷᠪᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠹᠠᠨ ᠹᠧᠩ᠂ 《ᠳᠤᠮᠳᠠᠳᠤ ᠤᠯᠤᠰ᠎ᠤᠨ ᠠᠷᠠᠳ ᠲᠦᠮᠡᠨ ᠡᠴᠦᠰ ᠲᠦ᠍ᠨᠢ ᠲᠤᠯᠲᠠᠯ᠎ᠠ ᠪᠠᠢᠯᠳᠤᠨ ᠲᠡᠮᠡᠴᠡᠵᠦ᠂ ᠯᠤᠲᠤ ᠶᠡᠬᠡ ᠦᠨᠳᠦᠰᠦᠲᠡᠨ᠎ᠦ ᠦᠷᠡᠭᠳᠡᠯ᠎ᠢᠶᠡᠷ ᠶᠠᠫᠤᠨ ᠲᠦᠷᠢᠮᠡᠬᠡᠢᠯᠡᠭᠴᠢᠳ᠎ᠦᠨ ᠲᠤᠢᠯᠪᠤᠷᠢᠲᠠᠢ ᠢᠯᠠᠭᠳᠠᠬᠤ᠎ᠳᠦ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠡᠢ》 ᠭᠡᠪᠡ᠃
《ᠳᠤᠮᠳᠠᠳᠤ᠎ᠶᠢᠨ ᠦᠨᠳᠦᠰᠦᠲᠡᠨ ᠪᠣᠯ ᠬᠦᠴᠦᠷᠬᠡᠭ᠎ᠡᠴᠡ ᠰᠦᠷᠳᠡᠬᠦ ᠦᠭᠡᠢ᠂ ᠪᠡᠶ᠎ᠡ᠎ᠪᠡᠨ ᠳᠠᠭᠠᠭᠠᠵᠤ ᠬᠦᠴᠦᠷᠬᠡᠭᠵᠢᠳᠡᠭ ᠠᠭᠤᠤ ᠶᠡᠬᠡ ᠦᠨᠳᠦᠰᠦᠲᠡᠨ ᠮᠥᠨ》᠃ ᠶᠡᠷᠦᠩᠬᠡᠢ ᠱᠦᠵᠢ ᠰᠢ᠎ᠶᠢᠨ ᠫᠢᠩ᠎ᠤᠨ ᠲᠥᠪ ᠴᠢᠩᠭ᠎ᠠ ᠢᠯᠡᠷᠬᠡᠢᠯᠡᠯ ᠨᠢ ᠠᠷᠠᠳ ᠲᠦᠮᠡᠨ᠎ᠤ ᠬᠠᠯᠠᠭᠤᠨ ᠴᠢᠰᠤ᠎ᠶᠢ ᠣᠷᠭᠢᠯᠤᠭᠤᠯᠵᠤ᠂ ᠣᠮᠣᠭ ᠪᠠᠬᠠᠳᠤᠯ᠎ᠢᠶᠡᠷ ᠳᠦᠭᠦᠷᠭᠡᠵᠡᠢ᠃
ᠦᠨᠳᠦᠰᠦᠲᠡᠨ ᠮᠥᠬᠥᠯ᠎ᠦᠨ ᠠᠶᠤᠯ᠎ᠳᠤ ᠲᠤᠯᠭᠠᠷᠠᠭᠰᠠᠨ ᠵᠠᠩᠭᠢᠯᠠᠭ᠎ᠠ᠎ᠶᠢᠨ ᠦᠶ᠎ᠡ᠎ᠳᠦ᠂ ᠲᠦᠷᠪᠡᠨ ᠳ᠋ᠦᠩᠰᠢᠭᠤᠷ ᠠᠬ᠎ᠠ ᠳᠡᠭᠦᠦ ᠨᠠᠷ᠎ᠦᠨ 《ᠦᠬᠦᠭᠰᠡᠨ ᠴᠦ᠍ ᠬᠠᠷᠢ᠎ᠶᠢᠨ ᠪᠤᠭᠤᠯ ᠪᠣᠯᠬᠤ ᠦᠭᠡᠢ》 ᠭᠡᠬᠦ ᠬᠢᠯᠢᠩ᠎ᠳᠦ ᠬᠠᠰᠬᠢᠷᠤᠯᠲᠠ ᠨᠢ ᠠᠷᠠᠳ ᠲᠦᠮᠡᠨ᠎ᠦ ᠳᠤᠮᠳᠠ ᠬᠠᠳᠠᠭᠠᠯᠠᠭᠳᠠᠵᠤ ᠪᠠᠢᠭᠰᠠᠨ ᠤᠯᠤᠰ᠎ᠢᠶᠠᠨ ᠬᠠᠢᠷᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠪᠠ ᠠᠭᠤᠤ ᠶᠡᠬᠡ ᠦᠨᠳᠦᠰᠦᠲᠡᠨ᠎ᠦ ᠵᠣᠷᠢᠭ᠋ ᠰᠠᠨᠠᠭ᠎ᠠ᠎ᠶᠢ ᠳᠠᠭᠤᠳᠠᠨ ᠰᠡᠷᠢᠭᠡᠭᠰᠡᠨ ᠪᠠᠢᠨ᠎ᠠ᠃
《ᠳᠠᠨ᠎ᠤ ᠠᠷᠢᠭᠤᠨ ᠰᠦᠨᠡᠰᠦ᠎ᠳᠦ ᠠᠢᠯᠠᠳᠬᠠᠬᠤ ᠨᠢ᠂ ᠬᠦᠰᠡᠯ ᠭᠡᠷᠢᠶᠡᠰ ᠳᠠᠨ᠎ᠢ ᠨᠢᠭᠡᠨᠲᠡ ᠪᠡᠶᠡᠯᠡᠭ᠌ᠳᠡᠭᠰᠡᠨ ᠰᠢᠤ!》 ᠴᠡᠷᠢᠭ ᠠᠩᠬᠢ ᠵᠢ ᠱᠢᠯᠭᠠᠨ ᠦᠵᠡᠬᠦ᠌ ᠲᠠᠯᠠᠪᠠᠶ᠎ᠳᠤ᠂《ᠶᠠᠩ ᠵᠢᠩ ᠢᠦᠶ᠎ᠶ᠋ᠢᠨ ᠰᠠᠯᠪᠤᠷᠢ ᠠᠩᠭᠢ》 ᠶ᠋ᠢᠨ ᠪᠠᠢᠯᠳᠤᠭᠠᠨ᠎ᠤ ᠲᠣᠭ ᠰᠠᠯᠬᠢᠨ᠎ᠤ ᠠᠶ᠎ᠠ᠎ᠪᠠᠷ ᠨᠠᠮᠢᠷᠠᠨ᠎ᠠ᠃ ᠶᠣᠰᠣᠯᠠᠯ᠎ᠤᠨ ᠲᠠᠢᠰᠠᠨ ᠳᠡᠭᠡᠷ᠎ᠡ᠂ ᠶᠠᠩ ᠵᠢᠩ ᠢᠦᠢ ᠵᠠᠩᠵᠤᠨ ᠤ᠋ ᠵᠢᠴᠢ ᠤᠮᠪᠤᠯᠤ ᠮᠠ ᠴᠧᠩ ᠮᠢᠩ ᠭᠠᠷ ᠤᠲᠠᠰᠤ᠎ᠪᠠᠷ ᠡᠯᠦᠨᠴᠡ ᠡᠪᠦᠭᠡ᠎ᠶ᠋ᠢᠨ᠎ᠢᠶᠡᠨ ᠬᠦᠷᠦᠭ᠎ᠢ ᠳᠡᠯᠭᠡᠵᠦ᠂ ᠳᠣᠣᠷ᠎ᠠ ᠳᠠᠭᠤᠨ᠎ᠢᠶᠠᠷ ᠰᠢᠪᠡᠨᠡᠪᠡ᠃
《ᠯᠢᠦ ᠯᠣᠣ ᠵᠤᠸᠠᠩ᠎ᠤᠨ ᠰᠤᠮᠤᠨ ᠠᠩᠬᠢ》 ᠵᠢᠨ 82 ᠪᠠᠭᠠᠲᠤᠷ ᠮᠢᠩᠭ᠎ᠠ ᠭᠠᠷᠤᠢ ᠳᠠᠢᠰᠤᠨ᠎ᠲᠠᠶ ᠦᠬᠦᠵᠦ᠍ ᠰᠡᠬᠡᠬᠦ᠌ ᠲᠡᠮᠡᠴᠡᠯ ᠬᠢᠵᠦ᠍᠂ ᠪᠦᠬᠦᠨ᠎ᠢᠶᠡᠷ᠎ᠢᠶᠡᠨ ᠪᠡᠶ᠎ᠡ ᠦᠷᠡᠭ᠌ᠳᠡᠪᠡ; 《ᠮᠦᠸᠧ ᠾᠧ ᠲᠠᠨ᠎ᠳᠦ ᠴᠢᠰᠤᠳᠤ ᠪᠠᠢᠯᠳᠤᠭᠠᠨ ᠬᠢᠭᠰᠡᠨ ᠪᠤᠯᠤᠳ ᠲᠡᠮᠤᠷ᠎ᠦᠨ ᠰᠤᠮᠤᠨ ᠠᠩᠬᠢ》ᠦᠪᠡᠷ ᠡᠴᠡ ᠪᠠᠨ ᠬᠡᠳᠦᠨ ᠲᠠᠬᠢᠨ ᠢᠯᠡᠬᠦᠦ ᠬᠦᠮᠦᠨ ᠲᠠᠢ ᠶᠠᠫᠣᠨ ᠴᠡᠷᠢᠭ ᠲᠠᠢ ᠬᠠᠲᠠᠭᠤ ᠱᠢᠷᠦᠭᠦᠨ ᠪᠠᠢᠯᠳᠤᠵᠤ᠂ ᠪᠦᠬᠦ᠌ ᠰᠤᠮᠤᠨ ᠠᠩᠬᠢ᠎ᠶᠢᠨ 145 ᠬᠥᠮᠦᠨ ᠡᠴᠡ ᠵᠦᠪᠬᠡᠨ 17 ᠨᠢ ᠠᠮᠢᠳᠤ ᠦᠯᠡᠳᠡᠪᠡ; 《ᠬᠤᠷᠴᠠ ᠬᠢᠳᠤᠭ᠎ᠠ ᠭᠠᠷᠳᠠᠨ ᠪᠠᠢᠯᠳᠤᠬᠤ ᠪᠠᠭᠠᠲᠤᠷᠯᠢᠭ ᠰᠤᠮᠤᠨ ᠠᠩᠬᠢ》ᠵᠠᠭᠤᠨ ᠬᠤᠷᠢᠶ᠎ᠠ᠎ᠶᠢᠨ ᠳᠠᠢᠯᠠᠯᠳᠤᠭᠠᠨ᠎ᠳᠤ ᠳᠠᠢᠰᠤᠨ᠎ᠲᠠᠶ ᠬᠤᠷᠴᠠ ᠬᠢᠳᠤᠭ᠎ᠠ ᠪᠡᠷ ᠱᠢᠷᠦᠭᠦᠨ ᠪᠠᠢᠯᠳᠤᠪᠠ ᠁
ᠪᠠᠢᠯᠳᠤᠭᠠᠨ᠎ᠤ ᠲᠤᠭ ᠶᠠᠭᠠᠬᠢᠭᠠᠳ ᠡᠢᠨᠬᠦ ᠵᠢᠷᠤᠭ ᠮᠡᠲᠦ ᠭᠤᠶᠤ ᠪᠠᠢᠳᠠᠭ ᠪᠤᠢ ᠬᠡᠪᠡᠯ ᠪᠠᠭᠠᠲᠤᠷᠴᠤᠳ᠎ᠤᠨ ᠴᠢᠰᠤ ᠲᠡᠭᠦᠨ᠎ᠢ ᠪᠤᠳᠤᠭᠯᠠᠭᠰᠠᠨ᠎ᠳᠦ ᠪᠤᠢ᠃ ᠪᠠᠢᠯᠳᠤᠭᠠᠨ᠎ᠤ ᠲᠣᠭ᠎ᠤᠨ ᠵᠢᠭ᠍ᠰᠠᠭᠠᠯ᠎ᠤᠨ ᠡᠩᠨᠡᠭᠡ᠎ᠶᠢᠨ ᠬᠢᠯᠠᠯᠵᠠᠭᠤᠯᠤᠭᠰᠠᠨ ᠭᠠᠯ ᠤᠯᠠᠭᠠᠨ ᠥᠩᠭᠡ ᠳᠦ᠂ ᠲᠣᠭ᠎ᠠ ᠲᠣᠮᠰᠢ ᠥᠬᠡᠶ ᠦᠷᠡᠭ᠌ᠳᠡᠭ᠌ᠰᠡᠨ ᠪᠠᠭᠠᠲᠤᠷᠴᠤᠳ᠎ᠤᠨ ᠦᠷᠡᠭ᠌ᠳᠡᠯ ᠪᠠ ᠬᠤᠪᠢ ᠨᠡᠮᠡᠷᠢ᠎ᠶ᠋ᠢ ᠠᠴᠢᠶᠠᠯᠠᠵᠤ᠂ ᠬᠠᠯᠠᠭᠤᠨ ᠴᠢᠰᠤ ᠳᠠᠷᠢ᠎ᠶᠢᠨ ᠭᠠᠯ᠎ᠢᠶᠡᠷ ᠴᠣᠭ᠍ᠴᠠᠯᠠᠭ᠍ᠰᠠᠨ ᠦᠨᠳᠦᠰᠦᠲᠡᠨ᠎ᠦ ᠨᠢᠷᠤᠭᠤ ᠲᠤᠯᠭᠠᠭᠤᠷᠢ᠎ᠶ᠋ᠢ ᠢᠯᠡᠷᠡᠬᠦᠯᠪᠡ᠃
《ᠲᠤᠬᠠᠢ᠎ᠶ᠋ᠢᠨ ᠵᠢᠯ᠂ ᠱᠢᠳᠤᠷᠭᠤ ᠶᠣᠰᠣ ᠪᠣᠯᠤᠨ ᠬᠠᠷᠭᠢᠰ ᠬᠦᠴᠦᠨ᠂ ᠭᠡᠭᠡᠨ ᠰᠠᠷᠠᠭᠤᠯ ᠪᠣᠯᠤᠨ ᠪᠠᠯᠠᠷ ᠬᠠᠷᠠᠩᠭᠤᠢ᠂ ᠳᠠᠪᠱᠢᠯᠲᠠ ᠪᠣᠯᠤᠨ ᠲᠡᠷᠰᠯᠡᠭᠦᠦ᠍ ᠶ᠋ᠢᠨ ᠦᠬᠦᠵᠦ᠍ ᠰᠡᠬᠡᠬᠦ᠌᠎ᠶ᠋ᠢᠨ ᠦᠵᠡᠯᠴᠡᠭᠡᠨ᠎ᠦ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠬᠠᠷᠭᠢᠰ ᠳᠠᠢᠰᠤᠨ ᠢ ᠬᠠᠮᠲᠤ᠎ᠪᠠᠷ ᠬᠣᠷᠣᠰᠴᠤ᠌᠂ ᠡᠷᠡᠯᠬᠡᠭ᠌ᠯᠡᠨ ᠡᠰᠡᠷᠭᠦᠴᠡᠪᠡ ᠁ 》 ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠶᠠᠫᠣᠨ ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠢᠯᠠᠯᠲᠠ ᠪᠣᠯ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠠᠭᠤᠷᠠᠢ᠎ᠪᠠᠷ ᠬᠦᠴᠦᠷᠬᠡᠭ᠎ᠢ ᠢᠯᠠᠭ᠍ᠰᠠᠨ ᠠᠤᠭ᠎ᠠ ᠲᠤᠤᠯᠢᠰ᠎ᠢ ᠭᠦᠨᠵᠡᠭᠡᠢ ᠢᠯᠡᠷᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠢᠯᠠᠭ᠍ᠳᠠᠰᠢ ᠦᠭᠡᠢ ᠰᠦᠷ ᠳᠠᠯᠠᠢᠴᠠᠲᠠᠢ ᠬᠦᠴᠦᠨ ᠴᠢᠳᠠᠯ᠎ᠢ ᠢᠯᠡᠷᠡᠭᠦᠯᠪᠡ᠃
ᠳᠤᠮᠳᠠᠳᠤ᠎ᠶ᠋ᠢᠨ ᠬᠠᠷᠢᠶᠠᠲᠤ ᠵᠠᠯᠠᠭᠤᠴᠤᠳ ᠡᠷᠡᠰ ᠱᠢᠭᠤᠷᠬᠠᠢ᠎ᠪᠠᠷ ᠤᠯᠤᠰ᠎ᠲᠠᠭᠠᠨ ᠪᠤᠴᠠᠨ ᠢᠷᠡᠵᠦ᠍ ᠠᠮᠢ ᠪᠠᠨ ᠬᠠᠢᠬᠤᠷᠤᠯ ᠦᠭᠡᠢ ᠪᠡᠷ ᠡᠳ᠋ ᠪᠣᠳᠠᠰ ᠬᠦᠷᠭᠡᠬᠦ ᠦᠶ᠎ᠡ᠎ᠳᠦ᠂ ᠠᠷᠠᠳ ᠢᠷᠭᠡᠳ ᠶᠠᠫᠣᠨ ᠴᠡᠷᠢᠭ᠎ᠦᠨ ᠱᠦᠭᠦᠷᠳᠡᠯᠲᠡ᠎ᠳᠦ ᠠᠮᠢ᠎ᠪᠠᠨ ᠴᠦᠯᠡᠨ ᠱᠢᠷᠬᠠᠲᠤᠭ᠍ᠰᠠᠳ᠎ᠢ ᠬᠠᠮᠠᠭᠠᠯᠠᠬᠤ ᠦᠶ᠎ᠡ᠎ᠳᠦ᠂ ᠡᠵᠢ ᠬᠦᠮᠦᠨ ᠦᠪᠡᠷ᠎ᠤᠨ ᠭᠠᠭᠴᠠᠬᠠᠨ ᠬᠦᠦ᠍᠎ᠪᠡᠨ ᠲᠠᠢ᠌ᠨ᠎ᠦ ᠲᠠᠯᠠᠪᠤᠷ᠎ᠲᠤ ᠬᠦᠷᠭᠡᠭᠦ ᠦᠶ᠎ᠡ᠎ᠳᠦ ᠁ ᠡᠮᠦᠨᠡᠲᠦ ᠤᠮᠠᠷᠠᠲᠤ ᠭᠡᠵᠦ᠍ ᠢᠯᠭᠠᠯ ᠦᠭᠡᠢ᠂ ᠬᠥᠭ᠌ᠰᠢᠨ ᠵᠠᠯᠠᠭᠤ ᠭᠡᠵᠦ᠍ ᠢᠯᠭᠠᠯ ᠦᠭᠡᠢ᠂ ᠪᠦᠬᠦ᠌ ᠤᠯᠤᠰ᠎ᠤᠨ ᠠᠷᠠᠳ ᠲᠦᠮᠡᠨ ᠡᠷᠡᠰ ᠱᠢᠭᠤᠷᠬᠠᠢ᠎ᠪᠠᠷ ᠶᠠᠫᠣᠨ᠎ᠤ ᠲᠦᠷᠢᠮᠡᠬᠡᠢᠯᠡᠭ᠌ᠴᠢᠳ᠎ᠢ ᠡᠰᠡᠷᠭᠦᠴᠡᠬᠦ᠌ ᠤᠷᠤᠰᠭᠠᠯ᠎ᠳᠤ ᠣᠷᠣᠯᠴᠠᠪᠠ᠃
ᠬᠠᠷᠭᠢᠰ ᠳᠠᠢᠰᠤᠨ᠎ᠢ ᠬᠠᠮᠲᠤ᠎ᠪᠠᠷ ᠬᠣᠷᠣᠰᠴᠤ᠌᠂ ᠲᠤᠰᠤᠯ ᠬᠤᠷᠠᠵᠦ ᠲᠠᠯᠠᠢ ᠪᠤᠯᠪᠠ᠃ ᠡᠷᠡᠯᠬᠡᠭ᠌ᠯᠡᠨ ᠲᠡᠮᠡᠴᠡᠵᠦ ᠡᠰᠡᠷᠭᠦᠴᠡᠨ ᠲᠠᠢᠨ᠎ᠤ ᠭᠠᠯ ᠳ᠋ᠦ ᠳᠠᠬᠢᠨ ᠠᠮᠢᠯᠠᠪᠠ᠃
ᠲᠤᠬᠠᠢ᠎ᠶ᠋ᠢᠨ ᠵᠢᠯ᠎ᠳᠦ᠂ ᠳᠠᠢᠰᠤᠨ᠎ᠤ ᠨᠢᠰᠭᠡᠯ ᠶᠡᠬᠡ ᠫᠤᠤ᠎ᠶ᠋ᠢᠨ ᠡᠮᠦᠨ᠎ᠡ᠂ ᠵᠦᠪᠬᠡᠨ ᠬᠣᠴᠣᠷᠤᠩᠭᠤᠢ ᠵᠡᠪᠰᠡᠭ ᠲᠣᠨᠣᠭ᠍ᠯᠠᠯ᠎ᠲᠠᠶ ᠳᠤᠮᠳᠠᠳᠤ ᠤᠯᠤᠰ᠎ᠤᠨ ᠴᠡᠷᠢᠭ ᠴᠢᠰᠤᠨ ᠪᠠᠢᠯᠳᠤᠭᠠᠨ ᠬᠢᠪᠡ᠃ ᠥᠨᠥᠳᠦᠷ᠂ ᠱᠢᠨ᠎ᠡ ᠬᠡᠯᠪᠡᠷᠢ᠎ᠶ᠋ᠢᠨ ᠵᠡᠪᠰᠡᠭ ᠲᠣᠨᠣᠭ᠍ᠯᠠᠯ ᠱᠢᠯᠭᠠᠨ ᠦᠵᠡᠬᠦ᠌᠎ᠶ᠋ᠢ ᠬᠦᠯᠢᠶᠡᠵᠦ᠍᠂ 《ᠲᠤᠮᠤ ᠤᠯᠤᠰ᠎ᠤᠨ ᠰᠤᠳᠤᠨ ᠲᠤᠨᠤᠬᠯᠠᠯ》 ᠤᠯᠠᠨ᠎ᠲᠠᠶ ᠵᠣᠯᠭᠠᠯ᠎ᠠ᠃ ᠳᠤᠷᠠᠰᠭᠠᠬᠤ ᠶᠡᠬᠡ ᠬᠤᠷᠠᠯ᠎ᠤᠨ ᠲᠤᠬᠠᠢ᠎ᠶ᠋ᠢᠨ ᠲᠠᠯᠠᠪᠠᠢ᠎ᠳᠤ᠂ ᠵᠠᠩ ᡁᠢ ᠵᠦᠩ ᠵᠠᠩᠵᠤᠨ᠎ᠤ ᠵᠢᠭᠡ ᠣᠮᠪᠣᠯᠣ ᠵᠦ᠍ ᠢ ᠱᠠᠨ᠄ 《ᠶᠠᠫᠣᠨ᠎ᠢ ᠡᠰᠡᠷᠭᠦᠴᠡᠬᠦ᠌ ᠲᠠᠢ᠌ᠨ᠎ᠡᠴᠡ ᠦᠨᠳᠦᠰᠦᠲᠡᠨ᠎ᠦ ᠰᠡᠷᠭᠦᠨ ᠮᠠᠨᠳᠤᠯᠲᠠ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠴᠢᠩᠭ᠎ᠠ ᠲᠦᠱᠢᠭ᠌ᠯᠡᠵᠦ᠍᠂ ᠪᠦᠯᠬᠦᠮᠳᠡᠨ ᠨᠢᠭᠡᠳᠴᠦ᠍᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠭᠰᠠᠨ ᠡᠴᠡ ᠥᠨᠥᠳᠦᠷ ᠰᠠᠶᠢ ᠤᠯᠤᠰ᠎ᠤᠨ ᠬᠦᠴᠦᠨ ᠬᠦᠴᠦᠷᠬᠡᠭ᠌ᠵᠢᠵᠦ᠍᠂ ᠨᠡᠢᠭᠡᠮ ᠠᠮᠤᠷ ᠲᠣᠭ᠍ᠲᠠᠭᠤᠨ᠂ ᠠᠷᠠᠳ ᠲᠦᠮᠡᠨ ᠵᠣᠯ ᠵᠢᠷᠭᠠᠯ᠎ᠲᠠᠶ ᠪᠤᠯᠵᠠᠢ》 ᠭᠡᠵᠦ ᠳᠤᠭᠳᠤᠯᠤᠨ ᠬᠡᠯᠡᠪᠡ᠃
《ᠠᠷᠠᠳ ᠲᠦᠮᠡᠨ ᠪᠣᠯ ᠲᠡᠦᠬᠡ᠎ᠶ᠋ᠢᠨ ᠡᠭᠦᠳᠦᠨ ᠪᠦᠲᠦᠭᠡᠭ᠌ᠴᠢ ᠮᠥᠨ᠂ ᠵᠣᠯ ᠵᠢᠷᠭᠠᠯᠲᠤ ᠰᠠᠢ᠌ᠨ ᠰᠠᠢᠬᠠᠨ ᠠᠮᠢᠳᠤᠷᠠᠯ᠎ᠢ ᠬᠥᠭᠡᠭᠡᠴᠡᠯᠳᠦᠬᠦ᠌ ᠪᠣᠯ ᠡᠯ᠎ᠡ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠮᠥᠨ》᠃ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠵᠤ ᠭᠠᠷᠭᠠᠭ᠍ᠰᠠᠨᠴᠢᠯᠠᠨ᠂ ᠶᠠᠮᠠᠷᠪᠠ ᠦᠶᠡᠳᠦᠴᠤ ᠭᠡᠰᠡᠨ ᠪᠢᠳᠡ ᠠᠷᠠᠳ ᠲᠦᠮᠡᠨ᠎ᠦ ᠪᠤᠳᠤᠯ ᠰᠡᠳᠭᠢᠯ᠎ᠢ ᠦᠪᠡᠷ᠎ᠤᠨ ᠪᠤᠳᠤᠯ ᠰᠡᠳᠭᠢᠯ᠎ᠢᠶᠡᠨ ᠪᠤᠯᠭᠠᠵᠤ᠂ ᠳᠡᠯᠡᠬᠡᠶ ᠳ᠋ᠠᠬᠢᠨ ᠤ᠋ ᠠᠱᠢᠭ ᠲᠤᠰᠠ ᠵᠢ ᠦᠪᠡᠷ᠎ᠤᠨ᠎ᠢᠶᠡᠨ ᠠᠰᠢᠭ ᠳᠤᠰᠠ ᠪᠠᠨ ᠪᠤᠯᠭᠠᠵᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢᠨ ᠲᠥᠯᠥᠭᠡ ᠴᠥᠬᠥᠷᠡᠰᠢ ᠥᠬᠡᠶ ᠴᠢᠷᠮᠠᠢᠬᠤ ᠬᠡᠷᠡᠭ᠌ᠲᠡᠶ᠃
ᠪᠡᠷᠬᠡ ᠬᠠᠲᠠᠭᠤᠵᠢᠯᠲᠠᠢ ᠠᠭᠤᠤ ᠶᠡᠬᠡ ᠳᠠᠢᠯᠠᠯᠳᠤᠭᠠᠨ᠎ᠢ ᠥᠩᠭᠡᠷᠡᠭᠦᠯᠵᠦ᠍᠂ ᠰᠦᠷ ᠳᠠᠯᠠᠢᠴᠠᠲᠠᠢ ᠭᠠᠢᠬᠠᠮᠱᠢᠭ᠍ᠲᠤ ᠣᠨ ᠰᠠᠷᠠᠶ᠋ᠢ ᠡᠷᠭᠢᠴᠡᠭᠦᠯᠦᠨ᠎ᠡ᠃ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠢᠯᠠᠯᠲᠠ ᠲᠡᠦᠬᠡᠨ ᠬᠠᠭᠤᠳᠠᠰᠤᠨ᠎ᠠ ᠲᠡᠮᠳᠡᠭ᠌ᠯᠡᠭ᠌ᠳᠡᠵᠦ᠍᠂ ᠠᠷᠠᠳ ᠲᠦᠮᠡᠨ᠎ᠦ ᠠᠭᠤᠤ ᠶᠡᠬᠡ ᠬᠦᠴᠦᠨ ᠬᠠᠨᠳᠤᠬᠰᠠᠨ ᠵᠦᠭ ᠲᠦ᠍ ᠲᠠᠢᠰᠤᠨ ᠦᠭᠡᠢ᠃
ᠬᠤᠷᠢᠬ᠍ᠯᠡᠬ᠍ᠳᠡᠰᠢ ᠦᠭᠡᠢ!《ᠬᠥᠮᠦᠨ ᠲᠥᠷᠥᠯᠬᠢᠲᠡᠨ᠎ᠦ ᠡᠩᠬᠡ ᠲᠠᠢᠪᠤᠩ ᠬᠢᠭᠡᠳ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠨ᠎ᠠ》
3 ᠤ᠋ ᠡᠳᠦᠷ᠎ᠦᠨ ᠦᠳᠡ᠎ᠶ᠋ᠢᠨ ᠡᠮᠦᠨ᠎ᠡ᠂ ᠳᠤᠷᠠᠰᠭᠠᠬᠤ ᠶᠡᠬᠡ ᠬᠤᠷᠠᠯ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠰᠦᠷ ᠵᠢᠪᠬᠤᠯᠠᠩᠲᠤ ᠬᠥᠭ᠌ᠵᠢᠮ᠎ᠦᠨ ᠳᠤᠮᠳᠠ ᠥᠨᠳᠥᠷᠯᠡᠵᠦ᠍᠂ 8 ᠲᠦᠮᠡᠨ ᠡᠩᠬᠡ ᠲᠠᠢᠪᠤᠩ᠎ᠤᠨ ᠲᠠᠭ᠍ᠲᠠᠭ᠎ᠠ ᠬᠥᠬᠡ ᠣᠭ᠍ᠲᠠᠷᠭᠤᠶ᠎ᠳᠤ ᠳᠡᠭᠦᠯᠢᠨ ᠨᠢᠰᠴᠦ᠍᠂ ᠢᠷᠠᠺ᠎ᠲᠤ ᠳᠦᠷᠦᠭᠰᠡᠨ ᠳ᠋ᠦᠪᠠᠢ᠎ᠶᠢᠨ ᠳᠤᠮᠳᠠᠳᠤ ᠠᠷᠠᠪ᠎ᠤᠨ ᠣᠳᠣᠨ ᠲᠧᠯᠸᠢᠰ᠎ᠦᠨ ᠰᠤᠷᠪᠤᠯᠵᠢᠯᠠᠭ᠍ᠴᠢ ᠹᠠᠩ ᠬᠤᠤ ᠮᠢᠩ ᠰᠡᠳᠭᠢᠯ ᠳᠣᠭ᠍ᠳᠣᠯᠤᠨ ᠨᠢᠯᠪᠤᠰᠤ ᠤᠨᠠᠭᠠᠪᠠ᠃
《ᠲᠠᠭ᠍ᠲᠠᠭ᠎ᠠ ᠳᠡᠭᠦᠯᠢᠨ ᠨᠢᠰᠭᠦ᠎ᠶ᠋ᠢ ᠬᠠᠷᠠᠮᠠᠭᠴᠠ ᠪᠢ ᠦᠪᠡᠷ᠎ᠤᠨ ᠡᠷᠬᠡ ᠦᠭᠡᠢ ᠤᠬᠢᠯᠠᠪᠠ᠂ ᠳᠤᠮᠳᠠᠳᠤ ᠳᠣᠷᠣᠨᠠᠲᠤ᠎ᠳᠤ ᠴᠤ᠌ ᠡᠩᠬᠡ ᠲᠠᠢᠪᠤᠩ᠎ᠢ ᠪᠡᠶᠡᠯᠡᠭᠦᠯᠬᠦ᠌᠎ᠶ᠋ᠢ ᠪᠢ ᠮᠠᠰᠢᠳᠠ ᠬᠦᠰᠡᠵᠦ᠍ ᠪᠠᠢᠨ᠎ᠠ᠂ ᠳᠤᠮᠳᠠᠳᠤ ᠳᠣᠷᠣᠨᠠᠲᠤ᠎ᠳᠤ ᠴᠤ᠌ ᠳᠤᠮᠳᠠᠳᠤ ᠤᠯᠤᠰ᠎ᠤᠨ ᠬᠥᠮᠦᠨ᠎ᠲᠡᠶ ᠠᠳᠠᠯᠢ ᠠᠮᠢᠳᠤᠷᠠᠯ᠎ᠢ ᠡᠳ᠋ᠯᠡᠬᠦ᠌᠎ᠶ᠋ᠢ ᠪᠢ ᠮᠠᠰᠢᠳᠠ ᠬᠦᠰᠡᠵᠦ᠍ ᠪᠠᠢᠨ᠎ᠠ》᠃
ᠡᠩᠬᠡ ᠲᠠᠢᠪᠤᠩ ᠪᠣᠯᠤᠨ ᠠᠮᠤᠷ ᠲᠣᠭ᠍ᠲᠠᠭᠤᠨ ᠪᠤᠯ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠬᠦᠰᠡᠯ ᠵᠡᠭᠦᠳᠦ᠂ ᠥᠨᠢ ᠡᠭᠦᠷᠢᠳᠡ ᠬᠤᠪᠢᠷᠠᠰᠢ ᠦᠭᠡᠢ ᠶᠤᠮ᠃
ᠣᠳᠣᠬᠠᠨ᠎ᠤ ᠳᠡᠯᠡᠬᠡᠢ ᠶᠢᠷᠲᠢᠨᠴᠦ᠂ ᠡᠭᠡᠳᠡᠷᠡᠭᠡᠨ ᠪᠤᠳᠤᠯᠢᠶᠠᠨᠳᠠᠢ᠂ ᠲᠠᠢ᠌ᠨ ᠳᠠᠵᠢᠨ ᠦᠷᠭᠦᠯᠵᠢᠯᠡᠵᠦ᠍ ᠪᠠᠢᠨ᠎ᠠ᠃ ᠬᠥᠮᠦᠨ ᠲᠥᠷᠥᠯᠬᠢᠲᠡᠨ ᠳᠠᠬᠢᠨᠲᠠ ᠲᠡᠦᠬᠡ᠎ᠶ᠋ᠢᠨ ᠲᠣᠨᠣᠯᠵᠢᠨ ᠵᠠᠮᠳᠡᠭᠡᠷᠡ ᠵᠤᠬᠰᠤᠵᠦ᠂ ᠢᠷᠡᠭᠡᠳᠦᠢ ᠳ᠋ᠦ ᠬᠠᠮᠢᠭᠠᠰᠢ᠎ᠪᠠᠨ ᠶᠠᠪᠤᠬᠤ ᠪᠤᠢ? ᠳᠡᠯᠡᠬᠡᠶ᠎ᠶ᠋ᠢᠨ ᠬᠠᠷᠠᠴᠠ ᠡᠩᠬᠡ ᠲᠠᠢᠪᠤᠩ ᠬᠥᠭ᠌ᠵᠢᠵᠦ᠍ ᠪᠠᠢᠭ᠎ᠠ ᠳᠤᠮᠳᠠᠳᠤ ᠤᠯᠤᠰ ᠳᠡᠭᠡᠷ᠎ᠡ ᠲᠦᠪᠯᠡᠷᠡᠪᠡ᠃
ᠳᠡᠯᠡᠬᠡᠢ᠎ᠶ᠋ᠢᠨ ᠡᠩᠬᠡ ᠲᠠᠢᠪᠤᠩ ᠠᠮᠤᠷ ᠲᠣᠭ᠍ᠲᠠᠭᠤᠨ ᠢ ᠡᠷᠡᠰ ᠬᠠᠮᠠᠭᠠᠯᠠᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠎ᠳᠦ ᠳᠤᠮᠳᠠᠳᠤ ᠤᠯᠤᠰ ᠢᠮᠠᠭ᠍ᠲᠠ ᠭᠣᠣᠯᠯᠠᠭ᠍ᠴᠢ ᠬᠦᠴᠦᠨ ᠪᠣᠯᠤᠨ᠎ᠠ᠃
《ᠳᠤᠮᠳᠠᠳᠤ ᠤᠯᠤᠰ ᠪᠣᠯ ᠥᠨᠢ ᠡᠭᠦᠷᠢᠳᠡ ᠳᠡᠯᠡᠬᠡᠢ᠎ᠶ᠋ᠢᠨ ᠡᠩᠬᠡ ᠲᠠᠢᠪᠤᠩ᠎ᠤᠨ ᠬᠦᠴᠦᠨ᠂ ᠲᠣᠭ᠍ᠲᠠᠭᠤᠨ ᠤ᠋ ᠬᠦᠴᠦᠨ᠂ ᠳᠠᠪᠱᠢᠯᠳᠠ᠎ᠶᠢᠨ ᠬᠦᠴᠦᠨ ᠮᠥᠨ》᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠪᠠ᠃
ᠴᠠᠭ ᠣᠷᠣᠨ ᠵᠠᠢ᠎ᠶ᠋ᠢ ᠲᠤᠭᠤᠯᠤᠭ᠍ᠰᠠᠨ ᠭᠡᠷᠡᠴᠢᠯᠡᠯ ᠨᠢ ᠡᠨᠡᠬᠦ᠌ ᠲᠡᠦᠬᠡ᠎ᠶᠢᠨ ᠵᠠᠷᠯᠠᠯ ᠢ ᠬᠢᠵᠠᠭᠠᠯᠠᠰᠢ ᠦᠬᠡᠢ ᠲᠣᠳᠣᠷᠬᠠᠢ ᠪᠣᠯᠭᠠᠪᠠ᠃
《ᠳᠤᠮᠳᠠᠳᠤ ᠤᠯᠤᠰ ᠡᠩᠬᠡ ᠲᠠᠢᠪᠤᠩ ᠪᠣᠯᠤᠨ ᠬᠠᠮᠲᠤᠷᠠᠯᠴᠠᠭᠠᠨ᠎ᠤ ᠵᠠᠮ ᠳᠡᠭᠡᠷ᠎ᠡ ᠬᠥᠲᠥᠯᠥᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠵᠤ ᠪᠣᠯᠤᠨ᠎ᠠ》 ᠭᠡᠵᠦ᠍ ᠠᠨᠭ᠌ᠭ᠌ᠯᠢ᠎ᠶ᠋ᠢᠨ ᠨᠠᠢᠵᠠ ᠯᠢᠨ ᠮᠠᠢᠺᠸ ᠵᠢᠨ ᠬᠦᠦ ᠵᠠᠮᠰ·ᠯᠢᠨᠰᠠᠢ ᠬᠡᠯᠡᠪᠡ᠃ ᠬᠡᠳᠦᠨ ᠠᠷᠪᠠᠨ ᠵᠢᠯ ᠦᠨ ᠡᠮᠦᠨ᠎ᠡ᠂ ᠯᠢᠨ ᠮᠠᠢᠺᠸ 《ᠶᠠᠫᠣᠨ᠎ᠢ ᠡᠰᠡᠷᠭᠦᠴᠡᠬᠦ᠌ ᠳᠠᠢ᠌ᠨ᠎ᠦ ᠳᠤᠮᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ》 ᠭᠡᠬᠦ᠌ ᠨᠣᠮ᠎ᠳᠠᠭᠠᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠲᠤ ᠦᠵᠡᠭ᠌ᠰᠡᠨ ᠲᠦᠷᠦᠭ᠌ᠲᠡᠯᠳᠡᠭᠡᠨ᠄ ᠡᠬᠦᠨ᠎ᠢ 《ᠳᠤᠮᠳᠠᠳᠤ ᠤᠯᠤᠰ᠎ᠤᠨ ᠡᠪ ᠬᠠᠮᠲᠤ ᠶᠣᠰᠣᠨ᠎ᠤ ᠪᠠᠭᠠᠲᠤᠷᠯᠢᠭ ᠴᠠᠭ ᠦᠶ᠎ᠡ ᠮᠥᠨ ᠭᠡᠵᠦ ᠭᠡᠯᠡᠵᠦ ᠪᠤᠯᠤᠨ᠎ᠠ》 ᠭᠡᠵᠦ ᠪᠢᠴᠢᠭᠰᠡᠨ ᠪᠠᠢᠳᠠᠭ᠃
ᠢᠯᠠᠯᠲᠠ᠎ᠶ᠋ᠢᠨ ᠳᠤᠷᠠᠰᠭᠠᠯ᠎ᠤᠨ ᠡᠳᠦᠷ᠂ ᠴᠡᠷᠢᠭ ᠠᠩᠬᠢ ᠵᠢ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ ᠳᠡᠭᠡᠷ᠎ᠡ᠂ 3 ᠡᠭ᠌ᠴᠡ ᠨᠢᠰᠭᠡᠯ ᠳᠤᠰ ᠳᠤᠰ 《ᠱᠢᠳᠤᠷᠭᠤ ᠶᠣᠰᠣ ᠯᠠᠪᠲᠠᠢ ᠢᠯᠠᠨ᠎ᠠ》 ᠂ 《ᠡᠩᠭᠡ ᠲᠠᠢᠪᠤᠩ ᠯᠠᠪᠲᠠᠢ ᠢᠯᠠᠨ᠎ᠠ》 ᠂ 《ᠠᠷᠠᠳ ᠲᠦᠮᠡᠨ ᠯᠠᠪᠲᠠᠢ ᠢᠯᠠᠨ᠎ᠠ》ᠭᠡᠬᠦ᠌ ᠡᠯᠬᠦᠬᠡ ᠪᠢᠴᠢᠭᠡᠰᠦ᠎ᠵᠢ ᠦᠨᠳᠦᠷ᠎ᠲᠦ ᠡᠯᠬᠦᠵᠦ ᠤᠨᠴᠠ᠎ᠶ᠋ᠢᠨ ᠢᠯᠡᠲᠡᠢ ᠬᠠᠷᠠᠭ᠍ᠳᠠᠨ᠎ᠠ; ᠳᠠᠢᠯᠠᠯᠭ᠎ᠠ᠎ᠶ᠋ᠢᠨ ᠲᠠᠢᠰᠠᠨ᠎ᠤ ᠠᠷᠤ ᠦᠵᠡᠭ᠌ᠳᠡᠯ᠎ᠦᠨ ᠬᠠᠪᠲᠠᠰᠤᠨ ᠳᠡᠭᠡᠷ᠎ᠡ᠂ ᠠᠯᠳᠠᠨ ᠱᠢᠷᠭᠠᠯ ᠲᠤᠶᠠᠭ᠎ᠠ ᠰᠠᠴᠤᠷᠠᠭ᠍ᠰᠠᠨ ᠲᠦᠮᠡᠨ ᠭᠠᠵᠠᠷ᠎ᠤᠨ ᠤᠷᠳᠤ ᠴᠠᠭᠠᠨ ᠬᠡᠷᠡᠮ ᠰᠦᠷ ᠳᠠᠯᠠᠢᠴᠠᠲᠠᠢ ᠦᠷᠬᠦᠯᠵᠢᠯᠡᠨ᠎ᠡ; ᠤᠷᠠᠨ ᠰᠠᠢᠬᠠᠨ᠎ᠤ ᠦᠳᠡᠱᠢᠯᠡᠭᠡ᠎ᠶ᠋ᠢᠨ ᠲᠥᠪ ᠳᠤᠮᠳᠠ᠂ 《ᠱᠢᠳᠤᠷᠭᠤ ᠶᠣᠰᠣ ᠯᠠᠪᠲᠠᠢ ᠢᠯᠠᠨ᠎ᠠ》 ᠭᠡᠬᠦ᠌ ᠠᠯᠳᠠᠨ ᠦᠰᠦᠭ ᠬᠢᠯᠠᠯᠵᠠᠨ᠎ᠠ ᠁
ᠢᠯᠠᠯᠲᠠ᠎ᠪᠠᠨ ᠳᠤᠷᠠᠰᠭᠠᠬᠤ ᠨᠢ ᠥᠱᠢᠢᠡ ᠬᠣᠷᠣᠰᠤᠯᠢ ᠦᠷᠭᠦᠯᠵᠢᠯᠡᠭᠦᠯᠬᠦ᠌ ᠶᠠᠪᠤᠳᠠᠯ ᠪᠢᠰᠢ᠂ ᠬᠠᠷᠢᠨ ᠬᠥᠮᠦᠰ᠎ᠦᠨ ᠡᠩᠬᠡ ᠲᠠᠢᠪᠤᠩ᠎ᠤᠨ ᠲᠤᠬᠠᠢ ᠬᠦᠰᠡᠯ ᠡᠷᠡᠮᠡᠯᠵᠡᠯ ᠪᠠ ᠪᠠᠲᠤ ᠪᠠᠷᠢᠮᠲᠠᠯᠠᠯ ᠢ ᠰᠡᠷᠭᠦᠭᠡᠬᠦ᠌ ᠶᠠᠪᠤᠳᠠᠯ ᠪᠣᠯᠤᠨ᠎ᠠ᠃ ᠡᠩᠬᠡ ᠲᠠᠢᠪᠤᠩ᠎ᠤᠨ ᠬᠦᠰᠡᠯ ᠡᠷᠡᠮᠡᠯᠵᠡᠯ᠎ᠢ ᠡᠩᠬᠡ ᠲᠠᠢᠪᠤᠩ᠎ᠢ ᠬᠠᠮᠠᠭᠠᠯᠠᠬᠤ ᠬᠦᠴᠦᠷᠬᠡᠭ ᠶᠡᠬᠡ ᠬᠦᠴᠦᠨ᠎ᠳᠦ ᠲᠦᠱᠢᠭ᠌ᠯᠡᠨ ᠪᠡᠶᠡᠯᠡᠭᠦᠯᠬᠦ᠌ ᠶᠤᠮ᠃
《ᠰᠤᠳᠤᠨ ᠲᠤᠨᠤᠬᠯᠠᠯ ᠭᠠᠷ᠎ᠲᠤ ᠪᠠᠢᠪᠠᠯ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠲᠠᠷᠬᠠᠨ ᠡᠭᠦᠷᠭᠡ᠎ᠶ᠋ᠢ ᠨᠡᠩ ᠰᠠᠢ᠌ᠨ ᠡᠭᠦᠷᠭᠡᠯᠡᠵᠦ᠍ ᠴᠢᠳᠠᠨ᠎ᠠ᠂ ᠳᠡᠯᠡᠬᠡᠢ᠎ᠶ᠋ᠢᠨ ᠡᠩᠬᠡ ᠲᠠᠢᠪᠤᠩ᠎ᠢ ᠴᠤ᠌ ᠨᠡᠩ ᠰᠠᠢ᠌ᠨ ᠬᠠᠮᠠᠭᠠᠯᠠᠵᠤ ᠴᠢᠳᠠᠨ᠎ᠠ》᠃ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠲᠡᠷᠢᠭᠦᠨ ᠮᠠᠰᠲ᠋ᠧᠷ᠂ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠳ᠋ᠠᠢ ᠲᠢᠶᠠᠨ ᠹᠠᠩ᠂ ᠰᠢᠯᠭᠠᠨ ᠦᠵᠡᠬᠦ᠎ᠵᠢ ᠬᠦᠯᠢᠶᠡᠭᠰᠡᠨ ᠲᠡᠷᠢᠭᠦᠨ᠎ᠦ ᠵᠡᠪᠰᠡᠭ ᠲᠣᠨᠣᠭ᠍ᠯᠠᠯ ᠴᠠᠩ ᠠᠨ ᠵᠡᠭᠡᠯᠢ᠎ᠪᠡᠷ ᠥᠩᠭᠡᠷᠡᠬᠦ᠌᠎ᠶ᠋ᠢ ᠬᠠᠷᠠᠭᠠᠳ ᠰᠡᠳᠭᠢᠯ ᠳᠣᠭ᠍ᠳᠣᠯᠤᠨᠠ᠃
ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠨ ᠪᠠᠢᠭᠤᠯᠵᠤ᠂ ᠳᠤᠮᠳᠠᠳᠤ ᠤᠯᠤᠰ ᠢᠮᠠᠭ᠍ᠲᠠ ᠲᠤᠮᠤ ᠤᠯᠤᠰ᠎ᠤᠨ ᠬᠠᠷᠢᠭᠤᠴᠠᠯᠭ᠎ᠠ ᠵᠢ ᠡᠭᠦᠷᠭᠡᠯᠡᠵᠦ᠍ ᠪᠠᠢᠨ᠎ᠠ᠃
ᠶᠡᠷᠦᠩᠬᠡᠢ ᠱᠦᠵᠢ ᠰᠢ ᠵᠢᠨ ᠫᠢᠩ 《ᠳᠤᠮᠳᠠᠳᠤ ᠤᠯᠤᠰ᠎ᠤᠨ ᠠᠷᠠᠳ ᠲᠦᠮᠡᠨ ᠡᠷᠡᠰ ᠪᠠᠳᠤ ᠪᠡᠷ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠳᠠ᠎ᠶ᠋ᠢᠨ ᠲᠠᠯ᠎ᠠ᠎ᠳᠤ ᠵᠣᠭ᠍ᠰᠣᠵᠤ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠨ᠎ᠠ》 ᠭᠡᠵᠦ᠍ ᠲᠥᠪ ᠴᠢᠩᠭ᠎ᠠ᠎ᠪᠠᠷ ᠲᠤᠩᠬᠠᠭ᠍ᠯᠠᠵᠤ᠂ 《ᠡᠯ᠎ᠡ ᠤᠯᠤᠰ᠎ᠤᠨ ᠠᠷᠠᠳ ᠲᠦᠮᠡᠨ᠎ᠲᠡᠶ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ》 ᠭᠡᠵᠦ᠍ ᠴᠢᠬᠤᠯᠠᠴᠢᠯᠠᠪᠠ᠃
ᠲᠡᠷᠢ ᠲᠡᠭ᠌ᠰᠢ ᠵᠢᠭ᠍ᠰᠠᠭ᠍ᠰᠠᠨ ᠡᠩᠨᠡᠭᠡ ᠴᠠᠩ ᠠᠨ ᠵᠡᠭᠡᠯᠢ ᠪᠡᠷ ᠤᠷᠤᠭᠰᠢᠯᠠᠵᠤ᠂ ᠡᠩᠬᠡ ᠲᠠᠢᠪᠤᠩ᠎ᠢ ᠬᠠᠮᠠᠭᠠᠯᠠᠬᠤ ᠴᠡᠷᠢᠭ ᠠᠩᠭᠢ᠎ᠶ᠋ᠢᠨ ᠵᠢᠭ᠍ᠰᠠᠭᠠᠯ᠎ᠤᠨ ᠦᠵᠡᠰᠬᠦᠯᠡᠩᠳᠦ ᠰᠠᠢᠬᠠᠨ《ᠡᠩᠬᠡ ᠲᠠᠢᠪᠤᠩ᠎ᠤᠨ ᠬᠥᠬᠡ》 ᠬᠠᠷᠠᠭᠠᠨ᠎ᠳᠤ ᠲᠣᠳᠣᠷᠠᠵᠤ᠂ 《ᠡᠩᠬᠡ ᠲᠠᠢᠪᠤᠩ — ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ》 ᠭᠡᠬᠦ᠌ ᠬᠥᠭ᠌ᠵᠢᠮ᠎ᠦᠨ ᠠᠶ᠎ᠠ ᠳᠠᠢᠯᠠᠯᠭ᠎ᠠ ᠳᠡᠭᠡᠷ᠎ᠡ ᠬᠠᠩᠭᠢᠨᠠᠨ ᠴᠤᠤᠷᠢᠶᠠᠲᠤᠪᠠ ᠁ ᠡᠳᠡᠭᠡᠷ ᠨᠢ ᠴᠥᠮ ᠳᠤᠮᠳᠠᠳᠤ ᠤᠯᠤᠰ᠎ᠤᠨ ᠡᠩᠬᠡ ᠲᠠᠢᠪᠤᠩ ᠱᠢᠳᠤᠷᠭᠤ ᠶᠣᠰᠣᠨ᠎ᠤ ᠳᠠᠷᠳᠠᠩ ᠵᠠᠮ ᠳᠡᠭᠡᠷ᠎ᠡ ᠣᠮᠣᠭ ᠲᠡᠭᠦᠯᠳᠡᠷ᠎ᠢᠶᠡᠷ ᠠᠯᠬᠤᠭ᠍ᠰᠠᠨ ᠠᠮᠢᠳᠤᠯᠢᠭ ᠲᠠᠢᠯᠪᠤᠷᠢ ᠪᠣᠯᠤᠭ᠍ᠰᠠᠨ ᠪᠠᠢᠨ᠎ᠠ᠃
ᠱᠢᠳᠤᠷᠭᠤ ᠶᠣᠰᠣᠨ᠎ᠤ ᠵᠠᠮ ᠶᠠᠪᠤᠬᠤ ᠲᠤᠳᠤᠮ ᠥᠷᠭᠡᠵᠢᠵᠦ᠍᠂ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠵᠤ ᠡᠯ᠎ᠡ ᠤᠯᠤᠰ᠎ᠲᠤ ᠪᠤᠶᠠᠨ ᠦᠢᠯᠡᠳᠴᠦ᠍᠂ ᠳᠡᠯᠡᠬᠡᠢ ᠳ᠋ᠠᠬᠢᠨ᠎ᠳᠤ ᠠᠱᠢᠭ ᠬᠦᠷᠲᠡᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠮᠵᠢᠯᠲᠠ ᠪᠦᠲᠦᠮᠵᠢ᠎ᠪᠡᠷ ᠳᠡᠯᠡᠬᠡᠢ ᠳ᠋ᠠᠬᠢᠨ᠎ᠳᠤ ᠲᠠᠰᠤᠷᠠᠯᠳᠠ ᠦᠭᠡᠢ ᠱᠢᠨ᠎ᠡ ᠠᠵᠠ ᠲᠣᠬᠢᠶᠠᠯ ᠬᠠᠩᠭᠠᠵᠤ᠂ ᠨᠠᠢᠵᠠ᠎ᠶ᠋ᠢᠨ ᠲᠣᠭᠣᠷᠢᠭ ᠶᠠᠪᠤᠬᠤ ᠲᠤᠳᠤᠮ ᠥᠷᠭᠡᠵᠢᠪᠡ᠃
《 ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ》 ᠵᠢ ᠲᠡᠷᠢᠭᠦᠯᠡᠭ᠌ᠴᠢ ᠰᠢ ᠵᠢᠨ ᠫᠢᠩ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠦᠨ ᠬᠤᠷᠠᠯ ᠳᠡᠭᠡᠷ᠎ᠡ ᠠᠩᠬ᠎ᠠ ᠤᠳᠠᠭ᠎ᠠ ᠳᠤᠷᠠᠳᠴᠤ᠌᠂ ᠳᠡᠯᠡᠬᠡᠢ ᠨᠡᠢᠭᠡᠮ᠎ᠦᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠭᠠᠷ ᠬᠣᠯᠪᠣᠨ ᠥᠭᠡᠷᠡᠴᠢᠯᠡᠨ ᠲᠡᠭᠦᠯᠳᠡᠷᠵᠢᠭᠦᠯᠪᠡ᠃ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠪᠠᠭ᠍ᠲᠠᠭᠠᠭ᠍ᠰᠠᠨ ᠪᠦᠬᠦ᠌ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ ᠨᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠡᠷᠬᠢᠮ ᠳᠡᠭᠡᠳᠦ ᠬᠠᠷᠠᠯᠲᠠ᠎ᠳᠦ ᠬᠠᠨᠳᠤᠭᠤᠯᠵᠤ᠂ ᠣᠷᠣᠭ᠎ᠠ ᠪᠤᠰᠭᠠᠭ᠎ᠠ ᠳᠡᠯᠡᠬᠡᠢ ᠶᠢᠷᠲᠢᠨᠴᠦ᠍᠎ᠳᠦ ᠲᠣᠭ᠍ᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡ᠃ ᠡᠨᠡ ᠪᠣᠯ ᠨᠢᠭᠡᠨ ᠥᠷᠢᠰᠥᠯᠳᠦᠭᠡᠨ᠎ᠢᠶᠡᠷ ᠳᠦᠭᠦᠷᠦᠭ᠌ᠰᠡᠨ ᠴᠠᠭ ᠦᠶ᠎ᠡ ᠮᠥᠨ᠂ ᠪᠠᠰᠠ ᠴᠤ᠌ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠴᠠᠭ ᠦᠶ᠎ᠡ ᠮᠥᠨ᠂ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠲᠡᠬᠦ᠌ ᠴᠠᠭ ᠦᠶ᠎ᠡ᠎ᠶ᠋ᠢᠨ ᠤᠷᠤᠰᠭᠠᠯ ᠬᠤᠷᠢᠭ᠍ᠯᠠᠭ᠍ᠳᠠᠰᠢ ᠦᠭᠡᠢ ᠶᠤᠮ᠃
1945—2025᠃ ᠦᠷᠡᠭᠳᠡᠭᠰᠡᠨ ᠪᠠᠭᠠᠳᠤᠷᠴᠤᠳ᠎ᠤᠨ ᠠᠷᠢᠭᠤᠨ ᠰᠦᠨᠡᠰᠦ ᠵᠢ ᠳᠠᠢᠳᠬᠤᠷᠠᠭᠤᠯᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠢᠯᠠᠯᠲᠠ᠎ᠶ᠋ᠢ ᠪᠠᠲᠤ ᠴᠡᠭᠡᠵᠢᠯᠡᠨ᠎ᠠ;ᠠᠭᠤᠤ ᠶᠡᠭᠡ ᠢᠯᠠᠯᠳᠠ ᠵᠢ ᠳᠤᠷᠠᠰᠬᠠᠵᠤ᠂ ᠱᠢᠳᠤᠷᠭᠤ ᠶᠣᠰᠣ ᠡᠩᠬᠡ ᠲᠠᠢᠪᠤᠩ᠎ᠤᠨ ᠬᠦᠴᠦᠨ᠎ᠢ ᠨᠢᠭ᠍ᠲᠠᠷᠠᠭᠤᠯᠤᠨ᠎ᠠ᠃ ᠪᠠᠶᠠᠷᠯᠠᠯᠳᠤᠨ ᠬᠥᠭᠡᠷᠦᠯᠳᠦᠵᠦ᠍ ᠪᠠᠢᠭ᠎ᠠ ᠬᠥᠮᠦᠰ ᠠᠯᠤᠰ ᠡᠴᠡ ᠬᠦᠬᠡ ᠣᠭ᠍ᠲᠠᠷᠭᠤᠢ᠎ᠶ᠋ᠢ ᠪᠠᠷᠠᠯᠠᠨ᠂ 7 ᠰᠠᠤᠷᠢ ᠰᠥᠨᠥᠭᠡᠭ᠌ᠴᠢ — 10 ᠵᠢᠨ ᠲᠣᠭ᠍ᠯᠠᠯᠲᠠ᠎ᠶ᠋ᠢᠨ ᠮᠠᠱᠢᠨ 14 ᠵᠤᠷᠪᠤᠰ ᠥᠩᠭᠡᠲᠦ ᠤᠲᠤᠭ᠎ᠠ᠎ᠶ᠋ᠢ ᠦᠯᠡᠳᠡᠭᠡᠨ ᠬᠦᠷᠴᠢᠭᠢᠨᠡᠨ ᠥᠩᠭᠡᠷᠡᠬᠦ᠌᠎ᠶ᠋ᠢ ᠬᠠᠷᠠᠬᠤ ᠪᠡᠷ᠂ ᠣᠮᠣᠭ ᠲᠡᠭᠦᠯᠳᠡᠷ ᠲᠤᠩᠬᠠᠭ᠍ᠯᠠᠯ ᠴᠢᠬᠢᠨ᠎ᠳᠦ ᠳᠠᠬᠢᠨᠲᠠ ᠴᠤᠤᠷᠢᠶᠠᠲᠤᠪᠠ — ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠬ᠍ᠯᠠᠬ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ!
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)