ᠤᠯᠠᠭᠠᠨᠮᠣᠳᠣ᠎ᠶ᠋ᠢᠨ ᠲᠠᠯ᠎ᠠ ᠨᠤᠲᠤᠭᠬᠠᠯᠢᠭᠤᠷᠠᠨ ᠨᠤᠭᠤᠭᠠᠷᠠᠨ᠎ᠠ᠃ ᠪᠠᠷᠢᠮᠵᠢᠶᠠᠵᠢᠭ᠍ᠰᠠᠨ ᠦᠬᠡᠷ᠎ᠦᠨ ᠬᠠᠱᠢᠶᠠᠨ᠎ᠳᠤ᠂ ᠰᠠᠭᠠᠯᠢ᠎ᠶ᠋ᠢᠨ ᠦᠨᠢᠶ᠎ᠡ ᠶᠠᠭ ᠨᠠᠷᠢᠯᠢᠭ ᠣᠨᠣᠴᠠᠲᠠᠶ ᠨᠠᠢᠷᠠᠭᠤᠯᠤᠬᠰᠠᠨ ᠱᠢᠮ᠎ᠡ ᠲᠡᠵᠢᠭᠡᠯᠲᠦ ᠪᠤᠷᠳᠤᠭ᠎ᠠ ᠢᠳᠡᠰᠢᠯᠡᠨ᠎ᠡ᠃ 《ᠮᠠᠯᠴᠢᠨ ᠠᠢᠯ᠎ᠤᠨ ᠵᠢᠭᠤᠯᠴᠢᠯᠠᠯ 》 ᠢ᠋ ᠪᠡᠶᠡᠴᠢᠯᠡᠨ ᠣᠢᠯᠠᠭᠠᠬᠤ ᠴᠡᠭ᠎ᠲᠦ ᠂ ᠵᠢᠭᠤᠯᠴᠢᠯᠠᠬᠰᠠᠳ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠢᠳᠡᠭᠡ᠎ᠶᠢ ᠠᠮᠲᠠᠯᠠᠵᠦ᠂ ᠪᠠᠶᠠᠷ ᠬᠦᠷ᠎ᠢᠶᠡᠷ ᠪᠢᠯᠬᠠᠵᠤ ᠪᠠᠢᠯ᠎ᠠ᠁ ᠡᠨᠡ ᠬᠦ᠌ ᠤᠯᠠᠮᠵᠢᠯᠠᠯ ᠪᠠ ᠤᠳᠤ ᠦᠶ᠎ᠡ ᠠᠭᠤᠰᠤᠯᠴᠠᠭ᠍ᠰᠠᠨ ᠵᠢᠷᠤᠭ ᠨᠢ ᠶᠠᠭ ᠬᠢᠩᠭᠠᠨ ᠠᠢᠮᠠᠭ᠎ᠤᠨ ᠤᠯᠤᠰ᠎ᠤᠨ ᠲᠡᠰ᠎ᠤᠨ ᠤᠳᠤ ᠦᠶ᠎ᠡ᠎ᠶ᠋ᠢᠨ ᠮᠠᠯ ᠠᠵᠤ ᠠᠬᠤᠢ᠎ᠶ᠋ᠢᠨ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠦᠨ ᠠᠮᠢᠳᠤᠯᠢᠭ ᠵᠢᠷᠤᠭ᠍ᠯᠠᠯ ᠪᠣᠯᠤᠨ᠎ᠠ᠃
ᠪᠥᠬᠥ᠌ ᠤᠯᠤᠰ᠎ᠤᠨ ᠬᠠᠮᠤᠭ᠎ᠤᠨ ᠨᠡᠢᠲᠡᠯᠢᠭ ᠲᠠᠷᠢᠶᠠᠯᠠᠩ ᠮᠠᠯ ᠠᠵᠤ ᠠᠬᠤᠶ ᠰᠣᠯᠪᠢᠴᠠᠭ᠍ᠰᠠᠨ ᠪᠦᠰᠡ ᠪᠣᠯᠤᠭ᠍ᠰᠠᠨ᠎ᠤ ᠬᠤᠪᠢ᠎ᠳᠤ᠂ ᠬᠢᠩᠭᠠᠨ ᠠᠢᠮᠠᠭ ᠤᠮᠠᠷᠠᠲᠤ ᠥᠷᠭᠡᠷᠢᠭ᠎ᠦᠨ 46 ᠭᠷᠠᠳᠦ᠋ᠰ᠎ᠦᠨ ᠶᠡᠬᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠣᠷᠮᠣᠶ᠎ᠶ᠋ᠢᠨ ᠠᠮᠢ ᠠᠬᠤᠶ᠎ᠶ᠋ᠢᠨ ᠲᠣᠭᠣᠷᠢᠭ᠎ᠲᠤ ᠪᠠᠢᠷᠢᠯᠠᠵᠤ᠂ 《ᠡᠷᠳᠡᠨᠢ ᠱᠢᠰᠢᠲᠠᠷᠢᠬᠤ ᠱᠢᠵᠢᠷ ᠠᠯᠲᠠᠨ ᠪᠦᠰᠡ》᠂ 《ᠬᠦᠶ᠋ᠲᠡᠨ ᠭᠠᠵᠠᠷ᠎ᠤᠨ ᠤᠰᠤᠨ ᠲᠤᠲᠤᠷᠭᠠᠲᠠᠷᠢᠬᠤ ᠱᠢᠵᠢᠷ ᠠᠯᠲᠠᠨ ᠪᠦᠰᠡ》 ᠪᠠ 《ᠦᠬᠡᠷ ᠲᠡᠵᠢᠭᠡᠬᠦ᠌ ᠬᠠᠮᠤᠭ᠎ᠤᠨ ᠰᠠᠢᠨ ᠪᠦᠰᠡ》 ᠵᠡᠷᠭᠡ ᠪᠠᠢᠭᠠᠯᠢ᠎ᠶ᠋ᠢᠨ ᠳᠠᠪᠠᠭᠤᠯᠢᠭ᠎ᠲᠠᠶ ᠶᠤᠮ᠃ ᠭᠡᠪᠡᠴᠦ᠍ ᠥᠩᠭᠡᠷᠡᠭ᠌ᠰᠡᠨ᠎ᠤ ᠬᠡᠳᠦ ᠪᠡᠯᠴᠢᠭᠡᠷᠯᠡᠬᠦᠯᠬᠦ᠎ᠠᠴᠠ ᠪᠣᠯᠤᠭ᠍ᠰᠠᠨ ᠨᠤᠳᠤᠭ ᠪᠠᠯᠴᠢᠭᠡᠷ ᠤᠨ ᠠᠮᠢ ᠠᠬᠤᠢ᠎ᠶ᠋ᠢᠨ ᠮᠠᠭᠤᠳᠠᠯ ᠪᠣᠯᠤᠨ ᠤᠯᠠᠮᠵᠢᠯᠠᠯᠲᠤ ᠮᠠᠯ ᠠᠵᠤ ᠠᠬᠤᠢ᠎ᠶ᠋ᠢᠨ ᠦᠷ᠎ᠡ ᠠᠱᠢᠭ ᠮᠠᠭᠤᠲᠠᠢ ᠪᠦᠳᠦᠭᠦᠯᠢᠭ ᠬᠥᠭ᠌ᠵᠢᠯᠲᠡ᠎ᠶ᠋ᠢᠨ ᠵᠠᠭ᠍ᠪᠤᠷ ᠨᠢ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠬᠢᠵᠠᠭᠠᠷᠯᠠᠬᠤ ᠳᠠᠪᠬᠤᠷ ᠬᠦᠯᠢᠶᠡᠰᠦᠯᠡᠯ ᠪᠣᠯᠵᠦ ᠪᠠᠢᠵᠠᠢ᠃
2023 ᠣᠨ᠎ᠳᠤ᠂ ᠬᠢᠩᠭᠠᠨ ᠠᠢᠮᠠᠭ《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠥᠲᠥᠯᠥᠨ ᠳᠠᠭᠠᠭᠤᠯᠬᠤ᠂ ᠲᠥᠷᠥᠯ ᠲᠡᠮᠳᠡᠭ᠎ᠢᠶᠡᠷ ᠬᠡᠯᠬᠢᠶ᠎ᠡ ᠵᠢ ᠬᠦᠴᠦᠷᠬᠡᠭ᠌ᠵᠢᠭᠦᠯᠬᠦ᠌》 ᠭᠤᠷᠪᠠᠨ ᠶᠡᠬᠡ ᠪᠠᠢᠯᠳᠤᠬᠤ ᠪᠣᠳᠣᠯᠭ᠎ᠠ᠎ᠶ᠋ᠢ ᠲᠣᠭ᠍ᠲᠠᠭᠠᠵᠤ᠂ ᠪᠥᠬᠥ᠌ ᠠᠢᠮᠠᠭ᠎ᠤᠨ ᠬᠦᠴᠦᠨ᠎ᠢ ᠳᠠᠢᠴᠢᠯᠠᠨ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠥᠷᠭᠡᠨ ᠠᠭᠤᠳᠠᠮ ᠲᠠᠯ᠎ᠠ ᠨᠤᠲᠤᠭ᠎ᠲᠤ ᠠᠮᠢ ᠠᠬᠤᠶ᠎ᠶ᠋ᠢ ᠬᠠᠮᠠᠭᠠᠯᠠᠬᠤ ᠬᠢᠭᠡᠳ ᠠᠵᠤ ᠦᠶ᠋ᠯᠡᠰ᠎ᠢ ᠬᠥᠭ᠌ᠵᠢᠬᠦᠯᠬᠦ ᠬᠤᠤᠰ ᠠᠮᠵᠢᠯᠲᠠ ᠤᠯᠬᠤ ᠱᠢᠨ᠎ᠡ ᠠᠷᠭ᠎ᠠ ᠵᠠᠮ᠎ᠢ ᠡᠷᠢᠯᠬᠢᠯᠡᠪᠠ᠃
《 ᠨᠤᠲᠤᠭ ᠪᠡᠯᠴᠢᠭᠡᠷ᠎ᠤᠨ ᠳᠠᠷᠤᠭᠠᠰᠤ᠎ᠶ᠋ᠢ ᠬᠥᠩᠭᠡᠷᠡᠭᠦᠯᠬᠦ》 ᠡᠴᠠ 《ᠠᠮᠢ ᠠᠬᠤᠶ᠎ᠶ᠋ᠢᠨ ᠥᠷᠲᠡᠭ᠎ᠢ ᠨᠡᠮᠡᠭ᠌ᠳᠡᠭᠦᠯᠬᠦ᠌》 ᠬᠦᠷᠲᠡᠯ᠎ᠡ ᠪᠣᠬᠢᠷᠲᠤᠯ ᠥᠬᠡᠶ᠎ᠶ᠋ᠢᠨ ᠰᠠᠭᠤᠷᠢ᠎ᠶ᠋ᠢ ᠪᠡᠬᠢᠵᠢᠭᠦᠯᠪᠡ
《ᠥᠩᠭᠡᠷᠡᠭ᠌ᠰᠡᠨ᠎ᠳᠦ ᠬᠣᠨᠢ ᠬᠡᠳᠦᠶ ᠠᠷᠪᠢᠨ ᠪᠣᠯ ᠲᠡᠳᠦᠶ ᠰᠠᠢᠨ ᠭᠡᠵᠦ᠍ ᠪᠤᠳᠤᠵᠤ ᠪᠠᠢᠵᠠᠢ᠂ ᠬᠡᠪᠡᠴᠦ ᠡᠬᠦᠨ᠎ᠤ ᠳ᠋ᠦᠩᠳ᠋ᠤ ᠨᠤᠲᠤᠭ ᠪᠡᠯᠴᠢᠭᠡᠷ᠎ᠢ ᠶᠡᠬᠡᠪᠡᠷ ᠡᠪᠳᠡᠭ᠌ᠰᠡᠨ ᠪᠠᠢᠨ᠎ᠠ᠃ ᠤᠳᠤ ᠨᠤᠲᠤᠭ ᠪᠡᠯᠴᠢᠭᠡᠷ ᠪᠠᠰᠠ 〈 ᠴᠠᠯᠢᠩ᠎ᠲᠠᠶ ᠠᠮᠠᠷᠠᠯᠲᠠ〉 ᠠᠪᠤᠬᠰᠠᠨ ᠡᠴᠡ ᠡᠪᠡᠰᠦ ᠤᠷᠭᠤᠵᠦ ᠰᠡᠷᠭᠦᠵᠦ ᠡᠬᠢᠯᠡᠵᠡᠢ᠂ ᠪᠢᠳᠡᠨ᠎ᠦ ᠣᠷᠣᠯᠭ᠎ᠠ ᠴᠦ᠍ ᠨᠠᠩ ᠥᠨᠳᠥᠷ ᠪᠣᠯᠵᠠᠢ》 ᠭᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠠᠭᠠᠨᠮᠣᠳᠣ ᠰᠤᠮᠤ᠎ᠶ᠋ᠢᠨ ᠥᠪᠥᠷᠵᠢᠯᠠᠭ᠎ᠠ ᠭᠠᠴᠠᠭᠠᠨ᠎ᠤ ᠮᠠᠯᠴᠢᠨ ᠰᠢᠨᠡᠨᠲᠠᠪᠤᠨ ᠰᠡᠳᠬᠢᠯ ᠲᠤᠬᠲᠤᠯᠤᠨ ᠬᠢᠩᠭᠠᠨ ᠠᠢᠮᠠᠭ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠤᠪᠢᠷᠠᠯᠲᠠ᠎ᠶ᠋ᠢᠨ ᠶᠠᠪᠤᠴᠠ᠎ᠶ᠋ᠢ ᠬᠡᠯᠡᠨ᠎ᠡ᠃
ᠬᠢᠩᠭᠠᠨ ᠠᠢᠮᠠᠭ᠎ᠲᠤ᠂ ᠨᠤᠲᠤᠭ ᠪᠡᠯᠴᠢᠭᠡᠷ᠎ᠲᠤ ᠬᠡᠲᠦᠷᠡᠲᠡᠯ᠎ᠡ ᠪᠡᠯᠴᠢᠭᠡᠷᠯᠡᠬᠦᠯᠬᠦ ᠨᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠍ᠰᠠᠨ 《ᠬᠠᠭᠤᠴᠢᠨ ᠶᠡᠬᠡ ᠬᠦᠴᠢᠷ》 ᠠᠰᠠᠭᠤᠳᠠᠯ ᠪᠠᠢᠵᠠᠢ᠃ ᠡᠨᠡ ᠬᠦ᠌ ᠬᠦᠴᠢᠷᠳᠡᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠬᠢᠩᠭᠠᠨ ᠠᠢᠮᠠᠭ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌ ᠵᠢ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ ᠨᠠᠶ᠋ᠮᠠᠨ ᠶᠡᠬᠡ ᠡᠭᠦᠷᠭᠡ᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ 18 ᠵᠤᠷᠪᠤᠰ ᠬᠠᠲᠠᠭᠤ ᠴᠢᠩᠭ᠎ᠠ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠨᠤᠲᠤᠭ ᠪᠡᠯᠴᠢᠭᠡᠷ᠎ᠦᠨ 《ᠴᠠᠯᠢᠩ᠎ᠲᠠᠶ ᠠᠮᠠᠷᠠᠯᠲᠠ》 ᠵᠡᠷᠭᠡ 6 ᠵᠦᠶ᠋ᠯ᠎ᠦᠨ ᠨᠡᠢᠲᠡᠯᠢᠭ ᠵᠠᠭ᠍ᠪᠤᠷ᠎ᠢ ᠱᠢᠨ᠎ᠡ᠎ᠵᠢ ᠡᠭᠦᠳᠦᠨ ᠳᠡᠯᠭᠡᠷᠡᠭᠦᠯᠵᠦ᠍᠂ 《ᠬᠠᠲᠠᠭᠤ ᠴᠢᠩᠭ᠎ᠠ 》 ᠠᠷᠭ᠎ᠠ ᠪᠠᠷᠢᠯ᠎ᠢᠶᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠠᠬᠢᠭᠤᠯᠪᠠ᠃
ᠲᠡᠵᠢᠭᠡᠯ ᠡᠪᠡᠰᠦ᠎ᠶ᠋ᠢᠨ 《ᠲᠥᠪ ᠦᠢᠯᠡᠳᠭᠡᠯ ᠭᠠᠵᠠᠷ》 ᠢᠯᠡᠷᠡᠭ᠌ᠰᠡᠨ ᠨᠢ ᠤᠯᠠᠮᠵᠢᠯᠠᠯᠲᠤ 《ᠲᠩᠷᠢ ᠵᠢᠨ ᠴᠢᠷᠠᠢ᠎ᠶᠢ ᠬᠠᠷᠠᠵᠦ ᠮᠠᠯ ᠮᠠᠯᠵᠢᠬᠤ》 ᠪᠠᠢᠳᠠᠯ᠎ᠢ ᠲᠤᠢᠯᠪᠤᠷᠢᠲᠠᠶ ᠬᠤᠪᠢᠷᠠᠭᠤᠯᠵᠠᠶ᠃ 2023 ᠣᠨ᠎ᠤ 12 ᠰᠠᠷ᠎ᠠ᠎ᠳᠤ᠂ ᠪᠦᠷᠢᠨ ᠬᠣᠯᠢᠮᠠᠭ ᠲᠡᠵᠢᠭᠡᠯ ᠡᠪᠡᠰᠦ ᠪᠣᠷᠳᠣᠭ᠎ᠠ᠎ᠶ᠋ᠢᠨ ᠦᠢᠯᠡᠳᠪᠦᠷᠢᠯᠡᠯ᠎ᠦᠨ ᠱᠤᠭᠤᠮ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠯᠲᠠᠷ ᠣᠲᠣ ᠦᠶ᠎ᠡ᠎ᠶ᠋ᠢᠨ ᠡᠪᠡᠰᠦᠨ᠎ᠦ ᠠᠵᠤ ᠦᠢᠯᠡᠰ᠎ᠦᠨ ᠡᠳ᠋ᠱᠢᠭᠦᠯᠦᠨ ᠪᠣᠯᠪᠠᠰᠤᠷᠠᠭᠤᠯᠬᠤ ᠪᠤᠳᠠᠰ᠎ᠤᠨ ᠬᠦᠢᠯᠭᠡᠭᠡᠨ᠎ᠤ ᠬᠦᠷᠢᠶᠡᠯᠡᠩ᠎ᠳᠦ ᠵᠢᠩᠬᠢᠨᠢ᠎ᠪᠡᠷ ᠠᠱᠢᠭ᠍ᠯᠠᠯᠲᠠ᠎ᠳᠤ ᠣᠷᠣᠪᠠ᠃ ᠮᠠᠯᠴᠢᠨ ᠴᠧᠨ ᠯᠢᠶᠠᠩ ᠭᠧ ᠵᠢᠨ ᠦᠬᠡᠷ ᠡᠭᠦᠨ᠎ᠡᠴᠡ ᠡᠬᠢᠯᠡᠨ ᠱᠢᠮ᠎ᠡ ᠲᠡᠵᠢᠭᠡᠯ ᠲᠡᠩᠴᠡᠭᠦᠷᠢᠲᠡᠶ ᠪᠤᠷᠳᠤᠭ᠎ᠠ ᠢᠳᠡᠬᠦ ᠪᠤᠯᠪᠠ᠃
《ᠡᠢᠮᠦᠷᠬᠦᠦ 〈ᠲᠥᠪ ᠦᠢᠯᠡᠳᠭᠡᠯ ᠭᠠᠵᠠᠷ〉 ᠲᠠᠢ ᠪᠤᠯᠤᠬᠰᠠᠨ ᠡᠴᠡ ᠮᠢᠨᠦ᠍ ᠪᠣᠷᠳᠣᠭ᠎ᠠ ᠨᠠᠢᠷᠠᠭᠤᠯᠬᠤ ᠬᠥᠮᠦᠨ᠎ᠦ ᠬᠦᠴᠦᠨ᠎ᠦ ᠥᠪᠡᠷ᠎ᠦᠨ ᠥᠷᠲᠡᠭ᠎ᠢ ᠠᠷᠪᠢᠯᠠᠬᠰᠠᠨ ᠵᠢᠡᠷ ᠪᠠᠷᠠᠬᠤ ᠥᠬᠡᠶ᠂ ᠲᠣᠨ ᠪᠦᠷᠢ᠎ᠶ᠋ᠢᠨ ᠦᠨ᠎ᠡ ᠨᠢ ᠰᠣᠷᠭᠣᠭ ᠡᠪᠡᠰᠦ᠎ᠡᠴᠡ ᠪᠠᠰᠠ 100 ᠭᠠᠷᠤᠶ ᠲᠥᠭᠥᠷᠢᠭ ᠬᠢᠮᠳᠠ ᠪᠠᠢᠨ᠎ᠠ》᠃ ᠴᠧᠨ ᠯᠢᠶᠠᠩ ᠭᠧ ᠤᠤᠯ ᠨᠢ ᠭᠡᠷ᠎ᠲᠡᠬᠡᠨ 30 ᠦᠬᠡᠷᠲᠡᠵᠢᠭᠡᠬᠦ ᠳ᠋ᠡᠭᠡᠨ ᠥᠪᠡᠷ᠎ᠢᠶᠡᠨ ᠡᠪᠡᠰᠦ ᠬᠡᠷᠴᠢᠨ ᠪᠣᠷᠳᠣᠭ᠎ᠠ ᠨᠠᠢᠷᠠᠭᠤᠯᠵᠤ᠂ 3 ᠢᠳᠡᠷ ᠬᠥᠳᠡᠯᠮᠦᠷᠢ᠎ᠶ᠋ᠢᠨ ᠬᠦᠴᠦ ᠬᠡᠷᠡᠭᠰᠠᠵᠦ ᠪᠠᠢᠪᠠ᠃ ᠡᠳᠦᠭᠡ ᠲᠡᠷᠡ ᠭᠠᠷ ᠤᠲᠠᠰᠤᠨ ᠲᠡᠭᠡᠷ᠎ᠠ ᠡᠴᠡ ᠪᠤᠷᠳᠤᠭ᠎ᠠ ᠵᠠᠬᠢᠶᠠᠯᠠᠪᠠᠯ᠂ ᠤᠭᠤᠲᠠ ᠤᠭᠤᠲᠠ ᠪᠠᠷ ᠨᠢ ᠱᠢᠭᠤᠳ ᠬᠠᠱᠢᠶ᠎ᠠ ᠰᠠᠷᠠᠪᠴᠢᠨ᠎ᠳᠤ ᠬᠦᠷᠭᠡᠵᠦ ᠢᠷᠡᠬᠦ ᠪᠤᠯᠵᠠᠢ᠃ ᠰᠠᠷ᠎ᠠ ᠭᠠᠷᠤᠶ ᠲᠡᠵᠢᠭᠡᠭ᠌ᠰᠡᠨᠦ ᠳᠠᠷᠠᠭ᠎ᠠ᠂ ᠲᠡᠭᠦᠨ᠎ᠦ ᠦᠬᠡᠷ ᠤᠨ ᠲᠠᠷᠭᠤ ᠮᠡᠳᠡᠭᠳᠡᠮ᠎ᠡ ᠰᠠᠢᠵᠢᠷᠠᠵᠠᠢ᠃
《 ᠬᠦᠷᠢᠶᠡᠯᠡᠩ ᠲᠣᠭᠣᠷᠢᠭ᠎ᠤᠨ ᠦᠬᠡᠷ ᠬᠣᠨᠢᠨ᠎ᠤ ᠱᠢᠮ᠎ᠡ ᠲᠡᠵᠢᠭᠡᠯᠳᠦ ᠪᠤᠷᠳᠤᠭ᠎ᠠ ᠵᠢᠨ ᠡᠳᠦᠷ᠎ᠦᠨ ᠭᠠᠷᠤᠯᠲᠠ 50 ᠲᠣᠨ᠂ ᠵᠢᠯ᠎ᠦᠨ ᠭᠠᠷᠤᠯᠲᠠ 3 ᠲᠦᠮᠡᠨ ᠲᠣᠨ ᠪᠠᠢᠵᠤ ᠂ 5000 ᠦᠬᠡᠷ ᠪᠤᠶᠤ 4 ᠲᠦᠮᠡᠨ ᠬᠣᠨᠢᠨ᠎ᠤ ᠪᠥᠬᠥ᠌ ᠵᠢᠯ᠎ᠦᠨ ᠬᠡᠷᠡᠭ᠌ᠴᠡᠭᠡ᠎ᠶ᠋ᠢ ᠬᠠᠩᠭᠠᠵᠤ ᠲᠠᠢᠯᠤᠨ᠎ᠠ》᠃ ᠥᠪᠥᠷ ᠮᠣᠩᠭᠣᠯ᠎ᠤᠨ ᠣᠲᠣ ᠦᠶ᠎ᠡ᠎ᠶ᠋ᠢᠨ ᠮᠠᠯᠵᠢᠯ᠎ᠤᠨ ᠲᠠᠯᠠᠪᠠᠶ᠎ᠶ᠋ᠢᠨ ᠡᠵᠡᠩᠨᠡᠯᠲᠡ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠴᠢᠶᠠᠨ ᠺᠸ ᠱᠢᠨ᠂ ᠨᠠᠷᠢᠯᠢᠭ ᠪᠣᠷᠳᠣᠭ᠎ᠠ ᠪᠣᠯᠪᠠᠰᠤᠷᠠᠭᠤᠯᠬᠤ᠎ᠪᠠᠷ ᠳᠡᠮᠵᠢᠨ᠂ ᠡᠪᠡᠰᠦ ᠪᠣᠷᠳᠣᠭ᠎ᠠ ᠵᠢ ᠱᠢᠩᠭᠡᠭᠡᠬᠦ ᠨᠣᠷᠮ᠎ᠠ᠎ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠡᠰᠢ ᠰᠦᠷᠡᠯ ᠳᠣᠲᠣᠷᠠᠬᠢ ᠬᠣᠷᠣᠬᠠᠶ᠎ᠶ᠋ᠢᠨ ᠥᠨᠳᠡᠭᠡᠨ ᠬᠥᠭᠡᠴᠦ᠍᠂ ᠲᠠᠷᠢᠶᠠᠨ ᠡᠮ᠎ᠦᠨ ᠦᠯᠡᠳᠡᠭ᠌ᠳᠡᠯ ᠵᠡᠷᠭᠡ ᠬᠤᠤᠷᠲᠤ ᠪᠣᠳᠠᠰ᠎ᠢ ᠠᠷᠢᠯᠭᠠᠭ᠍ᠰᠠᠨ ᠪᠠᠢᠨ᠎ᠠ ᠭᠡᠵᠦ ᠲᠠᠨᠢᠯᠴᠠᠭᠤᠯᠤᠨ᠎ᠠ᠃
ᠨᠤᠲᠤᠭ ᠪᠡᠯᠴᠢᠭᠡᠷ᠎ᠦᠨ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠠᠯᠬᠤᠴᠠ᠎ᠶ᠋ᠢ ᠤᠯᠠᠮ ᠲᠦᠷᠭᠡᠳᠭᠡᠵᠦ᠍᠂ ᠴᠢᠨᠠᠷ ᠰᠠᠢᠲᠠᠶ ᠲᠡᠵᠢᠭᠡᠯ ᠡᠪᠡᠰᠦ ᠬᠠᠩᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠬᠢᠩᠭᠠᠨ ᠠᠢᠮᠠᠭ ᠥᠨᠳᠥᠷ ᠪᠠᠷᠢᠮᠵᠢᠶᠠᠲᠤ ᠬᠠᠳᠤᠯᠠᠩ ᠪᠡᠯᠴᠢᠭᠡᠷ᠎ᠢ ᠪᠥᠲᠥᠭᠡᠨ ᠪᠠᠢᠭᠤᠯᠬᠤ ᠲᠤᠷᠱᠢᠯᠲᠠ᠎ᠶ᠋ᠢ ᠠᠩᠬ᠎ᠠ ᠤᠳᠠᠭ᠎ᠠ ᠳᠤᠷᠠᠳᠤᠨ ᠭᠠᠷᠭᠠᠵᠤ᠂ ᠬᠠᠭᠠᠯᠪᠤᠷᠢᠯᠠᠬᠤ ᠥᠬᠡᠶ᠎ᠪᠡᠷ ᠨᠥᠬᠥᠨ ᠳᠠᠷᠢᠬᠤ ᠂ ᠪᠢᠲᠡᠭᠦᠮᠵᠢᠯᠡᠨ ᠪᠣᠢᠵᠢᠭᠤᠯᠵᠤ ᠠᠮᠠᠷᠠᠭᠤᠯᠬᠤ᠂ ᠭᠠᠵᠠᠷ ᠳᠡᠭᠡᠷᠡᠬᠢ ᠤᠰᠤ᠎ᠪᠡᠷ ᠨᠥᠬᠥᠵᠦ᠍ ᠤᠰᠤᠯᠠᠬᠤ ᠂ ᠢᠯᠭᠠᠳᠠᠰᠤ᠎ᠶ᠋ᠢ ᠢᠰᠭᠡᠵᠦ᠍ᠪᠤᠷᠳᠤᠭᠤᠷ ᠪᠣᠯᠭᠠᠬᠤ᠂ ᠦᠨᠳᠦᠰᠦ᠎ᠪᠡᠷ᠎ᠨᠢ ᠬᠡᠷᠴᠢᠵᠦ᠍ ᠰᠠᠢᠵᠢᠷᠠᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠮᠠᠭᠤᠳᠠᠭ᠍ᠰᠠᠨ ᠪᠡᠯᠴᠢᠭᠡᠷ᠎ᠢᠶᠡᠨ ᠥᠨᠳᠥᠷ ᠤᠨᠠᠯᠲᠠ᠎ᠲᠠᠶ ᠬᠠᠳᠤᠯᠠᠩ ᠪᠡᠯᠴᠢᠭᠡᠷ ᠪᠣᠯᠭᠠᠨ ᠬᠤᠪᠢᠷᠠᠭᠤᠯᠵᠤ᠂ ᠡᠪᠡᠰᠦᠨ᠎ᠦ ᠤᠨᠠᠯᠲᠠ᠎ᠶ᠋ᠢ ᠮᠥ᠍ ᠪᠦᠷᠢᠳᠦ 80 —125 ᠺᠢᠯᠣᠭ᠌ᠷᠠᠮ ᠪᠠᠢᠭ᠍ᠰᠠᠨ᠎ᠠᠴᠠ ᠮᠥ᠍ ᠪᠦᠷᠢᠳᠦ 300 ᠺᠢᠯᠣᠭ᠌ᠷᠠᠮ᠎ᠠᠴᠠ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠵᠦ᠍᠂ ᠮᠥ᠍ ᠪᠦᠷᠢᠳᠦ 0.1 ᠲᠣᠨ ᠨᠡᠭᠦᠷᠡᠰᠦᠲᠥ᠋ᠷᠥᠭ᠌ᠴᠢ᠎ᠶ᠋ᠢ ᠲᠣᠭ᠍ᠲᠠᠪᠤᠷᠢᠵᠢᠭᠤᠯᠵᠤ᠂ ᠠᠮᠢ ᠠᠬᠤᠶ᠎ᠶ᠋ᠢᠨ ᠴᠢᠳᠠᠮᠵᠢ ᠬᠢᠭᠡᠳ ᠦᠶ᠋ᠯᠡᠳᠪᠦᠷᠢᠯᠡᠯ᠎ᠦᠨ ᠴᠢᠳᠠᠮᠵᠢ᠎ᠶ᠋ᠢᠨ ᠬᠤᠤᠰ ᠳᠡᠭᠡᠭ᠌ᠰᠢᠯᠡᠯᠲᠡ᠎ᠶ᠋ᠢ ᠪᠡᠶᠡᠯᠡᠭᠦᠯᠪᠡ᠃
ᠠᠮᠢ ᠠᠬᠤᠶ ᠵᠢᠨ ᠰᠠᠢᠵᠢᠷᠠᠯᠳᠠ ᠵᠢ ᠳᠠᠭᠠᠯᠳᠤᠨ ᠦᠷ᠎ᠡ ᠠᠱᠢᠭ ᠴᠤ᠌ ᠳᠡᠭᠡᠭᠰᠢᠯᠡᠪᠡ᠃ 《 ᠲᠠ ᠦᠵᠡ᠂ ᠡᠪᠡᠰᠦᠨ᠎ᠦ ᠣᠷᠭᠣᠴᠠ ᠨᠢ ᠰᠠᠢᠨ᠂ ᠦᠬᠡᠷ᠎ᠤᠨ ᠲᠠᠷᠭᠤ ᠬᠦᠴᠦ ᠰᠠᠢᠨ᠂ ᠵᠢᠭᠤᠯᠴᠢᠯᠠᠬᠰᠠᠳ ᠢᠷᠡᠬᠦ ᠨᠢ ᠪᠠᠰᠠ ᠠᠷᠪᠢᠨ᠂ ᠡᠨᠡ ᠪᠣᠯ ᠰᠠᠶᠢ ᠠᠵᠠ ᠵᠢᠷᠭᠠᠯ ᠲᠠᠢ ᠠᠮᠢᠳᠤᠷᠠᠯ ᠪᠠᠢᠨ᠎ᠠ》 ᠭᠡᠵᠦ᠍ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠠᠨᠵᠤᠲ᠋ᠦ᠋ᠨ ᠮᠠᠨᠵᠤ ᠦᠨᠳᠦᠰᠦᠲᠡᠨ᠎ᠦ ᠱᠢᠶᠠᠩ᠎ᠤᠨ ᠠᠯᠳᠠᠠᠠᠤᠳᠤ ᠭᠠᠴᠠᠭ᠎ᠠ᠎ᠶ᠋ᠢᠨ ᠨᠤᠲᠤᠭ᠎ᠲᠠᠭᠠᠨ ᠪᠤᠴᠠᠭ᠍ᠰᠠᠨ ᠣᠶᠤᠲᠠᠨ ᠴᠡᠩᠬᠡᠷ ᠬᠤᠯᠠᠭᠤᠷ ᠪᠡᠯᠴᠢᠵᠦ ᠪᠠᠢᠭ᠎ᠠ ᠦᠬᠡᠷ᠎ᠢᠶᠡᠨ ᠵᠢᠭᠠᠵᠤ ᠬᠡᠯᠡᠨ᠎ᠡ᠃ ᠲᠤᠬᠠᠢ᠎ᠶ᠋ᠢᠨ ᠭᠠᠵᠠᠷ᠎ᠤᠨ ᠵᠠᠰᠠᠭ᠎ᠤᠨ ᠣᠷᠳᠣᠨ᠎ᠤ ᠵᠣᠷᠢᠭ᠍ᠵᠢᠭᠤᠯᠤᠯ ᠪᠠ ᠳᠡᠮᠵᠢᠯᠭᠡᠲᠤᠤᠷᠠ᠂ ᠴᠡᠩᠭᠡᠷ ᠬᠣᠶᠠᠷ ᠵᠢᠯ᠎ᠦᠨ ᠡᠮᠦᠨ᠎ᠡ ᠥᠪᠡᠷ᠎ᠦᠨ ᠨᠤᠲᠤᠭ ᠪᠡᠯᠴᠢᠭᠡᠷ ᠲᠡᠭᠡᠷ᠎ᠠ ᠪᠠᠨ ᠴᠠᠭᠠᠨ ᠢᠳᠡᠭᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ ᠤᠨᠴᠠᠯᠢᠬ᠍ᠳᠤ ᠰᠣᠶᠣᠯ ᠵᠢᠭᠤᠯᠴᠢᠯᠠᠯ᠎ᠤᠨ ᠲᠦᠷᠦᠯ ᠵᠦᠢᠯ᠎ᠢ ᠬᠥᠭ᠌ᠵᠢᠭᠦᠯᠦᠭ᠌ᠰᠡᠨ ᠪᠠᠢᠨ᠎ᠠ᠃ ᠡᠨᠡ ᠵᠢᠯ᠂ ᠲᠡᠳᠡᠨ᠎ᠦ ᠬᠢᠨ ᠮᠠᠯᠵᠢᠬᠤ ᠠᠢᠯ᠎ᠤᠨ ᠵᠢᠭᠤᠯᠴᠢᠯᠠᠯ᠎ᠢ ᠤᠯᠠᠮ ᠥᠷᠭᠡᠳᠭᠡᠵᠦ᠍᠂ 6 ᠳᠡᠭᠡᠳᠦ ᠲᠡᠰ᠎ᠤᠨ ᠮᠣᠩᠭᠣᠯ ᠭᠡᠷ ᠪᠠ ᠢᠳᠡᠭᠡᠨ ᠤᠮᠳᠠᠭᠠᠨ᠎ᠤ ᠭᠡᠷ ᠪᠠᠢᠭᠤᠯᠵᠤ᠂ ᠡᠳᠦᠷ᠎ᠦᠨ ᠬᠦᠯᠢᠶᠡᠨ ᠠᠪᠬᠤ ᠬᠡᠮᠵᠢᠶ᠎ᠡ ᠨᠢ 20 ᠭᠠᠷᠤᠢ ᠬᠥᠮᠦᠨ᠎ᠳᠦ ᠬᠦᠷᠴᠡᠢ᠃
《 ᠮᠠᠨ᠎ᠤ ᠭᠡᠷ ᠶᠠᠭ 〈ᠲᠠᠯ᠎ᠠ ᠨᠤᠲᠤᠭ᠎ᠤᠨ ᠠᠷᠠᠳ᠎ᠤᠨ ᠰᠠᠭᠤᠷᠢᠰᠢᠯ〉 ᠤ᠋ᠨ ᠣᠢᠷᠠᠯᠴᠠᠭ᠎ᠠ ᠪᠠᠢᠬᠤ ᠤᠴᠢᠷ ᠡᠴᠡ ᠴᠥᠭᠡᠨ ᠪᠤᠰᠤ ᠰᠤᠯᠠ ᠵᠣᠴᠢᠳ᠎ᠢ ᠬᠦᠯᠢᠶᠡᠨ ᠠᠪᠴᠤ᠌ ᠴᠢᠳᠠᠨ᠎ᠠ》᠃ ᠴᠡᠩᠬᠡᠷ ᠨᠢᠭᠡ ᠳᠠᠩᠰᠠ ᠪᠤᠳᠤᠪᠠ᠄ ᠮᠠᠯ ᠠᠵᠤ ᠠᠬᠤᠢ ᠪᠠ ᠵᠢᠭᠤᠯᠴᠢᠯᠠᠯ᠎ᠤᠨ ᠦᠢᠯᠡᠰ᠎ᠢ ᠠᠭᠤᠰᠤᠯᠴᠠᠨ ᠬᠥᠭ᠌ᠵᠢᠬᠦᠯᠦᠭᠡᠳ ᠤᠯᠤᠭᠰᠠᠨ ᠣᠷᠣᠯᠭ᠎ᠠ᠎ᠶ᠋ᠢᠨ ᠨᠡᠮᠡᠭ᠌ᠳᠡᠯ ᠨᠢ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠬᠤ ᠡᠴᠡ ᠪᠤᠯᠵᠤ ᠨᠡᠮᠡᠭ᠌ᠳᠡᠭ᠌ᠰᠡᠨ ᠥᠪᠡᠷ᠎ᠦᠨ ᠦᠷᠳᠡᠭ᠎ᠡᠴᠡ ᠬᠤᠯᠠ ᠢᠯᠡᠬᠦᠦ᠃ ᠳᠣᠯᠣᠭ᠎ᠠ᠂ ᠨᠠᠶ᠋ᠮᠠᠳᠤᠭᠠᠷ ᠰᠠᠷ᠎ᠠ᠎ᠶ᠋ᠢᠨ ᠬᠥᠭ᠌ᠵᠢᠶᠡᠨᠲᠡᠶ ᠤᠯᠠᠷᠢᠯ᠎ᠳᠤ ᠭᠠᠭ᠍ᠴᠠ ᠡᠳᠦᠷ᠎ᠦᠨ ᠣᠷᠣᠯᠭ᠎ᠠ 5000 ᠲᠥᠭᠥᠷᠢᠭ᠎ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠭᠤᠷᠪᠠᠨ ᠬᠤᠪᠢ ᠥᠰᠴᠡᠶ᠃
ᠣᠳᠣᠬᠠᠨ᠎ᠳᠤ᠂ 《ᠲᠠᠯ᠎ᠠ ᠨᠤᠲᠤᠭ᠎ᠤᠨ ᠠᠷᠠᠳ᠎ᠤᠨ ᠰᠠᠭᠤᠷᠢᠰᠢᠯ》 ᠤ᠋ᠨ ᠲᠥᠷᠥᠯ ᠵᠦᠶ᠋ᠯ᠎ᠨᠢ ᠨᠢᠭᠡᠨᠲᠡ ᠡᠷᠬᠢᠨ ᠲᠣᠭᠣᠷᠢᠨ᠎ᠤ 50 ᠭᠠᠷᠤᠶ ᠡᠷᠦᠬᠡ ᠮᠠᠯᠴᠢᠳ᠎ᠢ ᠳᠠᠢᠴᠢᠯᠠᠵᠤ᠂ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠨ ᠠᠱᠢᠭ ᠲᠤᠰᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ ᠠᠮᠢ ᠠᠬᠤᠶ᠎ᠶ᠋ᠢᠨ ᠠᠱᠢᠭ ᠲᠤᠰᠠ ᠬᠢᠭᠡᠳ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠭ᠍ᠰᠠᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠪᠡ᠃
《ᠡᠬᠦᠯᠳᠡᠷ ᠤ᠋ᠨ ᠦᠢᠯᠡᠰ᠎ᠦᠨ ᠰᠢᠪᠲᠤᠯᠤᠯᠲᠠ》 ᠡᠴᠡ 《ᠪᠦᠬᠦ ᠬᠡᠯᠬᠢᠶᠡᠨ᠎ᠦ ᠪᠠᠷᠢᠮᠵᠢᠶ᠎ᠠ》 ᠬᠦᠷᠲᠡᠯ᠎ᠡ ᠠᠵᠤ ᠦᠢᠯᠡᠰ᠎ᠦᠨ ᠬᠥᠳᠡᠯᠭᠡᠬᠦ ᠡᠨᠧᠷᠭᠢ᠎ᠶᠢ ᠬᠥᠭᠵᠢᠭᠡᠪᠡ
ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠪᠠᠢᠭ᠎ᠠ ᠥᠪᠥᠷ ᠮᠣᠩᠭᠣᠯ᠎ᠤᠨ ᠵᠥᠩ ᠨᠦᠩ ᠬᠢᠩᠭᠠᠨ ᠪᠤᠬ᠎ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠣᠷᠣᠬᠤ᠎ᠳᠤ᠂ 300 ᠭᠠᠷᠤᠢ ᠪᠤᠬ᠎ᠠ ᠳᠤᠯᠠᠭᠠᠨ᠎ᠢ ᠪᠠᠳᠤᠯᠠᠬᠤ ᠦᠬᠡᠷ᠎ᠦᠨ ᠬᠠᠰᠢᠶ᠎ᠠ᠂ ᠵᠠᠬᠢᠶᠠᠯᠠᠭ᠎ᠠ ᠵᠢᠨ ᠰᠢᠮ᠎ᠡ ᠲᠡᠵᠢᠭᠡᠯᠲᠦ ᠬᠣᠭᠣᠯᠠ᠂ ᠭᠧᠨ᠎ᠦ ᠵᠢᠭᠰᠠᠯ᠎ᠦᠨ ᠳᠠᠷᠠᠭᠠᠯᠠᠯ᠎ᠤᠨ ᠲᠠᠩᠰᠠ ᠡᠪᠬᠡᠮᠡᠯ ᠬᠡᠳ ᠶᠠᠬ 《ᠲᠠᠪᠤᠨ ᠣᠳᠣᠨ ᠲᠠᠰ》 ᠤ᠋ᠨ ᠬᠠᠷᠠᠭᠠᠯᠵᠠᠯ᠎ᠢ ᠬᠦᠷᠳᠡᠵᠦ ᠪᠠᠢᠯ᠎ᠠ᠃
《 ᠮᠠᠨ᠎ᠤ 18 ᠪᠤᠬ᠎ᠠ ᠪᠥᠬᠥ ᠤᠯᠤᠰ᠎ᠤᠨ ᠵᠠᠭᠤᠨ ᠬᠦᠴᠦᠷᠬᠡᠭ᠎ᠲᠦ ᠳᠤᠳᠤᠷᠠᠵᠦ ᠂ 3 ᠵᠢᠯ ᠳᠠᠷᠠᠭᠠᠯᠠᠨ ᠨᠡᠷᠡᠰ᠎ᠦᠨ ᠵᠢᠭ᠍ᠰᠠᠭᠠᠯᠲᠠ᠎ᠳᠤ ᠣᠷᠣᠪᠠ!》 ᠭᠡᠵᠦ ᠺᠣᠮᠫᠠᠨᠢ᠎ᠶᠢᠨ ᠮᠡᠷᠭᠡᠵᠢᠯ᠎ᠦᠨ ᠶᠡᠷᠦᠩᠬᠡᠢ ᠬᠢᠨᠠᠭ᠍ᠴᠢᠶ᠌ᠢᠨ ᠰᠢᠦᠢ ᠱᠧᠩ 2024 ᠣᠨ᠎ᠤ ᠳᠤᠮᠳᠠᠳᠤ ᠤᠯᠤᠰ᠎ᠤᠨ ᠮᠢᠬᠠᠨ᠎ᠤ ᠦᠬᠡᠷ᠎ᠦᠨ ᠰᠣᠩᠭᠣᠯᠲᠠ᠎ᠶᠢᠨ ᠵᠢᠭᠠᠯᠲᠠ ᠲᠣᠭ᠎ᠠ᠎ᠶᠢᠨ ᠵᠢᠭ᠍ᠰᠠᠭᠠᠯᠲᠠ᠎ᠶᠢ ᠲᠠᠨᠢᠯᠴᠠᠭᠤᠯᠪᠠ᠃ ᠬᠢᠩᠭᠠᠨ ᠠᠢᠮᠠᠭ᠎ᠤᠨ ᠠᠩᠬᠠᠳᠠᠭ᠍ᠴᠢ ᠤᠯᠤᠰ᠎ᠤᠨ ᠲᠠᠰ᠎ᠤᠨ ᠭᠣᠣᠯ ᠡᠬᠦᠯᠳᠡᠷ ᠪᠣᠢᠵᠢᠭᠤᠯᠬᠤ ᠲᠠᠯᠠᠪᠠᠶ ᠪᠣᠯᠤᠭᠰᠠᠨ᠎ᠤ ᠬᠤᠪᠢ᠎ᠳᠤ᠂ ᠲᠣᠰ ᠺᠣᠮᠫᠠᠨᠢ ᠨᠢ ᠭᠣᠣᠯ ᠡᠭᠦᠯᠳᠡᠷ᠎ᠦᠨ ᠢᠷᠡᠯᠲᠡ᠎ᠶᠢ ᠣᠷᠳᠣ᠌ ᠬᠤᠭᠤᠴᠠᠭᠠᠨ᠎ᠦ ᠲᠤᠷᠰᠢ ᠭᠠᠳᠠᠭᠠᠳᠤᠡᠴᠨ ᠣᠷᠣᠭᠤᠯᠬᠤ᠎ᠳᠤ ᠲᠦᠰᠢᠭᠯᠡᠵᠦ ᠪᠠᠢᠭᠰᠠᠨ ᠬᠦᠴᠢᠷᠳᠡᠯ᠎ᠢ ᠢᠯᠠᠨ ᠳᠠᠪᠠᠵᠤ᠂ ᠵᠢᠯ ᠪᠦᠷᠢ ᠴᠢᠨᠠᠷ ᠰᠠᠢᠲᠠᠢ ᠢᠴᠡᠭᠡᠯ ᠦᠷ᠎ᠡ ᠵᠢ 550 ᠲᠦᠮᠡᠨ ᠢᠵᠢ ᠦᠢᠯᠡᠳᠪᠦᠷᠢᠯᠡᠵᠦ᠂ ᠨᠡᠶ᠋ᠢᠲᠡ 150 ᠭᠠᠷᠤᠢ ᠲᠦᠮᠡᠨ ᠤᠯᠠᠭᠠᠨ ᠦᠬᠡᠷ᠎ᠦᠨ ᠡᠭᠦᠯᠳᠡᠷ᠎ᠢ ᠰᠠᠢᠵᠢᠷᠠᠭᠤᠯᠪᠠ᠃
ᠡᠬᠦᠯᠳᠡᠷ ᠤ᠋ᠨ ᠦᠢᠯᠡᠰ ᠪᠣᠯ ᠮᠠᠯ ᠠᠵᠤ ᠠᠬᠤᠢ᠎ᠶᠢᠨ 《 ᠴᠠᠬᠢᠮ ᠢᠯᠳᠠᠰᠤ》 ᠮᠥᠨ᠂ ᠬᠢᠩᠭᠠᠨ ᠠᠢᠮᠠᠭ ᠡᠬᠦᠯᠳᠡᠷ ᠤ᠋ᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢ 《ᠪᠣᠭᠣᠮᠢ》 ᠵᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠵᠠᠩᠭᠢᠯᠠᠭ᠎ᠠ ᠪᠣᠯᠭᠠᠵᠤ᠂ ᠰᠢᠨ᠎ᠡ ᠡᠬᠦᠯᠳᠡᠷ ᠤ᠋ᠨ ᠡᠬᠢ ᠪᠠᠶᠠᠯᠢᠭ᠋᠎ᠢ ᠬᠠᠮᠠᠭᠠᠯᠠᠨ ᠠᠰᠢᠭ᠍ᠯᠠᠬᠤ ᠪᠠ ᠰᠢᠨ᠎ᠡ ᠡᠭᠦᠯᠳᠡᠷ᠎ᠢ ᠪᠣᠢᠵᠢᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠣᠷᠣᠨ ᠪᠦᠰᠡ᠎ᠶᠢᠨ ᠮᠠᠯ ᠵᠢᠭᠦᠷᠲᠡᠨ᠎ᠦ ᠭᠣᠣᠯᠯᠠᠬᠤ ᠡᠬᠦᠯᠳᠡᠷ ᠤ᠋ᠨ ᠢᠷᠡᠯᠲᠡ᠎ᠶᠢᠨ ᠰᠠᠭᠤᠷᠢᠨ᠎ᠢ ᠪᠥᠬᠥ ᠬᠦᠴᠦᠨ᠎ᠢᠶᠡᠷ᠎ᠢᠶᠡᠨ ᠴᠣᠭᠴᠠᠯᠠᠨ ᠪᠠᠢᠭᠤᠯᠵᠤ᠂ ᠡᠬᠦᠯᠳᠡᠷ ᠤ᠋ᠨ ᠡᠬᠢ ᠪᠠᠶᠠᠯᠢᠭ᠋᠎ᠢ ᠬᠠᠮᠠᠭᠠᠯᠠᠨ ᠠᠰᠢᠭ᠍ᠯᠠᠬᠤ᠂ ᠰᠢᠨ᠎ᠡ ᠡᠭᠦᠯᠳᠡᠷ᠎ᠢ ᠪᠣᠢᠵᠢᠭᠤᠯᠬᠤ᠂ ᠭᠣᠣᠯᠯᠠᠬᠤ ᠡᠬᠦᠯᠳᠡᠷ ᠤ᠋ᠨ ᠢᠷᠡᠯᠲᠡ᠎ᠶᠢᠨ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠵᠢᠴᠢ ᠮᠢᠬᠠᠨ ᠤ᠋ ᠦᠬᠡᠷ᠎ᠦᠨ ᠡᠬᠦᠯᠳᠡᠷ ᠤ᠋ᠨ ᠦᠢᠯᠡᠰ᠎ᠦᠨ ᠦᠢᠯᠡᠳᠪᠦᠷᠢᠯᠡᠯ᠎ᠦᠨ ᠴᠢᠳᠠᠪᠤᠷᠢ᠎ᠶᠢᠨ ᠪᠦᠳᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠃
《ᠡᠨᠡ ᠪᠣᠯ ᠮᠠᠨ᠎ᠤ ᠡᠨᠡ ᠵᠢᠯ᠎ᠦᠨ ᠥᠭᠡᠷᠡᠴᠢᠯᠡᠨ ᠪᠠᠢᠭᠤᠯᠤᠭᠰᠠᠨ ᠣᠳᠣᠬᠢᠴᠢᠯᠠᠭᠰᠠᠨ ᠬᠣᠨᠢᠨ᠎ᠤ ᠬᠠᠰᠢᠶ᠎ᠠ ᠪᠣᠯᠣᠨ᠎ᠠ ᠂ ᠣᠳᠣ᠌ ᠪᠢᠳᠡᠨ᠎ᠦ ᠬᠣᠨᠢ ᠪᠦᠷ ᠵᠠᠰᠠᠬᠳᠤ ᠬᠤᠨᠢ ᠬᠡᠬᠦ ᠨᠡᠷ᠎ᠡ᠎ᠲᠠᠢ ᠪᠣᠯᠵᠠᠢ!》 ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠮᠠᠨᠵᠤᠲ᠋ᠦ᠋ᠨ ᠮᠠᠨᠵᠤ ᠦᠨᠳᠦᠰᠦᠲᠡᠨ᠎ᠦ ᠰᠢᠶᠠᠩ᠎ᠤᠨ ᠮᠠᠨᠵᠤ ᠦᠨᠳᠦᠰᠦᠲᠡᠨ᠎ᠦ ᠠᠢᠯ ᠭᠠᠴᠠᠭ᠎ᠠ᠎ᠶᠢᠨ ᠮᠠᠯᠴᠢᠨ ᠸᠠᠩ ᠠᠷᠪᠢᠨᠬᠡᠰᠢᠭ 30 ᠭᠠᠷᠤᠢ ᠵᠢᠯ ᠬᠣᠨᠢ ᠲᠡᠵᠢᠭᠡᠵᠦ᠂ ᠥᠪᠡᠷ᠎ᠦᠨ ᠬᠣᠨᠢ᠎ᠪᠠᠨ ᠪᠠᠰᠠ ᠡᠢᠮᠦ ᠰᠠᠢᠬᠠᠨ ᠨᠡᠷ᠎ᠡ᠎ᠲᠠᠢ ᠭᠡᠵᠦ ᠶᠡᠷᠦ᠎ᠡᠴᠡ ᠪᠤᠳᠤᠵᠤ ᠥᠩᠭᠡᠷᠡᠭᠰᠡᠨ ᠦᠭᠡᠢ᠃
2024 ᠣᠨ᠎ᠳᠤ ᠵᠠᠰᠠᠭ᠎ᠲᠤ ᠬᠣᠨᠢ ᠤᠯᠤᠰ᠎ᠤᠨ ᠮᠠᠯ ᠵᠢᠭᠦᠷᠲᠡᠨ᠎ᠦ ᠤᠳᠤᠮᠯᠠᠯ᠎ᠤᠨ ᠡᠬᠢ ᠪᠠᠶᠠᠯᠢᠭ᠋᠎ᠤᠨ ᠵᠥᠪᠯᠡᠯ᠎ᠦᠨ ᠬᠢᠨᠠᠨ ᠲᠣᠭᠲᠠᠭᠠᠯᠲᠠ᠎ᠶᠢ ᠥᠩᠭᠡᠷᠡᠭᠡᠵᠦ᠂ ᠬᠢᠩᠭᠠᠨ ᠠᠢᠮᠠᠭ᠎ᠤᠨ ᠠᠩᠬᠠᠳᠠᠭ᠍ᠴᠢ ᠤᠯᠤᠰ᠎ᠤᠨ ᠮᠠᠯ ᠵᠢᠭᠦᠷᠲᠡᠨ᠎ᠦ ᠤᠳᠤᠮᠯᠠᠯ᠎ᠤᠨ ᠡᠬᠢ ᠪᠠᠶᠠᠯᠢᠭ᠋᠎ᠤᠨ ᠡᠭᠦᠯᠳᠡᠷ ᠪᠣᠯᠵᠤ᠂ ᠬᠢᠩᠭᠠᠨ ᠠᠢᠮᠠᠭ᠎ᠤᠨ ᠮᠠᠯ ᠵᠢᠭᠦᠷᠲᠡᠨ᠎ᠦ ᠤᠳᠤᠮᠯᠠᠯ᠎ᠤᠨ ᠡᠬᠢ ᠪᠠᠶᠠᠯᠢᠭ᠋ ᠦᠭᠡᠢ ᠪᠠᠢᠭᠰᠠᠨᠡᠴᠨ ᠪᠠᠨ ᠪᠠᠢᠬᠤ ᠪᠣᠯᠤᠭᠰᠠᠨ ᠲᠡᠦᠬᠡᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠪᠡ᠃
ᠣᠳᠣᠬᠠᠨ ᠪᠣᠯᠲᠠᠯ᠎ᠠ᠂ ᠬᠢᠩᠭᠠᠨ ᠠᠢᠮᠠᠭ᠎ᠤᠨ ᠰᠢᠨ᠎ᠡ᠎ᠪᠡᠷ ᠨᠡᠮᠡᠭᠳᠡᠭᠰᠡᠨ ᠮᠠᠯ ᠵᠢᠭᠦᠷᠲᠡᠨ᠎ᠦ ᠭᠣᠣᠯ ᠡᠭᠦᠯᠳᠡᠷ ᠪᠣᠢᠵᠢᠭᠤᠯᠬᠤ ᠲᠠᠯᠠᠪᠠᠶ ᠤᠯᠤᠰ᠎ᠤᠨ ᠲᠠᠰ᠎ᠤᠨ 2᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 4 ᠪᠠᠢᠵᠤ᠂ ᠪᠥᠬᠥ ᠤᠯᠤᠰ᠎ᠤᠨ ᠮᠢᠬᠠᠨ ᠤ᠋ ᠦᠬᠡᠷ᠎ᠦᠨ ᠰᠣᠩᠭᠣᠯᠲᠠ᠎ᠶᠢᠨ ᠵᠢᠭᠠᠯᠲᠠ ᠲᠣᠭ᠎ᠠ (CBI) ᠵᠢᠨ ᠡᠮᠦᠨ᠎ᠡ 100 ᠨᠡᠷᠡᠰ᠎ᠦᠨ ᠳᠣᠲᠣᠷ᠎ᠠ᠂ ᠬᠢᠩᠭᠠᠨ ᠠᠢᠮᠠᠭ᠎ᠤᠨ ᠲᠣᠭ᠎ᠠ ᠲᠣᠯᠣᠭᠠᠢ ᠪᠥᠬᠥ ᠤᠯᠤᠰ᠎ᠲᠤ ᠲᠦᠷᠦᠭᠦᠯᠡᠵᠦ ᠪᠠᠢᠨ᠎ᠠ᠃ ᠡᠭᠦᠨ᠎ᠡᠴᠡ ᠭᠠᠳᠠᠨ᠎ᠠ᠂ ᠤᠯᠤᠰ᠎ᠤᠨ ᠳᠣᠲᠣᠭᠠᠳᠤ᠎ᠶᠢᠨ ᠬᠠᠮᠤᠭ᠎ᠤᠨ ᠲᠣᠮᠣ᠌ ᠪᠧᠯᠭᠢ᠎ᠶᠢᠨ ᠬᠥᠬᠡ ᠡᠭᠦᠯᠳᠡᠷ᠎ᠦᠨ ᠦᠬᠡᠷ᠎ᠦᠨ ᠡᠭᠦᠯᠳᠡᠷ᠎ᠦᠨ ᠰᠦᠷᠦᠭ ᠬᠢᠬᠡᠳ ᠤᠯᠤᠰ᠎ᠤᠨ ᠳᠣᠲᠣᠭᠠᠳᠤ᠎ᠶᠢᠨ ᠴᠣᠷ᠎ᠤᠨ ᠭᠠᠭᠴᠠ ᠬᠣᠨᠢᠨ ᠡᠪᠡᠰᠦᠨ᠎ᠦ ᠡᠭᠦᠯᠳᠡᠷ᠎ᠦᠨ ᠰᠠᠭᠤᠷᠢᠨ ᠴᠦ᠍ ᠵᠠᠯᠭᠠᠭ᠎ᠠ᠎ᠪᠠᠷ ᠬᠢᠩᠭᠠᠨ ᠠᠢᠮᠠᠭ᠎ᠲᠤ ᠨᠤᠲᠤᠭᠰᠢᠪᠠ᠃
ᠡᠬᠦᠯᠳᠡᠷ ᠤ᠋ᠨ ᠦᠢᠯᠡᠰ᠎ᠦᠨ 《ᠴᠠᠬᠢᠮ ᠢᠯᠳᠠᠰᠤ》 ᠵᠢᠨ ᠪᠡᠶ᠎ᠡ᠎ᠪᠡᠨ ᠳᠠᠭᠠᠭᠠᠵᠤ ᠡᠵᠡᠮᠳᠡᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠬᠣᠢᠰᠢᠳᠠ᠎ᠶᠢᠨ ᠪᠠᠷᠢᠮᠵᠢᠶᠠᠵᠢᠯᠳᠠ᠂ ᠬᠡᠪᠴᠢᠶᠡᠵᠢᠯᠳᠠ᠂ ᠪᠦᠬᠦ ᠬᠡᠯᠬᠢᠶᠡᠵᠢᠯᠳᠠ ᠵᠢᠨ ᠬᠥᠭᠵᠢᠯᠲᠡ᠎ᠳᠦ ᠪᠠᠲᠤ ᠪᠡᠬᠢ ᠰᠠᠭᠤᠷᠢ ᠲᠠᠯᠪᠢᠪᠡ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠳᠦ ᠂ ᠲᠣᠮᠣ᠌ ᠳ᠋ᠠᠢᠲ᠋ᠠ᠎ᠶᠢᠨ ᠲᠥᠪ ᠪᠦᠷᠢᠨ ᠲᠡᠭᠦᠯᠳᠡᠷ ᠳ᠋ᠠᠢᠲ᠋ᠠ᠎ᠶᠢᠨ ᠡᠬᠢ ᠪᠠᠶᠠᠯᠢᠭ᠋᠎ᠤᠨ ᠰᠢᠰᠲᠧᠮ᠎ᠢ ᠪᠠᠢᠭᠤᠯᠵᠤ᠂ ᠣᠨᠣᠴᠠᠲᠠᠢ ᠲᠡᠵᠢᠭᠡᠨ ᠦᠷᠡᠵᠢᠭᠦᠯᠬᠦ᠂ ᠦᠵᠡᠭᠳᠡᠮᠡᠯ ᠬᠠᠮᠢᠶᠠᠷᠤᠯᠲᠠ ᠪᠠ ᠣᠶᠤᠨᠴᠢᠯᠠᠭᠰᠠᠨ ᠰᠢᠢᠳᠪᠦᠷᠢᠲᠦ ᠪᠣᠳᠣᠯᠭ᠎ᠠ᠎ᠶᠢ ᠪᠡᠶᠡᠯᠡᠭᠦᠯᠪᠡ᠃ 《 ᠮᠠᠨ᠎ᠤ ᠬᠦᠷᠢᠶᠡᠯᠡᠩ ᠲᠣᠭᠣᠷᠢᠭ᠋ ᠲᠡᠵᠢᠭᠡᠨ ᠦᠷᠡᠵᠢᠭᠦᠯᠬᠦ ᠡᠷᠦᠬᠡ᠂ ᠠᠵᠤ ᠠᠬᠤᠢᠯᠠᠯ᠎ᠳᠤ ᠪᠦᠬᠦ ᠲᠠᠯ᠎ᠠ᠎ᠶᠢᠨ ᠮᠡᠳᠡᠭᠡ ᠵᠠᠩᠭᠢ᠎ᠶᠢᠨ ᠳᠡᠮᠵᠢᠯᠭᠡ ᠬᠠᠩᠭᠠᠪᠠ》᠃ ᠠᠵᠤ ᠦᠢᠯᠡᠰ᠎ᠦᠨ ᠬᠦᠷᠢᠶᠡᠯᠡᠩ᠎ᠦᠨ ᠮᠢᠬᠠᠨ᠎ᠤ ᠦᠬᠡᠷ᠎ᠦᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠲᠥᠷᠥᠯ ᠵᠦᠢᠯ᠎ᠦᠨ ᠬᠠᠷᠢᠭᠤᠴᠠᠯᠭᠠᠲᠠᠨ ᠶᠠᠩ ᠹᠧᠩ ᠪᠥᠸᠧ᠄ ᠣᠳᠣᠬᠠᠨ᠎ᠳᠤ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠨᠢᠭᠡᠨᠲᠡ ᠪᠥᠬᠥ ᠤᠯᠤᠰ᠎ᠤᠨ ᠠᠩᠬᠠᠳᠠᠭ᠍ᠴᠢ ᠮᠢᠬᠠᠨ ᠤ᠋ ᠦᠬᠡᠷ᠎ᠦᠨ ᠤᠯᠤᠰ᠎ᠤᠨ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠵᠤ᠂ 《 ᠡᠬᠦᠯᠳᠡᠷ ᠤ᠋ᠨ ᠢᠷᠡᠯᠲᠡ᠎ᠶᠢ ᠦᠷᠡᠵᠢᠭᠦᠯᠦᠨ ᠪᠣᠢᠵᠢᠭᠤᠯᠬᠤ — ᠲᠡᠵᠢᠭᠡᠯ ᠡᠪᠡᠰᠦ ᠬᠠᠩᠭᠠᠬᠤ — ᠨᠢᠲᠤᠯᠵᠤ ᠡᠳ᠋ᠰᠢᠭᠦᠯᠬᠦ — ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ 》 ᠵᠢ ᠨᠢᠭᠡ ᠴᠣᠭᠴᠠᠵᠢᠭᠤᠯᠤᠭᠰᠠᠨ ᠬᠡᠯᠬᠢᠶ᠎ᠡ᠎ᠶᠢ ᠪᠦᠷᠢᠯᠳᠦᠭᠦᠯᠵᠡᠢ ᠭᠡᠵᠦ ᠲᠠᠨᠢᠯᠴᠠᠭᠤᠯᠪᠠ᠃
ᠡᠨᠡ ᠬᠦ᠌ ᠬᠡᠯᠬᠢᠶᠡᠵᠢᠯ᠎ᠤᠨ ᠥᠨᠳᠥᠷ ᠪᠦᠲᠦᠮᠵᠢᠲᠡᠶ ᠠᠵᠢᠯᠯᠠᠭ᠎ᠠ᠎ᠨᠢ ᠲᠤᠯᠭᠠᠭᠤᠷᠢᠯᠠᠬᠤ ᠪᠣᠯ ᠬᠢᠩᠭᠠᠨ ᠠᠢᠮᠠᠭ᠎ᠤᠨ ᠴᠥᠬᠥᠷᠡᠰᠢ ᠦᠭᠡᠢ ᠴᠢᠷᠮᠠᠢᠯᠭ᠎ᠠ ᠪᠣᠯᠣᠨ᠎ᠠ ᠄ ᠠᠵᠤ ᠦᠢᠯᠡᠰ᠎ᠦᠨ ᠪᠦᠰᠡ᠂ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠠᠵᠤ ᠦᠢᠯᠡᠰ᠎ᠦᠨ ᠬᠦᠴᠦᠷᠬᠡᠭ ᠪᠠᠯᠭᠠᠰᠤ᠎ᠪᠠᠷ ᠴᠢᠬᠤᠯᠠ ᠭᠠᠷᠳᠠᠴᠠ ᠪᠣᠯᠭᠠᠵᠤ᠂ ᠮᠢᠬᠠᠨ ᠤ᠋ ᠦᠬᠡᠷ᠎ᠦᠨ ᠠᠵᠤ ᠦᠢᠯᠡᠰ᠎ᠢ ᠳᠠᠬᠢᠨ ᠦᠢᠯᠡᠳᠬᠦ᠂ ᠰᠠᠭᠤᠷᠢ ᠦᠨᠢᠶ᠎ᠡ᠎ᠶᠢᠨ ᠰᠦᠷᠦᠭ᠎ᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ ᠵᠡᠷᠭᠡ ᠰᠠᠭᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠮᠠᠯ ᠠᠵᠤ ᠠᠬᠤᠢ᠎ᠶᠢᠨ ᠣᠳᠣᠬᠢᠴᠢᠯᠠᠯᠲᠠ᠂ ᠬᠡᠪᠴᠢᠶᠡᠵᠢᠯᠳᠡ᠂ ᠪᠠᠷᠢᠮᠵᠢᠶᠠᠵᠢᠯᠲᠠ᠂ ᠡᠷᠴᠢᠮᠵᠢᠯᠲᠡ᠂ ᠠᠵᠤ ᠦᠢᠯᠡᠰᠵᠢᠯᠳᠡ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠪᠠ᠃ ᠣᠳᠣᠬᠠᠨ᠎ᠳᠤ᠂ ᠪᠥᠬᠥ ᠠᠢᠮᠠᠭ᠎ᠲᠤ ᠨᠢᠭᠡᠨᠲᠡ 7712 ᠬᠡᠪᠴᠢᠶᠡᠲᠦ ᠮᠠᠯᠵᠢᠯ᠎ᠤᠨ ᠲᠠᠯᠠᠪᠠᠶ ᠪᠠᠢᠭᠤᠯᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠦᠭᠰᠡᠨ ᠮᠠᠯ 728.29 ᠲᠦᠮᠡ᠎ᠳᠦ ᠬᠦᠷᠴᠦ ᠂ ᠲᠡᠵᠢᠬᠡᠵᠦ ᠪᠠᠢᠭ᠎ᠠ ᠮᠠᠯ ᠤ᠋ᠨ ᠪᠦᠬᠦ ᠲᠤᠭᠠᠨ ᠤ᠋ 67 % ᠵᠢ ᠡᠵᠡᠯᠡᠪᠡ᠃
《ᠡᠬᠢ ᠪᠠᠶᠠᠯᠢᠭ᠎ᠤᠨ ᠳᠠᠪᠠᠭᠤᠯᠢᠭ》᠎ᠡᠴᠠ《ᠵᠠᠬ᠎ᠠ ᠳᠡᠯᠭᠡᠭᠦᠷ᠎ᠦᠨ ᠥᠷᠲᠡᠭ》ᠬᠦᠷᠲᠡᠯ᠎ᠡ ᠣᠷᠣᠯᠭ᠎ᠠ᠎ᠪᠠᠨ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠪᠡ
ᠲᠦᠷᠦᠭᠦᠬᠡᠨ᠂ 《ᠪᠡᠭᠡᠵᠢᠩ ᠬᠢᠡᠭᠭᠠᠨ ᠠᠢᠮᠠᠭ ᠯᠤᠭ᠎ᠠ ᠵᠢᠨ ᠶᠠᠲᠠᠭᠤ᠎ᠶᠢ ᠲᠠᠳᠬᠦᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠵᠤ ᠰᠡᠳᠭᠢᠯ ᠵᠢᠷᠦᠬᠡ᠎ᠪᠡᠨ ᠬᠣᠯᠪᠣᠬᠤ —〈ᠬᠢᠩᠭᠠᠨ ᠠᠢᠮᠠᠭ᠎ᠤᠨ ᠰᠠᠢᠨ ᠡᠳ᠋ ᠪᠠᠷᠠᠭ᠎ᠠ᠎ᠶᠢ ᠪᠡᠭᠡᠵᠢᠩ᠎ᠳᠦ ᠣᠷᠣᠭᠤᠯᠬᠤ〉ᠭᠤᠤᠯ ᠰᠡᠳᠦᠪᠲᠦ ᠳᠡᠯᠭᠡᠷᠡᠭᠦᠯᠬᠦ᠌ ᠱᠢᠷᠢᠰ ᠠᠵᠢᠯᠯᠠᠭ᠎ᠠ》 ᠶ᠋ᠢᠨ ᠲᠤᠬᠠᠶ᠎ᠶ᠋ᠢᠨ ᠲᠠᠯᠠᠪᠠᠶ᠎ᠳᠤ᠂ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠵᠧᠨ ᠯᠢᠨᠦ 《ᠬᠢᠩᠭᠠᠨ ᠠᠢᠮᠠᠭ᠎ᠲᠤ᠂ ᠦᠬᠡᠷ ᠬᠤᠨᠢᠨ ᠮᠢᠬ᠎ᠠ ᠪᠣᠯᠭᠠᠨ᠎ᠳᠤ ᠲᠠᠯ᠎ᠠ ᠨᠤᠲᠤᠭ᠎ᠤᠨ ᠠᠡᠭᠬᠢᠯᠤᠮᠠ ᠦᠨᠦᠷ ᠬᠠᠩᠬᠤᠯᠵᠤ ᠪᠠᠢᠲᠠᠭ!》 ᠭᠡᠬᠦ ᠬᠠᠯᠠᠭᠤᠮᠰᠤᠭ ᠲᠠᠨᠢᠯᠴᠠᠭᠤᠯᠭ᠎ᠠ ᠨᠢ 《ᠬᠢᠩᠭᠠᠨ ᠠᠢᠮᠠᠭ᠎ᠤᠨ ᠦᠬᠡᠷ᠎ᠦᠨ ᠮᠢᠬ᠎ᠠ》ᠡᠨᠡ ᠬᠦ᠌ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠵᠠᠷ ᠵᠦᠶ᠎ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨ᠎ᠢ ᠳᠠᠬᠢᠨᠲᠠ ᠠᠡᠭᠬᠠᠷᠤᠯ ᠤ᠋ᠨ ᠲᠦᠪ ᠪᠣᠯᠭᠠᠪᠠ᠃
ᠲᠠᠯ᠎ᠠ ᠨᠤᠲᠤᠭ᠎ᠤᠨ ᠮᠠᠯᠵᠢᠯ᠎ᠤᠨ ᠲᠠᠯᠠᠪᠠᠶ᠎ᠠᠴᠠ ᠬᠣᠲᠠ᠎ᠶ᠋ᠢᠨ ᠬᠣᠭᠣᠯᠠᠨ ᠱᠢᠷᠡᠭᠡ ᠬᠦᠷᠲᠡᠯ᠎ᠡ᠂ ᠬᠢᠩᠭᠠᠨ ᠠᠢᠮᠠᠭ ᠪᠥᠬᠥ᠌ ᠬᠡᠯᠬᠢᠶ᠎ᠡ᠎ᠵᠢ ᠲᠠᠰ ᠳᠡᠪᠱᠢᠭᠦᠯᠬᠦ᠌᠎ᠪᠡᠷ ᠳᠡᠮᠵᠢᠨ᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ 《ᠠᠮᠢ ᠠᠬᠤᠶ᠎ᠶ᠋ᠢᠨ ᠥᠷᠲᠡᠭ》 ᠢ᠋ ᠦᠨᠡᠨ ᠪᠣᠳᠠᠲᠠᠶ 《ᠵᠠᠬ᠎ᠠ ᠳᠡᠯᠭᠡᠭᠦᠷ᠎ᠦᠨ ᠥᠷᠲᠡᠭ》 ᠪᠣᠯᠭᠠᠨ ᠬᠤᠪᠢᠷᠠᠭᠤᠯᠵᠤ ᠪᠠᠢᠨ᠎ᠠ᠃
ᠲᠦᠴᠢᠦᠸᠠᠨ ᠱᠢᠶᠠᠨ᠎ᠤ ᠯᠢᠦᠶ ᠹᠸᠩ ᠴᠢᠤᠸᠠᠨ ᠦᠬᠡᠷ ᠬᠣᠨᠢᠨ᠎ᠤ ᠬᠦᠶ᠋ᠲᠡᠨ ᠬᠡᠯᠬᠢᠶᠡᠲᠦ ᠡᠳ᠋ᠱᠢᠭᠦᠯᠦᠨ ᠪᠣᠯᠪᠠᠰᠤᠷᠠᠭᠤᠯᠬᠤ ᠲᠥᠪ᠎ᠦᠨ ᠠᠵᠢᠯᠴᠢᠳ ᠦᠬᠡᠷ᠎ᠦᠨ ᠬᠠᠪᠢᠷᠭ᠎ᠠ᠂ ᠦᠬᠡᠷ᠎ᠦᠨ ᠨᠢᠷᠤᠭᠤ᠎ᠶ᠋ᠢ ᠠᠭᠠᠷ ᠦᠭᠡᠢᠳᠡᠬᠦᠯᠦᠨ ᠪᠣᠭᠣᠳᠠᠯᠯᠠᠵᠤ᠂ ᠪᠡᠭᠡᠵᠢᠩ᠂ ᠬᠤᠨᠠᠨ ᠵᠡᠷᠭᠡ ᠭᠠᠵᠠᠷ ᠤ᠋ᠨ ᠬᠤᠲᠠᠯᠲᠤᠭᠠᠨ ᠤ᠋ ᠬᠡᠲᠦ ᠳᠡᠯᠭᠡᠭᠦᠷ ᠲᠸ᠋ ᠶᠠᠪᠤᠭᠤᠯᠬᠤ ᠪᠠᠷ ᠪᠠᠯᠡᠳᠭᠡᠵᠦ ᠪᠠᠢᠪᠠ᠃ 《ᠪᠢᠳᠡ ᠨᠠᠷᠢᠯᠢᠭ ᠬᠡᠰᠡᠭᠯᠡᠨ ᠬᠤᠪᠢᠶᠠᠬᠤ᠂ ᠬᠦᠶ᠋ᠲᠡᠨ ᠬᠡᠯᠬᠢᠶᠡᠲᠦ ᠰᠣᠷᠭᠣᠭ ᠪᠠᠢᠯᠭᠠᠬᠤ᠎ᠪᠠᠷ ᠳᠠᠮᠵᠢᠨ ᠦᠶ᠋ᠯᠡᠳᠬᠦᠨ᠎ᠦ ᠥᠷᠲᠡᠭ ᠪᠠ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠪᠡ》᠃ ᠬᠦᠶ᠋ᠲᠡᠨ ᠬᠡᠯᠬᠢᠶᠡᠲᠦ ᠡᠳ᠋ᠱᠢᠭᠦᠯᠤᠨ ᠪᠤᠯᠪᠠᠰᠤᠷᠠᠭᠤᠯᠬᠤ ᠲᠥᠪ᠎ᠦᠨ ᠠᠯᠠᠵᠤ ᠨᠢᠲᠤᠯᠬᠤ ᠦᠶ᠋ᠯᠡᠳᠪᠦᠷᠢ᠎ᠶ᠋ᠢᠨ ᠲᠠᠰᠤᠭ᠎ᠤᠨ ᠡᠷᠬᠢᠯᠡᠭ᠌ᠴᠢ ᠬᠠᠨ ᡁᠢ ᠴᠤᠤ ᠨᠢᠭᠡ ᠬᠠᠢᠷᠴᠠᠭ ᠦᠬᠡᠷ᠎ᠦᠨ ᠬᠠᠪᠢᠷᠭ᠎ᠠ ᠠᠪᠴᠤ᠌ ᠲᠠᠨᠢᠯᠴᠠᠭᠤᠯᠬᠤ᠎ᠳᠠᠭᠠᠨ᠂ 《ᠡᠯ᠎ᠡ ᠲᠥᠷᠥᠯ᠎ᠦᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠳᠡᠯᠭᠡᠨ ᠪᠣᠷᠣᠯᠠᠭᠤᠯᠬᠤ ᠴᠤᠭ᠍ᠯᠠᠭᠠᠨ᠎ᠳᠤ ᠣᠷᠣᠯᠴᠠᠬᠤ᠂ ᠲᠦᠷᠦᠯ ᠲᠠᠮᠳᠡᠭ᠎ᠢ ᠳᠡᠯᠭᠡᠷᠡᠭᠦᠯᠬᠦ᠌ ᠠᠵᠢᠯᠯᠠᠭ᠎ᠠ ᠥᠷᠨᠢᠭᠦᠯᠬᠦ᠌᠎ᠪᠡᠷ ᠳᠡᠮᠵᠢᠨ᠂ ᠬᠢᠩᠭᠠᠨ ᠠᠢᠮᠠᠭ᠎ᠤᠨ ᠦᠬᠡᠷ᠎ᠦᠨ ᠮᠢᠬᠠᠨ᠎ᠤ ᠠᠯᠳᠠᠷᠱᠢᠯ ᠪᠠ ᠵᠠᠬ᠎ᠠ ᠳᠡᠯᠭᠡᠭᠦᠷ᠎ᠦᠨ ᠡᠵᠡᠯᠡᠬᠦ᠌ ᠨᠣᠷᠮ᠎ᠠ ᠦᠷᠭᠦᠯᠵᠢᠯᠡᠨ ᠳᠡᠭᠡᠭ᠌ᠰᠢᠯᠡᠵᠦ᠍᠂ ᠬᠡᠷᠡᠭ᠌ᠯᠡᠭ᠌ᠴᠢᠳ᠎ᠦᠨ ᠨᠢᠳᠦᠨ᠎ᠳᠡᠬᠢ〈ᠬᠠᠯᠠᠮᠰᠢᠯ ᠪᠠᠷᠠᠭ᠎ᠠ〉 ᠪᠣᠯᠵᠠᠶ》 ᠬᠡᠪᠠ᠃
ᠮᠢᠬᠠᠨ᠎ᠤ ᠦᠬᠡᠷ᠎ᠢᠶᠡᠷ ᠵᠣᠭ᠍ᠰᠣᠬᠤ ᠥᠬᠡᠶ᠂ ᠬᠢᠩᠭᠠᠨ ᠠᠢᠮᠠᠭ᠎ᠤᠨ ᠮᠢᠬᠠᠨ᠎ᠤ ᠬᠣᠨᠢ᠂ ᠲᠡᠵᠢᠭᠡᠯ ᠡᠪᠡᠰᠦ᠂ ᠴᠠᠭᠠᠨ ᠢᠳᠡᠭᠡᠨ ᠵᠡᠷᠭᠡ ᠠᠵᠤ ᠦᠶ᠋ᠯᠡᠰ ᠴᠦ᠍ ᠵᠡᠷᠭᠡ᠎ᠪᠡᠷ ᠠᠵᠤ ᠦᠢᠯᠡᠰᠵᠢᠯᠲᠡ᠎ᠶ᠋ᠢᠨ ᠵᠠᠮ᠎ᠢᠶᠠᠷ ᠵᠠᠮᠨᠠᠵᠠᠢ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠠᠮᠵᠢᠯᠠᠯᠲᠤ ᠴᠠᠭᠠᠨ ᠢᠳᠡᠭᠡᠨ᠎ᠦ ᠠᠵᠤ ᠦᠢᠯᠡᠰ᠎ᠦᠨ ᠬᠦᠷᠢᠶᠡᠯᠡᠩ᠎ᠳᠦ ᠬᠦᠷᠬᠦ᠌᠎ᠳᠦ᠂ ᠬᠤᠷᠤᠳ ᠤ᠋ᠨ ᠠᠩᠬᠢᠯᠤᠮ᠎ᠠ ᠰᠠᠢᠬᠠᠨ ᠦᠨᠦᠷᠬᠠᠡᠭᠬᠤᠯᠵᠤ ᠪᠠᠢᠯ᠎ᠠ᠃ ᠰᠦ ᠰᠠᠭᠠᠯᠢ᠎ᠶ᠋ᠢᠨ ᠦᠶ᠋ᠯᠡᠰ᠎ᠦᠨ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠡᠨᠡ ᠬᠦ᠌ ᠠᠵᠤ ᠦᠶ᠋ᠯᠡᠰ᠎ᠦᠨ ᠬᠦᠷᠢᠶᠡᠯᠡᠩ᠎ᠨᠢ ᠤᠯᠠᠮᠵᠢᠯᠠᠯᠲᠤ ᠴᠠᠭᠠᠨ ᠢᠳᠡᠭᠡᠨ᠎ᠦ ᠭᠠᠷ ᠦᠢᠯᠡᠳᠪᠤᠷᠢ ᠵᠢᠨ ᠦᠢᠯᠡᠳᠬᠡᠯ ᠤ᠋ᠨ ᠭᠠᠵᠠᠷ ᠪᠤᠯᠤᠨ ᠦᠶ᠋ᠯᠡᠳᠪᠦᠷᠢᠯᠡᠯ᠎ᠦᠨ ᠠᠵᠤ ᠠᠬᠤᠢᠯᠠᠯ᠎ᠤᠳ᠎ᠢ ᠲᠡᠳᠡᠨ ᠣᠷᠣᠭᠤᠯᠵᠤ ᠰᠠᠭᠤᠷᠢᠱᠢᠭᠤᠯᠵᠠᠢ᠃
《ᠥᠩᠭᠡᠷᠡᠭ᠌ᠰᠡᠨ᠎ᠳᠦ ᠵᠢᠵᠢᠭ ᠦᠢᠯᠡᠳᠭᠡᠯ᠎ᠦᠨ ᠦᠢᠯᠡᠳᠪᠦᠷᠢᠯᠡᠯ ᠨᠢ ᠭᠠᠷᠤᠯᠲᠠ ᠳᠣᠣᠷ᠎ᠠ᠂ ᠦᠢᠯᠡᠳᠬᠦᠨ᠎ᠦ ᠪᠠᠷᠢᠮᠵᠢᠶ᠎ᠠ ᠨᠢ ᠴᠦ᠍ ᠨᠢᠭᠡᠳᠦᠯ ᠦᠭᠡᠢ ᠪᠠᠢᠭᠰᠠᠨ ᠪᠤᠯᠬᠤᠷ ᠬᠥᠭ᠌ᠵᠢᠯᠲᠡ ᠵᠢ ᠬᠢᠵᠠᠭᠠᠷᠯᠠᠵᠤ ᠪᠠᠢᠪᠠ》᠃ ᠬᠢᠩᠭᠠᠨ ᠠᠢᠮᠠᠭ᠎ᠤᠨ ᠶᠢᠨ ᠱᠢᠶᠠᠩ ᠰᠦ ᠶ᠋ᠢᠨ ᠦᠶ᠋ᠯᠡᠰ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠴᠣᠯᠮᠣᠨ᠄《ᠠᠵᠤ ᠦᠶ᠋ᠯᠡᠰ᠎ᠦᠨ ᠬᠦᠷᠢᠶᠡᠯᠡᠩ᠎ᠳᠦ ᠣᠷᠣᠵᠤ ᠰᠠᠭᠤᠭ᠍ᠰᠠᠨᠤ ᠳᠠᠷᠠᠭ᠎ᠠ᠂ ᠱᠢᠯᠭᠠᠨ ᠪᠠᠢᠴᠠᠭᠠᠬᠤ ᠲᠥᠪ᠎ᠡᠴᠡ ᠪᠢᠳᠡᠨ᠎ᠳᠦ ᠦᠨ᠎ᠡ ᠲᠥᠯᠥᠪᠦᠷᠢ ᠥᠬᠡᠶ᠎ᠪᠡᠷ ᠦᠶ᠋ᠯᠡᠳᠬᠦᠨ᠎ᠦ ᠱᠢᠯᠭᠠᠨ ᠪᠠᠢᠴᠠᠭᠠᠯᠲᠠ ᠬᠢᠵᠦ᠍ ᠥᠭ᠌ᠴᠡᠶ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ SC ᠶ᠋ᠢᠨ ᠭᠡᠷᠡᠴᠢᠯᠡᠯ ᠭᠤᠶᠤᠴᠢᠯᠠᠬᠤ ᠠᠵᠢᠯ᠎ᠢ ᠭᠠᠷᠲᠠᠨ ᠵᠢᠯᠣᠭᠣᠳᠴᠤ᠌ ᠪᠠᠢᠬᠤ ᠪᠥᠭᠡᠳ ᠪᠠᠰᠠ ᠬᠤᠳᠠᠯᠳᠤᠭᠠᠨ᠎ᠤ ᠬᠡᠲᠦ ᠳᠡᠯᠭᠡᠭᠦᠷ ᠪᠠ ᠡᠯᠧᠺᠲ᠋ᠷᠣᠨ ᠬᠤᠳᠠᠯᠳᠤᠭᠠᠨ᠎ᠤ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠬᠠᠪᠰᠤᠷᠤᠨ ᠵᠣᠯᠭᠠᠭᠤᠯᠵᠤ ᠪᠠᠢᠨ᠎ᠠ᠃ ᠣᠳᠣᠬᠠᠨ᠎ᠳᠤ᠂ ᠠᠵᠤ ᠠᠬᠤᠢᠯᠠᠯ᠎ᠤᠨ ᠵᠢᠯ᠎ᠦᠨ ᠦᠶ᠋ᠯᠡᠳᠬᠦᠨ᠎ᠦ ᠥᠷᠲᠡᠭ ᠶᠡᠬᠡᠪᠡᠷ ᠨᠡᠮᠡᠭ᠌ᠳᠡᠵᠦ᠍᠂ ᠡᠷᠬᠢᠨ ᠲᠣᠭᠣᠷᠢᠨ᠎ᠤ ᠮᠠᠯᠴᠢᠳ ᠪᠢᠳᠡᠨ᠎ᠳᠦ ᠰᠦ ᠵᠢᠨ ᠢᠷᠡᠯᠲᠡ ᠬᠠᠩᠭᠠᠵᠤ᠂ ᠪᠠᠰᠠ ᠦᠬᠡᠷ ᠲᠡᠵᠢᠭᠡᠬᠦ᠌᠂ ᠴᠠᠭᠠᠨ ᠢᠳᠡᠭᠡᠨ ᠪᠣᠯᠪᠠᠰᠤᠷᠠᠭᠤᠯᠬᠤ᠎ᠳᠤ ᠣᠷᠣᠯᠴᠠᠵᠤ᠂ ᠣᠷᠣᠯᠭ᠎ᠠ ᠨᠢ ᠴᠤ᠌ ᠨᠡᠮᠡᠭ᠌ᠳᠡᠵᠦ᠍ ᠪᠠᠢᠨ᠎ᠠ》 ᠬᠡᠵᠠᠢ᠃
ᠲᠦᠷᠦᠯ ᠲᠠᠮᠳᠡᠭ ᠤ᠋ᠨ ᠬᠡᠯᠬᠢᠶ᠎ᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠮᠠᠯᠴᠢᠨ ᠲᠠᠷᠢᠶᠠᠴᠢᠨ᠎ᠳᠤ ᠬᠥᠭ᠌ᠵᠢᠯᠲᠡ᠎ᠶ᠋ᠢᠨ ᠠᠱᠢᠭ᠎ᠢ ᠦᠨᠡᠨ ᠬᠦ᠌ ᠬᠠᠮᠲᠤ᠎ᠪᠠᠷ ᠡᠳ᠋ᠯᠡᠭᠦᠯᠪᠡ᠃ ᠥᠪᠡᠷᠲᠡᠭᠡᠨ ᠵᠠᠰᠠᠬᠤ ᠣᠷᠣᠨ ᠪᠠ ᠠᠢᠮᠠᠭ ᠤ᠋ᠨ ᠬᠣᠶᠠᠷ ᠱᠠᠲᠤᠨ᠎ᠤ 36 ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠬᠣᠯᠪᠣᠭᠠᠲᠤ ᠴᠣᠭ᠍ᠴᠠ᠎ᠶ᠋ᠢ ᠪᠠᠢᠭᠤᠯᠬᠤ᠎ᠪᠠᠷ ᠳᠡᠮᠵᠢᠨ᠂ ᠬᠢᠩᠭᠠᠨ ᠠᠢᠮᠠᠭ 《ᠠᠵᠤ ᠠᠬᠤᠢᠯᠠᠯ + ᠬᠣᠷᠱᠢᠶ᠎ᠠ + ᠮᠠᠯᠵᠢᠬᠤ ᠲᠠᠷᠢᠶᠠᠯᠠᠬᠤ ᠡᠷᠦᠬᠡ》 ᠶ᠋ᠢᠨ ᠠᠱᠢᠭ ᠲᠤᠰᠠ᠎ᠶ᠋ᠢᠨ ᠨᠢᠬᠳᠠ ᠬᠣᠯᠪᠣᠭᠠᠨ᠎ᠤ ᠲᠣᠭ᠍ᠲᠠᠴᠠ᠎ᠶ᠋ᠢ ᠪᠠᠢᠭᠤᠯᠪᠠ᠃ ᠪᠣᠷᠣᠯᠠᠭᠤᠯᠤᠯᠲᠠ᠎ᠶ᠋ᠢᠨ ᠣᠷᠣᠯᠭ᠎ᠠ᠎ᠨᠢ ᠵᠠᠭᠤᠨ ᠲᠦᠮᠡᠨ ᠲᠥᠭᠥᠷᠢᠭ᠎ᠢ ᠳᠠᠪᠠᠭ᠍ᠰᠠᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠡᠳ᠋ᠱᠢᠭᠦᠯᠬᠦ᠌ ᠠᠵᠤ ᠠᠬᠤᠢᠯᠠᠯ 136 ᠳ᠋ᠤ ᠬᠦᠷᠴᠦ᠍᠂ ᠲᠠᠷᠢᠶᠠᠯᠠᠩ ᠮᠠᠯ ᠠᠵᠤ ᠠᠬᠤᠶ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢ ᠬᠣᠯᠪᠣᠬᠤ ᠲᠣᠭ᠍ᠲᠠᠴᠠ᠎ᠶ᠋ᠢᠨ ᠪᠦᠷᠬᠦᠴᠡ᠎ᠶ᠋ᠢᠨ ᠨᠣᠷᠮ᠎ᠠ 98.8% ᠳ᠋ᠤ ᠬᠦᠷᠴᠦ᠍᠂ 《ᠠᠵᠤ ᠦᠶ᠋ᠯᠡᠰ᠎ᠢᠶᠡᠷ ᠬᠦᠴᠦᠷᠬᠡᠭ᠌ᠵᠢᠭᠦᠯᠬᠦ᠌》 ᠪᠠ 《ᠠᠷᠠᠳ ᠢᠷᠭᠡᠳ᠎ᠢ ᠪᠠᠶᠠᠵᠢᠭᠤᠯᠬᠤ》 ᠶ᠋ᠢ ᠦᠨᠡᠨ ᠬᠦ᠌ ᠵᠡᠷᠭᠡ᠎ᠪᠡᠷ ᠪᠡᠶᠡᠯᠡᠭᠦᠯᠦᠭ᠌ᠰᠡᠨ ᠪᠠᠢᠨ᠎ᠠ᠃
ᠥᠨᠥᠳᠦᠷ᠎ᠦᠨ ᠬᠢᠩᠭᠠᠨ ᠠᠢᠮᠠᠭ᠎ᠲᠤ᠂ ᠲᠠᠯ᠎ᠠ ᠨᠤᠲᠤᠭ ᠤᠯᠠᠮ ᠨᠣᠭᠣᠭᠠᠷᠠᠠ᠂ ᠦᠬᠡᠷ ᠬᠤᠨᠢᠳ ᠤᠯᠠᠮ ᠳᠠᠷᠭᠤ ᠰᠠᠢᠳᠠᠢ ᠪᠤᠯᠵᠤ᠂ ᠮᠠᠯᠴᠢᠳ ᠤᠯᠠᠮ ᠪᠠᠶᠠᠵᠢᠪᠠ᠃ ᠬᠢᠨᠠᠨ ᠬᠡᠮᠵᠢᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠤᠭ᠍ᠰᠠᠨ᠎ᠠᠴᠠ ᠨᠠᠭᠠᠰᠢ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ ᠢᠯᠡᠳᠲᠡ ᠳᠡᠭᠡᠭ᠌ᠰᠢᠯᠡᠵᠦ᠍᠂ ᠮᠠᠯ᠎ᠤᠨ ᠲᠣᠭ᠎ᠠ ᠲᠣᠯᠣᠭᠠᠶ ᠲᠣᠭ᠍ᠲᠠᠪᠤᠷᠢᠳᠠᠢ ᠨᠡᠮᠡᠭ᠌ᠳᠡᠠ᠂ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠦᠷᠭᠦᠯᠵᠢᠯᠡᠨ ᠨᠡᠮᠡᠭᠳᠡᠵᠦ᠂ ᠠᠮᠢ ᠠᠬᠤᠶ᠎ᠶ᠋ᠢᠨ ᠦᠷ᠎ᠡ ᠠᠱᠢᠭ᠂ ᠠᠵᠤ ᠠᠬᠤᠶ᠎ᠶ᠋ᠢᠨ ᠦᠷ᠎ᠡ ᠠᠱᠢᠭ ᠪᠠ ᠨᠡᠢᠭᠡᠮ᠎ᠦᠨ ᠦᠷ᠎ᠡ ᠠᠱᠢᠭ᠎ᠤᠨ ᠣᠷᠭᠠᠨᠢᠭ ᠨᠢᠭᠡᠳᠦᠯ᠎ᠢ ᠪᠡᠶᠡᠯᠡᠭᠦᠯᠵᠠᠢ᠃
ᠱᠢᠨ᠎ᠡ ᠭᠠᠷᠤᠭ᠎ᠠ ᠲᠠᠬᠡᠷ᠎ᠠ ᠵᠣᠭ᠍ᠰᠣᠵᠤ᠂ ᠬᠢᠩᠭᠠᠨ ᠠᠢᠮᠠᠭ᠎ᠤᠨ ᠤᠳᠤ ᠦᠶ᠎ᠡ᠎ᠶ᠋ᠢᠨ ᠮᠠᠯ ᠠᠵᠤ ᠠᠬᠤᠢ᠎ᠶ᠋ᠢᠨ ᠲᠤᠷᠱᠢᠯᠲᠠ᠎ᠶ᠋ᠢᠨ ᠣᠷᠣᠨ 《ᠪᠦᠬᠦ᠌ ᠤᠯᠤᠰ᠎ᠤᠨ ᠮᠠᠯ ᠠᠵᠤ ᠠᠬᠤᠢ᠎ᠶ᠋ᠢᠨ ᠪᠣᠬᠢᠷᠲᠤᠯ ᠦᠭᠡᠢ ᠲᠠᠢᠰᠢ ᠬᠡᠯᠪᠡᠷᠢ᠎ᠪᠡᠨ ᠬᠤᠪᠢᠷᠠᠭᠤᠯᠬᠤ ᠬᠡᠪ ᠳᠠᠭᠤᠷᠢᠶᠠᠯ᠎ᠢ ᠡᠬᠦᠳᠬᠦ》 ᠬᠠᠷᠠᠯᠲᠠ᠎ᠶ᠋ᠢ ᠲᠥᠪ ᠴᠢᠩᠭ᠎ᠠ᠎ᠪᠠᠷ ᠲᠣᠭ᠍ᠲᠠᠭᠠᠵᠤ᠂ 《ᠲᠤᠯᠤᠭᠠᠨ ᠶᠡᠬᠡ ᠠᠵᠤ ᠦᠢᠯᠡᠰ》 ᠤ᠋ᠨ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠢ᠍ᠮᠠᠨ ᠶᠡᠬᠡ ᠱᠢᠨ᠎ᠡ᠎ᠶ᠋ᠢ ᠡᠭᠦᠳᠬᠦ᠌ ᠡᠭᠦᠷᠭᠡ᠎ᠶ᠋ᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌᠎ᠳᠦ ᠬᠠᠭᠤᠯᠪᠤᠷᠢᠯᠠᠵᠤ ᠪᠣᠯᠬᠤ 《ᠬᠢᠩᠭᠠᠨ᠎ᠤ ᠲᠥᠰᠦᠯ》 ᠢ᠋ ᠬᠠᠩᠭᠠᠪᠠ᠃