ᠰᠦᠯᠵᠢᠶᠡᠨ᠎ᠦ ᠠᠮᠤᠷ ᠲᠦᠪᠰᠢᠨ᠎ᠦ ᠰᠢᠨᠵᠢᠯᠡᠭᠡᠨ᠎ᠦ ᠪᠠᠢᠭᠤᠯᠤᠯᠲᠠ ᠪᠠ ᠴᠢᠳᠠᠪᠤᠷᠢᠲᠠᠨ᠎ᠢ ᠬᠥᠮᠥᠵᠢᠭᠦᠯᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠶᠠᠪᠤᠬᠲᠠᠵᠠᠢ
2025-09-16 11:03:07
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

9 ᠰᠠᠷ᠎ᠠ ᠢ᠋ᠢᠨ 15᠎ᠤ᠋ ᠡᠲᠦᠷ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠴᠢᠯᠠᠯᠲᠠ᠎ᠶ᠋ᠢᠨ ᠬᠤᠷᠢᠶᠠᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠭᠤᠤᠯᠯᠠᠨ ᠡᠷᠬᠢᠯᠡᠭᠰᠡᠨ ᠰᠦᠯᠵᠢᠶᠡᠨ᠎ᠦ ᠠᠮᠤᠷ ᠲᠦᠪᠰᠢᠨ᠎ᠦ ᠰᠢᠨᠵᠢᠯᠡᠭᠡᠨ᠎ᠦ ᠪᠠᠢᠭᠤᠯᠤᠯᠲᠠ ᠪᠠ ᠴᠢᠳᠠᠪᠤᠷᠢᠲᠠᠨ᠎ᠢ ᠬᠥᠮᠥᠵᠢᠭᠦᠯᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠦᠬᠡᠬᠤᠲᠠ᠎ᠳᠤ ᠶᠠᠪᠤᠬᠲᠠᠪᠠ᠃

ᠲᠤᠰ ᠤᠲᠠᠭᠠᠨ᠎ᠤ ᠰᠤᠳᠤᠯᠤᠨ ᠶᠠᠷᠢᠯᠴᠠᠬᠤ ᠬᠤᠷᠠᠯ ᠪᠤᠯ 2025 ᠤᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠤᠬᠠᠭᠤᠯᠭ᠎ᠠ ᠢ᠋ᠢᠨ ᠭᠠᠷᠠᠭ᠎ᠤᠨ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠰᠢᠷᠢᠰ ᠠᠵᠢᠯᠯᠠᠭ᠎ᠠ ᠢ᠋ᠢᠨ ᠨᠢᠭᠡ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠤᠷᠤᠨ᠎ᠤ ᠳᠣᠲᠣᠷᠠᠬᠢ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠲᠥᠯᠥᠭᠡᠯᠡᠭᠴᠢ ᠵᠢᠴᠢ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠣᠷᠣᠭ᠍ᠴᠢ ᠨᠡᠶ᠋ᠢᠲᠡ 100 ᠭᠠᠷᠤᠢ ᠬᠥᠮᠥᠨ ᠬᠤᠷᠠᠯ᠎ᠳᠤ ᠣᠷᠣᠯᠴᠠᠵᠠᠢ᠃

ᠬᠤᠷᠠᠯ ᠲᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠦ ᠠᠮᠤᠷ ᠲᠦᠪᠰᠢᠨ᠎ᠦ ᠴᠢᠳᠠᠪᠤᠷᠢᠲᠠᠨ ᠢ᠋ ᠬᠦᠮᠦᠵᠢᠭᠦᠯᠬᠦ ᠠᠷᠭ᠎ᠠ ᠬᠡᠮᠵᠢᠶ᠎ᠡ ᠵᠢᠨ ᠪᠢᠴᠢᠭ ᠮᠠᠲᠸᠷᠢᠶᠠᠯ ᠢ᠋ ᠲᠠᠢᠯᠪᠤᠷᠢᠯᠠᠵᠦ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠤᠯᠤᠰ᠎ᠤᠨ ᠲᠡᠷᠢᠭᠦᠨ᠎ᠤ ᠰᠦᠯᠵᠢᠶᠡᠨ᠎ᠦ ᠣᠷᠣᠨ ᠵᠠᠢ᠎ᠶᠢᠨ ᠠᠮᠤᠷ ᠲᠦᠪᠰᠢᠨ᠎ᠦ ᠳᠡᠭᠡᠳᠦ ᠰᠤᠷᠭᠠᠭᠤᠯᠢ ᠵᠢ ᠡᠭᠦᠳᠦᠨ ᠪᠠᠢᠭᠤᠯᠤᠭᠰᠠᠨ ᠠᠬᠢᠴᠠ ᠪᠠ ᠲᠤᠷᠰᠢᠯᠭ᠎ᠠ ᠵᠢ ᠬᠤᠪᠢᠶᠠᠯᠴᠠᠪᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠫᠷᠤᠹᠸᠰᠰᠤᠷ ᠵᠢᠶᠠ ᠶᠠᠨ 《ᠰᠦᠯᠵᠢᠶᠡᠨ᠎ᠦ ᠠᠮᠤᠷ ᠲᠦᠪᠰᠢᠨ᠎ᠦ ᠪᠠᠢᠳᠠᠯ ᠬᠢᠭᠡᠳ ᠠᠷᠭᠠᠴᠠᠭᠠᠬᠤ》 ᠰᠡᠳᠦᠪ᠎ᠢᠶᠡᠷ ᠣᠳᠣᠬᠠᠨ᠎ᠤ ᠪᠦᠬᠦ ᠪᠥᠮᠪᠥᠷᠴᠡᠭ᠎ᠦᠨ ᠰᠦᠯᠵᠢᠶᠡᠨ᠎ᠦ ᠠᠮᠤᠷ ᠲᠦᠪᠰᠢᠨ᠎ᠳᠦ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ ᠪᠣᠯᠣᠨ ᠥᠷᠢᠰᠦᠯᠳᠦᠭᠡᠨ᠎ᠢ ᠭᠦᠨᠵᠡᠭᠡᠢ ᠵᠠᠳᠠᠯᠤᠭᠰᠠᠨ᠎ᠤ ᠬᠠᠮᠲᠤ ᠬᠣᠯᠪᠣᠭᠳᠠᠯ ᠪᠦᠬᠦᠢ ᠠᠷᠭᠠᠴᠠᠭᠠᠬᠤ ᠠᠷᠭ᠎ᠠ ᠪᠣᠳᠣᠯᠭ᠎ᠠ᠎ᠶᠢ ᠳᠤᠷᠠᠳᠴᠠᠢ᠃ ᠭᠤᠸᠠᠩᠵᠸᠦ ᠶᠡᠬᠡ ᠰᠤᠷᠭᠠᠭᠤᠯᠢ᠎ᠶᠢᠨ ᠰᠦᠯᠵᠢᠶᠡᠨ᠎ᠦ ᠠᠮᠤᠷ ᠲᠦᠪᠰᠢᠨ᠎ᠦ ᠳᠡᠭᠡᠳᠦ ᠰᠤᠷᠭᠠᠭᠤᠯᠢ᠎ᠶᠢᠨ ᠵᠠᠬᠢᠷᠤᠯ ᠶᠢᠨ ᠯᠢ ᠬᠤᠸᠠ ᠡᠴᠡ ᠹᠠᠩ ᠪᠢᠨ ᠰᠢᠩ ᠠᠺᠠᠳᠧᠮᠢᠴᠢ᠎ᠶᠢᠨ ᠲᠤᠷᠰᠢᠯᠲᠠ᠎ᠶᠢᠨ ᠠᠩᠭᠢ ᠴᠢᠳᠠᠪᠤᠷᠢᠲᠠᠨ᠎ᠢ ᠬᠥᠮᠥᠵᠢᠭᠦᠯᠬᠦ ᠳᠤᠮᠳᠠ ᠬᠥᠮᠥᠵᠢᠭᠦᠯᠬᠦ ᠰᠢᠰᠲᠧᠮ᠂ ᠪᠠᠭ᠍ᠰᠢ᠎ᠶᠢᠨ ᠡᠩᠨᠡᠭᠡ ᠪᠠ ᠦᠢᠯᠡᠳᠦᠯᠭᠡ᠎ᠶᠢᠨ ᠲᠠᠪᠴᠠᠩ᠎ᠢ ᠰᠢᠰᠲᠧᠮ᠎ᠲᠠᠢ᠎ᠪᠡᠷ ᠳᠠᠬᠢᠨ ᠪᠠᠢᠭᠤᠯᠵᠤ᠂ 《ᠰᠢᠯᠢᠨ ᠰᠣᠩᠭᠣᠬᠤ᠂ ᠬᠥᠮᠥᠵᠢᠭᠦᠯᠬᠦ᠂ ᠦᠨᠡᠯᠡᠬᠦ᠂ ᠭᠠᠳᠠᠭ᠍ᠰᠢ ᠭᠠᠷᠭᠠᠬᠤ》 ᠵᠡᠷᠭᠡ ᠪᠥᠬᠥ ᠶᠠᠪᠤᠴᠠ᠎ᠶᠢᠨ ᠰᠢᠨ᠎ᠡ᠎ᠶᠢ ᠡᠭᠦᠳᠬᠦ᠎ᠶᠢ ᠪᠡᠶᠡᠯᠡᠭᠦᠯᠦᠭᠰᠡᠨ ᠪᠠᠢᠳᠠᠯ ᠢ᠋ ᠲᠠᠨᠢᠯᠴᠠᠭᠤᠯᠵᠦ᠂ ᠮᠠᠨ᠎ᠤ ᠤᠷᠤᠨ᠎ᠤ ᠶᠡᠬᠡ ᠳᠡᠭᠡᠳᠦ ᠰᠤᠷᠭᠠᠭᠤᠯᠢ᠎ᠳᠤ ᠲᠣᠯᠢ ᠪᠣᠯᠬᠤᠢᠴᠠ ᠦᠢᠯᠡᠲᠦᠯᠭᠡ ᠢ᠋ᠢᠨ ᠠᠷᠭ᠎ᠠ ᠵᠠᠮ᠎ᠢ ᠬᠠᠩᠭᠠᠪᠠ᠃

ᠶᠠᠷᠢᠯᠴᠠᠭᠠᠨ᠎ᠤ ᠭᠤᠬᠴᠤᠭ᠎ᠠ᠎ᠳᠤ᠂ ᠶᠡᠬᠡ ᠲᠡᠭᠡᠲᠦ ᠰᠤᠷᠭᠠᠭᠤᠯᠢ ᠪᠠ ᠠᠵᠦ ᠠᠬᠤᠢᠯᠠᠯ᠎ᠤᠨ 6 ᠲᠦᠯᠦᠭᠡᠯᠡᠭᠴᠢ ᠰᠢᠨᠵᠢᠯᠡᠭᠡᠨ᠎ᠦ ᠰᠠᠯᠠᠭ᠎ᠠ᠎ᠶᠢᠨ ᠦᠨᠡᠯᠡᠨ ᠵᠢᠱ᠌ᠢᠬᠦ ᠭᠦᠢᠴᠡᠳᠬᠡᠯ ᠲᠣᠭ᠎ᠠ᠎ᠶᠢ ᠰᠢᠯᠢᠳᠡᠭᠵᠢᠭᠦᠯᠬᠦ᠂ ᠵᠠᠰᠠᠭ᠎ᠤᠨ ᠤᠷᠳᠤᠨ ᠰᠤᠷᠭᠠᠭᠤᠯᠢ ᠠᠵᠤ ᠠᠬᠤᠢᠯᠠᠯ᠎ᠤᠨ ᠬᠠᠮᠵᠢᠯᠴᠠᠬᠤ ᠲᠣᠭᠲᠠᠴᠠ᠎ᠶᠢᠨ ᠰᠢᠨ᠎ᠡ᠎ᠶᠢ ᠡᠭᠦᠳᠬᠦ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠪᠤᠳᠤᠯ ᠰᠠᠨᠠᠯ ᠢ᠋ᠢᠡᠨ ᠰᠤᠯᠢᠯᠴᠠᠨ ᠶᠠᠷᠢᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号