《ᠬᠠᠳᠤᠨ ᠭᠣᠣᠯ》 ᠭᠣᠣᠯ ᠰᠡᠳᠦᠪᠲᠦ ᠨᠠᠢᠷᠠᠯ ᠬᠥᠭᠵᠢᠮ ᠤ᠋ᠨ ᠦᠳᠡᠰᠢᠯᠡᠭᠡ ᠶᠠᠪᠤᠭᠳᠠᠪᠠ
2025-09-12 11:55:19
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

9 ᠰᠠᠷ᠎ᠠ ᠵᠢᠨ 1 ᠤ᠋ ᠣᠷᠣᠢ᠂ ᠳᠤᠮᠳᠠᠳᠤ ᠤᠯᠤᠰ ᠤ᠋ᠨ ᠠᠷᠠᠳ ᠲᠦᠮᠡᠨ ᠤ᠋ ᠶᠠᠫᠤᠨ ᠢ᠋ ᠡᠰᠡᠷᠭᠦᠴᠡᠬᠦ ᠳᠠᠶ᠋ᠢᠨ ᠵᠢᠴᠢ ᠳᠡᠯᠡᠬᠡᠢ ᠵᠢᠨ ᠹᠠᠱ᠌ᠢᠰ ᠢ᠋ ᠡᠰᠡᠷᠭᠦᠴᠡᠬᠦ ᠲᠡᠶ᠋ᠢᠨ ᠤ᠋ ᠢᠯᠠᠯᠲᠠ ᠣᠯᠣᠭᠰᠠᠨ 80 ᠵᠢᠯ ᠤ᠋ᠨ ᠣᠢ ᠵᠢ ᠳᠤᠷᠠᠰᠬᠠᠬᠤ ᠵᠢᠨ ᠲᠥᠯᠥᠭᠡ ᠣᠷᠳᠣᠰ ᠬᠣᠲᠠ ᠵᠢᠨ ᠤᠯᠠᠭᠠᠨᠮᠥ᠋ᠴᠢᠷ ᠪᠣᠯᠣᠨ ᠳ᠋ᠦᠩᠱᠧᠩ ᠲᠣᠭᠣᠷᠢᠭ᠋ ᠤ᠋ᠨ ᠤᠯᠠᠭᠠᠨᠮᠥ᠋ᠴᠢᠷ  ᠬᠠᠮᠳᠤᠷᠠᠨ ᠣᠷᠳᠣᠰ ᠬᠣᠲᠠ ᠵᠢᠨ ᠪᠦᠦ ᠯᠢ ᠲᠢᠶᠠᠲᠷ ᠲᠤ᠌ 《ᠬᠠᠲᠤᠨ ᠭᠣᠣᠯ》 ᠭᠣᠣᠯ  ᠰᠡᠳᠦᠪᠲᠦ  ᠨᠠᠢᠷᠠᠯ ᠬᠥᠭᠵᠢᠮ ᠤ᠋ᠨ ᠦᠳᠡᠰᠢᠯᠡᠭᠡ ᠭᠠᠷᠭᠠᠵᠠᠢ᠃ ᠡᠨᠡ ᠪᠤᠯ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠵᠢᠭᠤᠯᠴᠢᠯᠠᠯ ᠤ᠋ᠨ ᠲᠢᠩᠬᠢᠮ ᠡᠴᠡ ᠬᠠᠮᠲᠤᠷᠠᠨ ᠵᠣᠬᠢᠶᠠᠨ ᠪᠠᠢᠭᠤᠯᠤᠭᠰᠠᠨ ᠬᠠᠲᠤᠨ ᠭᠣᠣᠯ ᠤ᠋ᠨ ᠭᠣᠣᠯ ᠰᠡᠳᠦᠪᠲᠦ ᠣᠯᠠᠨ ᠲᠦᠮᠡᠨᠴᠢ ᠴᠢᠨᠠᠷᠲᠠᠢ ᠰᠣᠶᠣᠯ ᠤ᠋ᠨ ᠠᠵᠢᠯᠯᠠᠭ᠎ᠠ ᠵᠢᠨ ᠨᠢᠭᠡ ᠪᠣᠯᠬᠤ ᠶᠤᠮ᠃

《ᠬᠠᠲᠤᠨ ᠭᠣᠣᠯ》 ᠭᠣᠣᠯ ᠰᠡᠳᠦᠪᠲᠦ ᠨᠠᠢᠷᠠᠯ ᠬᠥᠭᠵᠢᠮ ᠤ᠋ᠨ ᠦᠳᠡᠰᠢᠯᠡᠭᠡ ᠨᠢ ᠣᠷᠳᠣᠰ ᠤ᠋ᠨ ᠪᠣᠭᠣᠨᠢ ᠠᠶᠠᠯᠭᠤᠲᠤ ᠠᠷᠠᠳ ᠤ᠋ᠨ ᠳᠠᠭᠤᠤ᠂ ᠮᠠᠩᠬᠠᠨ ᠠᠶᠠᠯᠭᠤ ᠵᠡᠷᠭᠡ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠡᠯᠧᠮᠧᠨ᠋ᠲ ᠢ᠋ ᠳᠠᠭᠤᠤ ᠠᠶᠠᠯᠭᠤ ᠳ᠋ᠤ ᠤᠷᠠᠨ ᠶ᠋ᠢᠡᠷ ᠠᠭᠤᠰᠬᠠᠨ ᠣᠷᠣᠭᠤᠯᠵᠤ᠂ ᠤᠮᠠᠷᠠᠲᠤ ᠬᠢᠯᠢ ᠵᠢᠨ ᠰᠣᠶᠣᠯ ᠤ᠋ᠨ ᠥᠪᠡᠷᠮᠢᠴᠡ ᠬᠥᠭ ᠠᠶᠠᠰ ᠢ᠋ ᠨᠠᠢᠷᠠᠯ ᠬᠥᠭᠵᠢᠮ ᠤ᠋ᠨ ᠠᠶ᠎ᠠ ᠳ᠋ᠤ ᠠᠶᠠᠨᠳᠠᠭᠠᠨ ᠠᠭᠤᠰᠬᠠᠨ᠂ ᠨᠠᠩ ᠣᠯᠠᠨ ᠦᠵᠡᠭᠴᠢᠳ ᠲᠤ᠌ ᠳᠠᠭᠤᠤ ᠬᠥᠭᠵᠢᠮ ᠶ᠋ᠢᠡᠷ ᠬᠠᠲᠤᠨ ᠭᠣᠣᠯ ᠤ᠋ᠨ ᠰᠣᠶᠣᠯ ᠤ᠋ᠨ ᠭᠦᠨ ᠠᠭᠤᠯᠬᠤᠨ ᠢ᠋ ᠣᠢᠯᠠᠭᠠᠭᠤᠯᠤᠭᠰᠠᠨ ᠪᠠᠢᠨ᠎ᠠ᠃ ᠤᠮᠤᠭ ᠪᠠᠳᠠᠷᠠᠩᠭᠤᠢ ᠬᠦᠭ ᠠᠶᠠᠰ ᠳᠠᠢ 《ᠲᠠᠯ᠎ᠠ ᠨᠤᠲᠤᠭ ᠤ᠋ᠨ ᠬᠠᠢᠷ᠎ᠠ ᠰᠡᠳᠬᠢᠯᠭᠡ》 ᠬᠡᠬᠦ ᠠᠶ᠎ᠠ ᠬᠠᠩᠭᠢᠨᠠᠬᠤ ᠵᠢ ᠳᠠᠭᠠᠯᠳᠤᠨ᠂ ᠳᠠᠭᠤᠤ ᠬᠥᠭᠵᠢᠮ ᠤ᠋ᠨ ᠦᠳᠡᠰᠢᠯᠡᠭᠡ ᠵᠢᠩᠬᠢᠨᠢ ᠪᠡᠷ ᠡᠬᠢᠯᠡᠵᠦ᠂ ᠪᠦᠬᠦ ᠲᠠᠯᠠᠪᠠᠢ ᠵᠢᠨ ᠲᠣᠭᠯᠠᠯᠲᠠ ᠨᠢ 《ᠬᠠᠳᠤᠨ ᠭᠣᠣᠯ》 ᠵᠢᠡᠷ ᠭᠣᠣᠯ ᠰᠤᠳᠠᠰᠤ ᠪᠣᠯᠭᠠᠨ᠂ 《ᠮᠠᠨ ᠤ᠋ ᠭᠡᠷ ᠬᠠᠳᠤᠨ ᠭᠣᠣᠯ ᠤ᠋ᠨ ᠬᠥᠪᠡᠭᠡᠨ ᠳ᠋ᠤ ᠪᠠᠢᠳᠠᠭ》᠂ 《ᠬᠠᠳᠤᠨ ᠭᠣᠣᠯ ᠲᠡᠭᠷᠢ ᠭᠠᠵᠠᠷ ᠤ᠋ᠨ ᠬᠣᠭᠣᠷᠣᠨᠳᠤ》᠂ 《ᠬᠠᠳᠤᠨ ᠭᠣᠣᠯ ᠤ᠋ᠨ ᠰᠢᠨ᠎ᠡ ᠰᠢᠯᠦᠭ》 ᠭᠡᠬᠦ ᠭᠤᠷᠪᠠᠨ ᠪᠦᠯᠦᠭ ᠬᠤᠪᠢᠶᠠᠵᠤ᠂ ᠠᠳᠠᠯᠢ ᠪᠤᠰᠤ ᠲᠠᠯ᠎ᠠ ᠡᠴᠠ ᠬᠠᠳᠤᠨ ᠭᠣᠣᠯ ᠤ᠋ᠨ ᠦᠯᠢᠭᠡᠷ ᠢ᠋ ᠶᠠᠷᠢᠨ᠂ ᠬᠠᠳᠤᠨ ᠭᠣᠣᠯ ᠤ᠋ᠨ ᠵᠣᠷᠢᠭ᠋ ᠰᠠᠨᠠᠭ᠎ᠠ ᠵᠢ ᠳᠠᠮᠵᠢᠭᠤᠯᠵᠤ᠂ ᠬᠠᠳᠤᠨ ᠭᠣᠣᠯ ᠤ᠋ᠨ ᠬᠤᠪᠢᠷᠠᠯᠲᠠ ᠵᠢ ᠢᠯᠡᠷᠡᠭᠦᠯᠵᠠᠢ᠃ ᠡᠭᠦᠨ ᠳ᠋ᠤ᠂ ᠮᠠᠩᠬᠠᠨ ᠠᠶᠠᠯᠭᠤ 《ᠲᠡᠭᠷᠢ ᠵᠢᠨ ᠳᠣᠣᠷᠠᠬᠢ ᠬᠠᠲᠤᠨ ᠭᠣᠣᠯ》 ᠠᠶ᠎ᠠ ᠨᠢ ᠣᠷᠭᠢᠯᠤᠮ᠎ᠠ ᠬᠠᠯᠠᠭᠤᠨ ᠠᠶᠠᠰ ᠶ᠋ᠢᠡᠷ ᠬᠠᠲᠤᠨ ᠭᠣᠣᠯ ᠤ᠋ᠨ ᠳᠣᠯᠭᠢᠶᠠᠯᠠᠨ ᠳᠠᠪᠠᠯᠭᠠᠯᠠᠭᠰᠠᠨ ᠰᠦᠷ ᠵᠢᠪᠬᠤᠯᠠᠩᠳᠤ ᠪᠠᠢᠳᠠᠯ ᠢ᠋ ᠢᠯᠡᠷᠡᠬᠦᠯᠵᠦ᠂ ᠬᠠᠲᠤᠨ ᠭᠣᠣᠯ ᠤ᠋ᠨ ᠬᠥᠪᠡᠭᠦᠳ ᠥᠬᠢᠳ ᠤ᠋ᠨ ᠵᠣᠷᠢᠭ᠍ᠲᠠᠢ ᠪᠠᠷ ᠤᠷᠤᠭᠰᠢᠯᠠᠨ ᠲᠡᠮᠡᠴᠡᠬᠦ ᠣᠮᠣᠭ ᠵᠣᠷᠢᠭ᠋ ᠢ᠋ ᠬᠠᠷᠠᠭᠤᠯᠵᠠᠢ᠃ 《ᠬᠠᠲᠤᠨ ᠭᠣᠣᠯ ᠤ᠋ᠨ ᠡᠷᠭᠢ ᠳ᠋ᠤ ᠭᠡᠷ ᠮᠢᠨᠢ ᠪᠤᠢ》 ᠭᠡᠬᠦ ᠪᠦᠳᠦᠭᠡᠯ ᠨᠢ ᠨᠠᠢᠷᠰᠠᠭ ᠬᠥᠭ ᠠᠶᠠᠰ ᠶ᠋ᠢᠡᠷ ᠬᠠᠲᠤᠨ ᠭᠣᠣᠯ ᠤ᠋ᠨ ᠡᠷᠭᠢ ᠳᠠᠭᠠᠤ ᠵᠢᠨ ᠵᠣᠯ ᠵᠢᠷᠭᠠᠯᠲᠤ ᠠᠮᠢᠳᠤᠷᠠᠯ ᠤ᠋ᠨ ᠪᠠᠢᠳᠠᠯ ᠢ᠋ ᠵᠢᠷᠤᠭᠯᠠᠨ ᠭᠠᠷᠭᠠᠵᠤ᠂ ᠡᠬᠡ ᠨᠤᠲᠤᠭ ᠲᠠᠭᠠᠨ ᠬᠠᠨᠳᠤᠭᠤᠯᠤᠭᠰᠠᠨ ᠬᠠᠢᠷ᠎ᠠ ᠬᠠᠯᠠᠮᠵᠢ ᠪᠠ ᠮᠥᠷᠥᠭᠡᠳᠦᠯ ᠢ᠋ ᠬᠠᠷᠠᠭᠤᠯᠵᠠᠢ; 《ᠬᠠᠲᠤᠨ ᠭᠣᠣᠯ ᠤ᠋ᠨ ᠶᠡᠬᠡ ᠳᠤᠬᠤᠢ》 ᠠᠶᠠᠰ ᠨᠢ ᠠᠤᠭ᠎ᠠ ᠰᠦᠷᠯᠢᠭ ᠬᠥᠭ ᠠᠶᠠᠰ ᠎ᠢᠶᠡᠷ ᠬᠠᠲᠤᠨ ᠭᠣᠣᠯ ᠤ᠋ᠨ ᠶᠡᠬᠡ ᠳᠤᠬᠤᠢ ᠵᠢᠨ ᠰᠦᠷᠯᠢᠭ ᠰᠠᠢᠬᠠᠨ ᠥᠩᠭᠡ ᠦᠵᠡᠮᠵᠢ ᠪᠠ ᠭᠦᠨ ᠵᠤᠵᠠᠭᠠᠨ ᠲᠡᠦᠬᠡ ᠵᠢ ᠳᠡᠯᠭᠡᠨ ᠦᠵᠡᠭᠦᠯᠵᠠᠢ᠃

ᠲᠡᠭᠦᠰᠬᠡᠯ ᠳ᠋ᠤ 《ᠵᠠᠭᠤᠨ ᠮᠥᠷᠡᠨ ᠤ᠋ ᠳᠣᠯᠭᠢᠶᠠᠯᠠᠯ》 ᠬᠡᠬᠦ ᠠᠶ᠎ᠠ ᠶ᠋ᠢᠨ ᠣᠷᠭᠢᠯᠤᠮ᠎ᠠ ᠬᠠᠯᠠᠭᠤᠨ ᠬᠥᠭ ᠠᠶᠠᠰ ᠨᠢ ᠬᠠᠲᠤᠨ ᠭᠣᠣᠯ ᠤ᠋ᠨ ᠵᠡᠬᠦᠨᠰᠢ ᠤᠷᠤᠰᠴᠤ ᠲᠡᠯᠡᠢ ᠲᠠᠩᠭᠢᠰ ᠲᠤ᠌ ᠴᠢᠳᠬᠤᠯᠠᠨ ᠤᠷᠤᠭᠰᠠᠨ ᠮᠡᠳᠦ  ᠬᠣᠷᠢᠭ᠍ᠯᠠᠭᠳᠠᠰᠢ ᠦᠭᠡᠢ ᠵᠤᠷᠢᠭ ᠰᠠᠨᠠᠭ᠎ᠠ ᠵᠢ ᠢᠯᠡᠷᠡᠬᠦᠯᠵᠦ᠂ ᠪᠥᠬᠥ ᠲᠠᠯᠠᠪᠠᠢ ᠶ᠋ᠢᠨ ᠠᠭᠤᠷ ᠠᠮᠢᠰᠬᠤᠯ ᠢ᠋ ᠣᠷᠭᠢᠯ ᠳ᠋ᠤᠨᠢ ᠬᠦᠷᠭᠡᠭᠰᠡᠨ ᠪᠥᠭᠡᠳ ᠳᠤᠮᠳᠠᠳᠤ ᠵᠢᠨ ᠬᠥᠪᠡᠭᠦᠳ ᠥᠬᠢᠳ ᠤ᠋ᠨ ᠨᠢᠭᠡ ᠰᠡᠳᠬᠢᠯ ᠨᠢᠭᠡ ᠵᠣᠷᠢᠭ᠋ ᠶ᠋ᠢᠡᠷ ᠡᠷᠡᠯᠬᠡᠭᠯᠡᠨ ᠤᠷᠤᠭᠰᠢᠯᠠᠬᠤ ᠰᠦᠷ ᠳᠠᠯᠠᠢᠴᠠᠲᠠᠢ ᠬᠦᠴᠦᠨ ᠴᠢᠳᠠᠯ ᠢ᠋ ᠢᠯᠡᠷᠡᠭᠦᠯᠦᠭᠰᠡᠨ ᠪᠠᠢᠨ᠎ᠠ᠃ 《ᠪᠢ ᠪᠠᠭ᠎ᠠ ᠡᠴᠠ ᠪᠠᠨ ᠳᠠᠭᠤᠤ ᠬᠥᠭᠵᠢᠮ ᠳ᠋ᠤ ᠪᠠᠬᠠᠲᠠᠢ᠂ ᠳᠤᠰ ᠤᠳᠠᠭᠠᠨ ᠤ᠋ ᠦᠳᠡᠰᠢᠯᠡᠭᠡ ᠳᠦᠢᠯ ᠤ᠋ᠨ ᠭᠤᠶᠤ ᠪᠤᠯᠵᠠᠢ》 ᠭᠡᠵᠦ ᠦᠵᠡᠭᠴᠢ ᠦ᠋ ᠬᠤᠤ ᠶᠠᠩ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号