ᠥᠪᠥᠷ ᠮᠣᠩᠭᠣᠯ ᠬᠠᠷᠠᠮᠦᠢ᠍ᠷᠡᠨ ᠭᠢᠷᠢᠨ ᠯᠢᠶᠤᠤᠨᠢᠩ ᠪᠥᠵᠢᠭ᠎ᠢᠶᠡᠷ ᠤᠮᠠᠷᠠᠲᠤ ᠬᠢᠯᠢ᠎ᠶᠢ 《ᠴᠡᠨᠭᠬᠡᠭᠦᠯᠤᠨ᠎ᠡ》
2025-09-15 10:07:16
ᠵᠣᠬᠢᠶᠠᠭ᠍ᠴᠢ᠄
ᠰᠦᠨ ᠯᠢᠦ᠂ ᠵᠢᠶᠣᠣ ᠬᠠᠨ᠂ ᠪᠠᠢ ᠢᠦᠢ ᠬᠠᠨ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 13᠎ᠤ᠋ ᠣᠷᠣᠢ᠂ 《ᠪᠦᠵᠢᠭ᠎ᠤᠨ ᠴᠡᠨᠭᠬᠡᠭᠦᠨᠲᠦ ᠤᠮᠠᠷᠠᠲᠤ ᠬᠢᠯᠢ》 — ᠥᠪᠥᠷ ᠮᠣᠩᠭᠣᠯ ᠬᠠᠷᠠᠮᠦᠢ᠍ᠷᠡᠨ ᠭᠢᠷᠢᠨ ᠯᠢᠶᠤᠤᠨᠢᠩ ᠲᠦᠷᠪᠡᠨ ᠮᠤᠵᠢ ᠦᠪᠡᠷᠲᠡᠭᠡᠨ ᠵᠠᠰᠠᠬᠤ ᠣᠷᠣᠨ᠎ᠤ ᠠᠭᠤᠳᠠᠮ ᠲᠠᠯᠠᠪᠠᠢ᠎ᠶᠢᠨ ᠪᠥᠵᠢᠭ᠎ᠦᠨ ᠦᠵᠡᠭᠦᠯᠭᠡ᠎ᠶᠢᠨ ᠲᠣᠭᠯᠠᠯᠲᠠ ᠬᠥᠬᠡᠬᠣᠲᠠ᠎ᠶᠢᠨ ᠪᠦᠦ ᠳ᠋ᠢᠩ ᠠᠭᠤᠳᠠᠮ ᠲᠠᠯᠠᠪᠠᠢ᠎ᠳᠤ ᠡᠬᠢᠯᠡᠪᠡ᠃

ᠦᠵᠡᠭᠦᠯᠭᠡ᠎ᠶᠢᠨ ᠲᠣᠭᠯᠠᠯᠲᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠂ ᠬᠠᠷᠠᠮᠥ᠋ᠷᠡᠨ ᠮᠤᠵᠢ᠎ᠶᠢᠨ ᠣᠯᠠᠨ ᠲᠦᠮᠡᠨ᠎ᠤ ᠤᠷᠠᠯᠢᠭ᠋᠎ᠤᠨ ᠣᠷᠳᠣᠨ᠂ ᠯᠢᠶᠣᠤᠨᠢᠩ ᠮᠤᠵᠢ᠎ᠶᠢᠨ ᠰᠣᠶᠣᠯ᠎ᠤᠨ ᠣᠷᠳᠣᠨ (ᠯᠢᠶᠣᠤᠨᠢᠩ ᠮᠤᠵᠢ᠎ᠶᠢᠨ ᠵᠠᠯᠠᠭᠤᠴᠤᠳ᠎ᠤᠨ ᠣᠷᠳᠣᠨ)᠂ ᠭᠢᠷᠢᠨ ᠮᠤᠵᠢ᠎ᠶᠢᠨ ᠰᠣᠶᠣᠯ᠎ᠤᠨ ᠣᠷᠳᠣᠨ ᠡᠴᠡ ᠬᠠᠮᠲᠤᠷᠠᠵᠤ ᠳᠠᠭᠠᠭᠠᠴᠢᠯᠠᠨ ᠡᠷᠭᠢᠯᠡᠪᠡ᠃

ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂ ᠥᠪᠥᠷ ᠮᠣᠩᠭᠣᠯ᠂ ᠬᠠᠷᠠᠮᠥ᠋ᠷᠡᠨ᠂ ᠬᠢᠷᠢᠨ᠂ ᠯᠢᠶᠣᠤᠨᠢᠩ᠎ᠤᠨ 8 ᠰᠢᠯᠢᠳᠡᠭ ᠡᠩᠨᠡᠭᠡ᠎ᠶᠢᠨ ᠦᠵᠡᠭᠦᠯᠭᠡ ᠵᠢᠨ ᠲᠣᠭᠯᠠᠯᠲᠠ ᠨᠢ ᠥᠪᠡᠷ ᠥᠪᠡᠷ᠎ᠦᠨ ᠣᠨᠴᠠᠯᠢᠭ᠋᠎ᠵᠢᠡᠨ ᠬᠠᠷᠠᠭᠤᠯᠤᠯ᠎ᠠ᠃ ᠬᠠᠷᠠᠮᠥ᠋ᠷᠡᠨ ᠮᠤᠵᠢ᠎ᠶᠢᠨ ᠲᠠᠨᠢᠯᠴᠠᠭᠤᠯᠤᠭᠰᠠᠨ 《city ᠬᠠᠷᠪᠢᠨ》 ᠬᠡᠬᠥ ᠠᠭᠤᠳᠠᠮ ᠲᠠᠯᠠᠪᠠᠶ᠎ᠶᠢᠨ ᠪᠥᠵᠢᠭ ᠨᠢ ᠢᠯᠡ ᠲᠣᠳᠣ᠌ ᠴᠠᠭ᠎ᠤᠨ ᠥᠩᠭᠡ ᠠᠢᠵᠠᠮ ᠪᠠ ᠮᠦᠰᠦᠲᠦ ᠬᠤᠳᠠ ᠵᠢᠨ ᠡᠯᠧᠮᠧᠨ᠋ᠲ᠎ᠢ ᠤᠷᠠᠯᠢᠭ᠎ᠢᠶᠡᠷ ᠠᠭᠤᠰᠤᠯᠴᠠᠭᠤᠯᠵᠤ᠂ ᠬᠠᠷᠪᠢᠨ᠎ᠤ ᠨᠡᠭᠡᠭᠡᠯᠲᠡᠲᠦ ᠪᠠᠢᠳᠠᠯ ᠪᠠ ᠠᠮᠢᠵᠢᠷᠠᠯ᠎ᠤᠨ ᠬᠦᠴᠦᠨ᠎ᠢ ᠠᠮᠢᠳᠤᠯᠢᠭ᠋ ᠬᠠᠷᠠᠭᠤᠯᠪᠠ; ᠭᠢᠷᠢᠨ ᠮᠤᠵᠢ᠎ᠶᠢᠨ ᠰᠣᠩᠭᠣᠨ ᠲᠠᠨᠢᠯᠴᠠᠭᠤᠯᠤᠭᠰᠠᠨ 《ᠬᠠᠪᠤᠷ》 ᠬᠡᠬᠥ ᠠᠭᠤᠳᠠᠮ ᠲᠠᠯᠠᠪᠠᠶ᠎ᠶᠢᠨ ᠪᠥᠵᠢᠭ ᠨᠢ ᠤᠷᠢᠨ ᠬᠠᠪᠤᠷ᠎ᠤᠨ ᠠᠮᠢ ᠠᠮᠢᠵᠢᠷᠠᠯ᠎ᠢ ᠬᠠᠷᠠᠭᠤᠯᠪᠠ᠋; ᠯᠢᠶᠣᠤᠨᠢᠩ ᠮᠤᠵᠢ᠎ᠶᠢᠨ ᠬᠢᠨ᠎ᠤ ᠲᠤᠭᠯᠠᠭᠰᠠᠨ 《ᠥᠵᠡᠰᠬᠥᠯᠡᠨᠭᠲᠤ ᠰᠠᠢᠬᠠᠨ ᠠᠭᠤᠯᠠ ᠤᠰᠤ ᠲᠠᠢ ᠵᠡᠭᠦᠨ ᠬᠣᠢᠲᠤ ᠤᠷᠤᠨ》 ᠬᠡᠬᠥ ᠠᠭᠤᠳᠠᠮ ᠲᠠᠯᠠᠪᠠᠶ᠎ᠶᠢᠨ ᠪᠥᠵᠢᠭ ᠨᠢ ᠭᠠᠵᠠᠷ ᠣᠷᠣᠨ᠎ᠤ ᠥᠩᠭᠡ ᠪᠤᠳᠤᠭ᠎ᠢᠶᠠᠷ ᠭᠦᠨ ᠵᠤᠵᠠᠭᠠᠨ ᠪᠠᠢᠵᠤ᠂ ᠲᠣᠭᠯᠠᠭ᠍ᠴᠢᠳ ᠭᠠᠷ᠎ᠲᠠᠭᠠᠨ ᠲᠤᠷᠭᠠᠨ ᠠᠯᠴᠢᠭᠤᠷ ᠪᠠᠷᠢᠨ ᠪᠥᠵᠢᠭᠯᠡᠵᠦ᠂ ᠵᠡᠭᠦᠨ ᠬᠣᠢᠲᠤ ᠣᠷᠣᠨ᠎ᠤ ᠵᠠᠩ ᠦᠶ᠋ᠯᠡ᠎ᠶᠢ ᠭᠦᠢᠴᠡᠳ ᠢᠯᠡᠷᠡᠭᠦᠯᠵᠡᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠤᠳᠠ 《ᠲᠤᠷᠤᠨ᠎ᠠ ᠵᠦᠭ ᠡᠴᠡ ᠲᠤᠶᠠᠭᠠᠷᠠᠯ᠎ᠠ》᠂ 《ᠪᠠᠶᠠᠰᠬᠤᠯᠠᠨᠭᠲᠦ ᠤᠮᠠᠷᠠᠲᠤ ᠬᠢᠯᠢ》᠂ 《ᠠᠵᠠ ᠵᠢᠷᠭᠠᠯ᠎ᠤᠨ ᠵᠦᠭ ᠲᠡᠮᠡᠤᠯᠤᠨᠡᠮ》 ᠵᠡᠷᠭᠡ ᠤᠯᠠᠨ ᠪᠥᠵᠢᠭ᠎ᠢ ᠲᠤᠭᠯᠠᠨ ᠦᠵᠡᠭᠦᠯᠵᠤ᠂ ᠬᠥᠳᠡᠯᠦᠯ ᠪᠠᠷᠢᠯ ᠨᠢ ᠵᠢᠪᠬᠤᠭᠠᠯᠢᠭ᠂ ᠬᠠᠢᠷ᠎ᠠ ᠰᠡᠳᠬᠢᠯᠭᠡ ᠤᠷᠭᠢᠯᠤᠭᠤᠨ ᠪᠠᠢᠵᠤ᠂ ᠤᠮᠠᠷᠠᠲᠤ ᠬᠢᠯᠢ᠎ᠶᠢᠨ ᠦᠨᠳᠦᠰᠦᠲᠡᠨ ᠎ᠨᠦᠭᠦᠳ᠎ᠦᠨ ᠬᠥᠪᠡᠭᠦᠳ ᠥᠬᠢᠳ᠎ᠦᠨ ᠣᠮᠣᠭ ᠵᠣᠷᠢᠭ᠋ ᠪᠠ ᠬᠠᠯᠠᠭᠤᠨ ᠰᠡᠳᠬᠢᠯᠭᠡ᠎ᠶᠢ ᠢᠯᠡᠷᠡᠭᠦᠯᠦᠭᠰᠡᠨ ᠪᠠᠢᠨ᠎ᠠ᠃

ᠡᠭᠦᠨ᠎ᠡᠴᠡ ᠭᠠᠳᠠᠨ᠎ᠠ᠂ ᠠᠵᠢᠯᠯᠠᠭ᠎ᠠ᠎ᠳᠤ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭ᠍ᠴᠢ ᠴᠢ᠊·ᠪᠤᠯᠠᠭ᠂ ᠥᠪᠥᠷ ᠮᠣᠩᠭᠣᠯ᠎ᠤᠨ ᠨᠠᠷᠠᠲᠤ ᠤᠷᠠᠯᠢᠭ᠍ᠴᠢᠨ ᠯᠢ ᠳᠡᠭᠵᠢᠨ᠂ ᠬᠦᠰᠡᠯᠡᠩ᠂ ᠰᠦᠯᠵᠢᠶᠡᠨ ᠤᠳᠤ ᠲᠠᠯ᠎ᠠ ᠨᠤᠲᠤᠭ᠎ᠤᠨ ᠮᠤᠳ᠋ ᠡᠭᠡᠴᠢ ᠳᠡᠭᠦᠦ᠂ ᠥᠪᠥᠷ ᠮᠣᠩᠭᠣᠯ᠎ᠤᠨ ᠵᠠᠯᠠᠭᠤ ᠳᠠᠭᠤᠴᠢᠨ ᠱᠦ᠍ ᠺᠸ ᠵᠡᠷᠭᠡ ᠵᠣᠴᠢᠳ᠎ᠢ ᠲᠤᠰᠬᠠᠢᠯᠠᠨ ᠤᠷᠢᠵᠤ ᠬᠠᠪᠰᠤᠷᠤᠭᠤᠯᠤᠨ ᠲᠤᠭᠯᠠᠭᠤᠯᠵᠤ᠂ ᠤᠯᠠᠮᠵᠢᠯᠠᠯ ᠪᠠ ᠣᠲᠣ᠌ ᠦᠶ᠎ᠡ᠎ᠶᠢᠨ ᠤᠶᠠᠯᠳᠤᠭᠤᠯᠤᠯ᠎ᠢᠶᠡᠷ ᠤᠮᠠᠷᠠᠲᠤ ᠬᠢᠯᠢ᠎ᠶᠢᠨ ᠴᠣᠭ ᠵᠢᠪᠬᠤᠭ᠎ᠠ᠎ᠶᠢ ᠬᠠᠷᠠᠭᠤᠯᠵᠠᠢ᠃ ᠠᠵᠢᠯᠯᠠᠭ᠎ᠠ ᠨᠢ ᠪᠦᠬᠦ ᠲᠠᠯᠠᠪᠠᠢ᠎ᠶᠢᠨ ᠮᠢᠩᠭᠠᠨ ᠬᠥᠮᠥᠨ᠎ᠦ ᠬᠠᠮᠲᠤ᠎ᠶᠢᠨ ᠪᠥᠵᠢᠭ᠎ᠦᠨ ᠭᠤᠢᠳᠠ ᠰᠦᠷᠯᠢᠭ ᠪᠠᠢᠳᠠᠯ᠎ᠤᠨ ᠳᠤᠮᠳᠠ ᠥᠨᠳᠥᠷᠯᠡᠪᠡ᠃

ᠣᠢᠯᠠᠭᠠᠭᠰᠠᠨ᠎ᠢᠶᠠᠷ᠂ ᠲᠣᠭᠯᠠᠯᠲᠠ᠎ᠳᠤ ᠣᠷᠣᠯᠴᠠᠭᠰᠠᠳ ᠴᠥᠮ ᠦᠨᠳᠦᠰᠦᠨ ᠱᠠᠲᠤᠨ᠎ᠡᠴᠡ ᠢᠷᠡᠵᠦ᠂ 22 ᠨᠠᠰᠤᠨ᠎ᠡᠴᠡ 72 ᠨᠠᠰᠤᠨ᠎ᠤ ᠬᠣᠭᠣᠷᠣᠨᠳᠤᠬᠢ ᠬᠦᠮᠦᠰ᠎ᠢᠶᠡᠷ ᠪᠦᠷᠢᠯᠳᠦᠵᠤ᠂ 《ᠪᠥᠬᠥ ᠠᠷᠠᠳ᠎ᠢᠶᠠᠷ᠎ᠢᠶᠠᠨ ᠣᠷᠣᠯᠴᠠᠵᠤ᠂ ᠪᠥᠬᠥ ᠠᠷᠠᠳ᠎ᠢᠶᠠᠷ᠎ᠢᠶᠠᠨ ᠬᠠᠮᠲᠤ᠎ᠪᠠᠷ ᠡᠳ᠋ᠯᠡᠬᠦ》 ᠣᠯᠠᠨ ᠲᠦᠮᠡᠨᠴᠢ ᠰᠣᠶᠣᠯ᠎ᠤᠨ ᠣᠢᠯᠠᠭᠠᠭᠳᠠᠬᠤᠨ᠎ᠢ ᠠᠮᠢᠳᠤᠯᠢᠭ᠋ ᠲᠠᠢᠯᠪᠤᠷᠢᠯᠠᠵᠠᠢ᠃ ᠦᠵᠡᠭᠴᠢ ᠯᠢ ᠽᠢ᠄ 《ᠲᠣᠭᠯᠠᠯᠲᠠ ᠮᠠᠰᠢ ᠰᠠᠢᠬᠠᠨ ᠪᠤᠯᠵᠠᠢ᠃ ᠪᠢᠳᠡᠨ᠎ᠦ ᠠᠵᠢᠯ᠎ᠤᠨ ᠴᠢᠯᠦᠭᠡᠨ᠎ᠦ ᠠᠮᠢᠳᠤᠷᠠᠯ᠎ᠢ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠦᠭᠡᠢ᠂  ᠪᠠᠰᠠ ᠦᠪᠦᠷ ᠮᠤᠨᠭᠭᠤᠯ ᠬᠠᠷᠠᠮᠥ᠋ᠷᠡᠨ ᠭᠢᠷᠢᠨ ᠯᠢᠶᠣᠤᠨᠢᠩ ᠳᠥᠷᠪᠡᠨ ᠮᠤᠵᠢ ᠣᠷᠣᠨ᠎ᠤ ᠰᠣᠶᠣᠯ᠂ ᠵᠢᠭᠤᠯᠴᠢᠯᠠᠯ᠎ᠤᠨ ᠲᠠᠯ᠎ᠠ᠎ᠪᠠᠷ ᠬᠢ ᠰᠣᠯᠢᠯᠴᠠᠭ᠎ᠠ᠎ᠶᠢ ᠨᠡᠩ ᠰᠠᠢᠨ ᠪᠣᠯᠭᠠᠭᠰᠠᠨ ᠪᠠᠢᠨ᠎ᠠ》 ᠭᠡᠵᠤ ᠶᠠᠷᠢᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号