ᠲᠠᠭ᠎ᠠ ᠢ᠋ᠢᠨ ᠨᠠᠭᠤᠷ ᠤ᠋ᠨ ᠤᠰᠤᠨ ᠤ᠋ ᠴᠠᠷᠠᠭ᠎ᠠ ᠤᠢᠷ᠎ᠠ ᠢ᠋ᠢᠨ 10 ᠵᠢᠯ ᠤ᠋ᠨ ᠱᠢᠨ᠎ᠡ ᠲᠡᠮᠳᠡᠭ᠌ᠯᠡᠯ ᠢ᠋ ᠡᠭᠦᠳᠪᠡ
2025-09-16 20:13:30
ᠵᠣᠬᠢᠶᠠᠭ᠍ᠴᠢ᠄
​ ᠦᠨᠢᠷ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠣᠢᠷ᠎ᠠ ᠢ᠋ᠢᠨ ᠵᠢᠯ ᠳ᠋ᠤ ᠮᠠᠨ ᠤ᠋ ᠤᠷᠤᠨ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠪᠤᠯᠤᠨ ᠵᠠᠰᠠᠯᠲᠠ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠤ᠋ᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠱᠢᠰᠲ᠋ᠧᠮ ᠢ᠋ ᠪᠥᠬᠥ᠌ ᠲᠠᠯ᠎ᠠ ᠪᠠᠷ ᠪᠠᠢᠭᠤᠯᠵᠤ᠂ ᠡᠵᠢ ᠭᠤᠤᠯ ᠤ᠋ᠨ ᠠᠮᠢ ᠠᠬᠤᠶ ᠢ᠋ᠢᠨ ᠰᠡᠷᠭᠦᠯᠲᠡ ᠶ᠋ᠢ ᠬᠦᠴᠦᠲᠠᠢ ᠠᠬᠢᠭᠤᠯᠪᠠ᠃ ᠣᠳᠣᠬᠠᠨ ᠳ᠋ᠤ ᠲᠠᠭ᠎ᠠ ᠢ᠋ᠢᠨ ᠨᠠᠭᠤᠷ ᠤ᠋ᠨ ᠤᠰᠤᠨ ᠤ᠋ ᠴᠠᠷᠠᠭ᠎ᠠ 59.7 ᠲᠡᠭ᠌ᠰᠢ ᠳᠥᠷᠪᠡᠯᠵᠢᠨ ᠺᠢᠯᠣᠮᠧᠲ᠋ᠷ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 15.5 ᠲᠡᠭ᠌ᠰᠢ ᠳᠥᠷᠪᠡᠯᠵᠢᠨ ᠺᠢᠯᠣᠮᠧᠲ᠋ᠷ ᠨᠡᠮᠡᠭ᠌ᠳᠡᠵᠦ᠍᠂ ᠣᠢᠷ᠎ᠠ ᠢ᠋ᠢᠨ 10 ᠵᠢᠯ ᠤ᠋ᠨ ᠱᠢᠨ᠎ᠡ ᠲᠡᠮᠳᠡᠭ᠌ᠯᠡᠯ ᠢ᠋ ᠡᠭᠦᠳᠦᠭᠰᠡᠨ ᠪᠠᠢᠨ᠎ᠠ᠃

ᠲᠠᠭ᠎ᠠ ᠢ᠋ᠢᠨ ᠨᠠᠭᠤᠷ ᠪᠣᠯ ᠥᠪᠥᠷ ᠮᠣᠩᠭᠣᠯ ᠤ᠋ᠨ ᠭᠤᠷᠪᠠᠳᠤᠭᠠᠷ ᠶᠡᠬᠡ ᠳᠣᠲᠣᠭᠠᠳᠤ ᠬᠠᠭᠤᠷᠠᠶ ᠢ᠋ᠢᠨ ᠨᠠᠭᠤᠷ ᠶᠤᠮ᠃ ᠠᠭᠤᠷ ᠠᠮᠢᠰᠭᠤᠯ ᠤ᠋ᠨ ᠬᠤᠪᠢᠷᠠᠯᠲᠠ ᠪᠣᠯᠤᠨ ᠵᠣᠷᠢᠭᠤᠳᠠ ᠢ᠋ᠢᠨ ᠬᠦᠴᠦᠨ ᠵᠦᠶ᠋ᠯ ᠤ᠋ᠨ ᠨᠥᠯᠥᠭᠡ ᠡᠴᠡ ᠪᠣᠯᠵᠣ ᠤᠰᠤᠨ ᠤ᠋ ᠴᠠᠷᠠᠭ᠎ᠠ ᠨᠢ ᠨᠢᠭᠡᠨ ᠦᠶ᠎ᠡ ᠨᠡᠯᠢᠶᠡᠳ ᠪᠠᠭᠠᠰᠴᠠᠢ᠃ ᠡᠬᠦᠨ ᠳ᠋ᠤ ᠦᠪᠡᠷᠳᠡᠬᠡᠨ ᠵᠠᠰᠠᠬᠤ ᠤᠷᠤᠨ ᠡᠴᠡ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠲᠣᠭᠣᠷᠢᠨ ᠳ᠋ᠤ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠢ᠋ ᠬᠡᠷᠡᠭ᠌ᠵᠢᠭᠦᠯᠵᠦ᠍᠂ ᠲᠠᠭ᠎ᠠ ᠢ᠋ᠢᠨ ᠨᠠᠭᠤᠷ ᠲᠦ᠍ ᠤᠷᠢᠳ ᠬᠤᠵᠢᠳ ᠨᠡᠢᠲᠡ 6316 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠡ᠃ ᠤᠳᠤ ᠪᠤᠯᠬᠤ ᠳ᠋ᠤ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠦᠷ᠎ᠡ ᠪᠦᠲᠦᠮᠵᠢ ᠠᠭᠠᠵᠢᠮ ᠢ᠋ᠢᠡᠷ ᠢᠯᠡᠷᠡᠵᠤ᠂ ᠭᠤᠤᠯ ᠤ᠋ᠨ ᠲᠠᠩ ᠤ᠋ᠨ ᠣᠷᠣᠨ ᠤ᠋ ᠭᠠᠵᠠᠷ ᠳᠤᠤᠷᠠᠬᠢ ᠤᠰᠤᠨ ᠲᠦᠪᠱᠢᠨ ᠲᠣᠭ᠍ᠲᠠᠪᠤᠷᠢᠵᠢᠵᠤ᠂ ᠤᠷᠭᠤᠮᠠᠯ ᠤ᠋ᠨ ᠬᠤᠴᠢᠯᠭ᠎ᠠ᠂ ᠱᠢᠪᠠᠭᠤᠨ ᠤ᠋ ᠲᠥᠷᠥᠯ ᠵᠦᠶ᠋ᠯ ᠢᠯᠡᠳᠲᠡ ᠨᠡᠮᠡᠭ᠌ᠳᠡᠨ᠂ ᠨᠠᠭᠤᠷ ᠤ᠋ᠨ ᠣᠷᠣᠨ ᠤ᠋ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠲᠣᠭ᠍ᠲᠠᠭᠤᠨ ᠢ᠋ᠢᠡᠷ ᠳᠡᠭᠡᠭ᠌ᠰᠢᠯᠡᠵᠦ᠍᠂ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ ᠠᠬᠤᠶ ᠵᠢᠴᠢ ᠡᠷᠬᠢᠨ ᠲᠣᠭᠣᠷᠢᠨ ᠤ᠋ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠢᠯᠡᠳᠲᠡ ᠰᠠᠢᠵᠢᠷᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号