ᠠᠯᠲᠠᠨ ᠨᠠᠮᠤᠷ᠎ᠤᠨ ᠶᠢᠰᠦᠨ ᠰᠠᠷ᠎ᠠ᠎ᠳᠤ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠲᠤᠲᠤᠷᠭ᠎ᠠ᠎ᠵᠢᠨ ᠠᠩᠬᠢᠯᠤᠮ᠎ᠠ ᠦᠨᠦᠷ ᠬᠠᠩᠬᠤᠯᠵᠤ᠂ ᠡᠯᠪᠡᠭ ᠬᠤᠷᠢᠶᠠᠯᠲᠠ ᠵᠢᠨ ᠤᠷᠠᠢ ᠬᠠᠩᠬᠢᠨᠠᠨ᠎ᠠ᠃ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ᠎ᠢᠶᠡᠷ ᠵᠢᠯᠣᠭᠣᠳᠣᠯᠭ᠎ᠠ ᠪᠣᠯᠭᠠᠵᠤ᠂ ᠲᠥᠷᠥ᠎ᠶ᠋ᠢᠨ ᠪᠣᠳᠣᠯᠭ᠎ᠠ᠎ᠪᠠᠷ ᠠᠷᠠᠳ᠎ᠲᠤ ᠠᠱᠢᠭ ᠬᠦᠷᠲᠡᠭᠡᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠲᠠᠷᠢᠶᠠᠯᠠᠩ᠎ᠢ ᠲᠡᠳᠬᠦᠬᠦ᠌᠂ ᠴᠢᠳᠠᠪᠤᠷᠢᠲᠠᠨ᠎ᠢᠶᠠᠷ ᠲᠠᠷᠢᠶᠠᠯᠠᠩ᠎ᠢ ᠬᠥᠭ᠌ᠵᠢᠭᠦᠯᠬᠦ᠌ ᠵᠡᠷᠭᠡ ᠬᠦᠷᠢᠶᠡᠨ᠎ᠳᠦ ᠣᠯᠠᠨ ᠲᠠᠯ᠎ᠠ᠎ᠪᠠᠷ ᠬᠦᠴᠦᠯᠡᠵᠦ᠍᠂ ᠬᠠᠮᠵᠢᠯᠴᠠᠨ ᠱᠢᠪᠲᠤᠯᠤᠯᠲᠠ ᠬᠢᠵᠦ᠍᠂ ᠨᠠᠮ᠎ᠤᠨ ᠬᠠᠯᠠᠮᠵᠢ ᠪᠠ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠮᠠᠯᠴᠢᠨ ᠲᠠᠷᠢᠶᠠᠴᠢᠨ᠎ᠤ ᠨᠢᠳᠦᠨ᠎ᠳᠦ ᠦᠵᠡᠭ᠌ᠳᠠᠵᠤ ᠭᠠᠷ᠎ᠲᠤ ᠪᠠᠷᠢᠭ᠍ᠳᠠᠮ᠎ᠠ ᠠᠷᠠᠳ᠎ᠤᠨ ᠠᠮᠢᠳᠤᠷᠠᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠤᠢ᠃
《ᠥᠩᠭᠡᠷᠡᠭ᠌ᠰᠡᠨ᠎ᠳᠦ ᠪᠢᠳᠠ ᠨᠥᠬᠥᠪᠥᠷᠢ ᠮᠥᠩᠭᠥ᠌ ᠭᠤᠶᠤᠴᠢᠯᠠᠬᠤ ᠬᠢᠷᠢ ᠬᠡᠮ ᠪᠠᠢᠬᠤ ᠡᠰᠡᠬᠦ ᠪᠠᠨ ᠮᠡᠳᠡᠳᠡᠭ ᠦᠭᠡᠢ ᠪᠠᠢᠯ᠎ᠠ᠂ ᠡᠨᠡ ᠤᠳᠠᠭ᠎ᠠ ᠪᠢᠳᠡᠨ᠎ᠳᠤ ᠲᠣᠳᠣᠷᠬᠠᠶ ᠶᠠᠷᠢᠵᠦ ᠦᠭᠴᠡᠢ!》 9 ᠰᠠᠷ᠎ᠠ᠎ᠶ᠋ᠢᠨ 5᠎ᠤ᠋ ᠡᠳᠦᠷ᠂ ᠬᠥᠬᠡᠬᠣᠲᠠ᠎ᠶ᠋ᠢᠨ ᠬᠣᠷᠢᠨᠭᠡᠷ ᠱᠢᠶᠠᠨ᠎ᠤ ᠱᠧᠩ ᠯᠸ ᠪᠠᠯᠭᠠᠰᠤ᠎ᠶ᠋ᠢᠨ ᠳ᠋ᠤᠸᠠᠨ ᠵᠢᠶᠠ ᠶᠤᠸᠠᠨ ᠲᠣᠰᠭᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠤᠷ ᠲᠸ᠋ ᠲᠣᠰᠭᠣᠨ᠎ᠤ ᠠᠷᠠᠳ ᠤᠬᠠᠭᠤᠯᠤᠨ ᠲᠠᠢᠯᠪᠤᠷᠢᠯᠠᠭ᠍ᠴᠢ᠎ᠶ᠋ᠢ ᠲᠤᠭᠤᠷᠢᠨ ᠰᠠᠭᠤᠯᠴᠠᠵᠤ᠂ ᠮᠠᠳᠠᠭ ᠲᠠᠢ ᠠᠰᠠᠭᠤᠳᠠᠯ᠎ᠢᠶᠡᠨ ᠨᠢᠭᠡᠳ ᠨᠢᠭᠡ ᠪᠡᠷᠠᠰᠠᠭᠤᠵᠤ᠂ ᠤᠯᠠᠨ᠎ᠤ ᠴᠢᠷᠠᠢ᠎ᠳᠦ ᠪᠠᠶᠠᠷ ᠪᠠᠬᠠᠳᠤᠯ᠎ᠢᠶᠠᠷ ᠪᠢᠯᠬᠠᠨ᠎ᠠ᠃
ᠲᠣᠰ ᠡᠳᠦᠷ᠂ ᠬᠣᠷᠢᠨᠭᠡᠷ ᠱᠢᠶᠠᠨ᠎ᠤ ᠮᠠᠯ ᠠᠵᠤ ᠠᠬᠤᠶ ᠲᠠᠷᠢᠶᠠᠯᠠᠩ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ 《ᠨᠡᠢᠳᠡᠯᠢᠭ ᠬᠡᠷᠡᠭ᠎ᠢᠶᠡᠷ ᠲᠠᠢᠯᠤᠮᠵᠢ ᠬᠢᠬᠦ᠌ + ᠲᠤᠬᠠᠶ᠎ᠶ᠋ᠢᠨ ᠲᠠᠯᠠᠪᠠᠶᠳ᠋ᠤ ᠠᠰᠠᠭᠤᠯᠲᠠ᠎ᠶ᠋ᠢ ᠬᠠᠷᠢᠭᠤᠯᠬᠤ》 ᠬᠡᠯᠪᠡᠷᠢ᠎ᠪᠡᠷ᠂ 2025 ᠣᠨ᠎ᠤ ᠲᠠᠷᠢᠶᠠᠴᠢᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠵᠢᠴᠢ ᠨᠥᠬᠥᠪᠥᠷᠢ᠎ᠶ᠋ᠢᠨ ᠨᠠᠷᠢᠨ ᠲᠠᠩᠰᠠ᠎ᠶ᠋ᠢ 《ᠵᠠᠳᠠᠯᠵᠤ ᠦᠭᠬᠦᠨ》᠂ ᠲᠥᠷᠥ᠎ᠶ᠋ᠢᠨ ᠪᠣᠳᠣᠯᠭ᠎ᠠ ᠭᠥᠷᠳᠡᠬᠦ᠌ ᠨᠥᠬᠥᠴᠡᠯ ᠪᠠ ᠭᠤᠶᠤᠴᠢᠯᠠᠬᠤ ᠶᠠᠪᠤᠴᠠ᠎ᠶ᠋ᠢ ᠲᠣᠳᠣᠷᠬᠠᠶ ᠲᠠᠢᠯᠪᠤᠷᠢᠯᠠᠵᠦ ᠲᠣᠰᠭᠣᠨ᠎ᠤ ᠠᠷᠠᠳ᠎ᠤᠨ ᠬᠥᠳᠡᠭᠡ ᠲᠣᠰᠭᠣᠨ᠎ᠤ ᠵᠠᠰᠠᠯᠲᠠ ᠪᠠ ᠲᠥᠷᠥ᠎ᠶ᠋ᠢᠨ ᠪᠣᠳᠣᠯᠭ᠎ᠠ᠎ᠶ᠋ᠢᠨ ᠰᠤᠷᠤᠯᠴᠠᠯᠭ᠎ᠠ᠎ᠳᠤ ᠰᠠᠨᠠᠭᠠᠴᠢᠯᠠᠭ᠎ᠠ᠎ᠡᠴᠡ᠎ᠪᠠᠨ ᠣᠷᠣᠯᠴᠠᠬᠤ᠎ᠶ᠋ᠢ ᠬᠥᠲᠥᠯᠥᠨ ᠵᠢᠯᠣᠭᠣᠳᠪᠠ᠃
《ᠴᠠᠭᠠᠰᠤᠨ ᠳᠡᠭᠡᠷ᠎ᠠ》 ᠡᠴᠡ 《ᠲᠠᠷᠢᠶᠠᠨ ᠦᠵᠦᠬᠦᠷ》 ᠬᠦᠷᠲᠡᠯ᠎ᠡ᠂ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠲᠠᠷᠢᠶᠠᠨ ᠭᠠᠵᠠᠷ᠎ᠲᠦ ᠰᠢᠭᠤᠳ ᠬᠦᠷᠭᠡᠪᠡ᠃ ᠪᠥᠬᠥ᠌ ᠣᠷᠣᠨ᠎ᠤ ᠮᠠᠯ ᠠᠵᠤ ᠠᠬᠤᠶ ᠲᠠᠷᠢᠶᠠᠯᠠᠩ ᠤ᠋ᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷ ᠲᠦᠷᠦᠭᠦᠯᠡᠨ 《ᠳᠥᠷᠪᠡ᠎ᠶ᠋ᠢ ᠬᠦᠳᠡᠭᠡ ᠪᠠᠭᠤᠯᠭᠠᠵᠤ》᠂ ᠳᠠᠭᠠᠭᠠᠴᠢᠯᠠᠨ ᠬᠠᠷᠢᠯᠴᠠᠵᠤ ᠬᠠᠪᠰᠤᠷᠤᠨ ᠲᠡᠳᠬᠦᠬᠦ᠌᠂ ᠲᠣᠰᠭᠣᠨ᠎ᠳᠤ ᠰᠠᠭᠤᠵᠤ ᠦᠶ᠋ᠯᠡᠴᠢᠯᠡᠬᠦ᠌᠎ᠪᠡᠷ ᠳᠠᠮᠵᠢᠨ ᠠᠷᠠᠳ᠎ᠤᠨ ᠰᠠᠨᠠᠯ᠎ᠢ ᠨᠢᠭᠤᠷᠲᠠᠨ ᠰᠣᠨᠣᠰᠴᠤ᠌᠂ ᠠᠷᠠᠳ᠎ᠤᠨ ᠵᠣᠪᠠᠭᠤᠷᠢ᠎ᠶ᠋ᠢ ᠱᠢᠶ᠋ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠨᠠᠷᠢᠨ ᠲᠠᠩᠰᠠ᠎ᠶ᠋ᠢ ᠪᠠᠢᠭᠤᠯᠵᠤ᠂ 《ᠠᠷᠠᠳ᠎ᠤᠨ ᠠᠮᠢᠳᠤᠷᠠᠯ᠎ᠤᠨ 10 ᠪᠣᠳᠠᠲᠤ ᠶᠠᠪᠤᠳᠠᠯ》᠎ᠢ᠋ ᠰᠣᠩᠭᠣᠨ ᠭᠠᠷᠭᠠᠵᠤ᠂ ᠤᠳᠤᠷᠢᠳᠭᠤ ᠺᠠᠳ᠋ᠷ ᠲᠦᠷᠦᠭᠦᠯᠡᠨ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠴᠤ᠌ ᠳᠣᠷᠣᠭ᠍ᠰᠢ ᠪᠠᠭᠤᠵᠤ᠂ ᠦᠨᠳᠦᠰᠦᠨ ᠱᠠᠲᠤ ᠪᠠ ᠣᠯᠠᠨ ᠲᠦᠮᠡᠨ᠎ᠢ ᠬᠠᠪᠰᠤᠷᠤᠨ ᠪᠠᠴᠢᠮᠳᠡᠵᠦ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ 807 ᠠᠰᠠᠭᠤᠳᠠᠯ᠎ᠢ᠎ᠨᠢ ᠱᠢᠶ᠋ᠳᠪᠦᠷᠢᠯᠡᠪᠡ᠃
ᠲᠣᠰ ᠲᠢᠩᠬᠢᠮ ᠪᠣᠳᠠᠲᠤ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠱᠢᠯᠭᠠᠨ ᠪᠠᠢᠴᠠᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠡᠨᠡ ᠵᠢᠯ᠎ᠡᠴᠡ ᠨᠠᠭᠠᠰᠢ 5 ᠲᠦᠮᠡ ᠭᠠᠷᠤᠶ ᠡᠷᠦᠬᠡ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠵᠣᠬᠢᠶᠠᠨ ᠪᠠᠢᠭᠤᠯᠤᠨ 《ᠲᠦᠷᠦᠭᠦᠴᠢ ᠭᠠᠯᠠᠭᠤ》᠂ ᠱᠢᠨ᠎ᠡ ᠲᠠᠷᠢᠶᠠᠴᠢᠨ᠎ᠢ ᠬᠥᠮᠦᠵᠢᠭᠦᠯᠬᠦ᠌ ᠠᠵᠢᠯ᠎ᠢ ᠥᠷᠨᠢᠭᠦᠯᠵᠦ᠍᠂ ᠮᠤᠵᠢ ᠠᠯᠤᠰᠯᠠᠨ ᠬᠠᠷᠢᠯᠴᠠᠨ ᠰᠤᠷᠪᠤᠯᠵᠢᠯᠠᠬᠤ᠂ ᠤᠷᠤᠯᠳᠤᠭᠠᠨ ᠶᠠᠪᠤᠭᠤᠯᠬᠤ᠂ ᠤᠬᠠᠭᠤᠯᠤᠨ ᠲᠠᠨᠢᠯᠴᠠᠭᠤᠯᠬᠤ ᠪᠠ ᠤᠷ᠎ᠠ ᠮᠡᠷᠭᠡᠵᠢᠯ᠎ᠢᠶᠡᠨ ᠳᠡᠯᠭᠡᠨ ᠦᠵᠡᠭᠦᠯᠬᠦ᠌ ᠵᠡᠷᠭᠡ 27 ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ 1000 《ᠲᠦᠷᠦᠭᠦᠴᠢ ᠭᠠᠯᠠᠭᠤ》 ᠵᠢ ᠪᠣᠢᠵᠢᠭᠤᠯᠬᠤ ᠡᠭᠦᠷᠭᠡ᠎ᠶ᠋ᠢ ᠪᠡᠶᠡᠯᠡᠭᠦᠯᠵᠦ᠍᠂ 《ᠮᠸᠩ ᠶᠠᠨ ᠲᠠᠷᠢᠶᠠᠯᠠᠩ᠎ᠢ ᠬᠥᠭ᠌ᠵᠢᠭᠦᠯᠬᠦ᠌》 ᠲᠦᠷᠦᠯ ᠲᠡᠮᠳᠡᠭ᠌᠎ᠢ ᠡᠭᠦᠳᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠤ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠲᠦᠮᠡ ᠭᠠᠷᠤᠶ᠂ ᠬᠥᠳᠡᠭᠡ ᠲᠣᠰᠭᠣᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠳᠠᠭᠠᠭᠤᠯᠤᠭ᠍ᠴᠢ ᠵᠢ1000 ᠬᠦᠮᠦᠨ᠂ ᠬᠡᠷᠡᠭ᠌ᠯᠡᠭᠡᠨ᠎ᠦ ᠴᠢᠳᠠᠪᠤᠷᠢᠲᠠᠨᠳᠠᠭᠠᠭᠤᠯᠤᠭ᠍ᠴᠢᠶ᠋ᠢ 1200 ᠪᠣᠯᠪᠠᠰᠤᠷᠠᠭᠤᠯᠵᠤ᠂ 《ᠤᠮᠠᠷᠠᠲᠤ ᠬᠢᠯᠢ᠎ᠶ᠋ᠢᠨ ᠱᠢᠨ᠎ᠡ ᠲᠠᠷᠢᠶᠠᠴᠢᠨ》᠎ᠤ᠋ ᠲᠥᠷᠥᠯ ᠲᠡᠮᠳᠡᠭ᠎ᠢ ᠬᠦᠴᠦᠯᠡᠨ ᠡᠬᠦᠳᠪᠡ᠃
《ᠡᠢᠮᠦᠷᠬᠦᠦ ᠲᠤᠬᠠᠢ᠎ᠶ᠋ᠢᠨ ᠲᠠᠯᠠᠪᠤᠷ ᠲᠠᠬᠢ ᠵᠢᠭᠠᠨ ᠰᠤᠷᠭᠠᠯᠲᠠ ᠨᠢ ᠮᠠᠰᠢ ᠬᠡᠷᠡᠭ᠌ᠴᠡᠭᠡ᠎ᠲᠡᠶ ᠶᠤᠮ᠃ ᠪᠢ ᠲᠥᠮᠥᠰᠥᠨ᠎ᠦ ᠬᠡᠮ ᠬᠢᠵᠢᠭ᠎ᠢ ᠬᠡᠷᠬᠢᠨ ᠢᠯᠭᠠᠬᠤ᠎ᠶ᠋ᠢ ᠮᠡᠳᠡᠭ᠌ᠰᠡᠨ᠎ᠢᠶᠡᠷ ᠪᠠᠷᠠᠬᠤ ᠥᠬᠡᠶ᠂ ᠪᠠᠰᠠ ᠡᠪᠡᠳᠴᠢᠨ᠎ᠳᠦᠨᠢ ᠳᠣᠭᠢᠷᠠᠭ᠍ᠰᠠᠨ ᠪᠠᠺᠲ᠋ᠧᠷᠢ ᠠᠯᠠᠬᠤ ᠡᠮ᠎ᠢ ᠡᠷᠢᠵᠤ ᠣᠯᠵᠠᠢ᠂ ᠡᠨᠡ ᠵᠢᠯ᠎ᠦᠨ ᠬᠤᠷᠢᠶᠠᠯᠲᠠ ᠨᠠᠩ ᠪᠠᠲᠤᠯᠠᠭ᠎ᠠ᠎ᠲᠠᠶ ᠪᠣᠯᠵᠠᠶ》 ᠭᠡᠵᠦ 8 ᠰᠠᠷ᠎ᠠ᠎ᠶ᠋ᠢᠨ 14 ᠤ᠋ ᠡᠳᠦᠷ᠂ ᠬᠥᠬᠡᠬᠣᠲᠠ᠎ᠶ᠋ᠢᠨ ᠦᠴᠦᠸᠠᠨ ᠱᠢᠶᠠᠨ᠎ᠤ ᠲᠥᠮᠥᠰᠥᠨ ᠲᠠᠷᠢᠶᠠᠨ᠎ᠳᠤ᠂ ᠲᠠᠷᠢᠮᠠᠯ᠎ᠤᠨ ᠡᠷᠦᠬᠡ ᠰᠠᠶᠢᠬᠠᠨ ᠣᠯᠵᠤ ᠠᠪᠤᠭ᠍ᠰᠠᠨ ᠲᠠᠷᠢᠶᠠᠯᠠᠩ᠎ᠤᠨ ᠮᠡᠷᠭᠡᠵᠢᠯ᠎ᠦᠨ ᠮᠠᠲ᠋ᠧᠷᠢᠶᠠᠯ ᠪᠣᠯᠤᠨ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭ᠌ᠰᠡᠯᠵᠢᠡᠨ ᠦᠵᠡᠨ ᠦᠵᠡᠨ ᠪᠠᠶᠠᠷᠯᠠᠨ ᠬᠡᠯᠡᠪᠡ᠃ ᠲᠣᠰ ᠡᠳᠦᠷ ᠂ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠢ ᠬᠠᠮᠠᠭᠠᠯᠠᠵᠤ ᠪᠠᠢᠴᠠᠭᠠᠬᠤ ᠲᠥᠪ᠎ᠦᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠭᠠᠵᠠᠷ᠎ᠤᠨ ᠨᠠᠮ᠎ᠤᠨ ᠡᠭᠦᠷ᠂ ᠬᠥᠬᠡᠬᠣᠲᠠ᠎ᠶ᠋ᠢᠨ ᠤᠷᠭᠤᠮᠠᠯ᠎ᠢ ᠬᠠᠮᠠᠭᠠᠯᠠᠵᠤ ᠪᠠᠢᠴᠠᠭᠠᠬᠤ ᠲᠥᠪ᠎ᠦᠨ ᠨᠠᠮ᠎ᠤᠨ ᠡᠭᠦᠷ᠂ ᠦᠴᠦᠸᠠᠨ ᠱᠢᠶᠠᠨ᠎ᠤ ᠮᠠᠯ ᠠᠵᠤ ᠠᠬᠤᠶ᠎ᠲᠠᠷᠢᠶᠠᠯᠠᠩ ᠤ᠋ᠨ ᠮᠡᠷᠭᠡᠵᠢᠯ᠎ᠢ ᠳᠡᠯᠭᠡᠷᠡᠭᠦᠯᠬᠦ᠌ ᠲᠥᠪ᠎ᠦᠨ ᠨᠠᠮ᠎ᠤᠨ ᠡᠭᠦᠷ᠎ᠲᠡᠶ ᠬᠠᠮᠲᠤᠷᠠᠨ ᠬᠥᠬᠡᠬᠣᠲᠠ᠎ᠶ᠋ᠢᠨ ᠦᠴᠦᠸᠠᠨ ᠱᠢᠶᠠᠨ᠎ᠳᠤ 《ᠲᠥᠷᠥ᠎ᠶ᠋ᠢᠨ ᠪᠣᠳᠣᠯᠭ᠎ᠠ ᠬᠦᠷᠭᠡᠬᠦ᠌᠂ ᠮᠡᠷᠭᠡᠵᠢᠯ ᠬᠦᠷᠭᠡᠬᠦ᠌᠂ ᠦᠶ᠋ᠯᠡᠴᠢᠯᠡᠭᠡ ᠬᠦᠷᠭᠡᠬᠦ᠌》 ᠬᠠᠮᠲᠤᠷᠠᠭ᠍ᠰᠠᠨ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠍᠂ ᠲᠠᠷᠢᠶᠠᠯᠠᠩ᠎ᠤᠨ ᠮᠡᠷᠭᠡᠵᠢᠯ᠎ᠦᠨ ᠬᠢᠴᠢᠶᠡᠯ᠎ᠦᠨ ᠲᠠᠩᠬᠢᠮ᠎ᠢ ᠲᠠᠷᠢᠶᠠᠨ ᠭᠠᠵᠠᠷ᠎ᠲᠤ ᠱᠢᠯᠵᠢᠭᠦᠯᠪᠡ᠃
ᠡᠨᠡ ᠵᠢᠯ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠳᠤ ᠪᠣᠷᠣᠭᠠᠨ ᠬᠤᠷ᠎ᠠ ᠡᠯᠪᠡᠭ ᠣᠷᠣᠬᠰᠠᠨ ᠵᠢᠡᠷ᠂ ᠲᠥᠮᠥᠰᠥ᠎ᠶ᠋ᠢᠨ ᠭᠤᠤᠯ ᠭᠠᠷᠤᠯᠲᠠ᠎ᠶ᠋ᠢᠨ ᠣᠷᠣᠨ᠎ᠤ ᠬᠢᠵᠢᠭ ᠡᠪᠡᠳᠴᠢᠨ ᠡᠭᠦᠰᠭᠦ ᠬᠡᠪᠴᠢᠶ᠎ᠡ ᠥᠷᠭᠡᠳᠴᠦ᠍᠂ 《ᠶᠠᠮᠠᠷ ᠡᠮ ᠰᠣᠩᠭᠣᠬᠤ᠂ ᠶᠠᠭᠠᠬᠢᠵᠤ ᠡᠮ ᠬᠡᠷᠡᠭ᠌ᠯᠡᠬᠦ᠌》 ᠨᠢ ᠲᠠᠷᠢᠮᠠᠯ᠎ᠤᠨ ᠡᠷᠦᠬᠡ᠎ᠶ᠋ᠢᠨ ᠰᠡᠳᠭᠢᠯ᠎ᠦᠨ ᠡᠪᠡᠳᠴᠢᠨ ᠪᠣᠯᠵᠠᠶ᠃ ᠲᠥᠮᠥᠰᠥ᠎ᠶ᠋ᠢᠨ ᠬᠢᠵᠢᠭ ᠡᠪᠡᠳᠴᠢᠨ ᠡᠭᠦᠰᠦᠭ᠌ᠰᠡᠨ ᠭᠠᠵᠠᠷ᠎ᠲᠤ᠂ ᠤᠷᠭᠤᠮᠠᠯ᠎ᠢ ᠬᠠᠮᠠᠭᠠᠯᠠᠵᠤ ᠪᠠᠢᠴᠠᠭᠠᠬᠤ ᠲᠥᠪ᠎ᠦᠨ ᠮᠡᠷᠭᠡᠵᠢᠯᠲᠡᠨ ᠬᠡᠷᠬᠢᠨ ᠡᠪᠡᠳᠴᠢᠨ᠎ᠳᠦᠨᠢ ᠲᠣᠬᠢᠷᠠᠭᠤᠯᠤᠨ ᠡᠮ ᠰᠣᠩᠭᠣᠬᠤ᠂ ᠬᠡᠷᠬᠢᠨ ᠲᠠᠷᠢᠶᠠᠨ ᠡᠮ᠎ᠢ ᠵᠦᠶ ᠵᠣᠬᠢᠰᠲᠠᠶ ᠬᠣᠯᠢᠵᠤ ᠨᠠᠢᠷᠠᠭᠤᠯᠬᠤ ᠵᠡᠷᠭᠡ᠎ᠶ᠋ᠢᠨ ᠲᠣᠭᠣᠷᠢᠨ᠎ᠳᠤ ᠲᠤᠬᠠᠶ᠎ᠶ᠋ᠢᠨ ᠲᠠᠯᠠᠪᠠᠶ᠎ᠳᠤ ᠲᠠᠢᠯᠤᠮᠵᠢ ᠬᠢᠵᠦ᠍᠂ ᠨᠠᠷᠢᠨ ᠪᠤᠳᠤᠯᠢᠶᠠᠨᠲᠠᠶ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢ ᠲᠠᠷᠢᠶᠠᠴᠢᠳ᠎ᠤᠨ ᠰᠣᠨᠣᠰᠴᠤ᠌ ᠣᠢᠯᠠᠭᠠᠬᠤ ᠦᠭᠡ ᠬᠡᠯᠡ ᠪᠡᠷ ᠤᠨᠤᠪᠴᠢᠳᠠᠢ ᠲᠠᠢᠯᠪᠤᠷᠢᠯᠠᠵᠤ᠂ ᠲᠠᠷᠢᠶᠠᠴᠢᠳ᠎ᠤᠨ ᠰᠡᠳᠭᠢᠯ᠎ᠦᠨ ᠡᠪᠡᠳᠴᠢᠨ᠎ᠢ ᠠᠷᠢᠯᠭᠠᠵᠠᠢ᠃
ᠱᠢᠯᠢ᠎ᠶ᠋ᠢᠨ ᠭᠤᠤᠯ ᠠᠢᠮᠠᠭ᠎ᠲᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠮᠡᠷᠭᠡᠵᠢᠯ᠎ᠢ ᠳᠣᠷᠣᠭ᠍ᠰᠢ ᠪᠠᠭᠤᠯᠭᠠᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠪᠠᠷ ᠭᠤᠤᠯ ᠪᠣᠯᠭᠠᠭ᠍ᠰᠠᠨ ᠲᠠᠷᠢᠶᠠᠯᠠᠩ᠎ᠢ ᠲᠤᠰᠠᠯᠠᠬᠤ ᠠᠵᠢᠯᠯᠠᠭ᠎ᠠ ᠶᠠᠭ ᠶᠠᠪᠤᠭ᠍ᠳᠠᠵᠤ ᠪᠣᠶ᠃ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ᠎ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠲᠥᠪ᠎ᠦᠨ ᠮᠠᠯ ᠠᠵᠤ ᠠᠬᠤᠶ᠎ᠶ᠋ᠢᠨ ᠮᠡᠷᠭᠡᠵᠢᠯ᠎ᠦᠨ ᠭᠠᠵᠠᠷ᠎ᠤᠨ ᠨᠠᠮ᠎ᠤᠨ ᠡᠭᠦᠷ ᠱᠢᠯᠢ᠎ᠶ᠋ᠢᠨ ᠭᠤᠤᠯ ᠠᠢᠮᠠᠭ᠎ᠤᠨ ᠬᠥᠪᠡᠭᠡᠲᠦ ᠱᠢᠷ᠎ᠠ ᠬᠣᠱᠢᠭᠤᠨ᠎ᠤ ᠮᠠᠯ ᠠᠵᠤ ᠠᠬᠤᠶ᠎ᠶ᠋ᠢᠨ ᠠᠵᠢᠯᠯᠠᠬᠤ ᠥᠷᠲᠡᠭᠡ᠎ᠶ᠋ᠢᠨ ᠨᠠᠮ᠎ᠤᠨ ᠡᠭᠦᠷ᠂ ᠪᠠᠶᠠᠨᠲᠠᠯ᠎ᠠ ᠪᠠᠯᠭᠠᠰᠤᠨ᠎ᠤ ᠤᠪᠤᠭᠠᠨ ᠭᠣᠣᠯ ᠭᠠᠴᠡᠭᠠᠨ᠎ᠤ ᠨᠠᠮ᠎ᠤᠨ ᠡᠭᠦᠷ᠎ᠲᠡᠶ ᠬᠠᠮᠲᠤᠷᠠᠨ ᠬᠠᠮᠲᠤᠷᠠᠭ᠍ᠰᠠᠨ ᠦᠶ᠋ᠯᠡᠴᠢᠯᠡᠭᠡᠨ᠎ᠦ ᠠᠩᠭᠢ ᠪᠠᠢᠭᠤᠯᠵᠤ᠂ 《ᠵᠢᠵᠢᠭ ᠤᠭᠲᠤᠯᠤᠭᠠᠰᠤ》 ᠪᠠᠷ ᠦᠶ᠋ᠯᠡᠴᠢᠯᠡᠭᠡᠨ᠎ᠦ 《ᠱᠢᠪᠲᠤᠯᠬᠤ ᠴᠡᠭ》 ᠢ᠋ ᠨᠡᠭᠡᠭᠡᠵᠦ᠍᠂ ᠮᠠᠯᠴᠢᠳ᠎ᠤᠨ ᠪᠠᠴᠢᠮᠳᠠᠵᠤ ᠲᠦᠪᠡᠭᠳᠡᠵᠦ ᠵᠣᠪᠠᠨᠢᠵᠦ ᠬᠦᠰᠡᠵᠦ᠍ ᠪᠠᠢᠭ᠎ᠠ ᠠᠰᠠᠭᠤᠳᠠᠯ᠎ᠢ ᠦᠨᠡᠨ ᠪᠤᠳᠠᠳᠠᠢ ᠱᠢᠶ᠋ᠳᠪᠦᠷᠢᠯᠡᠪᠡ᠃
ᠬᠠᠮᠲᠤᠷᠠᠭ᠍ᠰᠠᠨ ᠦᠶ᠋ᠯᠡᠴᠢᠯᠡᠭᠡᠨ᠎ᠦ ᠠᠩᠭᠢ᠎ᠨᠢ ᠮᠠᠯᠴᠢᠳ᠎ᠤᠨ ᠪᠡᠯᠴᠢᠭᠡᠷ᠎ᠢ ᠠᠮᠠᠷᠠᠭᠤᠯᠬᠤ ᠬᠤᠭᠤᠴᠠᠭᠠᠨ᠎ᠳᠠᠬᠢ ᠦᠶ᠋ᠯᠡᠳᠪᠦᠷᠢᠯᠡᠯ᠎ᠦᠨ ᠪᠣᠳᠠᠲᠤ ᠬᠡᠷᠡᠭ᠌ᠴᠡᠭᠡ᠎ᠶ᠋ᠢᠨ ᠲᠣᠭᠣᠷᠢᠨ᠎ᠳᠤ᠂ ᠨᠠᠮ᠎ᠤᠨ ᠭᠡᠱᠢᠭᠦᠨ ᠮᠡᠷᠭᠡᠵᠢᠯ᠎ᠦᠨ ᠭᠤᠤᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 13 ᠵᠢᠱ᠌ᠢᠶ᠎ᠡ ᠦᠵᠡᠭᠦᠯᠬᠦ᠌ ᠡᠷᠦᠬᠡ᠎ᠯᠦᠭᠡ 《ᠨᠢᠭᠡ ᠨᠢᠬᠡ ᠪᠡᠷ ᠬᠠᠷᠢᠯᠴᠠᠬᠤ》 ᠬᠠᠨᠳᠤᠯᠭᠠᠲᠤ ᠴᠢᠨᠠᠷᠲᠠᠢ ᠵᠣᠯᠭᠠᠭᠤᠯᠬᠤ ᠲᠣᠭ᠍ᠲᠡᠴᠡᠪᠠᠢᠭᠤᠯᠵᠤ᠂ ᠦᠶ᠋ᠯᠡᠳᠪᠦᠷᠢᠯᠡᠯ᠎ᠦᠨ ᠬᠦᠴᠢᠷ ᠠᠰᠠᠭᠤᠳᠠᠯ᠎ᠢ ᠤᠨᠢᠨ ᠲᠡᠬᠡᠷ᠎ᠡ ᠨᠢ ᠱᠢᠶ᠋ᠳᠪᠦᠷᠢᠯᠡᠪᠡ᠃ ᠡᠭᠦᠨ ᠤ᠋ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠮᠠᠯ ᠠᠵᠤ ᠠᠬᠤᠢ᠎ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠱᠢᠰᠲᠧᠮ ᠳ᠋ᠤ᠌ ᠲᠦᠱᠢᠭ᠌ᠯᠡᠨ᠂ 《ᠲᠥᠷᠥ᠎ᠶ᠋ᠢᠨ ᠪᠤᠳᠤᠯᠭ᠎ᠠ᠎ᠶ᠋ᠢᠨ ᠲᠠᠢᠯᠤᠮᠵᠢ + ᠮᠡᠷᠭᠡᠵᠢᠯ᠎ᠤᠨ ᠵᠢᠯᠤᠭᠤᠳᠤᠯᠭ᠎ᠠ + ᠬᠡᠷᠡᠭ᠌ᠴᠡᠭᠡ᠎ᠶ᠋ᠢ ᠵᠣᠯᠭᠠᠭᠤᠯᠬᠤ》 ᠭᠤᠷᠪᠠ᠎ᠶ᠋ᠢ ᠨᠢᠭᠡ ᠴᠤᠭ᠍ᠴᠠᠵᠢᠭᠤᠯᠤᠭ᠍ᠰᠠᠨ ᠦᠢᠯᠡᠴᠢᠯᠡᠭᠡᠨ ᠤ᠋ ᠵᠠᠭ᠍ᠪᠤᠷ᠎ᠢᠶᠠᠷ ᠳᠠᠮᠵᠢᠨ᠂ ᠮᠠᠯ ᠠᠵᠤ ᠠᠬᠤᠢ᠎ᠶ᠋ᠢᠨ ᠦᠢᠯᠡᠳᠪᠦᠷᠢᠯᠡᠯ ᠳ᠋ᠤ᠌ ᠲᠤᠰᠭᠠᠢ ᠮᠡᠷᠭᠡᠵᠢᠯ᠎ᠤᠨ᠂ ᠥᠨᠳᠥᠷ ᠦᠷ᠎ᠡ ᠪᠦᠲᠦᠮᠵᠢᠲᠡᠢ ᠮᠡᠷᠭᠡᠵᠢᠯ᠎ᠤᠨ ᠲᠤᠯᠭᠠᠭᠤᠷᠢᠯᠠᠯ ᠬᠠᠩᠭᠠᠵᠤ᠂ ᠲᠤᠰᠠᠲᠠᠢ ᠮᠡᠷᠭᠡᠵᠢᠯ ᠢ᠋ ᠬᠡᠷᠡᠭ᠌ᠯᠡᠨ ᠮᠠᠯᠴᠢᠳ᠎ᠲᠤ ᠨᠢᠳᠤᠨ ᠳ᠋ᠤ᠌ ᠦᠵᠡᠭ᠌ᠳᠠᠵᠤ ᠭᠠᠷ᠎ᠲᠤ ᠪᠠᠷᠢᠭ᠍ᠳᠠᠮ᠎ᠠ ᠠᠱᠢᠭ ᠬᠦᠷᠲᠡᠭᠡᠪᠡ᠃
ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢ ᠠᠷᠠᠳ᠎ᠤᠨ ᠰᠡᠳᠭᠢᠯ᠎ᠳᠤ ᠬᠦᠷᠭᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠤᠬᠠᠭᠤᠯᠭ᠎ᠠ᠎ᠶ᠋ᠢᠨ ᠠᠵᠢᠯ᠎ᠢ ᠦᠷᠭᠦᠯᠵᠢᠯᠡᠨ ᠥᠷᠨᠢᠭᠦᠯᠵᠦ᠍᠂ ᠠᠳᠠᠯᠢ ᠪᠤᠰᠤ ᠬᠥᠮᠦᠰ᠎ᠦᠨ ᠬᠡᠷᠡᠭ᠌ᠴᠡᠭᠡ᠎ᠶ᠋ᠢᠨ ᠵᠥᠷᠢᠶ᠎ᠡ᠎ᠳᠦ ᠴᠢᠭ᠌ᠯᠡᠭᠦᠯᠦᠨ᠂ ᠤᠰᠤ ᠪᠣᠷᠲᠣᠭᠣᠷ᠎ᠢ ᠨᠢᠭᠡ ᠴᠤᠭ᠍ᠴᠠᠵᠢᠭᠤᠯᠬᠤ᠂ ᠮᠢᠬᠠᠨ᠎ᠤ ᠦᠬᠡᠷ ᠬᠣᠨᠢ ᠪᠣᠷᠳᠣᠬᠤ᠂ ᠲᠦᠬᠦᠭᠡᠷᠦᠮᠵᠢᠲᠦ ᠲᠠᠷᠢᠶᠠᠯᠠᠩ᠂ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠵᠡᠷᠭᠡ ᠲᠣᠭᠣᠷᠢᠨ᠎ᠳᠤ 60 ᠭᠠᠷᠤᠶ ᠸᠢᠳᠢᠣ᠋ ᠦᠶ᠋ᠯᠡᠳᠪᠡ᠃ 《ᠲᠠᠷᠢᠶᠠᠴᠢᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢ ᠬᠡᠷᠬᠢᠨ ᠭᠤᠶᠤᠴᠢᠯᠠᠬᠤ》 ᠲᠥᠷᠥ᠎ᠶ᠋ᠢᠨ ᠪᠣᠳᠣᠯᠭ᠎ᠠ᠎ᠶ᠋ᠢᠨ ᠮᠠᠳᠠᠭ᠎ᠲᠠᠶ ᠠᠰᠠᠭᠤᠳᠠᠯ᠎ᠡᠴᠡ ᠠᠪᠤᠭᠠᠳ᠂ 《ᠮᠢᠬᠠᠨ᠎ᠤ ᠦᠬᠡᠷ ᠬᠣᠨᠢ ᠪᠣᠷᠳᠤᠬᠤ᠎ᠳᠤ ᠥᠪᠡᠷ᠎ᠦᠨ ᠥᠷᠲᠡᠭ᠎ᠢ ᠬᠡᠷᠬᠢᠨ ᠪᠠᠭᠤᠷᠠᠭᠤᠯᠵᠤ ᠦᠷ᠎ᠡ ᠠᠱᠢᠭ᠎ᠢ ᠨᠡᠮᠡᠭ᠌ᠳᠡᠭᠦᠯᠬᠦ᠌》 ᠮᠡᠷᠭᠡᠵᠢᠯ᠎ᠦᠨ ᠮᠠᠳᠠᠭ ᠲᠠᠢ ᠠᠰᠠᠭᠤᠳᠠᠯ᠎ᠢ ᠰᠢᠢᠳᠪᠦᠷᠢᠯᠡᠬᠦ ᠬᠦᠷᠲᠡᠯ᠎ᠡ᠂ 《ᠬᠤᠵᠢᠷᠯᠢᠭ ᠭᠠᠵᠠᠷ᠎ᠢ ᠬᠡᠷᠬᠢᠨ ᠰᠠᠢᠨ ᠲᠠᠷᠢᠶᠠᠨ ᠭᠠᠵᠠᠷ ᠪᠣᠯᠭᠠᠬᠤ》 ᠡᠬᠢ ᠪᠠᠶᠠᠯᠢᠭ᠎ᠢ ᠠᠱᠢᠭ᠍ᠯᠠᠬᠤ ᠪᠡᠷᠬᠡ ᠠᠰᠠᠭᠤᠳᠠᠯ᠎ᠢ ᠰᠢᠢᠳᠪᠦᠷᠢᠯᠡᠬᠦ᠎ᠡᠴᠡ ᠠᠪᠤᠭᠠᠳ 《ᠬᠣᠨᠢᠨ ᠠᠷᠠᠰᠤ ᠨᠤᠤᠰᠤ ᠪᠣᠯᠪᠠᠰᠤᠷᠠᠭᠤᠯᠬᠤ᠎ᠳᠤ ᠨᠡᠮᠡᠯᠲᠡ ᠥᠷᠲᠡᠭ᠎ᠢ ᠬᠡᠷᠬᠢᠨ ᠳᠡᠭᠡᠭ᠌ᠰᠢᠯᠡᠭᠦᠯᠬᠦ᠌》 ᠠᠵᠤ ᠦᠶ᠋ᠯᠡᠰ᠎ᠦᠨ ᠬᠡᠷᠡᠭ᠌ᠴᠡᠭᠡ ᠬᠦᠷᠲᠡᠯ᠎ᠡ᠂ ᠸᠢᠳᠢᠣ᠋ ᠪᠦᠷᠢ ᠨᠢ ᠴᠥᠮ ᠮᠠᠯᠴᠢᠨ ᠲᠠᠷᠢᠶᠠᠴᠢᠨ᠎ᠤ ᠪᠣᠳᠠᠲᠤ ᠬᠡᠷᠡᠭ᠌ᠴᠡᠭᠡ᠎ᠲᠠᠶ ᠨᠢᠭ᠍ᠲᠠ ᠤᠶᠠᠯᠳᠤᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠦᠶ᠋ᠯᠡᠳᠪᠦᠷᠢᠯᠡᠯ ᠪᠠ ᠠᠮᠢᠳᠤᠷᠠᠯ᠎ᠳᠤ ᠦᠨᠡᠨ ᠬᠦ᠌ ᠣᠢᠷᠠᠲᠤᠭᠤᠯᠪᠠ᠃ ᠮᠠᠰᠢ ᠣᠯᠠᠨ ᠸᠢᠳᠢᠣ᠋᠎ᠶ᠋ᠢ ᠬᠦᠯᠢᠶᠡᠨ ᠠᠪᠴᠤ ᠦᠵᠡᠭᠰᠡᠨ ᠬᠡᠮᠵᠢᠶ᠎ᠡ 10 ᠲᠦᠮᠡ᠎ᠶ᠋ᠢ ᠳᠠᠪᠠᠵᠤ᠂ ᠮᠠᠯᠴᠢᠨ ᠲᠠᠷᠢᠶᠠᠴᠢᠨ ᠣᠯᠠᠨ ᠲᠦᠮᠡᠨ᠎ᠳᠦ 100 ᠲᠦᠮᠡᠨ ᠬᠥᠮᠦᠨ ᠤᠳᠠᠭ᠎ᠠ᠎ᠡᠴᠡ ᠳᠡᠭᠡᠭ᠌ᠰᠢ ᠦᠶ᠋ᠯᠡᠴᠢᠯᠡᠵᠦ᠍᠂ ᠣᠯᠠᠨ ᠲᠦᠮᠡᠨ᠎ᠳᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠳᠤᠮᠳᠠ ᠨᠠᠮ᠎ᠤᠨ ᠬᠠᠢᠷ᠎ᠠ ᠬᠠᠯᠠᠮᠵᠢ᠎ᠶ᠋ᠢ ᠦᠨᠡᠨ ᠬᠦ᠌ ᠮᠡᠳᠡᠷᠡᠭᠦᠯᠪᠡ᠃
ᠡᠭᠦᠨ᠎ᠦ ᠬᠠᠮᠲᠤ᠂ ᠲᠣᠰ ᠲᠢᠩᠬᠢᠮ ᠦᠷᠭᠦᠯᠵᠢᠯᠡᠨ ᠲᠠᠷᠢᠶᠠᠯᠠᠩ᠎ᠲᠠᠶ ᠬᠣᠯᠪᠣᠭ᠍ᠳᠠᠭ᠍ᠰᠠᠨ ᠲᠦᠮᠡ ᠭᠠᠷᠤᠶ ᠠᠵᠤ ᠠᠬᠤᠢᠯᠠᠯ ᠡᠴᠡ 《ᠢᠯᠡ᠎ᠪᠡᠷ ᠰᠠᠨᠠᠯ ᠰᠠᠨᠠᠭᠤᠯᠭ᠎ᠠ ᠬᠤᠷᠢᠶᠠᠵᠤ》᠂ 1000 ᠭᠠᠷᠤᠶ ᠳᠠᠭᠠᠭᠤᠯᠤᠭ᠍ᠴᠢ ᠠᠵᠤ ᠠᠬᠤᠢᠯᠠᠯ᠎ᠳᠤ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ ᠲᠠᠷᠬᠠᠭᠠᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠤᠯᠪᠠᠰᠤᠷᠠᠭᠤᠯᠬᠤ ᠲᠦᠮᠡ ᠣᠷᠴᠢᠮ ᠠᠵᠤ ᠠᠬᠤᠢᠯᠠᠯ ᠪᠠ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ 《ᠨᠢᠭᠡ ᠬᠤᠪᠢ ᠵᠠᠬᠢᠳᠠᠯ》 ᠬᠦᠷᠭᠡᠵᠦ᠍᠂ ᠶᠠᠷᠢᠯᠴᠠᠬᠤ ᠬᠤᠷᠠᠯ᠂ ᠪᠣᠯᠪᠠᠰᠤᠷᠠᠯ᠎ᠤᠨ ᠠᠩᠭᠢ᠂ ᠲᠠᠨᠢᠯᠴᠠᠭᠤᠯᠭ᠎ᠠ᠎ᠶ᠋ᠢᠨ ᠬᠤᠷᠠᠯ ᠵᠡᠷᠭᠡ ᠡᠯ᠎ᠡ ᠲᠥᠷᠥᠯ᠎ᠦᠨ ᠠᠵᠤ ᠠᠬᠤᠢᠯᠠᠯ᠎ᠳᠤ ᠦᠢᠯᠡᠴᠢᠯᠡᠬᠦ ᠠᠵᠢᠯᠯᠠᠭ᠎ᠠ᠎ᠶ᠋ᠢ 37 ᠲᠠᠯᠠᠪᠤᠷ ᠥᠷᠨᠢᠭᠦᠯᠪᠡ᠃