ᠪᠣᠳᠠᠰ᠎ᠤ᠋ᠨ ᠪᠤᠰᠤ ᠰᠣᠶᠣᠯ᠎ᠤ᠋ᠨ ᠥᠪ᠎ᠢ᠋ ᠤᠯᠠᠮᠵᠢᠯᠠᠬᠤ᠎ᠳ᠋ᠤ ᠰᠣᠶᠣᠯ᠎ᠤ᠋ᠨ ᠬᠦᠴᠦᠨ᠎ᠳᠤ ᠲᠤᠯᠭᠠᠭᠤᠷᠢᠯᠠᠨ᠎ᠠ
2025-09-17 16:46:23
ᠵᠣᠬᠢᠶᠠᠭ᠍ᠴᠢ᠄
ᠭᠤᠤ ᠷᠦᠢ ᠹᠸᠩ
ᠣᠩᠱᠢᠭ᠍ᠰᠠᠨ ᠣᠳᠠᠭ᠎ᠠ᠄
★★★☆☆

ᠪᠣᠳᠠᠰ᠎ᠤᠨ ᠪᠤᠰᠤ ᠰᠣᠶᠣᠯ᠎ᠤᠨ ᠥᠪ ᠪᠣᠯ ᠨᠢᠭᠡ ᠦᠨᠳᠦᠰᠦᠲᠡᠨ᠎ᠤ ᠰᠣᠶᠣᠯ᠎ᠤᠨ 《ᠠᠮᠢᠳᠤ ᠴᠢᠯᠠᠭᠤᠵᠢᠮᠠᠯ》 ᠪᠠᠢᠵᠤ᠂ ᠲᠡᠤᠬᠡ᠎ᠶ᠋ᠢᠨ ᠮᠦᠷ ᠤᠯᠪᠠᠭ᠎ᠠ ᠪᠠ ᠦᠨᠳᠦᠰᠦᠲᠡᠨ᠎ᠤ ᠣᠶᠤᠨ ᠤᠬᠠᠭᠠᠨ᠎ᠢ ᠠᠴᠢᠶᠠᠯᠠᠵᠤ ᠪᠠᠢᠳᠠᠭ᠃ ᠭᠡᠲᠡᠯ᠎ᠡ ᠣᠳᠣᠬᠠᠨ᠎ᠳᠤ ᠮᠠᠰᠢ ᠣᠯᠠᠨ ᠪᠣᠳᠠᠰ᠎ᠤᠨ ᠪᠤᠰᠤ ᠰᠤᠶᠤᠯ᠎ᠤᠨ ᠥᠪ᠎ᠢ ᠤᠯᠠᠮᠵᠢᠯᠠᠬᠤ ᠬᠦᠴᠢᠷᠳᠡᠯ᠎ᠳᠤ ᠲᠤᠯᠭᠠᠷᠠᠵᠤ ᠪᠤᠢ᠃ ᠪᠣᠳᠠᠰ᠎ᠤᠨ ᠪᠤᠰᠤ ᠰᠣᠶᠣᠯ᠎ᠤᠨ ᠥᠪ᠎ᠢ ᠠᠮᠢᠵᠢᠷᠠᠯ᠎ᠤᠨ ᠬᠦᠴᠦᠨ᠎ᠲᠠᠢ ᠪᠣᠯᠭᠠᠬᠤ᠎ᠳᠤ ᠰᠣᠶᠣᠯ᠎ᠤᠨ ᠬᠦᠴᠦᠨ᠎ᠤ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ᠃

ᠰᠣᠶᠣᠯ᠎ᠤᠨ ᠬᠦᠴᠦ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ᠎ᠳᠤ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠠ ᠥᠷᠲᠡᠭ᠎ᠤᠨ ᠵᠢᠯᠣᠭᠤᠳᠤᠮᠵᠢ ᠬᠠᠩᠭᠠᠪᠠ᠃ ᠪᠣᠳᠠᠰ᠎ᠤᠨ ᠪᠤᠰᠤ ᠰᠣᠶᠣᠯ᠎ᠤᠨ ᠥᠪ ᠦᠨᠳᠦᠰᠦᠲᠡᠨ᠎ᠤ ᠰᠣᠶᠣᠯ᠎ᠤᠨ ᠭᠧᠨ ᠪᠠ ᠭᠤᠸ᠎ᠠ ᠲᠠᠭᠠᠰᠢᠶᠠᠯ᠎ᠤᠨ ᠬᠦᠰᠡᠯᠡᠩ᠎ᠢ ᠨᠢᠭ᠍ᠲᠠᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ ᠪᠣᠯ ᠳᠠᠷᠤᠢ ᠦᠨᠳᠦᠰᠦᠲᠡᠨ᠎ᠤ ᠰᠣᠶᠣᠯ᠎ᠤᠨ ᠦᠨᠳᠦᠰᠦ᠎ᠶ᠋ᠢ ᠰᠠᠬᠢᠨ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ᠃ ᠪᠢᠳᠡ ᠪᠣᠳᠠᠰ᠎ᠤᠨ ᠪᠤᠰᠤ ᠰᠣᠶᠣᠯ᠎ᠤᠨ ᠥᠪ ᠲᠦ᠍ ᠠᠭᠤᠯᠤᠭ᠍ᠳᠠᠵᠤ ᠪᠠᠢᠭ᠎ᠠ ᠰᠣᠶᠣᠯ᠎ᠤᠨ ᠦᠨ᠎ᠡ ᠥᠷᠲᠡᠭ ᠪᠣᠯᠤᠨ ᠣᠶᠤᠨ ᠰᠠᠨᠠᠭᠠᠨ᠎ᠤ ᠠᠭᠤᠯᠤᠭ᠍ᠳᠠᠬᠤᠨ᠎ᠢ ᠲᠠᠨᠢᠵᠤ ᠣᠯᠪᠠᠯ ᠡᠳᠡᠭᠡᠷ ᠤᠯᠠᠮᠵᠢᠯᠠᠯᠲᠤ ᠤᠷ᠎ᠠ ᠮᠡᠷᠭᠡᠵᠢᠯ ᠪᠣᠯᠤᠨ ᠰᠣᠶᠣᠯ᠎ᠤᠨ ᠬᠡᠯᠪᠡᠷᠢ᠎ᠶ᠋ᠢ ᠴᠢᠩ ᠰᠡᠳᠭᠢᠯ᠎ᠡᠴᠡ᠎ᠪᠡᠨ ᠬᠦᠨᠳᠦᠳᠭᠡᠨ ᠬᠠᠢᠷᠠᠯᠠᠬᠤ ᠪᠣᠯᠤᠨ᠎ᠠ᠃ ᠤᠯᠠᠮᠵᠢᠯᠠᠯᠲᠤ ᠪᠠᠶᠠᠷ᠎ᠤᠨ ᠡᠳᠦᠷ᠎ᠤᠨ ᠵᠠᠩ ᠦᠢᠯᠡ᠂ ᠠᠷᠠᠳ᠎ᠤᠨ ᠤᠷᠠᠯᠢᠭ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠶ᠎ᠡ ᠤᠯᠠᠷᠢᠨ ᠤᠯᠠᠮᠵᠢᠯᠠᠭ᠍ᠳᠠᠵᠤ ᠪᠠᠢᠬᠤ᠎ᠨᠢ ᠬᠥᠮᠦᠰ᠎ᠤᠨ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠠ ᠦᠨᠳᠦᠰᠦᠲᠡᠨ᠎ᠤ ᠰᠣᠶᠣᠯ᠎ᠤᠨ ᠤᠮᠤᠭᠰᠢᠯ᠎ᠢ ᠠᠴᠢᠶᠠᠯᠠᠵᠤ ᠪᠠᠢᠭ᠎ᠠ ᠡᠴᠡ ᠪᠤᠯᠵᠠᠢ᠃

ᠰᠣᠶᠣᠯ᠎ᠤ᠋ᠨ ᠬᠦᠴᠦ ᠪᠠᠰᠠ ᠪᠣᠳᠠᠰ᠎ᠤ᠋ᠨ ᠪᠤᠰᠤ ᠰᠣᠶᠣᠯ᠎ᠤ᠋ᠨ ᠤᠯᠠᠮᠵᠢᠯᠠᠭ᠍ᠴᠢᠳ᠎ᠢ᠋ ᠬᠦᠨᠳᠦᠳᠭᠡᠬᠦ ᠪᠠ ᠬᠥᠮᠦᠵᠢᠭᠦᠯᠬᠦ᠌ ᠳᠡᠭᠡᠷ᠎ᠡ ᠢᠯᠡᠷᠡᠵᠦ᠍ ᠪᠠᠢᠳᠠᠭ᠃ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ᠎ᠶ᠋ᠢᠨ ᠵᠠᠩᠭᠢᠯᠠᠭ᠎ᠠ᠎ᠨᠢ ᠥᠪᠡᠷᠮᠢᠴᠡ ᠤᠷ᠎ᠠ ᠮᠡᠷᠭᠡᠵᠢᠯ᠎ᠢ ᠡᠵᠡᠮᠱᠢᠭ᠌ᠰᠡᠨ ᠤᠯᠠᠮᠵᠢᠯᠠᠭ᠍ᠴᠢ᠎ᠳᠤ ᠪᠤᠢ᠃ ᠰᠣᠶᠣᠯ᠎ᠤᠨ ᠬᠦᠴᠦ᠎ᠮᠠᠨ᠎ᠤ᠎ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ᠎ᠵᠢ ᠬᠦᠨᠳᠦᠳᠭᠡᠬᠦ ᠵᠢ ᠱᠠᠭᠠᠷᠳᠠᠵᠤ ᠪᠤᠢ᠂ ᠲᠡᠳᠡᠨ᠎ᠳᠤ ᠪᠠᠢᠪᠠᠰᠤ ᠵᠣᠬᠢᠬᠤ ᠨᠡᠢᠭᠡᠮ᠎ᠤᠨ ᠪᠠᠢᠷᠢ ᠰᠠᠭᠤᠷᠢ ᠦᠭᠴᠦ᠂ ᠪᠣᠳᠠᠰ᠎ᠤᠨ ᠪᠠᠲᠤᠯᠠᠭ᠎ᠠ ᠵᠢ ᠨᠢ ᠬᠠᠩᠭᠠᠨ᠂ ᠲᠡᠳᠡᠨ᠎ᠤ ᠰᠠᠨᠠᠭ᠎ᠠ ᠠᠮᠤᠷ ᠤᠷ᠎ᠠ ᠡᠷᠳᠡᠮ᠎ᠵᠢᠡᠨ ᠤᠯᠠᠮᠵᠢᠯᠠᠬᠤ ᠵᠢ ᠪᠠᠲᠤᠯᠠᠨ᠎ᠠ᠃ ᠡᠭᠦᠨ᠎ᠤ ᠬᠠᠮᠲᠤ᠌᠂ ᠬᠥᠮᠦᠵᠢᠭᠦᠯᠬᠦ ᠪᠠ ᠤᠬᠠᠭᠤᠯᠬᠤ᠎ᠪᠠᠷ ᠳᠠᠮᠵᠢᠭᠤᠯᠤᠨ᠂ ᠨᠠᠩ ᠣᠯᠠᠨ ᠵᠠᠯᠠᠭᠤᠴᠤᠳ᠎ᠢ ᠲᠠᠲᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ ᠡᠩᠨᠡᠭᠡᠨ᠎ᠳᠤ ᠣᠷᠣᠯᠴᠠᠭᠤᠯᠬᠤ ᠬᠡᠷᠡᠭ᠌ᠲᠡᠶ᠃

ᠪᠣᠳᠠᠰ᠎ᠤ᠋ᠨ ᠪᠤᠰᠤ ᠰᠣᠶᠣᠯ᠎ᠤ᠋ᠨ ᠥᠪ᠎ᠢ ᠤᠯᠠᠮᠵᠢᠯᠠᠬᠤ᠎ᠳᠤ ᠰᠣᠶᠣᠯ᠎ᠤ᠋ᠨ ᠬᠦᠴᠦᠨ᠎ᠦ᠌ ᠱᠢᠮᠡᠵᠢᠭᠦᠯᠬᠦ ᠪᠠ ᠲᠤᠯᠭᠠᠭᠤᠷᠢᠯᠠᠬᠤ᠎ᠠ᠋ᠴᠠ ᠰᠠᠯᠵᠤ ᠴᠢᠳᠠᠬᠤ ᠦᠭᠡᠢ᠃ ᠭᠠᠭ᠍ᠴᠠ ᠬᠦ᠌ ᠪᠦᠬᠦ᠌ ᠨᠡᠢᠭᠡᠮ᠎ᠢᠶᠠᠷ᠎ᠢᠶᠠᠨ ᠬᠠᠮᠲᠤ᠎ᠪᠠᠷ ᠴᠢᠷᠮᠠᠢᠵᠤ᠂ ᠤᠯᠠᠮᠵᠢᠯᠠᠯ᠎ᠢ ᠬᠦᠨᠳᠦᠳᠭᠡᠬᠦ᠂ ᠰᠣᠶᠣᠯ᠎ᠢ ᠤᠯᠠᠮᠵᠢᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠᠯ ᠰᠠᠶᠢ ᠪᠣᠳᠠᠰ᠎ᠤᠨ ᠪᠤᠰᠤ ᠰᠣᠶᠣᠯ᠎ᠤᠨ ᠥᠪ ᠱᠢᠨ᠎ᠡ ᠴᠠᠭ ᠦᠶ᠎ᠡ᠎ᠳᠤ ᠭᠡᠷᠡᠯ ᠭᠢᠯᠪᠠᠭ᠎ᠠ᠎ᠪᠠᠨ ᠨᠡᠩ ᠰᠠᠴᠤᠷᠠᠭᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号