ᠭᠤᠸᠠᠩᠳᠦ᠋ᠩ ᠥᠪᠥᠷ ᠮᠣᠩᠭᠣᠯ ᠠᠨᠠᠭᠠᠬᠤ ᠤᠬᠠᠭᠠᠨ ᠤ᠋ ᠡᠷᠳᠡᠮ ᠰᠢᠨᠵᠢᠯᠡᠭᠡᠨ ᠤ᠋ ᠰᠣᠯᠢᠯᠴᠠᠭ᠎ᠠ ᠬᠢᠪᠠ
2025-09-15 11:30:06
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ 《 〈ᠭᠤᠸᠠᠩᠵᠸᠦ ᠥᠪᠥᠷ ᠮᠣᠩᠭᠣᠯ ᠭᠠᠷ ᠬᠣᠯᠪᠣᠯᠴᠠᠨ ᠬᠥᠯᠥᠨ ᠪᠤᠢᠷ ᠤ᠋ᠨ ᠡᠷᠡᠭᠦᠯ ᠮᠡᠨᠳᠤ ᠵᠢᠨ ᠵᠠᠮ ᠢ᠋ ᠴᠤᠭᠴᠠᠯᠠᠬᠤ — ᠣᠨᠴᠠ ᠬᠦᠮᠦᠵᠢᠭᠦᠯᠦᠭᠰᠡᠨ ᠡᠮᠴᠢᠯᠡᠭᠡᠨ ᠤ᠋ ᠲᠤᠰᠬᠠᠢ ᠮᠡᠷᠭᠡᠵᠢᠯᠲᠡᠨ ᠤ᠋ ᠦᠢᠯᠡᠴᠢᠯᠡᠭᠡᠨ ᠤ᠋ ᠪᠦᠯᠬᠦᠮ ᠤ᠋ᠨ ᠤᠮᠠᠷᠠᠳᠤ ᠬᠢᠯᠢ ᠵᠢ ᠳᠤᠯᠠᠭᠠᠯᠠᠬᠤ ᠠᠵᠢᠯᠯᠠᠭ᠎ᠠ》 ᠤᠢᠷ᠎ᠠ ᠳ᠋ᠤ ᠬᠦᠯᠦᠨ ᠪᠤᠢᠷ ᠬᠤᠳᠠ ᠵᠢᠨ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠤᠰᠢᠭᠤᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠳ᠋ᠤ᠌ ᠶᠠᠪᠤᠭᠳᠠᠵᠤ᠂ ᠲᠤᠰᠬᠠᠢ ᠮᠡᠷᠭᠡᠵᠢᠯᠲᠡᠨ ᠡᠴᠡ ᠡᠪᠡᠳᠴᠢᠨ ᠤᠨᠤᠰᠢᠯᠠᠬᠤ᠂ ᠡᠮᠴᠢᠯᠡᠭᠡᠨ᠂ ᠬᠠᠮᠢᠶᠠᠷᠤᠯᠲᠠ ᠵᠢᠨ ᠵᠢᠯᠣᠭᠣᠳᠤᠯᠭ᠎ᠠ ᠬᠢᠬᠦ ᠪᠠ ᠡᠷᠳᠡᠮ ᠰᠢᠨᠵᠢᠯᠡᠭᠡᠨ ᠤ᠋ ᠲᠠᠢᠯᠤᠮᠵᠢ ᠬᠢᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠵᠦ᠂ ᠲᠤᠬᠠᠢ ᠵᠢᠨ ᠭᠠᠵᠠᠷ ᠤ᠋ᠨ ᠣᠯᠠᠨ ᠲᠦᠮᠡᠨ ᠪᠠ ᠡᠮᠴᠢᠯᠡᠭᠡᠨ ᠤ᠋ ᠠᠵᠢᠯᠲᠠᠳ ᠤ᠋ᠨ ᠬᠠᠯᠠᠭᠤᠨ ᠬᠦᠷᠢᠶᠡᠯᠡᠯ ᠢ᠋ ᠣᠯᠵᠠᠢ᠃

ᠲᠤᠰ ᠤᠳᠠᠭ᠎ᠠ ᠵᠢᠨ ᠣᠨᠴᠠ ᠬᠦᠮᠦᠵᠢᠭᠦᠯᠦᠭᠰᠡᠨ ᠡᠮᠴᠢᠯᠡᠭᠡᠨ ᠤ᠋ ᠲᠤᠰᠬᠠᠢ ᠮᠡᠷᠭᠡᠵᠢᠯᠲᠡᠨ ᠤ᠋ ᠦᠢᠯᠡᠴᠢᠯᠡᠭᠡᠨ ᠤ᠋ ᠪᠦᠯᠬᠦᠮ ᠤ᠋ᠨ ᠪᠦᠷᠢᠯᠳᠦᠬᠦᠨ ᠪᠣᠯ ᠭᠤᠸᠠᠩᠳᠦᠩ ᠤ᠋ᠨ ᠡᠮ ᠤ᠋ᠨ ᠰᠢᠨᠵᠢᠯᠡᠬᠦ ᠤᠬᠠᠭᠠᠨ ᠤ᠋ ᠶᠡᠬᠡ ᠰᠤᠷᠭᠠᠭᠤᠯᠢ ᠵᠢᠨ ᠬᠠᠷᠢᠶᠠᠲᠤ ᠨᠢᠭᠡᠳᠦᠭᠡᠷ ᠡᠮᠨᠡᠯᠭᠡ ᠵᠢᠨ ᠬᠣᠷᠢᠶ᠎ᠠ ᠵᠢᠴᠢ ᠭᠤᠸᠠᠩᠳᠦ᠋ᠩ ᠮᠣᠵᠢ ᠵᠢᠨ ᠬᠢᠲᠠᠳ ᠡᠮᠨᠡᠯᠭᠡ ᠵᠢᠨ ᠬᠣᠷᠢᠶ᠎ᠠ ᠪᠣᠯᠤᠨ᠎ᠠ᠂ ᠡᠭᠦᠨ ᠳ᠋ᠦ᠍ ᠶᠠᠰᠤᠨ ᠤ᠋ ᠰᠠᠯᠠᠭ᠎ᠠ᠂ ᠰᠢᠩᠭᠡᠭᠡᠯᠲᠡ ᠵᠢᠨ ᠳᠣᠲᠣᠷ ᠰᠠᠯᠠᠭ᠎ᠠ᠂ ᠲᠦᠷᠭᠡᠨ ᠡᠮᠴᠢᠯᠡᠭᠡᠨ ᠤ᠋ ᠰᠠᠯᠠᠭ᠎ᠠ᠂ ᠰᠢᠭᠡᠰᠦ ᠰᠢᠭᠦᠷᠡᠭᠦᠯᠬᠦ ᠭᠠᠳᠠᠷ ᠰᠠᠯᠠᠭ᠎ᠠ᠂ ᠡᠪᠡᠳᠴᠢᠨ ᠤ᠋ ᠬᠡᠷᠡᠭ ᠤ᠋ᠨ ᠬᠠᠮᠢᠶᠠᠷᠤᠯᠲᠠ᠂ ᠠᠷᠠᠰᠤᠨ ᠤ᠋ ᠰᠠᠯᠠᠭ᠎ᠠ ᠵᠡᠷᠭᠡ ᠣᠯᠠᠨ ᠬᠦᠷᠢᠶᠡᠨ ᠤ᠋ ᠡᠷᠬᠡ ᠰᠦᠷᠲᠦ ᠲᠤᠰᠬᠠᠢ ᠮᠡᠷᠭᠡᠵᠢᠯᠲᠡᠨ ᠢ᠋ ᠪᠠᠭᠲᠠᠭᠠᠵᠠᠢ᠃

ᠠᠵᠢᠯᠯᠠᠭ᠎ᠠ ᠳ᠋ᠤ᠂ ᠲᠤᠰᠬᠠᠢ ᠮᠡᠷᠭᠡᠵᠢᠯᠲᠡᠳ ᠡᠪᠡᠳᠴᠢᠲᠡᠨ ᠤ᠋ ᠥᠷᠥᠭᠡ ᠪᠡᠷ ᠬᠦᠷᠴᠤ᠂ ᠳᠤᠰ ᠬᠣᠰᠢᠭᠤᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠵᠢᠨ ᠡᠯ᠎ᠡ ᠲᠤᠰᠬᠠᠢ ᠰᠠᠯᠠᠭ᠎ᠠ ᠵᠢᠨ ᠡᠮᠴᠢ ᠨᠠᠷ ᠲᠡᠢ ᠭᠦᠨᠵᠡᠭᠡᠢ ᠶᠠᠷᠢᠯᠴᠠᠨ᠂ ᠣᠨᠣᠰᠢᠯᠠᠨ ᠲᠣᠳᠣᠯᠠᠬᠤ ᠰᠡᠳᠬᠢᠴᠡ᠂ ᠡᠮᠨᠡᠨ ᠵᠠᠰᠠᠬᠤ ᠠᠷᠭ᠎ᠠ ᠡᠴᠡ ᠡᠷᠡᠭᠦᠯᠵᠢᠯ ᠤ᠋ᠨ ᠵᠡᠷᠭᠡ ᠲᠠᠯ᠎ᠠ ᠪᠠᠷ ᠪᠥᠬᠥ ᠲᠠᠯ᠎ᠠ ᠵᠢᠨ ᠵᠢᠯᠣᠭᠣᠳᠤᠯᠭ᠎ᠠ ᠥᠭᠴᠡᠢ᠃ ᠪᠠᠰᠠ ᠬᠠᠮᠤᠭ ᠤ᠋ᠨ ᠰᠢᠨ᠎ᠡ ᠠᠨᠠᠭᠠᠬᠤ ᠤᠬᠠᠭᠠᠨ ᠤ᠋ ᠰᠤᠳᠤᠯᠭᠠᠨ ᠤ᠋ ᠪᠦᠲᠦᠭᠡᠯ ᠪᠣᠯᠤᠨ ᠡᠮᠴᠢᠯᠡᠭᠡᠨ ᠤ᠋ ᠲᠤᠷᠰᠢᠯᠭ᠎ᠠ ᠪᠠᠨ ᠬᠤᠪᠢᠶᠠᠯᠴᠠᠵᠠᠢ᠃ ᠡᠮᠴᠢᠯᠡᠭᠡᠨ ᠤ᠋ ᠰᠠᠯᠠᠭ᠎ᠠ ᠵᠢᠨ ᠬᠠᠷᠢᠭᠤᠴᠠᠯᠭᠠᠳᠠᠨ ᠲᠠᠢ ᠨᠢᠭᠡ ᠨᠢᠭᠡᠳ ᠵᠢᠡᠷ ᠰᠠᠨᠠᠯ ᠵᠢᠡᠨ ᠰᠤᠯᠢᠯᠴᠠᠵᠤ᠂ ᠰᠠᠯᠠᠭ᠎ᠠ ᠳᠠᠰᠤᠭ ᠤ᠋ᠨ ᠬᠦᠭᠵᠢᠯᠳᠡ ᠲᠦᠯᠦᠪᠵᠢᠭᠦᠯᠭᠡ᠂ ᠴᠢᠳᠠᠪᠤᠷᠢᠳᠠᠨ ᠢ᠋ ᠬᠦᠮᠦᠵᠢᠭᠦᠯᠬᠦ ᠵᠡᠷᠭᠡ ᠠᠰᠠᠭᠤᠳᠠᠯ ᠳ᠋ᠤ ᠪᠦᠳᠦᠭᠡᠨ ᠪᠠᠢᠭᠤᠯᠤᠯᠳᠠ ᠵᠢᠨ ᠴᠢᠨᠠᠷᠳᠠᠢ ᠰᠠᠨᠠᠯ ᠰᠠᠨᠠᠭᠤᠯᠭ᠎ᠠ ᠦᠭᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号