— ᠴᠧᠨ ᠠᠬ᠎ᠠ ᠡ᠂ ᠲᠠᠨ᠎ᠤ ᠵᠠᠬᠢᠬᠰᠠᠨ ᠮᠠᠯ᠎ᠤᠨ ᠡᠮ᠂ ᠡᠪᠡᠰᠦ ᠠᠷᠢᠯᠭᠠᠭ᠍ᠤ ᠡᠮ᠎ᠢ ᠠᠪᠤᠭᠠᠳ ᠢᠷᠡᠯ᠎ᠡ᠃
— ᠲᠠ᠎ᠨᠠᠷ᠎ᠲᠦ ᠲᠠᠯᠠᠷᠬᠠᠵᠤ ᠪᠠᠢᠨ᠎ᠠ᠂ ᠪᠠᠭ᠎ᠠ ᠪᠤᠰᠤ ᠲᠣᠰᠣ ᠪᠠ ᠴᠠᠭ᠎ᠢ ᠠᠷᠪᠢᠯᠠᠵᠤ ᠥᠭ᠌ᠴᠡᠶ!
ᠤᠢᠷ᠎ᠠ᠎ᠳᠤ ᠬᠥᠯᠥᠨ ᠪᠣᠢᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠡᠷᠭᠦᠨ᠎ᠡ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠲᠡᠭᠡᠳᠦ ᠦᠷᠭᠡᠨ᠎ᠳᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ᠂ 《ᠨᠣᠭᠣᠭᠠᠨ ᠬᠡᠭᠡᠷ᠎ᠡ ᠵᠢ ᠰᠠᠬᠢᠨ ᠪᠡᠷᠡᠯᠡᠬᠤ ᠨᠠᠮ᠎ᠤᠨ ᠭᠡᠱᠢᠭᠦᠨ᠎ᠦ ᠦᠶ᠋ᠯᠡᠴᠢᠯᠡᠭᠡᠨ᠎ᠦ ᠠᠩᠭᠢ》 ᠶ᠋ᠢᠨ ᠪᠦᠷᠢᠯᠳᠦᠬᠦᠨ ᠳ᠋ᠧᠩ ᠴᠢ ᠬᠡᠳᠦᠨ ᠠᠷᠪᠠᠨ ᠺᠢᠯᠣᠮᠧᠲ᠋ᠷ ᠠᠶᠠᠯᠠᠵᠤ᠂ ᠣᠷᠣᠯᠠᠨ ᠬᠤᠳᠠᠯᠳᠤᠨ ᠠᠪᠤᠭ᠍ᠰᠠᠨ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠢ ᠲᠠᠷᠢᠶᠠᠯᠠᠩ᠎ᠤᠨ ᠴᠡᠭ᠎ᠦᠨ ᠬᠠᠷᠢᠭᠤᠴᠠᠯᠭᠠᠲᠠᠨ ᠴᠧᠨ ᠱᠢᠤᠢ ᠳ᠋ᠦᠩ᠎ᠤᠨ ᠭᠠᠷ᠎ᠲᠤ ᠬᠦᠷᠭᠡᠪᠡ᠃ ᠡᠨᠡ ᠪᠣᠯ ᠳᠡᠭᠡᠳᠦ ᠦᠷᠭᠡᠨ᠎ᠳᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ 《 ᠨᠠᠮ᠎ᠤᠨ ᠪᠠᠢᠭᠤᠯᠤᠯᠲᠠ + ᠦᠢᠯᠡᠴᠢᠯᠡᠭᠡ 》 ᠵᠢᠨ ᠠᠵᠢᠯ᠎ᠤᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃
ᠳᠡᠭᠡᠲᠦ ᠦᠷᠭᠡᠨ᠎ᠳᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠢᠮᠠᠭ᠍ᠲᠠ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠬᠢᠯᠢ᠎ᠶ᠋ᠢᠨ ᠬᠠᠮᠢᠶᠠᠷᠤᠯᠲᠠ᠂ ᠣᠯᠠᠨ ᠲᠦᠮᠡᠨ᠎ᠳᠦ ᠦᠶ᠋ᠯᠡᠴᠢᠯᠡᠬᠦ᠌᠎ᠶ᠋ᠢ ᠭᠦᠨᠵᠡᠭᠡᠶ ᠠᠭᠤᠰᠤᠯᠴᠠᠭᠤᠯᠵᠤ᠂ ᠨᠠᠮ᠎ᠤᠨ ᠲᠣᠭ᠎ᠢ ᠬᠢᠯᠢ᠎ᠶ᠋ᠢᠨ ᠱᠤᠭᠤᠮ ᠳᠡᠭᠡᠷ᠎ᠡ ᠥᠨᠳᠥᠷ ᠨᠠᠮᠢᠷᠠᠭᠤᠯᠤᠨ᠎ᠠ᠃
ᠳᠡᠭᠡᠳᠦ ᠦᠷᠭᠡᠨ᠎ᠳᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠢᠷᠠᠭᠤ ᠠᠯᠳᠠᠷ᠎ᠤᠨ ᠲᠠᠰᠤᠭ᠎ᠲᠤ 《ᠲᠠᠪᠤᠨ ᠣᠳᠣᠨ ᠳᠡᠰ᠎ᠤᠨ ᠨᠠᠮ᠎ᠤᠨ ᠡᠭᠦᠷ》 ᠭᠡᠬᠦ ᠫᠠᠢᠰᠠ ᠤᠨᠴᠠ᠎ᠶᠢᠨ ᠢᠯᠡᠲᠡᠢ ᠬᠠᠷᠠᠬᠲᠠᠨᠠ᠃ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠲᠤᠰ ᠲᠣᠮᠢᠯᠠᠭ᠍ᠰᠠᠨ ᠰᠠᠯᠪᠤᠷᠢ ᠨᠢ 《ᠲᠦᠷᠦᠬᠦᠴᠢ ᠭᠠᠯᠠᠭᠤ ᠨᠠᠮ᠎ᠤᠨ ᠪᠠᠢᠭᠤᠯᠤᠯᠲᠠ᠎ᠶ᠋ᠢᠨ ᠬᠣᠯᠪᠣᠭ᠎ᠠ》 ᠵᠢ ᠡᠭᠦᠳᠦᠨ ᠪᠠᠢᠭᠤᠯᠵᠦ᠂ ᠬᠠᠤᠯᠢ ᠴᠠᠭᠠᠵᠠ᠎ᠶ᠋ᠢᠨ ᠭᠠᠵᠠᠷ᠂ ᠡᠮᠨᠡᠯᠭᠡ᠎ᠶ᠋ᠢᠨ ᠬᠣᠷᠢᠶ᠎ᠠ᠂ ᠱᠢᠦᠳᠠᠨ᠂ ᠠᠵᠤ ᠠᠬᠤᠢᠯᠠᠯ ᠵᠡᠷᠭᠡ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠲᠠᠶ ᠬᠠᠮᠲᠤᠷᠠᠨ᠂ 《ᠬᠠᠤᠯᠢ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠂ ᠠᠯᠪᠠᠨ ᠵᠢᠷᠤᠮ᠎ᠤᠨ ᠡᠮᠴᠢᠯᠡᠭᠡ᠂ ᠡᠳ᠋ ᠪᠣᠳᠠᠰ᠎ᠢ ᠣᠷᠣᠯᠠᠨ ᠬᠤᠳᠠᠯᠳᠤᠨ ᠠᠪᠬᠤ᠂ ᠲᠠᠷᠢᠶᠠᠯᠠᠩ᠎ᠤᠨ ᠮᠠᠱᠢᠨ ᠵᠢᠡᠷ ᠲᠤᠰᠠᠯᠠᠬᠤ》ᠵᠡᠷᠭᠡ ᠦᠢᠯᠡᠴᠢᠯᠡᠭᠡᠨ᠎ᠦ ᠱᠢᠰᠲᠸᠮ᠎ᠢ ᠪᠦᠷᠢᠯᠳᠦᠭᠦᠯᠪᠡ᠃ ᠬᠣᠯᠪᠣᠭ᠎ᠠ᠎ᠠᠴᠠ ᠵᠣᠬᠢᠶᠠᠨ ᠪᠠᠢᠭᠤᠯᠤᠭ᠍ᠰᠠᠨ《ᠨᠣᠭᠣᠭᠠᠨ ᠬᠡᠭᠡᠷ᠎ᠡ᠎ᠶᠢ ᠰᠠᠬᠢᠨ ᠪᠡᠷᠡᠯᠡᠬᠤ ᠨᠠᠮ᠎ᠤᠨ ᠭᠡᠱᠢᠭᠦᠨ᠎ᠦ ᠦᠶ᠋ᠯᠡᠴᠢᠯᠡᠭᠡᠨ᠎ᠦ ᠠᠩᠭᠢ》᠎ᠨᠢ ᠬᠠᠷᠢᠶᠠᠲᠤ ᠣᠷᠣᠨ᠎ᠤ ᠭᠠᠭ᠍ᠴᠠᠭᠠᠷ ᠰᠠᠭᠤᠭ᠎ᠠ ᠨᠠᠰᠤᠲᠠᠢᠴᠤᠳ᠎ᠤᠨ ᠬᠡᠷ᠎ᠲᠦᠨᠢ ᠬᠦᠷᠴᠦ᠍ ᠲᠦᠷᠭᠡᠨ ᠬᠦᠷᠭᠡᠯᠲᠡ ᠵᠢ ᠨᠢ ᠠᠪᠴᠤ᠌ ᠬᠦᠷᠭᠡᠨ᠂ ᠤᠰᠤ ᠴᠠᠬᠢᠯᠭᠠᠨ᠎ᠤ ᠰᠦᠶ᠋ᠳᠭᠡᠯ ᠵᠢᠴᠢ ᠪᠡᠶ᠎ᠡ᠎ᠶ᠋ᠢᠨ ᠪᠠᠢᠴᠠᠭᠠᠯᠲᠠ᠎ᠶ᠋ᠢᠨ ᠦᠶ᠋ᠯᠡᠴᠢᠯᠡᠭᠡ᠎ᠶ᠋ᠢ ᠣᠷᠣᠯᠠᠨ ᠬᠦᠢᠴᠡᠳᠭᠡᠵᠦ᠂ ᠬᠡᠷ᠎ᠲᠡᠬᠡᠨ ᠬᠣᠴᠣᠷᠤᠭ᠍ᠰᠠᠨ ᠬᠡᠦᠬᠡᠳ᠎ᠲᠦ ᠵᠤᠷᠢᠭᠤᠯᠤᠨ 《ᠭᠠᠷᠠᠭ᠎ᠤᠨ ᠰᠡᠭᠦᠯᠴᠢ᠎ᠶ᠋ᠢᠨ ᠵᠢᠵᠢᠭ ᠬᠢᠴᠢᠶᠡᠯ᠎ᠦᠨ ᠲᠠᠩᠬᠢᠮ 》᠎ᠢ ᠨᠡᠭᠡᠭᠡᠵᠦ᠍᠂ ᠬᠠᠪᠤᠷ᠎ᠤᠨ ᠲᠠᠷᠢᠶᠠᠯᠠᠭ᠎ᠠ᠎ᠶ᠋ᠢᠨ ᠦᠶ᠎ᠡ᠎ᠳᠦ ᠶᠠᠳᠠᠭᠤ ᠬᠦᠴᠢᠷᠳᠡᠯᠲᠡᠶ ᠡᠷᠦᠬᠡ᠎ᠶ᠋ᠢ ᠬᠠᠪᠰᠤᠷᠤᠨ ᠰᠦᠶ᠋ᠳᠭᠡᠯ ᠬᠤᠷᠢᠶᠠᠬᠤ ᠥᠬᠡᠶ᠎ᠪᠡᠷ ᠭᠠᠵᠠᠷ ᠤᠷᠪᠠᠭᠤᠯᠵᠤ ᠳᠠᠷᠢᠶᠠᠯᠠᠬᠤ ᠠᠵᠢᠯᠳᠤᠨᠢ ᠬᠠᠪᠰᠤᠷᠤᠯᠭ᠎ᠠ ᠦᠵᠡᠬᠦᠯᠦᠨ᠎ᠡ᠃ ᠳᠤᠰ ᠬᠣᠯᠪᠣᠭ᠎ᠠ ᠨᠢ ᠪᠠᠰᠠ 《ᠰᠠᠷ᠎ᠠ ᠪᠦᠷᠢ ᠬᠠᠮᠲᠤᠷᠠᠨ ᠲᠣᠭᠣᠷᠢᠨ ᠰᠤᠷᠪᠤᠯᠵᠢᠯᠠᠬᠤ》 ᠶ᠋ᠢ ᠬᠡᠷᠡᠭ᠌ᠵᠢᠭᠦᠯᠵᠦ᠍᠂ ᠨᠠᠮ᠎ᠤᠨ ᠭᠡᠱᠢᠭᠦᠨ ᠪᠦᠯᠦᠭ ᠬᠤᠪᠢᠶᠠᠨ ᠡᠷᠦᠬᠡ᠎ᠳᠦ ᠬᠦᠷᠴᠦ᠍᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠤᠬᠠᠭᠤᠯᠤᠨ ᠲᠠᠢᠯᠪᠤᠷᠢᠯᠠᠵᠤ᠂ ᠵᠠᠭᠤᠷᠠᠯᠳᠤᠭᠠᠨ᠎ᠢ ᠨᠠᠮᠳᠠᠭᠤᠯᠪᠠ᠃
ᠨᠡᠢᠭᠡᠮ ᠲᠣᠭᠣᠷᠢᠭ᠎ᠤᠨ ᠵᠠᠰᠠᠯᠲᠠ ᠳᠤᠮᠳᠠ ᠳᠤᠰ ᠲᠣᠮᠢᠯᠠᠭ᠍ᠰᠠᠨ ᠰᠠᠯᠪᠤᠷᠢ 《ᠨᠠᠮ᠎ᠤᠨ ᠭᠡᠱᠢᠭᠦᠨ᠎ᠦ ᠠᠰᠠᠷ᠎ᠤᠨ ᠳᠠᠷᠤᠭ᠎ᠠ 》 ᠵᠢᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠬᠠᠷᠢᠶ᠎ᠠ ᠲᠣᠭᠣᠷᠢᠭ᠎ᠤᠨ ᠬᠤᠢ ᠽᠸ ᠰᠠᠭᠤᠭᠠᠯᠢ ᠠᠷᠠᠳ᠎ᠤᠨ ᠲᠣᠭᠣᠷᠢᠭ᠎ᠤᠨ 37 ᠰᠠᠭᠤᠷᠢ ᠠᠰᠠᠷ᠎ᠢ 3 ᠲᠣᠣᠷᠵᠢᠯ ᠪᠣᠯᠭᠠᠨ ᠬᠤᠪᠢᠶᠠᠵᠤ᠂ 3 ᠨᠠᠮ᠎ᠤᠨ ᠭᠡᠱᠢᠭᠦᠨ ᠠᠷᠠᠳ᠎ᠤᠨ ᠴᠠᠭ᠍ᠳᠠᠭ᠎ᠠ ᠲᠣᠣᠷᠵᠢᠭ᠍ᠰᠠᠨ ᠠᠰᠠᠷ᠎ᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ᠂ ᠰᠠᠭᠤᠭᠠᠯᠢ ᠠᠷᠠᠳ᠎ᠤᠨ ᠲᠥᠯᠥᠭᠡᠯᠡᠭ᠌ᠴᠢ᠎ᠲᠡᠶ ᠬᠠᠮᠲᠤᠷᠠᠨ 《ᠬᠥᠷᠰᠢ ᠵᠡᠷᠭᠡᠯᠡᠳᠡᠭᠡ᠎ᠶᠢᠨ ᠡᠶᠡᠳᠡᠭᠦᠯᠬᠦ᠌ ᠠᠩᠬᠢ》 ᠵᠢ ᠪᠠᠢᠭᠤᠯᠪᠠ᠃ 《ᠠᠰᠠᠷ᠎ᠤᠨ ᠬᠡᠷᠡᠭ ᠵᠥᠪᠯᠡᠬᠦ᠌ ᠬᠤᠷᠠᠯ》 ᠬᠢᠬᠦ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠵᠥᠷᠢᠴᠡᠯᠵᠠᠭᠤᠷᠠᠯᠳᠤᠭᠠᠨᠢ ᠴᠠᠭ ᠲᠤᠬᠠᠶ᠎ᠳᠤᠨᠢ ᠠᠷᠢᠯᠭᠠᠪᠠ᠃ ᠲᠦᠷᠦᠭᠦᠭᠡᠨ᠂ ᠬᠤᠢ ᠽᠸ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠯᠢ ᠣᠪᠣᠭ᠍ᠲᠤ ᠴᠠᠭ᠍ᠳᠠᠭ᠎ᠠ᠎ᠳᠤ᠂ ᠭᠡᠷ ᠵᠠᠰᠠᠵᠤ ᠴᠢᠮᠡᠭ᠌ᠯᠡᠬᠦ᠌᠎ᠡᠴᠡ ᠪᠣᠯᠤᠬᠰᠠᠨ ᠱᠤᠤᠬᠢᠶᠠᠨ ᠪᠠ ᠬᠤᠭ ᠨᠤᠪᠰᠢ ᠡᠳ᠋ ᠪᠣᠳᠠᠰ ᠣᠪᠣᠭᠠᠯᠠᠬᠤ ᠠᠰᠠᠭᠤᠳᠠᠯ ᠡᠴᠡ ᠪᠤᠯᠵᠦ ᠬᠥᠷᠰᠢ ᠵᠡᠷᠭᠡᠯᠡᠳᠡᠭᠡᠲᠡᠶᠪᠡᠨ ᠮᠠᠷᠭᠤᠯᠳᠤᠭᠠᠨ ᠡᠭᠦᠰᠴᠦ ᠬᠡᠷᠡᠭ ᠮᠡᠳᠡᠬᠦᠯᠪᠡ᠃ ᠲᠣᠮᠢᠯᠠᠭ᠍ᠰᠠᠨ ᠰᠠᠯᠪᠤᠷᠢ᠎ᠶ᠋ᠢᠨ ᠨᠠᠮ᠎ᠤᠨ ᠡᠭᠦᠷ ᠦᠳᠲᠡᠷ ᠲᠦᠷᠭᠡᠨ ᠬᠥᠳᠡᠯᠦᠯᠴᠡᠵᠦ᠍᠂ ᠲᠤᠰ ᠰᠠᠭᠤᠭᠠᠯᠢ ᠠᠷᠠᠳ᠎ᠤᠨ ᠲᠣᠭᠣᠷᠢᠭ᠎ᠤᠨ 《ᠨᠠᠮ᠎ᠤᠨ ᠭᠡᠱᠢᠭᠦᠨ ᠠᠰᠠᠷ᠎ᠤᠨ ᠳᠠᠷᠤᠭ᠎ᠠ》 ᠵᠢ ᠵᠣᠬᠢᠶᠠᠨ ᠪᠠᠢᠭᠤᠯᠵᠤ ᠨᠡᠢᠭᠡᠮ ᠲᠣᠭᠣᠷᠢᠭ᠎ᠤᠨ ᠺᠠᠳ᠋ᠷ᠎ᠲᠠᠶ ᠬᠠᠮᠲᠤᠷᠠᠨ ᠡᠶᠡᠳᠡᠭᠦᠯᠭᠡ ᠬᠢᠪᠡ᠃ ᠡᠬᠦᠨ᠎ᠳᠤ ᠣᠯᠠᠨ ᠡᠭᠡᠯᠵᠢ᠎ᠵᠢᠨ ᠡᠶᠡᠳᠡᠬᠦᠯᠭᠡ ᠪᠡᠷ ᠳᠠᠮᠵᠢᠨ ᠵᠥᠷᠢᠴᠡᠯ᠎ᠢ ᠤᠷᠤᠭ᠍ᠰᠢᠲᠠᠶ ᠨᠠᠮᠳᠠᠭᠤᠯᠵᠤ᠂ ᠪᠠᠷᠢᠯᠭ᠎ᠠ᠎ᠶ᠋ᠢᠨ ᠠᠵᠢᠯ᠎ᠢ ᠬᠡᠪ᠎ᠢᠶᠡᠷ ᠶᠠᠪᠤᠭ᠍ᠳᠠᠭᠤᠯᠵᠤ᠂ ᠨᠡᠢᠭᠡᠮ ᠲᠣᠭᠣᠷᠢᠭ᠎ᠤᠨ ᠡᠮᠬᠢ ᠳᠢᠭ᠌ᠯᠢᠮ᠎ᠢ ᠪᠠᠳᠤᠯᠠᠪᠠ᠃
ᠲᠣᠮᠢᠯᠠᠭ᠍ᠰᠠᠨ ᠰᠠᠯᠪᠤᠷᠢ ᠵᠢᠨ ᠬᠢᠨ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠨᠠᠮ᠎ᠤᠨ ᠭᠡᠱᠢᠭᠦᠨ᠎ᠦ ᠴᠤᠩᠬᠤᠪᠴᠢ᠎ᠶᠢᠨ ᠬᠣᠱᠢᠭᠤᠴᠢ ᠠᠵᠢᠯ᠎ᠤᠨ ᠪᠠᠢᠷᠢ》 ᠭᠠᠷᠭᠠᠵᠤ᠂ 《ᠬᠠᠯᠠᠭᠤᠨ ᠰᠡᠳᠭᠢᠯᠭᠡ ᠪᠡᠷ ᠭᠥᠯᠢᠶᠡᠨ ᠠᠪᠬᠤ᠂ ᠬᠦᠯᠢᠴᠡᠩᠭᠦᠶ ᠪᠡᠷ ᠬᠠᠷᠢᠭᠤᠯᠲᠠ ᠥᠭ᠌ᠬᠦ᠂ ᠨᠠᠷᠢᠨ ᠨᠢᠮᠪᠠᠶ ᠭᠦᠶ᠋ᠴᠡᠳᠭᠡᠬᠦ᠌》 ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ 《ᠨᠡᠭᠦᠳᠡᠯ ᠦᠶ᠋ᠯᠡᠴᠢᠯᠡᠭᠡᠨ᠎ᠦ ᠲᠡᠷᠭᠡ》 ᠶ᠋ᠢ ᠨᠡᠪᠲᠡᠷᠡᠭᠦᠯᠵᠦ᠍᠂ ᠪᠣᠢᠳᠠ ᠪᠦᠭ᠌ᠯᠡᠭᠦᠦ ᠭᠠᠵᠠᠷ ᠣᠷᠣᠨ᠎ᠳᠤ ᠭᠦᠨᠵᠡᠭᠡᠢᠷᠡᠨ ᠡᠷᠦᠬᠡ ᠠᠮᠠ᠎ᠶ᠋ᠢᠨ ᠲᠠᠩᠰᠠ᠎ᠶ᠋ᠢᠨ ᠲᠤᠬᠠᠢᠯᠠᠭ᠍ᠰᠠᠨ ᠠᠵᠢᠯ᠎ᠢ ᠲᠤᠬᠠᠶ᠎ᠶ᠋ᠢᠨ ᠭᠠᠵᠠᠷ᠎ᠲᠤᠨᠢ ᠭᠦᠶ᠋ᠴᠡᠳᠭᠡᠪᠡ᠃ ᠨᠠᠰᠤᠲᠠᠢᠴᠤᠳ᠎ᠲᠤ ᠴᠢᠭ᠌ᠯᠡᠭᠦᠯᠦᠨ᠂ ᠲᠣᠮᠢᠯᠠᠭ᠍ᠰᠠᠨ ᠰᠠᠯᠪᠤᠷᠢ 《ᠬᠠᠯᠠᠭᠤᠨ ᠰᠡᠳᠭᠢᠯᠲᠦ ᠪᠠᠭ᠎ᠠ ᠠᠩᠭᠢ》 ᠪᠠᠢᠭᠤᠯᠵᠤ᠂ ᠬᠡᠷ᠎ᠲᠦᠨᠢ ᠬᠦᠷᠴᠦ᠍ ᠦᠨᠡᠮᠯᠡᠯ ᠭᠦᠶ᠋ᠴᠡᠳᠭᠡᠬᠦ᠌᠂ ᠡᠳ᠋ ᠪᠣᠳᠠᠰ ᠣᠷᠣᠯᠠᠨ ᠬᠤᠳᠠᠯᠳᠤᠨ ᠠᠪᠬᠤ᠂ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ ᠬᠢᠬᠦ᠌ ᠵᠡᠷᠭᠡ 《ᠭᠤᠷᠪᠠ᠎ᠶ᠋ᠢ ᠬᠦᠷᠭᠡᠬᠦ᠌》 ᠦᠶ᠋ᠯᠡᠴᠢᠯᠡᠭᠡ ᠬᠠᠩᠭᠠᠪᠠ᠃ 82 ᠨᠠᠰᠤᠲᠠᠢ ᠭᠠᠭ᠍ᠴᠠᠭᠠᠷ ᠰᠠᠭᠤᠭ᠎ᠠ ᠨᠠᠰᠤᠲᠠᠨ ᠵᠠᠩ ᠯᠢᠨ ᠵᠢᠷᠦᠬᠡᠨ ᠡᠪᠡᠳᠴᠢᠨ᠎ᠲᠡᠶ ᠪᠤᠯᠬᠤᠷ᠂ ᠠᠷᠠᠳ᠎ᠤᠨ ᠴᠠᠭ᠍ᠳᠠᠭ᠎ᠠ ᠭᠠᠷᠠᠭ ᠪᠦᠷᠢ ᠭᠡᠷ᠎ᠲᠦᠨᠢ ᠬᠦᠷᠴᠦ᠍᠂ ᠲᠡᠭᠦᠨ᠎ᠢ ᠬᠠᠪᠰᠤᠷᠤᠨ ᠦᠷᠭᠦᠯᠵᠢ ᠬᠡᠷᠡᠭ᠌ᠯᠡᠬᠦ᠌ ᠡᠮ ᠬᠤᠳᠠᠯᠳᠤᠨ ᠠᠪᠴᠤ᠌ ᠦᠭ᠌ᠳᠡᠭ ᠪᠠᠢᠯ᠎ᠠ᠃ ᠨᠠᠰᠤᠲᠠᠨ᠄ 《ᠡᠳᠡᠭᠡᠷ ᠬᠡᠦᠬᠡᠳ ᠲᠦᠷᠦᠯ ᠰᠠᠳᠤᠨ᠎ᠠᠴᠠ ᠢᠯᠡᠭᠦᠦ ᠨᠠᠷᠢᠨ ᠨᠢᠮᠪᠠᠢ ᠪᠠᠢᠳᠠᠭ᠂ ᠲᠡᠳᠡ ᠪᠠᠢᠪᠠᠯ ᠪᠢ ᠮᠠᠰᠢ ᠰᠡᠳᠭᠢᠯ ᠠᠮᠤᠷ》 ᠭᠡᠯᠡ᠃ ᠡᠨᠡ ᠵᠢᠯ᠎ᠡᠴᠡ ᠨᠠᠭᠠᠰᠢ᠂ ᠳᠤᠰ ᠲᠣᠮᠢᠯᠠᠭ᠍ᠰᠠᠨ ᠰᠠᠯᠪᠤᠷᠢ ᠨᠡᠢᠲᠡ 40 ᠭᠠᠷᠤᠶ ᠬᠤᠪᠢ ᠲᠤᠬᠠᠢᠯᠠᠭ᠍ᠰᠠᠨ ᠠᠵᠢᠯ᠎ᠢ ᠣᠷᠣᠯᠠᠨ ᠭᠦᠶ᠋ᠴᠡᠳᠭᠡᠪᠡ᠃
ᠡᠳᠦᠭᠡ ᠨᠠᠮ᠎ᠤᠨ ᠭᠡᠱᠢᠭᠦᠨ᠎ᠦ ᠰᠦᠯᠳᠡ ᠲᠡᠮᠳᠡᠭ ᠵᠡᠭᠦᠭ᠌ᠰᠡᠨ ᠠᠷᠠᠳ᠎ᠤᠨ ᠴᠠᠭ᠍ᠳᠠᠭ᠎ᠠ ᠱᠢᠶᠠᠩ ᠪᠠᠯᠭᠠᠰᠤ ᠠᠢᠯ ᠲᠣᠰᠭᠣᠨ᠎ᠢᠶᠠᠷ ᠰᠦᠯᠵᠢᠯᠳᠦᠵᠦ᠍᠂ ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠤᠨ《ᠨᠠᠮ᠎ᠤᠨ ᠭᠡᠱᠢᠭᠦᠨ᠎ᠦ ᠬᠣᠱᠢᠭᠤᠴᠢ ᠠᠵᠢᠯ᠎ᠤᠨ ᠪᠠᠢᠷᠢ》 ᠵᠢᠨ ᠫᠠᠢᠰᠠ ᠣᠨᠴᠠ᠎ᠶ᠋ᠢᠨ ᠳᠤᠳᠤ ᠬᠠᠷᠠᠭ᠍ᠳᠠᠵᠤ᠂ ᠠᠷᠠᠳ᠎ᠤᠨ ᠴᠠᠭ᠍ᠳᠠᠭ᠎ᠠ ᠪᠣᠯᠤᠨ ᠬᠠᠤᠯᠢ ᠴᠠᠭᠠᠵᠠ᠎ᠶ᠋ᠢᠨ ᠭᠠᠵᠠᠷ᠎ᠤᠨ ᠠᠵᠢᠯᠳᠠᠨ ᠡᠶᠡᠳᠡᠭᠦᠯᠬᠦ᠌ ᠲᠠᠰᠤᠭ᠎ᠲᠤ ᠵᠠᠭᠤᠷᠠᠯᠳᠤᠭᠠᠨ᠎ᠢ ᠬᠠᠮᠵᠢᠯᠴᠠᠨ ᠱᠢᠢᠳᠪᠦᠷᠢᠯᠡᠨ᠎ᠠ ᠁ ᠳᠡᠭᠡᠳᠦ ᠦᠷᠭᠡᠨ᠎ᠳᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠵᠢᠨ ᠠᠷᠠᠳ᠎ᠤᠨ ᠴᠠᠭ᠍ᠳᠠᠭ᠎ᠠ᠎ᠨᠠᠷ ᠬᠢᠯᠢ ᠬᠢᠵᠠᠭᠠᠷ᠎ᠤᠨ ᠠᠮᠤᠷ ᠠᠮᠤᠭᠤᠯᠠᠩ᠎ᠢ ᠦᠨᠡᠨᠴᠢ ᠰᠢᠳᠤᠷᠭᠤ᠎ᠪᠡᠷ ᠰᠠᠬᠢᠨ ᠬᠠᠮᠠᠭᠠᠯᠠᠵᠤ᠂ ᠴᠢᠩ ᠰᠡᠳᠭᠢᠯ᠎ᠡᠴᠡ᠎ᠪᠡᠨ ᠠᠷᠠᠳ ᠤᠯᠠᠨ᠎ᠳᠤ ᠦᠢᠯᠡᠴᠢᠯᠡᠵᠦ᠍᠂ ᠱᠢᠨ᠎ᠡ ᠴᠠᠭ ᠦᠶ᠎ᠡ᠎ᠶ᠋ᠢᠨ 《ᠹᠸᠩᠴᠢᠶᠤᠤ ᠵᠢᠨ ᠲᠤᠷᠱᠢᠯᠭ᠎ᠠ》 ᠵᠢ ᠬᠢᠯᠢ᠎ᠶ᠋ᠢᠨ ᠡᠮᠦᠨ᠎ᠡ ᠹᠷᠣᠨᠲ᠎ᠲᠤ ᠨᠠᠢᠳᠠᠪᠤᠷᠢᠵᠢᠭᠤᠯᠵᠦ ᠪᠤᠳᠠᠳᠦ ᠦᠷ᠎ᠡ ᠪᠦᠲᠦᠮᠵᠢ ᠭᠠᠷᠭᠠᠨ᠎ᠠ᠃