ᠵᠢᠵᠢᠭ ᠡᠷᠳᠡᠨᠢ ᠰᠢᠰᠢ ᠶ᠋ᠢᠨ ᠲᠤᠮᠤ ᠠᠵᠤ ᠦᠢᠯᠡᠰ
2025-09-12 11:43:01
ᠵᠣᠬᠢᠶᠠᠭ᠍ᠴᠢ᠄
ᠪᠦᠸᠧ ᠵᠢᠨ ᠹᠧᠩ ᠶᠠᠩ ᠶᠠᠩ ᠯᠢᠶᠠᠩ ᠴᠤᠤ
ᠣᠩᠱᠢᠭ᠍ᠰᠠᠨ ᠣᠳᠠᠭ᠎ᠠ᠄
★★★☆☆

ᠪᠠᠶᠠᠨᠨᠠᠭᠤᠷ ᠬᠤᠳᠠ ᠶ᠋ᠢᠨ ᠤᠷᠠᠳ ᠤ᠋ᠨ ᠳᠤᠮᠳᠠᠳᠤ ᠬᠤᠰᠢᠭᠤᠨ ᠤ᠋ ᠰᠠᠨ ᠴᠧᠩ ᠢᠳᠡᠭᠡᠨ ᠤ᠋ ᠵᠦᠢᠯ ᠤ᠋ᠨ ᠬᠢᠵᠠᠭᠠᠷᠳᠦ ᠺᠤᠮᠫᠠᠨᠢ ᠶ᠋ᠢᠨ ᠰᠤᠷᠭᠤᠭ ᠶ᠋ᠢᠡᠷ ᠢᠳᠡᠬᠦ ᠡᠷᠳᠡᠨᠢ ᠰᠢᠰᠢ ᠶ᠋ᠢ ᠨᠠᠷᠢᠯᠢᠭ ᠪᠤᠯᠪᠠᠰᠤᠷᠠᠭᠤᠯᠬᠤ ᠦᠢᠯᠡᠳᠪᠤᠷᠢ ᠶ᠋ᠢᠨ ᠲᠠᠰᠤᠭ ᠲᠤ᠌᠂ ᠰᠢᠨ᠎ᠠ ᠪᠡᠷ ᠬᠤᠷᠢᠶᠠᠭᠰᠠᠨ ᠰᠤᠷᠭᠤᠭ ᠡᠷᠳᠡᠨᠢ ᠰᠢᠰᠢ ᠨᠢ ᠴᠢᠩᠭ᠎ᠠ ᠨᠢᠮᠪᠠᠢ ᠤᠬᠢᠶᠠᠵᠤ ᠰᠢᠯᠢᠬᠦ ᠶᠠᠪᠤᠴᠠ ᠪᠡᠷ ᠳᠠᠮᠵᠢᠨ ᠤᠳᠤ ᠦᠶ᠎ᠠ ᠶ᠋ᠢᠨ ᠠᠵᠤ ᠦᠢᠯᠡᠳᠪᠤᠷᠢ ᠶ᠋ᠢᠨ ᠦᠢᠯᠡᠳᠪᠤᠷᠢᠯᠡᠯ ᠤ᠋ᠨ ᠱᠤᠭᠤᠮ ᠶ᠋ᠢᠡᠷ 《ᠴᠤ ᠰᠢᠨ᠎ᠠ ᠦᠩᠭᠡ ᠳᠦᠷᠬᠦ》 ᠲᠠᠢ ᠪᠤᠯᠵᠤ ᠬᠤᠪᠢᠷᠠᠨ᠎ᠠ᠃





ᠦᠢᠯᠡᠳᠪᠦᠷᠢᠯᠡᠯ ᠎ᠤᠨ ᠱᠤᠭᠤᠮ 


ᠠᠭᠠᠷ ᠤᠷᠤᠭᠤᠯᠬᠤ ᠦᠭᠡᠢ ᠪᠡᠷ ᠪᠤᠭᠤᠳᠠᠯᠯᠠᠬᠤ᠂ ᠦᠨᠳᠦᠷ ᠳᠤᠯᠠᠭᠠᠨ ᠳ᠋ᠤ ᠪᠠᠺᠲᠧᠷᠢ ᠶ᠋ᠢ ᠨᠢ ᠤᠰᠠᠳᠬᠠᠬᠤ ᠵᠡᠷᠭᠡ ᠠᠯᠬᠤᠮ ᠢ᠋ ᠦᠩᠭᠡᠷᠡᠭᠦᠯᠦᠭᠡᠳ ᠬᠠᠢᠷᠴᠠᠭ ᠬᠠᠢᠷᠴᠠᠭ ᠤᠭᠤᠳᠠ ᠶ᠋ᠢ ᠨᠢ ᠵᠠᠳᠠᠯᠪᠠᠯ ᠰᠢᠭᠤᠳ ᠢᠳᠡᠵᠦ ᠪᠤᠯᠬᠤ ᠰᠢᠬᠢᠷᠯᠢᠭ ᠡᠷᠳᠡᠨᠢ ᠰᠢᠰᠢ ᠡᠨᠳᠡ ᠡᠴᠡ ᠪᠦᠬᠦ ᠤᠯᠤᠰ ᠤ᠋ᠨ ᠡᠯ᠎ᠠ ᠭᠠᠵᠠᠷ ᠲᠤ᠌ ᠲᠠᠰᠤᠷᠠᠭ᠎ᠠ ᠦᠭᠡᠢ ᠪᠤᠷᠤᠯᠠᠭᠤᠯᠤᠭᠳᠠᠨ᠎ᠠ᠃


44.png


ᠡᠷᠳᠡᠨᠢ ᠰᠢᠰᠢ ᠬᠤᠷᠢᠶᠠᠨ᠎ᠠ


ᠤᠢᠷ᠎ᠠ ᠶ᠋ᠢᠨ ᠵᠢᠯ ᠳ᠋ᠤ ᠤᠷᠠᠳ ᠤ᠋ᠨ ᠳᠤᠮᠳᠠᠳᠤ ᠬᠤᠰᠢᠭᠤ ᠰᠤᠷᠭᠤᠭ ᠶ᠋ᠢᠡᠷ ᠢᠳᠡᠬᠦ ᠡᠷᠳᠡᠨᠢ ᠰᠢᠰᠢ ᠶ᠋ᠢᠨ ᠠᠵᠤ ᠦᠢᠯᠡᠰ ᠤ᠋ᠨ ᠬᠦᠭᠵᠢᠯᠳᠡ ᠶ᠋ᠢ ᠶᠡᠬᠡ ᠪᠡᠷ ᠠᠬᠢᠭᠤᠯᠵᠤ᠂ ᠪᠠᠷᠢᠮᠵᠢᠶᠠᠵᠢᠭᠰᠠᠨ ᠲᠠᠷᠢᠵᠤ ᠤᠷᠭᠤᠭᠤᠯᠬᠤ ᠰᠠᠭᠤᠷᠢᠨ᠂ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ᠂ ᠢᠵᠢ ᠪᠦᠷᠢᠳᠦᠭᠦᠯᠦᠭᠰᠡᠨ ᠬᠦᠢᠳᠡᠨ ᠬᠡᠯᠬᠢᠶᠡᠨ ᠤ᠋ ᠰᠠᠩ ᠬᠦᠮᠦᠷᠭᠡ ᠡᠳ᠋ ᠪᠠᠷᠠᠭᠠᠨ ᠤ᠋ ᠭᠦᠢᠯᠭᠡᠭᠡ ᠵᠢᠨ ᠰᠢᠰᠲ᠋ᠧᠮ ᠢ᠋ ᠤᠷᠢᠳ ᠬᠤᠵᠢᠳ ᠪᠠᠢᠭᠤᠯᠵᠤ᠂ ᠲᠦᠷᠦᠯ ᠲᠡᠮᠳᠡᠭ ᠡᠭᠦᠳᠬᠦ ᠪᠠ ᠵᠠᠬ᠎ᠠ ᠳᠡᠯᠭᠡᠭᠦᠷ ᠤ᠋ᠨ ᠪᠤᠷᠤᠯᠠᠭᠤᠯᠭ᠎ᠠ ᠬᠢᠬᠦ ᠵᠡᠷᠭᠡ ᠰᠢᠷᠢᠰ ᠠᠵᠢᠯᠯᠠᠭ᠎ᠠ ᠦᠷᠨᠢᠭᠦᠯᠦᠨ᠂ ᠰᠤᠷᠭᠤᠭ ᠶ᠋ᠢᠡᠷ ᠢᠳᠡᠬᠦ ᠡᠷᠳᠡᠨᠢ ᠰᠢᠰᠢ ᠪᠡᠨ ᠲᠠᠷᠢᠶᠠᠨ ᠦᠵᠦᠭᠦᠷ ᠡᠴᠡ ᠬᠡᠷᠡᠭᠯᠡᠭᠴᠢ ᠶ᠋ᠢᠨ ᠭᠠᠷ ᠬᠦᠷᠳᠡᠯᠡᠬᠢ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠠ ᠪᠦᠬᠦᠢ ᠲᠤᠮᠤ ᠠᠵᠤ ᠦᠢᠯᠡᠰ ᠪᠤᠯᠭᠠᠨ ᠳᠡᠰ ᠳᠡᠪᠰᠢᠭᠦᠯᠵᠠᠢ᠃ ᠡᠨᠳᠡᠬᠢ ᠵᠢᠨ ᠰᠤᠷᠭᠤᠭ ᠶ᠋ᠢᠡᠷ ᠢᠳᠡᠬᠦ ᠡᠷᠳᠡᠨᠢ ᠰᠢᠰᠢ ᠶ᠋ᠢᠨ ᠵᠠᠬ᠎ᠠ ᠳᠡᠯᠭᠡᠭᠦᠷ ᠤ᠋ᠨ ᠦᠨ᠎ᠠ ᠬᠠᠩᠰᠢ ᠨᠢ ᠮᠠᠰᠢ ᠳᠤᠭᠳᠠᠭᠤᠨ ᠪᠤᠯᠬᠤᠷ ᠲᠠᠷᠢᠶᠠᠴᠢᠳ ᠤ᠋ᠨ ᠤᠷᠤᠯᠭ᠎ᠠ ᠴᠤ᠌ ᠪᠠᠳᠤᠯᠠᠭ᠎ᠠ ᠲᠠᠢ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号