9 ᠰᠠᠷ᠎ᠠ᠎ᠶᠢᠨ 15᠎ᠤ᠋ ᠡᠳᠦᠷ᠂ 2025 ᠣᠨ᠎ᠤ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠬᠥᠬᠡᠬᠣᠲᠠ᠎ᠳᠤ ᠶᠠᠪᠤᠭᠳᠠᠪᠠ᠃
ᠲᠤᠰ ᠤᠳᠠᠭᠠᠨ᠎ᠤ ᠠᠵᠢᠯᠯᠠᠭ᠎ᠠ᠎ᠶᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠬᠤᠷᠢᠶᠠᠨ᠎ᠤ ᠠᠯᠪᠠᠨ ᠭᠡᠷ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠷᠭᠠᠨ ᠬᠥᠮᠦᠵᠢᠯ᠎ᠦᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠡᠯᠲᠠᠶᠢᠨ ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠴᠢᠮᠡᠭᠡ ᠬᠣᠯᠪᠣᠭ᠎ᠠ ᠢ᠋ᠢᠨ ᠬᠠᠮᠢᠶᠠᠷᠤᠯᠲᠠ᠎ᠶᠢᠨ ᠲᠣᠪᠴᠢᠶ᠎ᠠ᠂ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠤᠷᠢᠶ᠎ᠠ᠂ ᠡᠮᠡᠭᠲᠡᠢᠴᠤᠳ᠎ᠤᠨ ᠬᠤᠯᠪᠤᠭ᠎ᠠ᠂ ᠲᠤᠮᠲᠠᠲᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠤᠪᠢᠶᠠᠷᠢ ᠪᠠᠩᠬᠢ ᠡᠴᠡ ᠬᠠᠮᠲᠤᠷᠠᠨ ᠭᠤᠤᠯᠯᠠᠨ ᠡᠷᠬᠢᠯᠡᠪᠡ᠃
ᠡᠬᠢᠯᠡᠯᠲᠡ᠎ᠶᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠡᠴᠡ ᠰᠤᠷᠭᠠᠭᠤᠯᠢ᠎ᠶᠢᠨ ᠰᠦᠯᠵᠢᠶᠡᠨ᠎ᠦ ᠠᠮᠤᠷ ᠲᠦᠪᠰᠢᠨ᠎ᠦ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ ᠪᠠ ᠴᠢᠲᠠᠪᠤᠷᠢᠲᠠᠨ ᠢ᠋ ᠬᠦᠮᠦᠵᠢᠭᠦᠯᠦᠭᠰᠡᠨ ᠦᠷ᠎ᠡ ᠪᠦᠲᠦᠭᠡᠯ ᠢ᠋ᠢᠡᠨ ᠲᠠᠨᠢᠯᠴᠠᠭᠤᠯᠪᠠ᠃ ᠬᠥᠬᠡᠬᠣᠲᠠ᠂ ᠪᠤᠭᠤᠲᠤ ᠬᠤᠳᠠ᠂ ᠣᠷᠳᠣᠰ ᠬᠤᠳᠠ᠂ ᠤᠯᠠᠭᠠᠨᠴᠠᠪ ᠬᠤᠳᠠ ᠵᠡᠷᠭᠡ ᠲᠦᠷᠪᠡᠨ ᠭᠠᠵᠠᠷ᠎ᠤᠨ ᠰᠦᠯᠵᠢᠶᠡᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠡᠯᠲᠡ ᠢ᠋ᠢᠨ ᠰᠠᠯᠠᠭ᠎ᠠ ᠮᠦᠴᠢᠷ 《ᠬᠥᠬᠡᠬᠣᠲᠠ ᠪᠤᠭᠤᠲᠤ ᠣᠷᠳᠣᠰ ᠤᠯᠠᠭᠠᠨᠴᠠᠪ》᠎ᠤ᠋ᠨ ᠨᠢᠭᠡ ᠴᠤᠬᠴᠠᠵᠢᠭᠤᠯᠬᠤ ᠪᠠᠢᠭᠤᠯᠤᠯᠲᠠ ᠢ᠋ᠢᠨ ᠰᠦᠯᠵᠢᠶᠡᠨ᠎ᠦ ᠠᠮᠤᠷ ᠲᠦᠪᠰᠢᠨ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠵᠦ ᠬᠠᠮᠲᠤ᠎ᠪᠠᠷ ᠵᠠᠰᠠᠬᠤ ᠲᠤᠬᠠᠢ ᠬᠠᠮᠲᠤᠷᠠᠯᠴᠠᠭᠠᠨ᠎ᠤ ᠪᠦᠳᠦᠭᠦᠪᠴᠢ ᠬᠡᠯᠡᠯᠴᠡᠭᠡᠷ ᠲᠣᠭᠲᠠᠪᠠ᠃
ᠠᠵᠢᠯᠯᠠᠭ᠎ᠠ ᠢ᠋ᠢᠨ ᠲᠤᠬᠠᠢ ᠢ᠋ᠢᠨ ᠲᠠᠯᠠᠪᠤᠷ ᠲᠸ᠋ ᠬᠣᠶᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠦ ᠠᠮᠤᠷ ᠲᠦᠪᠰᠢᠨ᠎ᠦ ᠪᠠᠴᠢᠮ ᠪᠠᠢᠳᠠᠯ᠎ᠢ ᠠᠷᠭᠠᠴᠠᠭᠠᠬᠤ ᠮᠡᠷᠭᠡᠵᠢᠯ᠎ᠤᠨ ᠲᠤᠯᠭᠠᠭᠤᠷᠢᠯᠠᠯ᠎ᠤᠨ ᠡᠩᠨᠡᠭᠡ᠎ᠳᠤ ᠫᠠᠢᠰᠠ ᠤᠯᠭᠤᠵᠦ᠂ ᠵᠢᠷᠭᠤᠳᠤᠭᠠᠷ ᠬᠤᠭᠤᠴᠠᠭᠠᠨ᠎ᠤ 《ᠮᠣᠩᠭᠣᠯ ᠮᠣᠷᠢ ᠬᠤᠨᠳᠠᠭᠠᠲᠦ》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠬᠢᠭᠡᠳ ᠮᠡᠳᠡᠭᠡ ᠵᠠᠩᠭᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠡᠬᠢᠯᠡᠬᠦᠯᠪᠡ᠃
ᠣᠢᠯᠠᠭᠠᠭᠰᠠᠨ᠎ᠢᠶᠠᠷ᠂ ᠲᠤᠰ ᠤᠲᠠᠭᠠᠨᠤ ᠤᠬᠠᠭᠤᠯᠭ᠎ᠠ ᠢ᠋ᠢᠨ ᠭᠠᠷᠠᠭ ᠨᠢ 《ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠦ ᠲᠦᠯᠦᠭᠡ ᠪᠠᠢᠬᠤ᠂ ᠰᠦᠯᠵᠢᠶᠡᠨ᠎ᠦ ᠠᠮᠤᠷ ᠲᠦᠪᠰᠢᠨ ᠠᠷᠠᠳ ᠲᠦᠮᠡᠨ᠎ᠳᠦ ᠲᠦᠰᠢᠭᠯᠡᠬᠦ ︱ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠡᠷ ᠴᠢᠨᠠᠷ ᠰᠠᠢᠲᠠᠢ ᠬᠥᠭᠵᠢᠯᠲᠡ᠎ᠶᠢ ᠰᠠᠬᠢᠨ ᠬᠠᠮᠠᠭᠠᠯᠠᠶ᠎ᠠ》 ᠭᠡᠬᠦ ᠪᠡᠷ ᠭᠣᠣᠯ ᠰᠡᠳᠦᠪ ᠪᠤᠯᠭᠠᠵᠦ᠂ ᠮᠠᠨ᠎ᠤ ᠤᠷᠤᠨ 9 ᠰᠠᠷ᠎ᠠ᠎ᠶᠢᠨ 15 ᠡᠴᠡ 21᠎ᠤ᠋ ᠡᠲᠦᠷ ᠪᠤᠯᠲᠠᠯ᠎ᠠ᠂ ᠲᠠᠪᠤᠳᠤᠭᠠᠷ ᠬᠤᠭᠤᠴᠠᠭᠠᠨ᠎ᠤ 《ᠣᠷᠳᠣ᠌ ᠴᠠᠭᠠᠨ ᠬᠡᠷᠡᠮ ᠬᠤᠨᠳᠠᠭᠠᠲᠤ》 ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠵᠢᠴᠢ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠰᠦᠯᠵᠢᠶᠡᠨ᠎ᠦ ᠠᠮᠤᠷ ᠲᠦᠪᠰᠢᠨ᠎ᠦ ᠤᠷ᠎ᠠ ᠴᠢᠳᠠᠪᠤᠷᠢ᠎ᠶᠢᠨ ᠤᠷᠤᠯᠳᠤᠭᠠᠨ᠂ ᠰᠦᠯᠵᠢᠶᠡᠨ᠎ᠦ ᠠᠮᠤᠷ ᠲᠦᠪᠰᠢᠨ᠎ᠦ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ ᠪᠠ ᠴᠢᠳᠠᠪᠤᠷᠢᠲᠠᠨ᠎ᠢ ᠬᠥᠮᠥᠵᠢᠭᠦᠯᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠰᠦᠯᠵᠢᠶᠡᠨ᠎ᠦ ᠠᠮᠤᠷ ᠲᠦᠪᠰᠢᠨ᠎ᠢ ᠪᠡᠶᠡᠴᠢᠯᠡᠨ ᠣᠢᠯᠠᠭᠠᠬᠤ ᠦᠵᠡᠭᠦᠯᠭᠡ ᠪᠠ ᠰᠤᠷᠭᠠᠭᠤᠯᠢ᠎ᠶᠢᠨ ᠬᠦᠷᠢᠶᠡᠨ᠎ᠦ ᠡᠳᠦᠷ᠂ ᠴᠠᠬᠢᠯᠭᠠᠨ ᠬᠣᠯᠪᠣᠭᠠᠨ᠎ᠤ ᠡᠳᠦᠷ᠂ ᠬᠠᠤᠯᠢ᠎ᠪᠠᠷ ᠵᠠᠰᠠᠬᠤ ᠡᠳᠦᠷ᠂ ᠮᠥᠩᠭᠥᠨ ᠭᠦᠢᠯᠭᠡᠭᠡᠨ᠎ᠦ ᠡᠳᠦᠷ᠂ ᠵᠠᠯᠠᠭᠤᠴᠤᠳ ᠪᠠᠭᠠᠴᠤᠳ᠎ᠤᠨ ᠡᠳᠦᠷ᠂ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠡᠳᠦᠷ ᠵᠡᠷᠭᠡ ᠠᠭᠤᠯᠭ᠎ᠠ᠎ᠪᠠᠷ ᠪᠠᠶᠠᠯᠢᠭ᠋᠂ ᠬᠡᠯᠪᠡᠷᠢ ᠮᠠᠶᠢᠭ᠋ ᠣᠯᠠᠨ ᠶᠠᠩᠵᠤ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠶᠢ ᠵᠡᠷᠭᠡ ᠪᠡᠷ ᠥᠷᠨᠢᠭᠦᠯᠵᠦ᠂ ᠺᠠᠳ᠋ᠷ ᠤᠯᠠᠨ ᠲᠦᠮᠡᠨ᠎ᠦ ᠰᠦᠯᠵᠢᠶᠡᠨ᠎ᠦ ᠠᠮᠤᠷ ᠲᠦᠪᠰᠢᠨ᠎ᠦ ᠤᠬᠠᠮᠰᠠᠷ ᠪᠠ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠪᠣᠯᠣᠨ᠎ᠠ᠃