《ᠰᠠᠢᠨ ᠲᠤᠷ᠎ᠠ ᠢ᠋ᠢᠨ ᠦᠢᠯᠡᠴᠢᠯᠡᠭᠡ ᠤᠮᠠᠷᠠᠲᠦ ᠬᠢᠯᠢ ᠵᠢ ᠬᠡᠷᠡᠯᠲᠦᠭᠦᠯᠬᠦ》 ᠰᠢᠷᠢᠰ ᠮᠡᠲᠡᠭᠡᠯᠡᠯ ④ — 《ᠬᠠᠭᠤᠴᠢᠨ ᠨᠣᠮ》 ᠤ᠋ᠨ 《ᠰᠢᠨ᠎ᠡ ᠦᠢᠯᠡᠳᠦᠯ》᠎ᠢ᠋ ᠪᠠᠳᠠᠷᠠᠭᠤᠯᠤᠨ ᠠᠮᠢ ᠠᠬᠤᠢ᠎ᠶ᠋ᠢᠨ ᠪᠣᠯᠪᠠᠰᠤᠨ᠎ᠤ ᠱᠢᠨ᠎ᠡ ᠬᠠᠭᠤᠳᠠᠰᠤ᠎ᠶ᠋ᠢ ᠵᠢᠷᠤᠭ᠍ᠯᠠᠨ᠎ᠠ
2025-09-15 17:14:56
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

— ᠦᠪᠦᠷ ᠮᠤᠩᠭᠤᠯ᠎ᠤᠨ ᠡᠳ᠋᠎ᠤᠨ ᠵᠠᠰᠠᠭ ᠠᠵᠦ ᠠᠬᠤᠢ᠎ᠶᠢᠨ᠎ᠶᠡᠬᠡ ᠰᠤᠷᠭᠠᠭᠤᠯᠢ᠎ᠶᠢᠨ《ᠬᠠᠭᠤᠴᠢᠨ ᠨᠣᠮ ᠵᠢᠡᠷ ᠨᠤᠭᠤᠭᠠᠨ ᠤᠷᠭᠤᠮᠠᠯ ᠰᠤᠯᠢᠬᠤ》 ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ᠎ᠢ ᠳᠡᠮᠳᠡᠭᠯᠡᠪᠡ


ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠨᠢ ᠥᠪᠡᠷᠲᠡᠭᠡᠨ ᠵᠠᠰᠠᠬᠤ ᠣᠷᠣᠨ᠎ᠤ ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ᠎ᠤᠨ ᠨᠡᠪᠴᠢᠬᠦᠯᠬᠦ ᠰᠠᠭᠤᠷᠢᠨ᠎ᠤ 《ᠨᠠᠮ᠎ᠤᠨ ᠪᠠᠢᠭᠤᠯᠤᠯᠲᠠ + ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠢᠯ》 ᠤ᠋ᠨ ᠲᠦᠯᠦᠭᠡᠯᠡᠬᠦ ᠴᠢᠨᠠᠷᠲᠠᠢ ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ ᠪᠤᠯᠤᠬᠰᠠᠨ ᠬᠤᠪᠢ᠎ᠳᠤ᠂ 《ᠬᠠᠭᠤᠴᠢᠨ ᠨᠣᠮ᠎ᠵᠢᠡᠷ ᠨᠤᠭᠤᠭᠠᠨ ᠤᠷᠭᠤᠮᠠᠯ ᠰᠤᠯᠢᠬᠤ》 ᠪᠠᠷ ᠲᠤᠯᠭᠠᠭᠤᠷᠢᠯᠠᠬᠤ ᠴᠡᠭ ᠪᠣᠯᠭᠠᠵᠤ᠂ 《ᠡᠬᠢ ᠪᠠᠶᠠᠯᠢᠭ᠎ᠢ ᠤᠷᠴᠢᠯᠳᠤᠭᠤᠯᠤᠨ ᠠᠱᠢᠭ᠍ᠯᠠᠬᠤ + ᠣᠷᠴᠢᠨ ᠲᠣᠭᠣᠷᠢᠨ᠎ᠢ ᠬᠠᠮᠠᠭᠠᠯᠠᠬᠤ ᠤᠬᠠᠮᠰᠠᠷ᠎ᠢ ᠪᠣᠢᠵᠢᠭᠤᠯᠬᠤ + ᠰᠣᠶᠣᠯ ᠪᠠ ᠬᠠᠢᠷ᠎ᠠ ᠬᠠᠯᠠᠮᠵᠢ᠎ᠶ᠋ᠢ ᠤᠯᠠᠮᠵᠢᠯᠠᠬᠤ》 ᠰᠤᠷᠭᠠᠭᠤᠯᠢ᠎ᠶ᠋ᠢᠨ ᠬᠦᠷᠢᠶᠡᠨ᠎ᠦ ᠨᠡᠢᠲᠡ᠎ᠶ᠋ᠢᠨ ᠠᠰᠠᠷᠠᠮᠵᠢ᠎ᠶ᠋ᠢᠨ ᠠᠮᠢ ᠠᠬᠤᠶ᠎ᠶ᠋ᠢᠨ ᠲᠤᠭᠤᠷᠢᠭ᠎ᠢ ᠪᠤᠢ ᠪᠤᠯᠭᠠᠪᠠ᠃ ᠡᠨᠡ ᠬᠦ᠌ 《ᠨᠣᠮ ᠪᠢᠴᠢᠭ᠎ᠢ ᠰᠤᠯᠠ ᠲᠠᠯᠪᠢᠬᠤ》ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠠᠵᠢᠯᠯᠠᠭ᠎ᠠ ᠨᠢ ᠠᠮᠢ ᠠᠬᠤᠢ᠎ᠶ᠋ᠢᠨ ᠪᠣᠯᠪᠠᠰᠤᠨ᠎ᠤ ᠦᠢᠯᠡᠳᠦᠯᠭᠡ ᠪᠤᠯᠵᠤ᠂ ᠰᠤᠷᠤᠬᠴᠢᠳ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠬᠠᠯᠠᠭᠤᠨ ᠰᠡᠳᠭᠢᠯᠭᠡ᠎ᠶ᠋ᠢ ᠬᠦᠭᠵᠢᠭᠡᠪᠡ᠃


QQ20250915-170908.png


《ᠰᠠᠢ᠌ᠨ ᠰᠠᠢᠬᠠᠨ ᠳᠠᠷᠤᠭᠠᠰᠤ》 ᠡᠴᠡ 《ᠪᠣᠬᠢᠷᠲᠤᠯ ᠦᠭᠡᠢ ᠬᠤᠪᠢᠰᠭᠠᠯ》ᠬᠦᠷᠲᠡᠯᠡᠬᠢ ᠰᠢᠨ᠎ᠡ ᠤᠷᠴᠢᠯ

ᠵᠢᠯ ᠪᠦᠷᠢ᠎ᠶ᠋ᠢᠨ ᠲᠡᠭᠦᠰᠭᠦ ᠤᠯᠠᠷᠢᠯ᠎ᠳᠤ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠰᠤᠷᠤᠭᠴᠢᠳ᠎ᠤᠨ ᠪᠠᠢᠷᠢ᠎ᠶ᠋ᠢᠨ ᠠᠰᠠᠷ᠎ᠲᠡᠬᠢ ᠮᠠᠰᠢ ᠤᠯᠠᠨ ᠰᠤᠯᠠ ᠲᠠᠯᠪᠢᠭ᠍ᠳᠠᠵᠤ ᠪᠠᠢᠭ᠎ᠠ ᠨᠣᠮ ᠪᠢᠴᠢᠭ ᠨᠢ 《ᠠᠪᠠᠴᠢᠵᠤ ᠳᠡᠢᠯᠬᠦ᠌ ᠦᠭᠡᠢ ᠮᠥᠷᠲᠡᠭᠡᠨ ᠬᠠᠶᠠᠵᠤ ᠲᠦᠪᠳᠡᠬᠦ᠌ ᠦᠭᠡᠢ》ᠵᠢᠵᠢᠭ ᠠᠭᠤᠯᠠ ᠮᠡᠲᠦ ᠬᠠᠷᠠᠭ᠍ᠳᠠᠳᠠᠭ᠃ ᠶᠡᠷᠦᠩᠬᠡᠢᠯᠡᠭ᠌ᠰᠡᠨ ᠴᠢᠨᠠᠷᠲᠠᠶ ᠶᠡᠬᠡ ᠳᠡᠭᠡᠳᠦ ᠰᠤᠷᠭᠠᠭᠤᠯᠢ ᠪᠣᠯᠤᠭ᠍ᠰᠠᠨ᠎ᠤ ᠬᠤᠪᠢ᠎ᠳᠤ᠂ ᠬᠡᠳᠦᠨ ᠲᠦᠮᠡᠨ ᠳᠡᠪᠳᠡᠷ ᠰᠤᠯᠠ ᠪᠠᠢᠭ᠎ᠠ ᠨᠣᠮ ᠪᠢᠴᠢᠭ ᠎ᠢ ᠰᠤᠷᠭᠠᠭᠤᠯᠢ᠎ᠶ᠋ᠢᠨ ᠬᠦᠷᠢᠶᠡᠨ᠎ᠦ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠡᠮᠵᠡᠭ ᠭᠠᠵᠠᠷ ᠪᠣᠯᠭᠠᠨ᠂ ᠬᠠᠶᠠᠭ᠍ᠳᠠᠮᠠᠯ ᠴᠠᠭᠠᠰᠤ᠎ᠪᠠᠷ ᠱᠢᠶ᠋ᠳᠪᠦᠷᠢᠯᠡᠬᠦ ᠨᠢ ᠨᠤᠮ ᠪᠢᠴᠢᠭ᠎ᠤᠨ ᠦᠨ᠎ᠡ ᠥᠷᠲᠡᠭ᠎ᠢ ᠠᠯᠳᠠᠭᠤᠯᠳᠠᠭ᠃

ᠨᠢᠳᠤᠨᠤᠨ᠎ᠤ ᠵᠢᠯ᠎ᠦᠨ ᠡᠬᠢ᠎ᠪᠡᠷ᠂ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠵᠠᠯᠠᠭᠤᠴᠤᠳ᠎ᠤᠨ ᠰᠠᠢᠨ ᠳᠤᠷᠠᠴᠤᠳ᠎ᠤᠨ ᠨᠡᠢᠭᠡᠮᠯᠢᠭ᠎ᠲᠡᠶ ᠬᠠᠮᠲᠤᠷᠠᠨ ᠨᠣᠮ᠎ᠤᠨ ᠰᠠᠩ᠎ᠤᠨ ᠠᠭᠤᠳᠠᠮ ᠲᠠᠯᠠᠪᠠᠶ᠎ᠳᠤ  《ᠪᠣᠬᠢᠷᠲᠤᠯ ᠥᠬᠡᠶ ᠰᠣᠯᠢᠯᠴᠠᠬᠤ ᠥᠷᠲᠡᠭᠡ》 ᠭᠠᠷᠭᠠᠵᠤ᠂ 《ᠯᠸᠢ ᠹᠸᠩ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ᠎ᠪᠠᠷ ᠴᠢᠷᠮᠠᠢᠵᠠᠭᠠᠶ᠎ᠠ》 ᠭᠡᠬᠦ᠌ ᠤᠷᠢᠶ᠎ᠠ ᠭᠠᠷᠭᠠᠵᠤ᠂ 《3 ᠬᠠᠭᠤᠴᠢᠨ ᠨᠣᠮ = 1 ᠫᠧᠩᠰᠡ ᠨᠤᠭᠤᠭᠠᠨ ᠤᠷᠭᠤᠮᠠᠯ》ᠤ᠋ᠨ ᠲᠦᠷᠢᠮ᠎ᠢᠶᠡᠷ ᠰᠤᠷᠤᠭ᠍ᠴᠢᠳ᠎ᠤᠨ ᠣᠷᠣᠯᠴᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠡᠶ᠃ ᠠᠵᠢᠯᠯᠠᠭ᠎ᠠ᠎ᠶ᠋ᠢᠨ ᠠᠩᠬᠠᠨ᠎ᠤ ᠡᠳᠦᠷ᠂ ᠰᠤᠷᠤᠬᠴᠢᠳ ᠨᠡᠢᠲᠡ 1200 ᠭᠠᠷᠤᠶ ᠬᠠᠭᠤᠴᠢᠨ ᠨᠣᠮ ᠵᠢᠡᠷ 600 ᠭᠠᠷᠤᠶ ᠫᠧᠩᠰᠡ ᠨᠣᠭᠣᠭᠠᠨ ᠤᠷᠭᠤᠮᠠᠯ ᠰᠤᠯᠢᠪᠠ᠃

《ᠡᠳᠡᠭᠡᠷ ᠨᠣᠮ᠎ᠤᠳ ᠨᠠᠳᠠ᠎ᠲᠠᠶ ᠬᠠᠮᠲᠤ ᠶᠡᠬᠡ ᠰᠤᠷᠭᠠᠭᠤᠯᠢ᠎ᠶ᠋ᠢᠨ ᠴᠠᠭ ᠮᠥᠴᠡ᠎ᠶ᠋ᠢ ᠥᠩᠭᠡᠷᠡᠭᠦᠯᠵᠦ᠍ ᠤᠳᠤ ᠪᠠᠰᠠ ᠨᠢᠭᠡ ᠵᠦᠢᠯ᠎ᠦᠨ ᠰᠢᠨ᠎ᠡ ᠬᠡᠯᠪᠡᠷᠢ᠎ᠪᠡᠷ ᠦᠨ᠎ᠡ ᠦᠷᠲᠡᠭ᠎ᠢᠶᠡᠨ ᠦᠷᠭᠦᠯᠵᠢᠯᠡᠭᠦᠯᠵᠦ᠍᠂ ᠮᠠᠰᠢ ᠤᠳᠭ᠎ᠠ ᠠᠭᠤᠯᠭ᠎ᠠ᠎ᠲᠠᠶ ᠰᠠᠨᠠᠬᠳᠠᠨ᠎ᠠ》 ᠭᠡᠵᠦ ᠰᠣᠯᠢᠯᠴᠠᠭ᠎ᠠ᠎ᠳᠤ ᠣᠷᠣᠯᠴᠠᠭ᠍ᠰᠠᠨ ᠰᠤᠷᠤᠭ᠍ᠴᠢᠳ ᠨᠤᠭᠤᠭᠠᠨ ᠤᠷᠭᠤᠮᠠᠯ᠎ᠢᠶᠠᠨ ᠠᠪᠴᠦ ᠪᠠᠢᠷᠢ᠎ᠳᠠᠭᠠᠨ ᠪᠤᠴᠠᠨ᠎ᠠ᠃ ᠡᠨᠡ ᠤᠳᠠᠭᠠᠨ᠎ᠤ ᠰᠣᠯᠢᠯᠴᠠᠭ᠎ᠠ ᠨᠢ ᠡᠬᠢ ᠪᠠᠶᠠᠯᠢᠭ᠎ᠤᠨ ᠦᠷᠳᠡᠭ᠎ᠢ ᠲᠠᠬᠢᠨ ᠲᠣᠳᠣᠷᠬᠠᠢᠯᠠᠵᠦ᠂ ᠬᠠᠭᠤᠴᠢᠨ ᠨᠣᠮ ᠨᠢ 《ᠬᠠᠶᠠᠭ᠍ᠳᠠᠮᠠᠯ ᠪᠣᠳᠠᠰ》 ᠪᠢᠰᠢ᠂ ᠬᠠᠷᠢᠨ ᠮᠡᠳᠡᠯᠭᠡ ᠪᠠ ᠣᠶᠤᠨ ᠤᠬᠠᠭᠠᠨ᠎ᠤ ᠠᠴᠢᠶᠠᠯᠠᠪᠤᠷᠢ ᠪᠠᠢᠵᠦ᠂ ᠨᠣᠭᠣᠭᠠᠨ ᠤᠷᠭᠤᠮᠠᠯ ᠨᠢ ᠵᠥᠪᠬᠡᠨ ᠴᠢᠮᠡᠭ᠌ᠯᠡᠯ ᠲᠡᠳᠦᠶ ᠪᠢᠰᠢ᠂ ᠨᠠᠩ ᠴᠤ᠌ ᠣᠷᠴᠢᠨ ᠲᠤᠭᠤᠷᠢᠨ᠎ᠢ ᠬᠠᠮᠠᠭᠠᠯᠠᠬᠤ ᠣᠢᠯᠠᠭᠠᠭ᠍ᠳᠠᠬᠤᠨ᠎ᠤ ᠪᠣᠳᠠᠲᠠᠶ ᠢᠯᠡᠳᠭᠡᠯᠲᠡ ᠪᠤᠯᠵᠠᠢ᠃


QQ20250915-170917.png


ᠰᠤᠷᠭᠠᠭᠤᠯᠢ᠎ᠶ᠋ᠢᠨ ᠬᠦᠷᠢᠶᠡᠨ᠎ᠡᠴᠡ ᠬᠥᠳᠡᠭᠡ ᠲᠣᠰᠭᠣᠨ ᠬᠦᠷᠲᠡᠯᠡᠬᠢ《ᠬᠠᠢᠷ᠎ᠠ ᠬᠠᠯᠠᠮᠵᠢ᠎ᠶ᠋ᠢᠨ ᠪᠤᠤᠬᠢᠶ᠎ᠠ》

《ᠬᠠᠭᠤᠴᠢᠨ ᠨᠣᠮ ᠵᠢᠡᠷ ᠨᠣᠭᠣᠭᠠᠨ᠎ᠤᠷᠭᠤᠮᠠᠯ ᠰᠤᠯᠢᠬᠤ》 ᠵᠢᠨ ᠠᠴᠢ ᠬᠣᠯᠪᠣᠭ᠍ᠳᠠᠯ ᠨᠢ ᠰᠤᠷᠭᠠᠭᠤᠯᠢ᠎ᠵᠢᠨ ᠬᠦᠷᠢᠶᠡᠨ ᠳ᠋ᠡᠬᠢ ᠠᠵᠢᠯᠯᠠᠭ᠎ᠠ ᠪᠡᠷ ᠲᠤᠬᠲᠠᠬᠤ ᠦᠬᠡᠢ᠃  ᠵᠠᠯᠠᠭᠤ ᠨᠠᠰᠤᠨ᠎ᠤ ᠲᠡᠮᠳᠡᠭ᠌ᠯᠡᠯ  ᠢ᠋ ᠠᠴᠢᠶᠠᠯᠠᠭ᠍ᠰᠠᠨ ᠡᠳᠡᠭᠡᠷ ᠵᠢᠭᠠᠬᠤ ᠮᠠᠲ᠋ᠧᠷᠢᠶᠠᠯ᠂ ᠤᠳᠭ᠎ᠠ ᠵᠣᠬᠢᠶᠠᠯ᠎ᠤᠨ ᠰᠣᠩᠭᠣᠳᠠᠭ ᠪᠦᠲᠦᠭᠡᠯ᠂ ᠬᠢᠴᠢᠶᠡᠯ᠎ᠦᠨ ᠭᠠᠳᠠᠨᠠᠬᠢ ᠤᠩᠱᠢᠬᠤ ᠪᠢᠴᠢᠭ ᠨᠢ ᠨᠠᠩ ᠥᠷᠭᠡᠨ ᠠᠭᠤᠳᠠᠮ ᠠᠶᠠᠨ ᠵᠠᠮ᠎ᠳᠤ ᠳᠠᠬᠢᠨ ᠮᠣᠷᠳᠠᠨ᠎ᠠ᠃ 2024 ᠣᠨ᠎ᠤ ᠠᠵᠢᠯᠯᠠᠭ᠎ᠠ᠎ᠳᠤ᠂ ᠰᠤᠷᠭᠠᠭᠤᠯᠢ᠎ᠠᠴᠠ 800 ᠭᠠᠷᠤᠢ ᠨᠣᠮ ᠪᠢᠴᠢᠭ᠎ᠢ ᠬᠥᠬᠡᠬᠣᠲᠠ᠎ᠶ᠋ᠢᠨ ᠲᠢᠶᠠᠨ ᠱᠢ ᠨᠡᠢᠲᠡ᠎ᠶ᠋ᠢᠨ ᠠᠰᠠᠷᠠᠮᠵᠢ᠎ᠶ᠋ᠢᠨ ᠨᠡᠢᠭᠡᠮᠯᠢᠭ᠎ᠲᠦ ᠬᠠᠨᠳᠢᠪᠯᠠᠬᠰᠠᠨ ᠬᠤᠢᠨ᠎ᠠ᠂ ᠨᠡᠢᠭᠡᠮᠯᠢᠭ ᠡᠴᠡ ᠡᠳᠡᠭᠡᠷ ᠨᠤᠮ ᠪᠢᠴᠢᠭ᠎ᠢ ᠬᠥᠳᠡᠭᠡ ᠲᠣᠰᠭᠣᠨ᠎ᠤ ᠰᠤᠷᠭᠠᠭᠤᠯᠢ ᠪᠣᠯᠤᠨ ᠮᠠᠯᠵᠢᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠳᠤ ᠬᠦᠷᠭᠡᠪᠡ᠃

《ᠡᠳᠡᠭᠡᠷ ᠨᠣᠮ ᠪᠢᠴᠢᠭ ᠨᠢ ᠬᠡᠦᠬᠡᠳ᠎ᠦᠳ᠎ᠲᠦ ᠨᠡᠩ ᠥᠷᠭᠡᠨ ᠠᠭᠤᠳᠠᠮ ᠳᠡᠯᠡᠬᠡᠢ ᠳ᠋ᠠᠬᠢᠨ᠎ᠳᠤ ᠨᠡᠪᠲᠡᠷᠡᠬᠦ᠌ ᠴᠣᠩᠬᠣ᠎ᠶ᠋ᠢ ᠨᠡᠭᠡᠭᠡᠵᠦ᠍ ᠥᠭ᠌ᠬᠦ ᠪᠣᠯᠤᠨ᠎ᠠ》ᠭᠡᠵᠦ ᠲᠢᠶᠠᠨ ᠱᠢ ᠨᠡᠢᠲᠡ᠎ᠶ᠋ᠢᠨ ᠠᠰᠠᠷᠠᠮᠵᠢ᠎ᠶ᠋ᠢᠨ ᠨᠡᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ ᠭᠤᠤ ᠱᠢᠶᠤᠤ ᠯᠢᠶᠠᠩ ᠲᠠᠯᠠᠷᠬᠠᠯ᠎ᠤᠨ ᠵᠠᠬᠢᠳᠠᠯ᠎ᠳᠠᠭᠠᠨ  ᠪᠢᠴᠢᠭᠰᠡᠨ ᠪᠠᠢᠯ᠎ᠠ᠃  ᠮᠠᠨ᠎ᠤ ᠤᠷᠤᠨ᠎ᠤ ᠪᠣᠢᠳᠠ ᠪᠦᠭ᠌ᠯᠡᠭᠦᠦ ᠭᠠᠵᠠᠷ ᠣᠷᠣᠨ᠎ᠳᠡᠬᠢ ᠮᠠᠰᠢ ᠣᠯᠠᠨ ᠰᠤᠷᠭᠠᠭᠤᠯᠢ᠎ᠳ᠋ᠤ ᠬᠢᠴᠢᠶᠡᠯ᠎ᠦᠨ ᠭᠠᠳᠠᠭᠤᠷᠬᠢ ᠨᠣᠮ ᠪᠢᠴᠢᠭ ᠳᠤᠲᠠᠭ᠍ᠳᠠᠵᠤ᠂ ᠨᠢᠭᠡ ᠳᠡᠪᠲᠡᠷ ᠬᠠᠭᠤᠴᠢᠨ ᠨᠣᠮ ᠨᠢ ᠬᠡᠦᠬᠡᠳ᠎ᠦᠨ ᠳᠡᠯᠡᠬᠡᠶ ᠳ᠋ᠠᠬᠢᠨ᠎ᠢ ᠲᠠᠨᠢᠬᠤ ᠡᠬᠢᠯᠡᠯᠲᠡ᠎ᠶ᠋ᠢᠨ ᠴᠡᠭ ᠪᠤᠯᠳᠠᠭ᠃ ᠡᠢᠨ᠎ᠬᠦ ᠲᠤᠰ ᠠᠵᠢᠯᠯᠠᠭ᠎ᠠ ᠨᠢ ᠰᠤᠷᠭᠠᠭᠤᠯᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠥᠷᠲᠡᠭ᠎ᠦᠨ ᠲᠤᠬᠠᠶ ᠭᠦᠨᠵᠡᠭᠡᠶ ᠪᠣᠳᠣᠯᠬᠢᠯᠠᠯ᠎ᠢ ᠢᠯᠡᠷᠡᠬᠦᠯᠪᠡ᠃ ᠲᠤᠰ ᠲᠥᠷᠥᠯ ᠵᠦᠶ᠋ᠯ᠎ᠦᠨ ᠬᠠᠷᠢᠭᠤᠴᠠᠯᠭᠠᠲᠠᠨ᠄ 《ᠡᠨᠡ᠎ᠬᠦ ᠠᠵᠢᠯᠯᠠᠭ᠎ᠠ ᠨᠢ ᠪᠢᠳᠡᠨ᠎ᠤ ᠰᠤᠯᠠ ᠳᠠᠯᠪᠢᠬᠳᠠᠵᠦ ᠪᠠᠢᠭ᠎ᠠ ᠨᠣᠮ ᠪᠢᠴᠢᠭ᠎ᠦᠨ ᠠᠰᠠᠭᠤᠳᠠᠯ᠎ᠢ ᠱᠢᠶ᠋ᠳᠪᠦᠷᠢᠯᠡᠬᠰᠡᠨ᠎ᠵᠢᠡᠷ ᠪᠠᠷᠠᠬᠤ ᠥᠬᠡᠶ ᠨᠠᠩ ᠴᠤ᠌ ᠡᠷᠳᠡᠮ ᠮᠡᠳᠡᠯᠭᠡ᠎ᠶ᠋ᠢ ᠳᠠᠮᠵᠢᠭᠤᠯᠵᠦ᠂ ᠨᠡᠢᠲᠡ᠎ᠶ᠋ᠢᠨ ᠠᠰᠠᠷᠠᠮᠵᠢ᠎ᠶ᠋ᠢ ᠬᠦᠭᠵᠢᠭᠡᠵᠦ᠂ ᠬᠠᠢᠷ᠎ᠠ ᠪᠠ ᠬᠠᠷᠢᠭᠤᠴᠠᠯᠭ᠎ᠠ᠎ᠶ᠋ᠢ ᠦᠷᠭᠦᠯᠵᠢᠯᠡᠭᠦᠯᠵᠦ ᠪᠠᠢᠨ᠎ᠠ》 ᠭᠡᠪᠡ᠃


QQ20250915-170923.png


《ᠬᠤᠷᠤᠮᠬᠠᠨ ᠵᠠᠭᠤᠷ᠎ᠠ᠎ᠶᠢᠨ ᠬᠦᠭᠵᠢᠶᠡᠨ》ᠡᠴᠡ 《ᠣᠷᠳᠣ ᠬᠤᠭᠤᠴᠠᠭᠠᠨ᠎ᠤ ᠪᠦᠲᠦᠮᠵᠢᠲᠡᠶ ᠳᠤᠬᠳᠠᠴᠠ 》   ᠬᠦᠷᠲᠡᠯᠡᠬᠢ    ᠴᠢᠰᠤ    ᠪᠦᠲᠦᠭᠡᠬᠦ᠌    ᠵᠠᠭ᠍ᠪᠤᠷ

ᠰᠤᠷᠭᠠᠭᠤᠯᠢ᠎ᠶ᠋ᠢᠨ ᠬᠦᠷᠢᠶᠡᠨ᠎ᠦ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠨᠢ ᠦᠷᠭᠦᠯᠵᠢ 《ᠬᠣᠷᠣᠮᠬᠠᠨ ᠵᠠᠭᠤᠷ᠎ᠠ ᠢᠯᠡᠷᠡᠬᠦ᠌ 》 ᠬᠦᠴᠢᠷᠳᠡᠯ᠎ᠳᠦ ᠲᠤᠯᠭᠠᠷᠠᠳᠠᠭ᠂ 《ᠬᠠᠭᠤᠴᠢᠨ ᠨᠣᠮ ᠵᠢᠡᠷ ᠨᠤᠭᠤᠭᠠᠨ ᠤᠷᠭᠤᠮᠠᠯ ᠰᠤᠯᠢᠬᠤ》 ᠎ᠠᠵᠢᠯᠯᠠᠭ᠎ᠠ᠎ᠶ᠋ᠢ ᠬᠡᠷᠬᠢᠨ ᠦᠷᠭᠦᠯᠵᠢᠯᠡᠭᠦᠯᠬᠦ᠌ ᠪᠢᠯᠡ? ᠲᠥᠷᠥᠯ ᠵᠦᠶ᠋ᠯ᠎ᠦᠨ ᠪᠦᠯᠬᠦᠮ᠎ᠦᠨ ᠬᠢᠨ 《ᠭᠤᠷᠪᠠᠨ᠎ᠬᠡᠮᠵᠢᠯᠲᠦ ᠴᠢᠰᠤ ᠪᠦᠲᠦᠭᠡᠬᠦ᠌》 ᠣᠷᠳᠣ ᠬᠤᠭᠤᠴᠠᠭᠠᠨ᠎ᠤ ᠪᠦᠲᠦᠮᠵᠢᠲᠡᠶ ᠵᠠᠭ᠍ᠪᠤᠷ᠎ᠢ ᠬᠠᠢᠨ ᠰᠦᠪᠡᠭ᠌ᠴᠢᠯᠡᠪᠡ᠃

ᠰᠤᠷᠭᠠᠭᠤᠯᠢ᠎ᠶ᠋ᠢᠨ ᠳᠡᠮᠵᠢᠯᠭᠡ ᠵᠢᠨ ᠲᠠᠯ᠎ᠠ ᠪᠡᠷ ᠲᠦᠷᠢᠮ᠎ᠦᠨ ᠪᠠᠲᠤᠯᠠᠭ᠎ᠠ᠎ᠵᠢᠨ ᠰᠠᠭᠤᠷᠢ᠎ᠶ᠋ᠢ ᠪᠡᠬᠢᠵᠢᠭᠦᠯᠪᠡ᠃ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠠᠵᠢᠯᠯᠠᠭ᠎ᠠ᠎ᠶ᠋ᠢ ᠣᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠯᠥᠪᠯᠡᠭᠡ᠎ᠳᠦ ᠣᠷᠣᠭᠤᠯᠵᠤ᠂ ᠲᠠᠯᠠᠪᠤᠷ᠂ ᠤᠬᠠᠭᠤᠯᠭ᠎ᠠ ᠪᠠ ᠡᠬᠢ ᠪᠠᠶᠠᠯᠢᠭ᠎ᠤᠨ ᠳᠡᠮᠵᠢᠯᠭᠡ ᠬᠠᠩᠭᠠᠵᠦ᠂ ᠳᠦᠷᠢᠮᠵᠢᠭ᠌ᠰᠡᠨ ᠪᠠᠲᠤᠯᠠᠭ᠎ᠠ ᠨᠢ ᠲᠥᠷᠥᠯ ᠵᠦᠶ᠋ᠯ᠎ᠢ 《ᠠᠶᠠᠨᠳᠠᠭᠠᠨ᠎ᠤ ᠠᠵᠢᠯᠯᠠᠭ᠎ᠠ》᠎ᠡᠴᠠ 《ᠰᠤᠷᠭᠠᠭᠤᠯᠢ᠎ᠶ᠋ᠢᠨ ᠬᠦᠷᠢᠶᠡᠨ᠎ᠦ ᠨᠠᠷᠠᠲᠤ ᠲᠡᠮᠳᠡᠭ᠌ᠲᠦ》ᠪᠣᠯᠭᠠᠨ ᠲᠠᠰ ᠳᠡᠪᠱᠢᠭᠦᠯᠵᠦ᠍᠂ ᠵᠢᠯ ᠪᠦᠷᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠡᠷᠭᠢᠯᠡᠬᠦ ᠵᠢ  ᠪᠠᠲᠤᠯᠠᠪᠠ᠃ ᠰᠤᠷᠤᠭ᠍ᠴᠢᠳ ᠠᠭᠠᠵᠢᠮ᠎ᠢᠶᠠᠷ 《ᠨᠤᠭᠤᠭᠠᠨ ᠤᠷᠭᠤᠮᠠᠯ ᠰᠤᠯᠢᠬᠤ》 ᠎ᠶ᠋ᠢ ᠲᠡᠭᠦᠰᠭᠦ ᠤᠯᠠᠷᠢᠯ᠎ᠤᠨ 《ᠵᠠᠪᠠᠯ ᠰᠤᠷᠬᠤ ᠬᠢᠴᠢᠶᠡᠯ》 ᠵᠢᠡᠷ ᠦᠵᠡᠵᠦ᠍᠂ ᠣᠷᠣᠯᠴᠠᠬᠤ ᠬᠠᠯᠠᠭᠤᠨ ᠰᠡᠳᠭᠢᠯᠭᠡ ᠨᠢ ᠵᠢᠯ ᠳᠠᠷᠠᠭᠠᠯᠠᠨ ᠳᠡᠭᠡᠭ᠌ᠰᠢᠯᠡᠪᠡ᠃

《 ᠨᠡᠢᠲᠡ᠎ᠶ᠋ᠢᠨ ᠠᠰᠠᠷᠠᠮᠵᠢ — ᠬᠤᠳᠠᠯᠳᠤᠭ᠎ᠠ》 ᠶ᠋ᠢᠨ ᠰᠠᠢᠨ ᠣᠷᠴᠢᠯ᠎ᠢ ᠪᠤᠢ ᠪᠤᠯᠭᠠᠪᠠ᠃ ᠲᠥᠷᠥᠯ ᠵᠦᠶ᠋ᠯ᠎ᠦᠨ ᠨᠥᠯᠥᠭᠡᠯᠡᠬᠦ᠌ ᠬᠦᠴᠦᠨ ᠨᠢ ᠠᠵᠤ ᠠᠬᠤᠢᠯᠠᠯ᠎ᠢ ᠳᠠᠳᠠᠨ ᠤᠷᠤᠯᠴᠠᠭᠤᠯᠵᠦ᠂ ᠲᠣᠰ ᠭᠠᠵᠠᠷ᠎ᠤᠨ ᠴᠡᠴᠡᠭ᠎ᠦᠨ ᠳᠡᠯᠭᠡᠭᠦᠷ ᠨᠢ ᠥᠪᠡᠷ᠎ᠦᠨ ᠥᠷᠲᠡᠭ᠎ᠦᠨ ᠦᠨ᠎ᠡ᠎ᠪᠡᠷ ᠨᠣᠭᠣᠭᠠᠨ ᠤᠷᠭᠤᠮᠠᠯ ᠬᠠᠩᠭᠠᠵᠤ᠂ ᠬᠡᠪᠯᠡᠯ᠎ᠦᠨ ᠦᠶ᠋ᠯᠡᠳᠪᠦᠷᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠤᠭᠤᠲᠠ ᠬᠠᠨᠳᠢᠪᠯᠠᠵᠤ᠂ 《 ᠨᠡᠢᠲᠡ᠎ᠶ᠋ᠢᠨ ᠠᠰᠠᠷᠠᠮᠵᠢ — ᠬᠤᠳᠠᠯᠳᠤᠭ᠎ᠠ》 ᠎ᠶ᠋ᠢᠨ ᠰᠠᠢᠨ ᠣᠷᠴᠢᠯ᠎ᠢ ᠪᠣᠶ ᠪᠣᠯᠭᠠᠪᠠ᠃  ᠡᠢᠨ᠎ᠬᠦ ᠨᠡᠢᠭᠡᠮ᠎ᠦᠨ ᠬᠦᠴᠦᠨ ᠵᠦᠢᠯ ᠨᠢ ᠲᠥᠷᠥᠯ ᠵᠦᠶ᠋ᠯ᠎ᠢ 《ᠰᠤᠷᠭᠠᠭᠤᠯᠢ᠎ᠶ᠋ᠢᠨ ᠬᠦᠷᠢᠶᠡᠨ᠎ᠦ ᠥᠪᠡᠷ᠎ᠦᠨ ᠵᠤᠭ᠎ᠠ ᠴᠡᠩᠭᠡᠯ》 ᠡᠴᠡ 《 ᠨᠡᠢᠭᠡᠮ᠎ᠦᠨ ᠬᠠᠮᠲᠤ᠎ᠶ᠋ᠢᠨ ᠵᠠᠰᠠᠯᠲᠠ 》 ᠪᠣᠯᠭᠠᠨ ᠥᠷᠭᠡᠳᠭᠡᠪᠡ᠃ ᠴᠡᠴᠡᠭ᠎ᠤᠨ ᠳᠡᠯᠭᠡᠬᠦᠷ᠎ᠤᠨ ᠡᠵᠡᠨ᠄ 《 ᠲᠤᠰ ᠠᠵᠢᠯᠯᠠᠭ᠎ᠠ᠎ᠶ᠋ᠢ ᠳᠡᠮᠵᠢᠬᠦ ᠨᠢ ᠰᠤᠷᠭᠠᠭᠤᠯᠢ᠎ᠶ᠋ᠢ ᠬᠠᠪᠰᠤᠷᠬᠤ ᠮᠥᠷᠲᠡᠭᠡᠨ ᠳᠡᠯᠭᠡᠬᠦᠷ᠎ᠤᠨ ᠳᠦᠷᠢ ᠲᠥᠷᠬᠦ᠌ ᠪᠠᠨ ᠴᠦ᠍ ᠳᠡᠭᠡᠭ᠌ᠰᠢᠯᠡᠭᠦᠯᠵᠦ᠍᠂ ᠬᠤᠤᠰ ᠠᠮᠵᠢᠯᠲᠠ᠎ᠶ᠋ᠢ ᠪᠡᠶᠡᠯᠡᠭᠦᠯᠬᠦ ᠶᠠᠪᠤᠳᠠᠯ ᠪᠤᠯᠤᠨ᠎ᠠ!》 ᠬᠡᠯ᠎ᠡ᠃

《ᠦᠷᠳᠡᠭ᠎ᠨᠡᠮᠡᠭ᠌ᠳᠡᠭᠦᠯᠬᠦ》ᠪᠦᠲᠦᠭᠡᠯᠴᠢ ᠰᠡᠳᠭᠢᠮᠵᠢ᠎ᠪᠡᠷ ᠦᠷᠭᠦᠯᠵᠢᠯᠡᠬᠦ᠌ ᠬᠥᠭ᠌ᠵᠢᠯᠲᠡ᠎ᠳᠦ ᠬᠦᠴᠦᠨ ᠨᠡᠮᠡᠷᠢᠯᠡᠪᠡ᠃ ᠲᠥᠷᠥᠯ ᠵᠦᠶ᠋ᠯ᠎ᠦᠨ ᠪᠦᠯᠬᠦᠮ ᠨᠡᠢᠲᠡ ᠲᠠᠰᠤᠷᠠᠯᠲᠠ ᠥᠬᠡᠶ ᠱᠢᠨ᠎ᠡ᠎ᠶ᠋ᠢ ᠡᠭᠦᠳᠴᠦ᠂ 《ᠨᠣᠭᠣᠭᠠᠨ ᠤᠷᠭᠤᠮᠠᠯ᠎ᠢ ᠠᠷᠠᠴᠢᠯᠠᠨ ᠬᠠᠮᠠᠭᠠᠯᠠᠬᠤ ᠬᠢᠴᠢᠶᠡᠯ᠎ᠦᠨ ᠲᠠᠩᠬᠢᠮ 》 ᠭᠠᠷᠭᠠᠵᠤ᠂ ᠴᠡᠴᠡᠷᠯᠢᠭ᠎ᠦᠨ ᠲᠤᠰᠭᠠᠶ ᠮᠡᠷᠭᠡᠵᠢᠯᠲᠡᠨ᠎ᠢ ᠤᠷᠢᠵᠤ ᠬᠢᠴᠢᠶᠡᠯ ᠣᠷᠣᠭᠤᠯᠵᠤ᠂ ᠰᠤᠷᠤᠭ᠍ᠴᠢᠳ᠎ᠲᠤ ᠠᠮᠢ ᠨᠠᠰᠤᠨ᠎ᠤ ᠦᠰᠦᠨ ᠪᠣᠢᠵᠢᠯᠲᠠ᠎ᠶ᠋ᠢ ᠮᠡᠳᠡᠷᠡᠭᠦᠯᠪᠡ; 《ᠬᠠᠭᠤᠴᠢᠨ ᠨᠣᠮ ᠪᠢᠴᠢᠭ᠎ᠢ ᠥᠭᠡᠷᠡᠴᠢᠯᠡᠬᠦ᠌ ᠤᠷᠤᠯᠳᠤᠭᠠᠨ》 ᠎ᠢ᠋ ᠡᠷᠬᠢᠯᠡᠵᠦ᠍᠂ ᠰᠤᠷᠤᠭ᠍ᠴᠢᠳ᠎ᠤᠨ ᠨᠣᠮ᠎ᠤᠨ ᠬᠠᠭᠤᠳᠠᠰᠤ᠎ᠪᠠᠨ ᠭᠠᠷ ᠤᠷᠠᠯᠠᠯ᠎ᠤᠨ ᠪᠦᠲᠦᠭᠡᠭ᠌ᠳᠡᠬᠦᠨ ᠪᠣᠯᠭᠠᠨ ᠬᠤᠪᠢᠷᠠᠭᠤᠯᠵᠤ᠂ ᠪᠦᠲᠦᠭᠡᠯᠴᠢ ᠴᠢᠳᠠᠪᠤᠷᠢ᠎ᠪᠠᠨ ᠬᠥᠭ᠌ᠵᠢᠭᠡᠬᠦ᠌᠎ᠶ᠋ᠢ ᠵᠣᠷᠢᠭ᠍ᠵᠢᠭᠤᠯᠪᠡ; 《ᠨᠡᠢᠲᠡ᠎ᠶ᠋ᠢᠨ ᠠᠰᠠᠷᠠᠮᠵᠢ᠎ᠶ᠋ᠢᠨ ᠬᠤᠪᠢ ᠬᠤᠷᠠᠮᠳᠤᠭᠤᠯᠬᠤ ᠱᠢᠰᠲ᠋ᠧᠮ》᠎ᠢ᠋ ᠨᠡᠭᠡᠭᠡᠨ ᠬᠥᠭ᠌ᠵᠢᠭᠦᠯᠵᠦ᠍᠂ ᠣᠷᠣᠯᠴᠠᠭ᠍ᠴᠢ ᠠᠵᠢᠯᠯᠠᠭ᠎ᠠ᠎ᠪᠠᠷ ᠳᠡᠮᠵᠢᠨ ᠬᠤᠪᠢ ᠬᠤᠷᠠᠮᠳᠤᠭᠤᠯᠵᠤ᠂ ᠰᠤᠷᠤᠯᠭ᠎ᠠ᠎ᠶ᠋ᠢᠨ ᠬᠡᠷᠡᠭ᠌ᠰᠡᠯ ᠪᠤᠶᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠦᠨᠡᠮᠯᠡᠯ᠎ᠢ ᠰᠣᠯᠢᠵᠤ ᠪᠣᠯᠤᠨ᠎ᠠ᠃ 2019 ᠣᠨ᠎ᠠᠴᠠ ᠡᠬᠢᠯᠡᠵᠦ᠍᠂ ᠲᠥᠷᠥᠯ ᠵᠦᠶ᠋ᠯ ᠨᠢ ᠨᠡᠢᠲᠡ 8400 ᠭᠠᠷᠤᠶ ᠳᠡᠪᠲᠡᠷ ᠰᠤᠯᠠ ᠪᠠᠢᠭ᠎ᠠ ᠨᠣᠮ ᠪᠢᠴᠢᠭ᠎ᠢ ᠬᠣᠷᠢᠶᠠᠨ ᠠᠪᠴᠤ᠌᠂ 4000 ᠭᠠᠷᠤᠢ ᠫᠸᠩᠰᠡ ᠨᠣᠭᠤᠭᠠᠨ ᠤᠷᠭᠤᠮᠠᠯ ᠲᠠᠷᠬᠠᠭᠠᠵᠦ᠂  ᠪᠠᠷᠤᠭ 1.2 ᠲᠣᠨ ᠴᠠᠭᠠᠰᠤᠨ᠎ᠤ ᠬᠣᠷᠣᠭ᠍ᠳᠠᠯ᠎ᠢ ᠪᠠᠭᠠᠰᠬᠠᠪᠠ᠃

ᠨᠣᠮ ᠪᠢᠴᠢᠭ᠎ᠦᠨ ᠡᠷᠭᠢᠯᠲᠡ᠎ᠡᠴᠡ ᠡᠬᠢᠯᠡᠭ᠌ᠰᠡᠨ ᠡᠨᠡ᠎ᠬᠦ 《ᠪᠣᠬᠢᠷᠲᠤᠯ ᠦᠭᠡᠢ ᠬᠤᠪᠢᠰᠭᠠᠯ》  ᠨᠢ ᠰᠤᠯᠠ ᠲᠠᠯᠪᠢᠭ᠍ᠳᠠᠵᠤ ᠪᠠᠢᠭ᠎ᠠ ᠨᠣᠮ ᠪᠢᠴᠢᠭ᠎ᠢ ᠠᠮᠢᠯᠠᠭᠤᠯᠬᠤ ᠡᠴᠡ ᠡᠬᠢ ᠪᠠᠶᠠᠯᠢᠭ᠎ᠤᠨ ᠣᠷᠴᠢᠯ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ᠂ ᠰᠣᠶᠣᠯ᠎ᠤᠨ ᠤᠯᠠᠮᠵᠢᠯᠠᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠠᠮᠢ ᠠᠬᠤᠢ᠎ᠶ᠋ᠢᠨ ᠲᠣᠭᠣᠷᠢᠭ᠎ᠢ ᠪᠠᠢᠭᠤᠯᠬᠤ ᠬᠦᠷᠲᠡᠯ᠎ᠡ᠂ 《ᠬᠠᠭᠤᠴᠢᠨ ᠨᠣᠮ ᠵᠢᠡᠷ ᠨᠤᠭᠤᠭᠠᠨ ᠤᠷᠭᠤᠮᠠᠯ ᠰᠤᠯᠢᠬᠤ》 ᠨᠢ ᠰᠤᠷᠭᠠᠭᠤᠯᠢ᠎ᠶ᠋ᠢᠨ ᠠᠮᠢ ᠠᠬᠤᠢ᠎ᠶ᠋ᠢᠨ ᠪᠤᠯᠪᠠᠰᠤᠨ᠎ᠤ ᠨᠡᠷ᠎ᠡ᠎ᠶ᠋ᠢᠨ ᠬᠠᠭᠤᠳᠠᠰᠤ ᠪᠣᠯᠪᠠ᠃ ᠰᠤᠷᠤᠭ᠍ᠴᠢᠳ ᠪᠣᠳᠠᠲᠤ ᠠᠵᠢᠯᠯᠠᠭ᠎ᠠ᠎ᠪᠠᠷ᠎ᠢᠶᠠᠨ 《ᠮᠡᠳᠡᠬᠦᠢ ᠬᠢᠬᠦᠢ᠎ᠶ᠋ᠢ ᠨᠢᠭᠡᠳᠭᠡᠬᠦ᠌》 ᠵᠢ ᠲᠠᠢᠯᠪᠤᠷᠢᠯᠠᠵᠤ᠂ ᠨᠣᠮ ᠪᠢᠴᠢᠭ᠎ᠡᠴᠡ ᠤᠶᠤᠨ ᠤᠬᠠᠭᠠᠨ ᠱᠢᠩᠭᠡᠭᠡᠨ ᠠᠪᠬᠤ᠎ᠪᠠᠷ ᠪᠠᠷᠠᠬᠤ ᠦᠭᠡᠢ ᠨᠡᠩ ᠴᠤ᠌ ᠦᠢᠯᠡᠳᠦᠯᠭᠡ᠎ᠶ᠋ᠢᠨ ᠳᠤᠮᠳᠠ ᠡᠭᠦᠷᠭᠡᠯᠡᠯ ᠬᠠᠷᠢᠭᠤᠴᠠᠯᠭ᠎ᠠ᠎ᠶ᠋ᠢ ᠳᠠᠮᠵᠢᠭᠤᠯᠪᠠ᠃ ᠶᠠᠭ ᠲᠥᠷᠥᠯ ᠵᠦᠶ᠋ᠯ᠎ᠦᠨ ᠪᠦᠯᠬᠦᠮ᠎ᠦᠨ ᠬᠡᠯᠡᠭ᠌ᠰᠡᠨᠴᠢᠯᠡᠨ᠄ 《ᠪᠢᠳᠡ ᠨᠣᠮ ᠤᠩᠱᠢᠵᠤ ᠴᠢᠳᠠᠬᠤ ᠬᠥᠮᠦᠨ᠎ᠢ ᠬᠥᠮᠦᠵᠢᠭᠦᠯᠬᠦ᠌᠎ᠪᠡᠷ ᠪᠠᠷᠠᠬᠤ ᠥᠬᠡᠶ ᠨᠠᠩ ᠴᠤ᠌ ᠰᠡᠳᠭᠢᠵᠦ᠍ ᠴᠢᠳᠠᠬᠤ᠂ ᠠᠵᠢᠯᠯᠠᠵᠦ ᠴᠢᠳᠠᠬᠤ᠂ ᠬᠠᠷᠢᠭᠤᠴᠠᠯᠭ᠎ᠠ ᠡᠭᠦᠷᠭᠡᠯᠡᠵᠦ᠍ ᠴᠢᠳᠠᠬᠤ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠢ ᠬᠥᠮᠦᠵᠢᠭᠦᠯᠬᠦ᠌᠎ᠶ᠋ᠢ ᠬᠦᠰᠡᠵᠦ᠍ ᠪᠠᠢᠨ᠎ᠠ》᠃ ᠡᠢᠨ᠎ᠬᠦ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ ᠨᠢ ᠵᠠᠯᠠᠭᠤ ᠨᠠᠰᠤᠨ᠎ᠤ ᠦᠩᠭᠡ ᠬᠢᠯᠪᠠᠭ᠎ᠠ ᠪᠡᠷ ᠠᠮᠢ ᠠᠬᠤᠢ᠎ᠶ᠋ᠢᠨ ᠪᠣᠯᠪᠠᠰᠤᠨ᠎ᠤ ᠰᠠᠢ᠌ᠨ ᠰᠠᠢᠬᠠᠨ ᠱᠢᠨ᠎ᠡ ᠬᠠᠭᠤᠳᠠᠰᠤ᠎ᠶ᠋ᠢ ᠵᠢᠷᠤᠭ᠍ᠯᠠᠨ᠎ᠠ᠃

(ᠭᠡᠷᠡᠯ ᠵᠢᠷᠤᠭ ᠤ᠋ᠳ ᠪᠤᠯ ᠰᠠᠢᠨ ᠳᠤᠷ᠎ᠠ᠎ᠶᠢᠨ ᠦᠢᠯᠡᠴᠢᠯᠡᠬᠡᠨ᠎ᠤ ᠲᠦᠷᠦᠯ ᠵᠦᠢᠯ᠎ᠤᠨ ᠬᠡᠰᠡᠭ ᠦᠵᠡᠭᠳᠡᠯ ᠪᠠᠢᠵᠦ᠂ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ ᠠᠵᠦ ᠠᠬᠤᠢ᠎ᠶᠢᠨ ᠶᠡᠬᠡ ᠰᠤᠷᠭᠠᠭᠤᠯᠢ᠎ᠶᠢᠨ ᠠᠯᠪᠠᠨ᠎ᠤ ᠰᠦᠯᠵᠢᠶ᠎ᠠ ᠪᠠ ᠪᠤᠯᠪᠠᠰᠤᠨ᠎ᠤ ᠲᠤᠯᠢ ᠵᠢᠷᠬᠢᠶ᠎ᠡ᠎ᠶᠢᠨ ᠤᠯᠠᠨ ᠨᠡᠢᠲᠡ᠎ᠶᠢᠨ ᠲᠡᠪᠴᠡᠩ ᠡᠴᠡ ᠠᠪᠤᠪᠠ᠃)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号