ᠠᠭᠤᠤ ᠶᠡᠬᠡ ᠵᠤᠷᠢᠭ ᠰᠠᠨᠠᠭᠠᠨ᠎ᠤ ᠦᠷᠯᠦᠭ ᠬᠥᠱᠢᠶ᠎ᠡ ᠦᠨᠢ ᠡᠭᠦᠷᠢᠳᠡ ᠰᠡᠬᠦᠢᠨ ᠰᠦᠨᠳᠡᠷᠯᠡᠨ᠎ᠠ
2025-09-17 10:21:30
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ ᠎ᠦᠨ ᠣᠶ᠎ᠶ᠋ᠢ ᠳᠤᠷᠠᠰᠭᠠᠬᠤ ᠠᠵᠢᠯᠯᠠᠭ᠎ᠠ᠎ᠶ᠋ᠢᠨ ᠰᠡᠩᠬᠡᠷᠡᠭᠦᠯᠦᠯ (ᠲᠦᠷᠪᠡ)


ᠦᠨᠳᠦᠰᠦᠲᠡᠨ᠎ᠦ ᠳᠤᠷᠠᠰᠤᠮᠵᠢ᠎ᠶ᠋ᠢᠨ ᠭᠦᠨ᠎ᠳᠦ ᠰᠡᠢᠯᠦᠭ᠌ᠳᠡᠭ᠌ᠰᠡᠨ ᠠᠭᠤᠤ ᠶᠡᠬᠡ ᠵᠣᠷᠢᠭ ᠰᠠᠨᠠᠭ᠎ᠠ ᠨᠢ ᠲᠡᠦᠬᠡ᠎ᠶ᠋ᠢᠨ ᠤᠷᠳᠤ ᠠᠶᠠᠨ᠎ᠳᠤ ᠥᠨᠢᠳᠡ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠨᠢ ᠯᠠᠪᠲᠠᠢ᠃

《ᠮᠢᠨᠦ᠍ ᠭᠡᠷ ᠰᠤᠩᠭᠠᠷᠢ ᠮᠥᠷᠡᠨ ᠤ᠋ ᠬᠦᠪᠡᠭᠡᠨ ᠳ᠋ᠤ ᠪᠠᠢᠳᠠᠭ᠂ ᠲᠡᠨᠳᠡ ᠮᠢᠨᠦ᠍ ᠠᠬ᠎ᠠ ᠳᠡᠭᠦᠦ ᠨᠠᠷ ᠪᠤᠢ》᠂《ᠳᠠᠢᠰᠤᠨ ᠬᠠᠮᠢᠭ᠎ᠠ᠎ᠡᠴᠡ ᠲᠠᠭᠠᠷᠢᠪᠠᠯ ᠪᠢᠳᠡ ᠲᠡᠭᠦᠨ᠎ᠢ ᠲᠡᠨᠳᠡ ᠮᠥᠬᠥᠭᠡᠨ᠎ᠡ》᠂ 《ᠨᠤᠲᠤᠭ ᠤᠰᠤ ᠪᠠᠨ ᠬᠠᠮᠠᠭᠠᠯᠠᠨ᠎ᠠ᠂ ᠬᠠᠳᠤᠨ ᠭᠣᠣᠯ᠎ᠢᠶᠠᠨ ᠬᠠᠮᠠᠭᠠᠯᠠᠨ᠎ᠠ᠂ ᠤᠮᠠᠷᠠᠲᠤ ᠣᠷᠣᠨ᠎ᠢᠶᠠᠨ ᠬᠠᠮᠠᠭᠠᠯᠠᠨ᠎ᠠ᠂ ᠪᠦᠬᠦ᠌ ᠳᠤᠮᠳᠠᠳᠤ ᠤᠯᠤᠰ᠎ᠢᠶᠠᠨ ᠬᠠᠮᠠᠭᠠᠯᠠᠨ᠎ᠠ》᠂《ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠬᠤ ᠦᠭᠡᠢ》 ᠁

9 ᠰᠠᠷ᠎ᠠ᠎ᠶ᠋ᠢᠨ 3 ᠎ᠤ᠋ ᠦᠳᠡ᠎ᠶ᠋ᠢᠨ ᠡᠮᠦᠨ᠎ᠡ᠂ ᠲᠢᠶᠠᠨ ᠠᠨ ᠮᠸᠨ ᠠᠭᠤᠳᠠᠮ ᠲᠠᠯᠠᠪᠠᠶ᠎ᠳᠤ᠃ ᠤᠯᠤᠰ ᠎ᠤᠨ ᠲᠤᠭ᠎ᠡᠴᠡ ᠬᠠᠮᠤᠭ ᠤ᠋ᠨ ᠤᠢ᠍ᠢᠷᠬᠠᠨ ᠵᠣᠭ᠍ᠰᠣᠵᠤ᠂ ᠵᠠᠯᠠᠭᠤ ᠰᠤᠷᠤᠭ᠍ᠴᠢᠳ ᠶᠠᠫᠣᠨ ᠎ᠢ ᠡᠰᠡᠷᠭᠦᠴᠡᠬᠦ᠌ ᠳᠠᠢ᠌ᠨ ᠎ᠦ ᠰᠣᠩᠭᠣᠳᠠᠭ ᠳᠠᠭᠤᠤ᠎ᠨᠤᠭᠤᠳ᠎ᠢ ᠭᠦᠨ ᠰᠡᠳᠭᠢᠯᠭᠡ᠎ᠲᠡᠶ ᠳᠠᠭᠤᠯᠠᠵᠠᠭᠠᠨ᠎ᠠ᠃ ᠰᠡᠳᠭᠢᠯ ᠬᠥᠳᠡᠯᠭᠡᠮ᠎ᠡ ᠳᠠᠭᠤᠤ ᠬᠤᠪᠢᠯᠭᠠᠨ ᠣᠷᠣᠨ᠎ᠤ ᠡᠭᠡ ᠭᠠᠵᠠᠷ᠎ᠲᠤ ᠴᠤᠤᠷᠢᠶᠠᠲᠤᠵᠤ᠂ ᠲᠦᠭ ᠲᠦᠮᠡᠨ ᠳᠤᠮᠳᠠᠳᠤ ᠶ᠋ᠢᠨ ᠬᠥᠪᠡᠭᠦᠳ ᠥᠬᠢᠳ᠎ᠦᠨ ᠰᠡᠳᠭᠢᠯ᠎ᠳᠦ ᠬᠠᠳᠠᠩᠱᠢᠨ᠎ᠠ᠃

ᠤᠯᠤᠰ ᠣᠷᠣᠨ ᠎ᠤ ᠣᠷᠣᠱᠢᠨ ᠲᠣᠭ᠍ᠲᠠᠨᠢᠯ ᠤ᠋ᠨ ᠲᠥᠯᠥᠭᠡ ᠪᠠᠢᠯᠳᠤᠵᠤ᠂ ᠦᠨᠳᠦᠰᠦᠲᠡᠨ ᠎ᠦ ᠰᠡᠷᠭᠦᠨ ᠮᠠᠨᠳᠤᠯᠲᠠ᠎ᠶ᠋ᠢᠨ ᠲᠥᠯᠥᠭᠡ ᠪᠠᠢᠯᠳᠤᠵᠤ᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣᠨ᠎ᠤ ᠲᠥᠯᠥᠭᠡ ᠪᠠᠢᠯᠳᠤᠵᠤ ᠪᠠᠢᠭ᠎ᠠ ᠬᠥᠮᠦᠰ᠎ᠢ ᠠᠭᠤᠯᠠ ᠤᠰᠤ ᠨᠢ ᠥᠨᠢ ᠡᠭᠦᠷᠢᠳᠡ ᠪᠠᠲᠤ ᠴᠡᠭᠡᠵᠢᠯᠡᠨ᠎ᠡ᠃

5098 ᠡᠳᠦᠷ᠂ 14 ᠵᠢᠯ ᠬᠠᠲᠠᠭᠤᠵᠢᠯᠲᠠᠢ ᠲᠡᠮᠡᠴᠡᠵᠦ᠍᠂ ᠨᠢᠭᠡ ᠤᠯᠤᠰ᠎ᠤᠨ ᠶᠠᠳᠠᠭᠤ ᠪᠠᠭᠤᠷᠠᠢ ᠬᠤᠪᠢ ᠵᠠᠶᠠᠭ᠎ᠠ᠎ᠶ᠋ᠢ ᠥᠭᠡᠷᠡᠴᠢᠯᠡᠨ ᠪᠢᠴᠢᠵᠦ᠍᠂ ᠨᠢᠭᠡ ᠦᠨᠳᠦᠰᠦᠲᠡᠨ᠎ᠦ ᠪᠠᠯᠠᠷᠠᠰᠢ ᠦᠭᠡᠢ ᠤᠶᠤᠨ ᠰᠠᠨᠠᠭᠠᠨ᠎ᠤ ᠦᠷᠯᠦᠭ ᠬᠥᠱᠢᠢ᠎ᠡ ᠎ᠶ᠋ᠢ ᠪᠤᠰᠭᠠᠪᠠ᠃

ᠭᠠᠭ᠍ᠴᠠ ᠬᠦ᠌ ᠬᠠᠳᠠᠭᠤ ᠰᠢᠷᠦᠭᠦᠨ ᠲᠡᠮᠡᠴᠡᠯ᠎ᠢ ᠥᠩᠭᠡᠷᠡᠭᠦᠯᠪᠡᠯ ᠰᠠᠶᠢ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠤᠢ ᠪᠣᠯᠭᠠᠵᠤ ᠴᠢᠳᠠᠨ᠎ᠠ᠃

ᠡᠨᠡ ᠬᠦ᠌ ᠵᠣᠷᠢᠭ ᠰᠠᠨᠠᠭ᠎ᠠ ᠨᠢ ᠳᠡᠯᠡᠬᠡᠢ ᠳ᠋ᠠᠬᠢᠨ᠎ᠤ ᠮᠠᠨᠳᠤᠵᠤ ᠮᠥᠬᠥᠬᠦ᠌᠎ᠳᠦ᠂ ᠬᠥᠮᠦᠨ ᠪᠦᠬᠦᠨ ᠬᠠᠷᠢᠭᠤᠴᠠᠯᠭ᠎ᠠ᠎ᠲᠠᠶ ᠤᠯᠤᠰ᠎ᠢᠶᠠᠨ ᠬᠠᠢᠷᠠᠯᠠᠬᠤ ᠰᠡᠳᠭᠢᠯᠭᠡ᠂ ᠦᠬᠦᠬᠦ᠌᠎ᠶ᠋ᠢ ᠤᠨᠲᠠᠬᠤ᠎ᠶ᠋ᠢᠨ ᠲᠡᠳᠦᠢ᠎ᠪᠡᠷ ᠦᠵᠡᠬᠦ᠌᠂ ᠦᠬᠦᠬᠦ᠌᠎ᠡᠴᠡ ᠪᠢᠰᠢ ᠨᠤᠭᠤᠷᠠᠬᠤ ᠦᠭᠡᠢ ᠦᠨᠳᠦᠰᠦᠲᠡᠨ᠎ᠦ ᠴᠢᠩ ᠵᠣᠷᠢᠭ᠂ ᠬᠦᠴᠦᠷᠬᠡᠭ᠌ᠯᠡᠯ᠎ᠡᠴᠡ ᠠᠶᠤᠬᠤ ᠦᠭᠡᠢ᠂ ᠡᠴᠦᠰ᠎ᠲᠦᠨᠢ ᠲᠤᠯᠲᠠᠯ᠎ᠠ ᠴᠢᠰᠤᠨ ᠪᠠᠢᠯᠳᠤᠭᠠᠨ ᠬᠢᠬᠦ᠌ ᠪᠠᠭᠠᠲᠤᠷ ᠵᠣᠷᠢᠭ᠂ ᠨᠤᠭᠤᠷᠠᠰᠢ ᠦᠭᠡᠢ ᠲᠡᠮᠡᠴᠡᠬᠦ᠌᠂ ᠱᠢᠨᠲᠠᠷᠠᠰᠢ ᠦᠭᠡᠢ ᠲᠡᠮᠡᠴᠡᠬᠦ᠌ ᠵᠠᠪᠠᠯ ᠢᠯᠠᠬᠤ ᠢᠲᠡᠭᠡᠯ ᠵᠣᠷᠢᠭ᠎ᠢ ᠲᠡᠯᠡᠭᠡᠢ ᠳ᠋ᠠᠬᠢᠨ ᠳ᠋ᠤ ᠳᠡᠯᠭᠡᠨ ᠦᠵᠡᠭᠦᠯᠵᠡᠢ᠃

ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠶᠡᠷᠦᠩᠬᠡᠢ ᠱᠦᠵᠢ ᠰᠢ ᠵᠢᠨ ᠫᠢᠩ᠎ᠦᠨ ᠲᠥᠪ ᠴᠢᠩᠭ᠎ᠠ ᠤᠷᠢᠶᠠᠯᠠᠭ᠎ᠠ ᠨᠢ ᠬᠥᠮᠦᠰ᠎ᠦᠨ ᠰᠡᠳᠭᠢᠯ᠎ᠳᠦ ᠱᠢᠭᠤᠳ ᠬᠦᠷᠴᠦ᠍᠂ ᠢᠷᠡᠭᠡᠳᠦᠢ᠎ᠵᠢᠨ ᠲᠤᠬᠠᠢ ᠰᠡᠩᠬᠡᠷᠡᠭᠦᠯᠪᠡ —  《ᠶᠠᠫᠣᠨ᠎ᠢ ᠡᠰᠡᠷᠭᠦᠴᠡᠬᠦ᠌ ᠲᠡᠢᠨ᠎ᠦ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠤᠮᠤᠭ ᠵᠤᠷᠢᠭ ᠪᠠᠳᠠᠷᠠᠨᠭᠭᠤᠢ ᠪᠡᠷ ᠡᠷᠡᠯᠭᠡᠭᠯᠡᠨ ᠴᠢᠷᠮᠠᠢᠵᠤ᠂ ᠵᠤᠷᠢᠬᠳᠠᠢ ᠤᠷᠤᠬᠰᠢᠯᠠᠵᠤ᠂ ᠳᠤᠮᠳᠠᠳᠤ ᠤᠯᠤᠰ ᠎ᠤᠨ ᠣᠨᠴᠠᠯᠢᠭ ᠎ᠪᠦᠬᠦᠢ ᠣᠳᠣᠬᠢᠴᠢᠯᠠᠯᠲᠠ᠎ᠪᠠᠷ ᠬᠦᠴᠦᠷᠬᠡᠭ ᠤᠯᠤᠰ ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ ᠎ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠨ᠎ᠡ》!

ᠠᠭᠤᠤ ᠶᠡᠬᠡ ᠵᠣᠷᠢᠭ ᠰᠠᠨᠠᠭ᠎ᠠ ᠴᠠᠭ ᠣᠷᠣᠨ ᠵᠠᠢ ᠎ᠶ᠋ᠢ ᠲᠤᠭᠤᠯᠵᠥ᠍᠂ ᠶᠠᠪᠤᠬᠤ ᠲᠤᠳᠤᠮ ᠱᠢᠨᠡᠳᠴᠦ᠍᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ ᠎ᠦᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠢᠰᠢ ᠡᠷᠡᠮᠡᠭᠡᠢᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠪᠠ᠃

ᠡᠷᠭᠡ ᠰᠦᠷ ᠲᠦ᠍ ᠡᠪᠦᠳᠦᠭ ᠨᠤᠭᠤᠷᠠᠬᠤ ᠦᠭᠡᠢ ᠣᠶᠤᠨ ᠰᠠᠨᠠᠭᠠᠨ᠎ᠤ ᠨᠢᠷᠤᠭᠤ ᠲᠤᠯᠭᠠᠭᠤᠷᠢ᠎ᠶᠢ ᠰᠡᠭᠦᠢᠨ ᠰᠦᠨᠳᠡᠷᠯᠡᠭᠦᠯᠪᠠ

ᠲᠢᠶᠠᠨ ᠠᠨ ᠮᠸᠨ ᠠᠭᠤᠳᠠᠮ ᠲᠠᠯᠠᠪᠠᠶ᠎ᠳᠤ᠂ ᠰᠡᠬᠦᠢᠨ ᠰᠦᠨᠳᠡᠷᠯᠡᠭ᠌ᠰᠡᠨ《ᠪᠣᠯᠣᠳ ᠲᠡᠮᠦᠷ ᠣᠷᠳᠣ ᠴᠠᠭᠠᠨ ᠬᠡᠷᠡᠮ》ᠭᠣᠣᠯ ᠰᠡᠳᠦᠪᠲᠦ ᠦᠵᠡᠮᠵᠢ ᠨᠢ ᠳᠤᠮᠳᠠᠳᠤ᠎ᠶ᠋ᠢᠨ ᠦᠨᠳᠦᠰᠦᠲᠡᠨ᠎ᠦ ᠨᠤᠭᠤᠷᠠᠰᠢ ᠦᠭᠡᠶ ᠤᠶᠤᠨ ᠰᠠᠨᠠᠭᠠᠨ ᠎ᠤ ᠨᠢᠷᠤᠭᠤ ᠲᠤᠯᠭᠠᠭᠤᠷᠢ᠎ᠶ᠋ᠢ ᠪᠡᠯᠭᠡᠳᠡᠵᠡᠶ᠃

《ᠱᠢᠳᠤᠷᠭᠤ ᠶᠣᠰᠣ ᠯᠠᠪᠲᠠᠢ ᠢᠯᠠᠨ᠎ᠠ! ᠡᠩᠬᠡ ᠲᠠᠢᠪᠤᠩ ᠯᠠᠪᠲᠠᠶ ᠢᠯᠠᠨ᠎ᠠ! ᠠᠷᠠᠳ ᠲᠦᠮᠡᠨ ᠯᠠᠪᠲᠠᠶ ᠢᠯᠠᠨ᠎ᠠ!》 ᠴᠡᠷᠢᠭ ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ ᠳᠡᠭᠡᠷᠡᠬᠢ ᠲᠩᠷᠢ ᠭᠠᠵᠠᠷ᠎ᠢ ᠳᠣᠩᠰᠣᠯᠭᠠᠮ᠎ᠠ ᠬᠠᠰᠬᠢᠷᠬᠤ ᠲᠠᠭᠤᠨ᠎ᠳᠤ᠂ ᠲᠡᠦᠬᠡ᠎ᠪᠡᠨ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠪᠡᠨ ᠴᠣᠭ᠍ᠴᠠᠯᠠᠬᠤ ᠣᠷᠭᠢᠯᠤᠮ᠎ᠠ ᠬᠠᠯᠠᠭᠤᠨ ᠰᠡᠳᠭᠢᠯ᠎ᠦᠨ ᠳᠠᠪᠠᠯᠭᠠᠨ ᠴᠤᠤᠷᠢᠶᠠᠲᠤᠨ᠎ᠠ᠃

ᠴᠢᠬᠤᠯᠠ ᠲᠡᠦᠬᠡ ᠎ᠶ᠋ᠢᠨ ᠵᠠᠩᠭᠢᠯᠠᠭ᠎ᠠ᠎ᠶ᠋ᠢᠨ ᠴᠡᠭ᠂ ᠦᠪᠡᠳᠡᠭ᠌ᠰᠢ ᠶᠡᠬᠡ ᠳᠤᠷᠠᠰᠭᠠᠬᠤ ᠠᠵᠢᠯᠯᠠᠭ᠎ᠠ ᠨᠢ ᠬᠥᠮᠦᠰ᠎ᠲᠦ ᠭᠦᠨᠵᠡᠭᠡᠢ ᠰᠡᠩᠬᠡᠷᠡᠭᠦᠯᠦᠯ ᠥᠭ᠌ᠴᠡᠢ᠃

ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠪᠣᠯ《ᠳᠤᠮᠳᠠᠳᠤ᠎ᠶ᠋ᠢᠨ ᠦᠨᠳᠦᠰᠦᠲᠡᠨ᠎ᠦ ᠤᠢ᠍ᠢᠷ᠎ᠠ ᠦᠶ᠎ᠡ᠎ᠡᠴᠡ ᠨᠠᠭᠠᠱᠢᠬᠢ ᠬᠦᠨᠳᠦ ᠨᠣᠴᠢᠲᠠᠢ ᠬᠢᠮᠤᠷᠠᠯ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠭ᠍ᠰᠠᠨ ᠲᠡᠦᠬᠡ᠎ᠶ᠋ᠢᠨ ᠡᠷᠭᠢᠯᠲᠡ ᠪᠣᠯᠤᠨ᠎ᠠ》 ᠭᠡᠵᠦ᠍ ᠵᠢᠭᠠᠵᠤ ᠭᠠᠷᠭᠠᠪᠠ᠃

ᠬᠥᠮᠦᠨ ᠲᠥᠷᠥᠯᠬᠢᠲᠡᠨ᠎ᠦ ᠡᠩᠬᠡ ᠲᠠᠢᠪᠤᠩ ᠱᠢᠳᠤᠷᠭᠤ ᠶᠣᠰᠣᠨ᠎ᠤ ᠦᠢᠯᠡᠰ᠎ᠦᠨ ᠲᠡᠦᠬᠡᠨ ᠬᠠᠭᠤᠳᠠᠰᠤᠨ ᠳ᠋ᠦ᠂ ᠶᠠᠫᠣᠨ ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠬᠢᠵᠠᠭᠠᠯᠠᠰᠢ ᠦᠭᠡᠢ ᠢᠷᠠᠭᠤ ᠠᠯᠳᠠᠷ᠎ᠢ  ᠪᠢᠴᠢᠭᠯᠡᠪᠡ᠃

ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠰᠠᠨᠠᠭᠠᠴᠢᠯᠠᠨ ᠪᠠᠢᠭᠤᠯᠤᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ ᠎ᠤᠨ ᠲᠤᠭ᠎ᠤᠨ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠬᠠᠳᠠᠨ ᠪᠠᠲᠤ ᠵᠣᠷᠢᠭ᠎ᠢᠶᠠᠷ ᠬᠦᠴᠦᠷᠬᠡᠭ ᠳᠠᠢᠰᠤᠨ᠎ᠲᠠᠶ ᠪᠠᠢᠯᠳᠤᠵᠤ᠂ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠤᠷᠲᠤ ᠴᠠᠭᠠᠨ ᠬᠡᠷᠡᠮ ᠎ᠢ ᠴᠣᠭ᠍ᠴᠠᠯᠠᠵᠤ᠂ ᠣᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ ᠎ᠢ ᠡᠰᠡᠷᠭᠦᠴᠡᠬᠦ᠌ ᠠᠩᠬᠠᠳᠤᠭᠠᠷ ᠤᠳᠠᠭ᠎ᠠ ᠵᠢᠨ ᠪᠦᠷᠢᠨ ᠢᠯᠠᠯᠲᠠ ᠎ᠶ᠋ᠢ ᠤᠯᠪᠠ᠃ ᠨᠡᠢᠭᠡᠮ᠎ᠦᠨ ᠲᠠᠢ᠌ᠴᠢᠯᠠᠯᠳᠠ᠎ᠶ᠋ᠢᠨ ᠥᠷᠭᠡᠨ ᠳᠡᠯᠭᠡᠷ᠂ ᠦᠨᠳᠦᠰᠦᠲᠡᠨ᠎ᠦ ᠰᠡᠬᠡᠭᠡᠷᠡᠯ ᠎ᠦᠨ ᠭᠦᠨ ᠭᠦᠨᠵᠡᠭᠡᠢ᠂ ᠲᠠᠢ᠌ᠴᠢᠨ ᠵᠣᠷᠢᠭ᠎ᠤᠨ ᠡᠷᠡᠰ ᠬᠠᠲᠠᠭᠤ᠂ ᠯᠠᠪᠲᠠᠢ ᠢᠯᠠᠬᠤ ᠢᠲᠡᠭᠡᠯ ᠵᠣᠷᠢᠭ᠎ᠤᠨ ᠡᠷᠡᠰ ᠪᠠᠲᠤ ᠨᠢ ᠴᠥᠮ ᠤᠷᠢᠳ ᠡᠮᠦᠨ᠎ᠡ ᠪᠠᠢᠭ᠎ᠠ ᠦᠭᠡᠢ ᠥᠨᠳᠥᠷᠴᠡ ᠳ᠋ᠤ ᠬᠦᠷᠴᠡᠢ᠃

ᠡᠨᠡ ᠪᠣᠯ ᠴᠢᠰᠤ ᠡᠰ ᠲᠦ᠍ ᠱᠢᠩᠭᠡᠭ᠌ᠰᠡᠨ ᠤᠯᠤᠰ᠎ᠢᠶᠠᠨ ᠬᠠᠢᠷᠠᠯᠠᠬᠤ ᠰᠡᠳᠭᠢᠯᠭᠡ ᠮᠦᠨ —

ᠯᠦ᠍ ᠭᠸᠦ ᠴᠢᠶᠣᠤ ᠬᠥᠭᠥᠷᠭᠡ᠎ᠶ᠋ᠢᠨ ᠬᠥᠪᠡᠭᠡᠨ᠎ᠳᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ ᠎ᠢ ᠡᠰᠡᠷᠭᠦᠴᠡᠬᠦ᠌ ᠲᠠᠢ᠌ᠨ᠎ᠦ ᠳᠤᠷᠠᠰᠭᠠᠯ᠎ᠤᠨ ᠣᠷᠳᠣᠨ ᠤᠯᠠᠨ ᠲᠣᠭᠣᠷᠢᠨ ᠦᠵᠡᠭ᠌ᠴᠢᠳ᠎ᠢ ᠤᠭ᠍ᠲᠤᠨ ᠠᠪᠤᠯ᠎ᠠ᠃ ᠲᠣᠮᠣ ᠬᠡᠯᠪᠡᠷᠢ᠎ᠶ᠋ᠢᠨ ᠭᠦᠳᠦᠭᠦᠷ ᠰᠡᠢᠯᠦᠮᠡᠯ 《ᠲᠡᠮᠦᠷ ᠬᠡᠷᠡᠮ ᠪᠣᠯᠣᠳ ᠬᠠᠨ᠎ᠠ》ᠶ᠋ᠢᠨ ᠡᠮᠦᠨ᠎ᠡ᠂ ᠬᠥᠮᠦᠰ ᠵᠣᠭ᠍ᠰᠣᠨ ᠱᠢᠷᠲᠡᠵᠦ᠍᠂ ᠭᠦᠨ᠎ᠡ ᠬᠦᠨᠳᠦᠳᠭᠡᠯ ᠳᠡᠪᠱᠢᠭᠦᠯᠤᠨ᠎ᠠ᠃

ᠭᠦᠳᠦᠭᠦᠷ ᠰᠡᠢᠯᠦᠮᠡᠯ ᠳ᠋ᠡᠬᠢ ᠪᠠᠢᠯᠳᠤᠭ᠍ᠴᠢᠳ ᠬᠢᠲᠤᠭ᠎ᠠ ᠰᠡᠯᠡᠮ᠎ᠡ ᠪᠠᠷᠢᠵᠤ᠂ ᠳᠡᠷᠭᠡᠳᠡᠬᠢ ᠡᠮᠡᠭ᠌ᠲᠡᠢᠴᠦᠳ᠂ ᠬᠡᠦᠬᠡᠳ᠂ ᠨᠠᠰᠤᠲᠠᠢᠴᠤᠳ᠎ᠲᠠᠶ ᠨᠢᠭ᠍ᠲᠠ ᠲᠦᠱᠢᠯᠴᠡᠵᠦ᠍᠂ 《ᠴᠢᠰᠤ ᠮᠢᠬᠠᠨ ᠤ᠋ ᠤᠷᠳᠤ ᠴᠠᠭᠠᠨ ᠬᠡᠷᠡᠮ》 ᠢ᠋ ᠴᠣᠭ᠍ᠴᠠᠯᠠᠪᠠ᠃ ᠳᠠᠢ᠌ᠨ᠎ᠪᠠᠢᠯᠳᠤᠭᠠᠨ ᠤ᠋ ᠤᠨ ᠵᠢᠯ᠎ᠦᠳ᠎ᠲᠦ᠂ ᠬᠥᠬᠡᠮᠥ᠋ᠷᠡᠨ᠎ᠦ ᠡᠮᠦᠨ᠎ᠡ ᠤᠮᠠᠷ᠎ᠠ᠂ ᠴᠠᠭᠠᠨ ᠬᠡᠷᠡᠮ᠎ᠦᠨ ᠳᠣᠲᠣᠨ᠎ᠠ ᠭᠠᠳᠠᠨ᠎ᠠ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ ᠳᠠᠢᠰᠤᠨ᠎ᠤ ᠶᠡᠬᠡ ᠫᠤᠤ᠎ᠶ᠋ᠢᠨ ᠭᠠᠯ᠎ᠢ ᠬᠠᠢᠬᠤᠷᠤᠯ ᠦᠭᠡᠢ᠎ᠪᠡᠷ ᠬᠠᠮᠲᠤ᠎ᠪᠠᠷ ᠤᠯᠤᠰ ᠤᠷᠤᠨ ᠵᠢᠡᠨ ᠠᠶᠤᠯ ᠲᠦᠭᠰᠢᠬᠦᠷᠢ ᠡᠴᠡ ᠠᠪᠤᠷᠠᠵᠤ᠂ ᠨᠢᠭᠤᠷᠳᠠᠨ ᠪᠠᠢᠯᠳᠤᠬᠤ ᠳᠠᠢ᠌ᠨ᠎ᠦ ᠲᠠᠯᠠᠪᠤᠷ᠎ᠲᠤ ᠴᠤ᠌ ᠲᠡᠷᠡ᠂ ᠳᠠᠢᠰᠤᠨ᠎ᠤ ᠠᠷᠤ ᠲᠠᠯ᠎ᠠ᠎ᠶ᠋ᠢᠨ ᠳᠠᠢ᠌ᠨ᠎ᠦ ᠲᠠᠯᠠᠪᠤᠷ᠎ᠲᠤ ᠴᠤ᠌ ᠲᠡᠷᠡ᠂ ᠲᠦᠭ ᠲᠦᠮᠡᠨ ᠡᠬᠡ ᠣᠷᠣᠨᠴᠢ ᠳᠠᠷᠤᠭ᠎ᠠ ᠪᠠᠢᠯᠳᠤᠭ᠍ᠴᠢᠳ ᠴᠢᠰᠤᠲᠤ ᠪᠠᠢᠯᠳᠤᠭᠠᠨ ᠬᠢᠵᠦ᠍᠂ ᠦᠬᠦᠬᠦ᠌᠎ᠶ᠋ᠢ ᠤᠨᠲᠠᠬᠤ᠎ᠶ᠋ᠢᠨ ᠲᠡᠳᠦᠢ᠎ᠪᠡᠷ ᠪᠤᠳᠤᠵᠤ᠂ ᠡᠯ᠎ᠡ ᠡᠲᠡᠭᠡᠳ᠎ᠦᠨ ᠠᠷᠠᠳ ᠤᠯᠠᠨ ᠰᠡᠳᠭᠢᠯ ᠨᠢᠭᠡᠳᠦᠨ᠂ ᠬᠠᠷᠭᠢᠰ ᠳᠠᠢᠰᠤᠨ ᠎ᠢ ᠬᠠᠮᠲᠤ ᠎ᠪᠠᠷ ᠬᠣᠷᠣᠰᠤᠨ ᠵᠠᠨᠤᠵᠤ᠂ ᠶᠠᠫᠣᠨ᠎ᠤ ᠲᠦᠷᠢᠮᠡᠬᠡᠢᠯᠡᠭ᠌ᠴᠢᠳ ᠎ᠢ ᠡᠰᠡᠷᠭᠦᠴᠡᠭ᠌ᠰᠡᠨ ᠰᠦᠷ ᠵᠢᠪᠬᠤᠯᠠᠨᠭᠳᠤ ᠪᠠᠭᠠᠲᠤᠷᠯᠢᠭ ᠳᠠᠭᠤᠯᠠᠯ᠎ᠢ ᠬᠠᠩᠭᠢᠨᠠᠭᠤᠯᠪᠠ᠃

《ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠪᠣᠯ ᠤᠯᠤᠰ ᠵᠢᠡᠨ ᠬᠠᠢᠷᠠᠯᠠᠬᠤ ᠦᠵᠡᠯ᠎ᠢᠶᠡᠷ ᠭᠣᠣᠯ ᠪᠣᠯᠭᠠᠭ᠍ᠰᠠᠨ ᠦᠨᠳᠦᠰᠦᠲᠡᠨ᠎ᠦ ᠵᠣᠷᠢᠭ ᠰᠠᠨᠠᠭᠠᠨ᠎ᠤ ᠠᠭᠤᠤ ᠶᠡᠬᠡ ᠢᠯᠠᠯᠲᠠ ᠮᠥᠨ》᠃ ᠶᠡᠷᠦᠩᠬᠡᠢ ᠱᠦᠵᠢ ᠰᠢ ᠵᠢᠨ ᠫᠢᠩ ᠶᠠᠫᠣᠨ᠎ᠢ ᠡᠰᠡᠷᠭᠦᠴᠡᠬᠦ᠌ ᠳᠠᠢ᠌ᠨ ᠎ᠦ ᠢᠯᠠᠯᠲᠠ᠎ᠶ᠋ᠢ ᠤᠯᠬᠤ ᠱᠢᠢᠳᠪᠦᠷᠢᠯᠡᠭ᠌ᠴᠢ ᠬᠦᠴᠦᠨ ᠵᠦᠢᠯ᠎ᠢ ᠵᠢᠭᠠᠵᠤ ᠭᠠᠷᠭᠠᠪᠠ᠃

ᠤᠯᠤᠰ ᠵᠢᠡᠨ ᠬᠠᠢᠷᠠᠯᠠᠬᠤ ᠦᠵᠡᠯ ᠪᠣᠯ ᠡᠷᠲᠡᠨ᠎ᠡᠴᠡ ᠠᠪᠤᠭᠠᠳ ᠳᠤᠮᠳᠠᠳᠤ᠎ᠶ᠋ᠢᠨ ᠦᠨᠳᠦᠰᠦᠲᠡᠨ᠎ᠦ ᠠᠮᠢᠨ ᠰᠤᠳᠠᠰᠤᠨ᠎ᠳᠤ ᠤᠷᠤᠰᠴᠤ᠌ ᠪᠠᠢᠳᠠᠭ᠂ ᠲᠡᠭᠦᠨ᠎ᠢ ᠠᠷᠢᠯᠭᠠᠵᠤ ᠴᠢᠳᠠᠬᠤ ᠤᠢ᠍ᠭᠡᠢ᠂ ᠡᠪᠳᠡᠵᠦ᠍ ᠴᠢᠳᠠᠬᠤ ᠤᠢ᠍ᠭᠡᠢ᠂ ᠤᠰᠠᠳᠭᠠᠵᠤ ᠴᠢᠳᠠᠬᠤ ᠤᠢ᠍ᠭᠡᠢ ᠶᠤᠮ᠃ ᠦᠨᠳᠦᠰᠦᠲᠡᠨ᠎ᠦ ᠰᠡᠬᠡᠭᠡᠷᠡᠯ ᠪᠠ ᠦᠨᠳᠦᠰᠦᠲᠡᠨ᠎ᠦ ᠵᠣᠷᠢᠭ ᠰᠠᠨᠠᠭ᠎ᠠ ᠳᠡᠭᠡᠭ᠌ᠰᠢᠯᠡᠵᠦ᠍᠂ ᠳᠤᠮᠳᠠᠳᠤ᠎ᠶ᠋ᠢᠨ ᠦᠨᠳᠦᠰᠦᠲᠡᠨ ᠎ᠦ ᠥᠨᠢ ᠡᠭᠦᠷᠢᠳᠡ᠎ᠶ᠋ᠢᠨ ᠤᠶᠤᠨ ᠰᠠᠨᠠᠭᠠᠨ᠎ᠤ ᠥᠷᠯᠥᠭ ᠬᠥᠱᠢᠢ᠎ᠡ᠎ᠶ᠋ᠢ ᠪᠤᠰᠭᠠᠪᠠ᠃    ᠡᠨᠡ ᠪᠣᠯ ᠲᠦᠪ ᠴᠢᠭᠡᠴᠢ ᠦᠨᠢᠳᠠ ᠤᠷᠤᠰᠢᠬᠤ ᠦᠨᠳᠦᠰᠦᠲᠡᠨ᠎ᠦ ᠴᠢᠩ ᠵᠣᠷᠢᠭ ᠮᠦᠨ —

ᠶᠣᠰᠣᠯᠠᠯ᠎ᠤᠨ ᠫᠤᠤ 80 ᠳᠤᠤᠭᠠᠷᠴᠤ᠌ ᠲᠡᠭᠷᠢ ᠭᠠᠵᠠᠷ᠎ᠢ ᠳᠣᠩᠰᠣᠯᠭᠠᠵᠤ᠂ ᠤᠯᠤᠰ᠎ᠤᠨ ᠲᠤᠭ᠎ᠢ ᠬᠠᠮᠠᠭᠠᠯᠠᠬᠤ ᠴᠡᠷᠢᠭ ᠲᠠᠪᠤᠨ ᠣᠳᠣᠲᠤ ᠤᠯᠠᠭᠠᠨ ᠲᠤᠭ᠎ᠢ ᠬᠠᠮᠠᠭᠠᠯᠠᠨ ᠬᠦᠷᠭᠡᠵᠦ᠍᠂ ᠠᠷᠠᠳ᠎ᠤᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠡᠴᠡ ᠲᠤᠮᠤ ᠠᠯᠬᠤᠮ᠎ᠢᠶᠠᠷ ᠠᠯᠬᠤᠯᠠᠨ ᠢᠷᠡᠪᠡ᠃ ᠲᠡᠷᠢ ᠲᠡᠭ᠌ᠰᠢ ᠠᠯᠬᠤᠭ᠎ᠠ ᠵᠢᠨ ᠲᠠᠭᠤᠨ ᠨᠢ ᠡᠴᠢᠨ᠎ᠠ ᠲᠡᠦᠬᠡ᠎ᠶ᠋ᠢᠨ ᠴᠤᠤᠷᠢᠶ᠎ᠠ᠎ᠯᠤᠭ᠎ᠠ ᠠᠳᠠᠯᠢ᠃

1938 ᠣᠨ ᠎ᠳᠤ᠂ ᠦᠬᠠᠨ ᠎ᠤ ᠠᠭᠠᠷ ᠎ᠤᠨ ᠲᠡᠢᠨ᠎ᠡᠴᠡ ᠡᠮᠦᠨᠡᠬᠡᠨ᠂ ᠥᠷᠥᠨᠡᠳᠠᠬᠢᠨ᠎ᠤ ᠲᠡᠢᠨ᠎ᠦ ᠭᠠᠵᠠᠷ᠎ᠤᠨ ᠬᠡᠷᠡᠯ ᠵᠢᠷᠤᠭ᠎ᠤᠨ ᠰᠤᠷᠪᠤᠯᠵᠢᠯᠠᠭ᠍ᠴᠢ ᠷᠤᠪᠸᠷᠲ·ᠺᠠᠫᠠ ᠨᠢᠭᠡᠨ ᠬᠤᠪᠢ ᠬᠡᠷᠡᠯ ᠵᠢᠷᠤᠭ ᠠᠪᠴᠠᠢ᠂ ᠡᠨᠡ ᠬᠦ᠌ ᠬᠡᠷᠡᠯ ᠵᠢᠷᠤᠭ ᠲᠡᠬᠢ ᠪᠠᠭᠠᠴᠤᠳ ᠲᠣᠭ ᠡᠷᠭᠦᠨ ᠴᠤᠭ᠍ᠯᠠᠭᠠᠨ᠎ᠤ ᠡᠩᠨᠡᠭᠡ᠎ᠳᠦ ᠶᠠᠪᠤᠵᠤ᠂ ᠲᠣᠭ ᠳᠡᠭᠡᠷ᠎ᠡ ᠪᠡᠨ 《ᠦᠬᠦᠬᠦ ᠥᠬᠡᠶ!》 ᠭᠡᠬᠦ ᠬᠤᠶᠠᠷ ᠲᠤᠮᠤ ᠦᠰᠦᠭ ᠢ᠋ ᠪᠢᠴᠢᠭᠰᠡᠨ ᠪᠠᠢᠯ᠎ᠠ᠃

ᠲᠤᠬᠠᠢ ᠵᠢᠨ ᠦᠶ᠎ᠠ ᠵᠢᠨ ᠳᠤᠮᠳᠠᠳᠤ ᠤᠯᠤᠰ᠂ ᠠᠵᠤ ᠦᠢᠯᠡᠳᠪᠦᠷᠢ᠎ᠶ᠋ᠢᠨ ᠰᠠᠭᠤᠷᠢ ᠲᠤᠢᠯ᠎ᠤᠨ ᠪᠠᠭᠤᠷᠠᠢ ᠪᠠᠢᠭ᠍ᠰᠠᠨ ᠪᠣᠯᠬᠣᠷ ᠨᠠᠢ᠍ᠮᠠᠳᠤᠭᠠᠷ ᠵᠠᠮ᠎ᠤᠨ ᠴᠡᠷᠢᠭ᠎ᠦᠨ ᠭᠤᠷᠪᠠᠨ ᠬᠥᠮᠦᠨ᠎ᠤ ᠲᠤᠮᠳᠠ ᠰᠠᠶᠢ ᠨᠢᠭᠡ ᠫᠤᠤ᠎ᠲᠠᠶ ᠪᠠᠢᠵᠠᠢ᠃ ᠶᠠᠫᠣᠨ᠎ᠤ ᠵᠢᠯ᠎ᠦᠨ ᠦᠶ᠋ᠯᠡᠳᠪᠦᠷᠢᠯᠡᠭ᠌ᠰᠡᠨ ᠨᠢᠰᠭᠡᠯ 1580᠂ ᠶᠡᠬᠡ ᠠᠮᠠ᠎ᠲᠠᠶ ᠭᠠᠯᠲᠤ ᠫᠤᠤ 744᠂ ᠲᠠᠩᠺ 330 ᠪᠠᠢᠪᠠ ᠁ ᠤᠯᠤᠰ᠎ᠤᠨ ᠬᠦᠴᠦᠨ ᠴᠡᠷᠢᠭ᠎ᠦᠨ ᠬᠦᠴᠦᠨ᠎ᠦ ᠵᠥᠷᠢᠶ᠎ᠡ ᠮᠠᠰᠢ ᠶᠡᠬᠡ᠂ ᠥᠭᠦᠵᠦ᠍ ᠰᠡᠭᠡᠬᠦ᠌᠎ᠶ᠋ᠢᠨ ᠲᠠᠢᠯᠠᠯᠳᠤᠭᠠᠨ ᠬᠡᠷᠬᠢᠨ ᠢᠯᠠᠯᠲᠠ ᠤᠯᠬᠤ ᠪᠣᠶ?  《ᠡᠨᠡ ᠡᠳᠤᠷ ᠤ᠋ᠨ ᠡᠮᠦᠨᠡᠲᠦ ᠤᠮᠠᠷᠠᠲᠤ᠎ᠶ᠋ᠢᠨ ᠲᠡᠢᠨ᠎ᠦ ᠲᠠᠯᠠᠪᠤᠷ᠎ᠲᠤ᠂ ᠦᠬᠦᠬᠦ ᠡᠴᠡ ᠤᠬᠳᠤ ᠰᠦᠷᠳᠡᠬᠦ ᠦᠭᠡᠢ᠂ ᠤᠴᠢᠷ ᠨᠢ ᠣᠯᠠᠨ᠎ᠢᠶᠠᠷ᠎ᠢᠶᠠᠨ ᠬᠠᠷᠢᠴᠠᠯᠠᠰᠢ ᠥᠬᠡᠶ ᠢᠲᠡᠭᠡᠯ ᠪᠢᠱᠢᠷᠡᠯ᠎ᠲᠡᠶ᠂ ᠥᠪᠡᠷ᠎ᠢ᠎ᠪᠡᠨ ᠦᠷᠡᠭ᠌ᠳᠡᠭᠦᠯᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠦᠷ᠎ᠡ ᠬᠣᠢᠴᠢᠰ᠎ᠤ᠋ᠨ ᠲᠦᠮᠡᠨ ᠦᠶ᠎ᠠ ᠵᠢᠨ ᠲᠤᠰᠠᠭᠠᠷ ᠲᠣᠭ᠍ᠲᠠᠨᠢᠯ᠎ᠤᠨ ᠡᠷᠬᠡ ᠴᠢᠯᠥᠭᠡ ᠵᠢ ᠰᠤᠯᠢᠵᠤ ᠠᠪᠴᠢᠷᠠᠨ᠎ᠠ ᠭᠡᠳᠡᠭ ᠢ᠋ ᠮᠡᠳᠡᠨ᠎ᠠ᠂ ᠲᠡᠷᠡ ᠮᠥᠷᠲᠡᠭᠡᠨ ᠦᠨᠡᠨ ᠬᠦ᠌ ᠪᠠᠲᠤᠯᠠᠭ᠎ᠠ᠎ᠲᠠᠶ᠂ ᠯᠠᠪᠲᠠᠶ ᠪᠠᠶᠠᠯᠡᠬᠦᠯᠵᠤ ᠲᠠᠢᠯᠤᠨ᠎ᠠ》᠃ ᠲᠤᠬᠠᠢ᠎ᠶ᠋ᠢᠨ ᠦᠶ᠎ᠡ᠎ᠶ᠋ᠢᠨ ᠰᠣᠨᠢᠨ᠎ᠤ ᠬᠣᠷᠢᠶ᠎ᠠ ᠵᠢᠨ ᠱᠢᠭᠦᠮᠵᠢ᠎ᠳᠦ ᠢᠩᠭᠢᠵᠦ᠍ ᠪᠢᠴᠢᠭᠰᠡᠨ ᠪᠠᠢᠯ᠎ᠠ᠃

ᠦᠶ ᠣᠯᠠᠨ ᠬᠥᠪᠡᠭᠦᠳ ᠥᠬᠢᠳ《ᠦᠬᠦᠬᠦ ᠡᠴᠡ ᠤᠬᠳᠤ ᠰᠦᠷᠳᠡᠬᠦ ᠦᠭᠡᠢ》ᠪᠠᠢᠬᠤ ᠪᠡᠷ ᠰᠠᠶᠢ ᠦᠨᠳᠦᠰᠦᠲᠡᠨ ᠤ᠋ 《ᠮᠦᠬᠦᠰᠢ ᠥᠬᠡᠶ》 ᠪᠠᠢᠬᠤ ᠵᠢ ᠰᠤᠯᠢᠵᠤ ᠠᠪᠴᠢᠷᠠᠨ᠂ ᠳᠤᠮᠳᠠᠳᠤ᠎ᠶ᠋ᠢᠨ ᠦᠨᠳᠦᠰᠦᠲᠡᠨ᠎ᠦ ᠶᠠᠫᠣᠨ᠎ᠢ ᠡᠰᠡᠷᠭᠦᠴᠡᠭ᠌ᠰᠡᠨ ᠲᠡᠦᠬᠡᠨ ᠳᠡᠭᠡᠷ᠎ᠡ《ᠥᠨᠢᠳᠡ ᠨᠤᠭᠤᠷᠠᠰᠢ ᠥᠬᠡᠶ》 ᠭᠡᠵᠦ᠍ ᠪᠢᠴᠢᠭ᠌ᠯᠡᠭᠰᠡᠨ ᠶᠤᠮ!

ᠡᠨᠡ ᠪᠣᠯ ᠡᠬᠦᠷᠢᠳᠠ ᠦᠨᠭᠭᠡ ᠬᠤᠪᠢᠷᠠᠰᠢ ᠦᠭᠡᠢ ᠪᠠᠭᠠᠲᠤᠷ ᠵᠣᠷᠢᠭ ᠮᠦᠨ —

《ᠮᠢᠨᠤ ᠲᠤᠮᠳᠠᠳᠤ ᠵᠢ ᠪᠢᠲᠡᠭᠡᠢ ᠴᠢᠩ ᠵᠤᠷᠢᠬᠳᠠᠨ ᠦᠭᠡᠢ ᠭᠡᠮᠡᠨ ᠳᠠᠷᠤᠯᠠ! ᠡᠭᠡ ᠤᠯᠤᠰ ᠤ᠋ᠨ ᠡᠯᠢᠭᠡᠨ ᠳ᠋ᠤ ᠵᠠᠭᠤᠨ ᠲᠦᠮᠡᠨ ᠴᠡᠷᠢᠭ᠎ᠪᠤᠢ!》

ᠢᠯᠠᠯᠲᠠ ᠣᠯᠤᠭ᠍ᠰᠠᠨ ᠳᠤᠷᠠᠰᠭᠠᠯ᠎ᠤᠨ ᠡᠳᠤᠷ ᠤ᠋ᠨ ᠰᠥᠨᠢ᠂ ᠠᠷᠠᠳ᠎ᠤᠨ ᠶᠡᠬᠡ ᠬᠤᠷᠠᠯ᠎ᠤᠨ ᠲᠠᠩᠬᠢᠮ ᠎ᠤᠨ 《ᠱᠢᠳᠤᠷᠭᠤ ᠶᠣᠰᠣ ᠯᠠᠪᠲᠠᠢ ᠢᠯᠠᠨ᠎ᠠ》ᠭᠡᠬᠦ᠌ ᠤᠷᠠᠨ ᠰᠠᠢᠬᠠᠨ᠎ᠤ ᠦᠳᠡᠱᠢᠯᠡᠭᠡ ᠳᠡᠭᠡᠷ᠎ᠡ᠂ 《ᠯᠢᠦ ᠯᠣᠣ ᠵᠤᠸᠠᠩ᠎ᠤᠨ ᠰᠤᠮᠤ》 ᠵᠢᠨ ᠪᠦᠬᠦ᠌ ᠭᠡᠱᠢᠭᠦᠳ ᠴᠤᠬᠯᠠᠷᠠᠬᠰᠡᠨ ᠦᠵᠡᠭ᠌ᠳᠡᠯ ᠨᠢ ᠦᠵᠡᠭ᠌ᠴᠢᠳ᠎ᠢ ᠬᠠᠯᠠᠭᠤᠨ ᠨᠢᠯᠪᠤᠰᠤ ᠠᠰᠭᠠᠷᠠᠭᠤᠯᠵᠤ᠂ ᠰᠡᠳᠭᠢᠯ ᠳᠣᠭ᠍ᠳᠣᠯᠤᠭᠤᠯᠵᠤ ᠪᠠᠢᠯ᠎ᠠ᠃

ᠪᠠᠭᠠᠲᠤᠷᠯᠢᠭ ᠦᠢᠯᠡ ᠠᠵᠢᠯᠯᠠᠭ᠎ᠠ ᠲᠠᠢᠰᠠᠨ᠎ᠠ ᠳᠠᠬᠢᠨ ᠢᠯᠡᠷᠡᠵᠦ᠍᠂ ᠦᠵᠡᠭ᠌ᠴᠢᠳ᠎ᠦᠨ ᠰᠡᠳᠭᠢᠯ᠎ᠳ᠋ᠤ ᠡᠭᠦᠷᠢᠳᠡ ᠬᠠᠳᠠᠨᠭᠰᠢᠨ᠎ᠠ᠃

ᠶᠠᠩ ᠵᠢᠩ ᠢᠦᠢ ᠳᠠᠪᠬᠤᠷ ᠳᠠᠪᠬᠤᠷ ᠪᠦᠰᠡᠯᠡᠯᠲᠡ᠎ᠳᠦ ᠤᠴᠠᠷᠠᠬᠤ ᠳ᠋ᠠᠭᠠᠨ᠄ 《ᠮᠠᠨ᠎ᠤ ᠳᠤᠮᠳᠠᠳᠤᠴᠤᠳ ᠪᠦᠷ ᠪᠠᠭᠤᠭᠠᠳ ᠦᠭᠴᠢᠭᠡᠪᠡᠯ᠂ ᠳᠤᠮᠳᠠᠳᠤ ᠤᠯᠤᠰ ᠪᠠᠰᠠ ᠤᠷᠤᠰᠢᠨ᠎ᠠ ᠤ᠋ᠤ?》 ᠬᠡᠮᠡᠨ ᠴᠢᠳᠠᠯ ᠮᠡᠳᠡᠨ ᠲᠤᠯᠭᠠᠨ ᠠᠰᠠᠭᠤᠪᠠ᠃

ᠵᠤᠤ ᠱᠠᠩ ᡁᠢ ᠵᠢᠨ ᠮᠣᠷᠢᠨ ᠳ᠋ᠠᠭᠠᠨ ᠮᠤᠷᠳᠠᠨ ᠳᠠᠢᠰᠤᠨ᠎ᠢ ᠤᠰᠠᠳᠬᠠᠬᠤ᠎ᠳᠠᠭᠠᠨ᠄《ᠡᠷᠬᠡ ᠴᠢᠯᠥᠭᠡ᠎ᠪᠡᠨ ᠲᠡᠮᠡᠴᠡᠨ ᠣᠯᠵᠤ᠂ ᠶᠠᠫᠣᠨ᠎ᠢ ᠡᠰᠡᠷᠭᠦᠴᠡᠬᠦ᠌᠎ᠪᠡᠷ ᠲᠠᠩᠭᠠᠷᠢᠭ᠍ᠯᠠᠶ᠎ᠠ᠃ ᠮᠠ ᠶᠤᠸᠠᠨ ᠡᠴᠡ ᠰᠤᠷᠤᠯᠴᠠᠨ᠂ ᠪᠠᠢᠯᠳᠤᠭᠠᠨ ᠤ᠋ ᠲᠠᠯᠠᠪᠤᠷ ᠲᠤ᠌ ᠪᠠᠶ᠎ᠠ ᠦᠷᠡᠭᠳᠡᠨ᠎ᠠ᠁ ᠵᠡᠭᠦᠨ ᠬᠣᠢᠲᠤ ᠣᠷᠣᠨ᠎ᠢ ᠡᠭᠡᠬᠦᠯᠤᠨ ᠠᠪᠬᠤ ᠢᠯᠠᠯᠲᠠ ᠎ᠶ᠋ᠢᠨ ᠡᠳᠦᠷ᠎ᠢ ᠬᠦᠯᠢᠶᠡᠵᠦ᠍᠂ ᠤᠷᠢᠳᠤᠰ ᠵᠢᠡᠨ ᠠᠮᠤᠷᠵᠢᠭᠤᠯᠤᠶ᠎ᠠ》 ᠬᠡᠮᠡᠬᠦ ᠬᠦᠰᠡᠯ ᠮᠦᠷᠦᠭᠡᠳᠦᠯ ᠎ᠨᠢ ᠮᠠᠷᠳᠠᠭᠳᠠᠰᠢ ᠦᠭᠡᠢ᠃

《ᠨᠠᠢ᠍ᠮᠠᠨ ᠵᠠᠭᠤᠨ ᠪᠠᠭᠠᠲᠤᠷ》 ᠎ᠤᠨ ᠨᠤᠭᠤᠷᠠᠰᠢ ᠦᠭᠡᠢ ᠬᠠᠰᠭᠢᠷᠤᠯ᠄ 《ᠳᠤᠮᠳᠠᠳᠤ᠎ᠶ᠋ᠢᠨ ᠦᠨᠳᠦᠰᠦᠲᠡᠨ᠎ᠦ ᠲᠥᠯᠥᠭᠡ᠂ ᠪᠢᠳᠡ ᠡᠴᠦᠰ᠎ᠦᠨ ᠨᠢᠭᠡ ᠰᠤᠮᠤ᠎ᠪᠠᠨ ᠬᠠᠷᠪᠤᠬᠤ᠎ᠡᠴᠡ ᠪᠤᠴᠠᠬᠤ ᠦᠭᠡᠢ》 ᠬᠡᠮᠡᠬᠦ ᠨᠢ ᠮᠠᠷᠳᠠᠭᠳᠠᠰᠢ ᠦᠭᠡᠢ᠃

ᠵᠠᠩ ᠽᠢ ᠵᠦᠩ ᠎ᠦᠨ ᠦᠬᠦᠵᠦ᠍ ᠰᠡᠬᠡᠬᠦ᠌᠎ᠶ᠋ᠢᠨ ᠳᠠᠪᠠᠭᠠᠨ ᠳᠡᠭᠡᠷ᠎ᠡ᠄《ᠤᠯᠤᠰ ᠦᠨᠳᠦᠰᠦᠲᠡᠨ᠎ᠦ᠎ᠪᠡᠨ ᠲᠥᠯᠥᠭᠡ ᠦᠷᠡᠭᠳᠡᠬᠦ ᠡᠷᠴᠢ ᠵᠤᠷᠢᠭ᠂ ᠡᠬᠦᠷᠢᠳᠠ ᠬᠤᠪᠢᠷᠠᠰᠢ ᠦᠭᠡᠢ  ᠁》 ᠬᠡᠮᠡᠭᠰᠡᠡ ᠨᠢ ᠮᠠᠷᠳᠠᠭᠳᠠᠰᠢ ᠦᠭᠡᠢ᠃

ᠶᠡᠷᠦᠩᠬᠡᠢ ᠱᠦᠵᠢ ᠰᠢ ᠵᠢᠨ ᠫᠢᠩ᠄ 《ᠲᠦᠭ ᠲᠦᠮᠡᠨ ᠶᠠᠫᠣᠨ᠎ᠢ ᠡᠰᠡᠷᠭᠦᠴᠡᠬᠦ᠌ ᠳᠠᠢ᠌ᠨ᠎ᠦ ᠪᠠᠭᠠᠲᠤᠷᠴᠤᠳ ᠠᠯᠳᠠᠨ ᠠᠮᠢ ᠪᠡᠨ ᠦᠷᠡᠭᠳᠡᠬᠦᠯᠵᠤ᠂ ᠬᠠᠯᠠᠭᠤᠨ ᠴᠢᠰᠤ᠎ᠪᠠᠨ ᠤᠷᠤᠰᠭᠠᠵᠤ᠂ ᠳᠠᠢ᠌ᠨ᠎ᠦ ᠢᠯᠠᠯᠲᠠ ᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠵᠦ᠍᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠴᠣᠭ᠍ᠴᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠵᠡᠢ》᠃

ᠡᠨᠡ ᠪᠣᠯ ᠬᠠᠳᠠᠨ ᠪᠠᠳᠤ ᠵᠠᠪᠠᠯ ᠢᠯᠠᠬᠤ ᠢᠲᠡᠭᠡᠯ ᠵᠣᠷᠢᠭ ᠮᠥᠨ —

《ᠳᠤᠮᠳᠠᠳᠤ ᠤᠯᠤᠰ ᠮᠥᠬᠥᠨ᠎ᠡ ᠦᠦ? ᠬᠠᠷᠢᠭᠤᠯᠳᠠ ᠨᠢ᠄ ᠮᠥᠬᠥᠬᠦ᠌ ᠦᠭᠡᠢ᠂ ᠡᠴᠦᠰ᠎ᠦᠨ ᠢᠯᠠᠯᠲᠠ ᠪᠣᠯ ᠳᠤᠮᠳᠠᠳᠤ ᠤᠯᠤᠰ ᠎ᠤᠨ ᠬᠢ ᠶᠤᠮ》᠃ ᠶᠠᠨ ᠠᠨ᠎ᠤ ᠨᠦᠬᠡᠨ ᠭᠡᠷ᠎ᠲᠦ᠂ ᠮᠠᠤ ᠽᠸ ᠳ᠋ᠦᠩ ᠶᠠᠫᠣᠨ ᠎ᠢ ᠡᠰᠡᠷᠭᠦᠴᠡᠬᠦ᠌ ᠲᠠᠢ᠌ᠨ ᠢᠯᠠᠯᠲᠠ ᠤᠯᠬᠤ ᠭᠡᠭᠡᠨ ᠰᠠᠷᠠᠭᠤᠯ ᠢᠷᠡᠭᠡᠳᠦᠢ᠎ᠶ᠋ᠢ ᠵᠥᠩᠨᠡᠪᠡ᠃

ᠤᠷᠳᠤ ᠤᠳᠠᠭᠠᠨ ᠬᠠᠷᠠᠩᠭᠤᠢ ᠰᠥᠨᠢ᠎ᠳᠦ᠂ ᠳᠤᠮᠳᠠᠳᠤ ᠤᠯᠤᠰ᠎ᠤᠨ ᠠᠷᠠᠳ ᠲᠦᠮᠡᠨ ᠨᠤᠭᠤᠷᠠᠰᠢ ᠦᠭᠡᠢ ᠲᠡᠮᠡᠴᠡᠵᠦ᠍᠂ ᠡᠴᠦᠰ᠎ᠲᠦᠨᠢ ᠲᠤᠯᠲᠠᠯ᠎ᠠ ᠴᠢᠰᠤᠨ ᠪᠠᠢᠯᠳᠤᠭᠠᠨ ᠬᠢᠵᠦ᠍᠂ ᠡᠴᠦᠰ᠎ᠲᠡᠬᠡᠨ ᠬᠢᠯᠪᠠᠷ ᠪᠤᠰᠤ᠎ᠪᠠᠷ ᠣᠯᠤᠭ᠍ᠰᠠᠨ ᠠᠭᠤᠤ ᠶᠡᠬᠡ ᠢᠯᠠᠯᠲᠠ᠎ᠶ᠋ᠢ ᠲᠡᠮᠡᠴᠡᠨ ᠤᠯᠪᠠ᠃ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠵᠤ ᠭᠠᠷᠭᠠᠭ᠍ᠰᠠᠨᠴᠢᠯᠠᠨ᠄《ᠨᠥᠬᠥᠴᠡᠯ ᠬᠡᠳᠦᠢ ᠬᠠᠲᠠᠭᠤᠵᠢᠯᠲᠠᠢ ᠪᠠᠢᠭ᠍ᠰᠠᠨ ᠴᠤ᠌᠂ ᠲᠠᠢ᠌ᠨ ᠬᠡᠳᠦᠢ ᠬᠠᠲᠠᠭᠤ ᠱᠢᠷᠦᠭᠦᠨ ᠪᠠᠢᠭ᠍ᠰᠠᠨ ᠴᠤ᠌᠂ ᠦᠷᠡᠭ᠌ᠳᠡᠯ ᠰᠦᠢᠳᠦᠯ ᠬᠡᠳᠦᠢ ᠶᠡᠬᠡ ᠪᠠᠢᠭ᠍ᠰᠠᠨ ᠴᠤ᠌᠂ ᠳᠤᠮᠳᠠᠳᠤ ᠤᠯᠤᠰ᠎ᠤᠨ ᠠᠷᠠᠳ ᠲᠦᠮᠡᠨ᠎ᠤ ᠨᠤᠲᠤᠭ ᠤᠰᠤ᠎ᠪᠠᠨ ᠡᠭᠡᠭᠦᠯᠦᠨ ᠠᠪᠬᠤ ᠡᠷᠴᠢ ᠵᠣᠷᠢᠭ ᠶᠡᠷᠦ᠍᠎ᠡᠴᠡ ᠭᠤᠢᠪᠢᠯᠵᠠᠵᠤ ᠥᠩᠭᠡᠷᠡᠭ᠌ᠰᠡᠨ ᠦᠭᠡᠢ ᠶᠤᠮ》᠃

ᠢᠲᠡᠭᠡᠯ ᠪᠠᠢᠪᠠᠯ ᠤᠴᠢ ᠤᠨᠳᠠᠷᠠᠰᠢ ᠦᠭᠡᠢ᠃  ᠤᠶᠤᠨ ᠰᠠᠨᠠᠭᠠᠨ᠎ᠤ ᠲᠠᠯ᠎ᠠ᠎ᠪᠠᠷ ᠪᠣᠰᠴᠤ᠌ ᠵᠣᠭ᠍ᠰᠣᠭ᠍ᠰᠠᠨ᠂ ᠬᠦᠴᠦᠷᠬᠡᠭ᠌ᠵᠢᠭ᠌ᠰᠡᠨ ᠦᠨᠳᠦᠰᠦᠲᠡᠨ᠂ ᠢᠯᠠᠭ᠍ᠳᠠᠰᠢ ᠦᠭᠡᠢ ᠶᠤᠮ!


ᠡᠷᠬᠢᠮ ᠨᠠᠨᠳᠢᠨ ᠵᠤᠷᠢᠭ ᠰᠠᠨᠠᠭᠠᠨ᠎ᠤ ᠡᠳ᠋ ᠪᠠᠶᠠᠯᠢᠭ ᠢ᠋ ᠤᠯᠠᠮᠵᠢᠯᠠᠨ ᠵᠠᠯᠭᠠᠮᠵᠢᠯᠠᠪᠠ


ᠶᠡᠷᠦᠩᠬᠡᠢ ᠱᠦᠵᠢ ᠰᠢ ᠵᠢᠨ ᠫᠢᠩ᠄《ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠨᠭ᠌ᠭᠡ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ ᠎ᠢ ᠢᠯᠠᠨ ᠳᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ᠌ ᠎ᠶ᠋ᠢ ᠡᠭᠦᠷᠢᠳᠡ ᠵᠣᠷᠢᠭ᠍ᠵᠢᠭᠤᠯᠬᠤ ᠪᠣᠯᠤᠨ᠎ᠠ》 ᠭᠡᠵᠤ ᠴᠢᠬᠤᠯᠠᠴᠢᠯᠠᠪᠠ᠃

ᠠᠭᠤᠯᠠ ᠤᠰᠤ ᠥᠨᠢᠳᠡ ᠳᠤᠷᠠᠰᠴᠤ᠂ ᠬᠤᠪᠢᠰᠬᠠᠯ᠎ᠤᠨ᠎ᠭᠠᠯ ᠮᠦᠨᠭᠬᠡ ᠤᠯᠠᠮᠵᠢᠯᠠᠭᠳᠠᠨ᠎ᠠ᠃

ᠭᠠᠰᠠᠯᠠᠩ ᠵᠣᠪᠠᠯᠠᠩᠲᠤ ᠲᠡᠦᠬᠡᠨ ᠶᠠᠪᠤᠴᠠ᠎ᠳᠤ ᠬᠠᠳᠠᠭᠤᠵᠢᠭᠰᠠᠨ ᠶᠠᠫᠣᠨ᠎ᠢ ᠡᠰᠡᠷᠭᠦᠴᠡᠬᠦ᠌ ᠠᠭᠤᠤ ᠶᠡᠬᠡ ᠵᠣᠷᠢᠭ ᠰᠠᠨᠠᠭ᠎ᠠ ᠨᠢ ᠠᠯᠢ ᠡᠷᠲᠡ ᠳᠤᠮᠳᠠᠳᠤ᠎ᠶ᠋ᠢᠨ ᠬᠥᠪᠡᠭᠦᠳ ᠥᠬᠢᠳ᠎ᠦᠨ ᠵᠣᠷᠢᠭ ᠰᠠᠨᠠᠭᠠᠨ᠎ᠤ ᠲᠡᠪᠢᠰᠭᠡᠷ ᠦᠩᠭᠡ᠎ᠲᠡᠶ ᠠᠭᠤᠰᠤᠯᠴᠠᠵᠤ᠂ ᠲᠡᠦᠬᠡ᠎ᠶ᠋ᠢᠨ ᠤᠷᠤᠰᠭᠠᠯ ᠳᠤᠮᠳᠠ ᠴᠤᠴᠠᠯᠳᠠ ᠦᠭᠡᠢ ᠤᠷᠤᠭ᠍ᠰᠢᠯᠠᠬᠤ᠂ ᠠᠯᠢᠪᠠ ᠪᠦᠬᠦᠨ᠎ᠢ ᠢᠯᠠᠨ ᠲᠠᠪᠠᠬᠤ ᠬᠦᠴᠦᠷᠬᠡᠭ ᠶᠡᠬᠡ ᠬᠦᠴᠦᠨ᠎ᠢ ᠬᠥᠭ᠌ᠵᠢᠭᠡᠵᠡᠢ᠃

ᠡᠨᠡ ᠬᠦ᠌ ᠬᠦᠴᠦᠨ ᠨᠢ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢ ᠬᠠᠮᠠᠭᠠᠯᠠᠬᠤ ᠬᠠᠮᠤᠭ᠎ᠤᠨ ᠬᠠᠲᠠᠭᠤ ᠪᠡᠬᠢ ᠪᠤᠯᠤᠳ ᠲᠡᠮᠦᠷ ᠪᠤᠯᠵᠤ ᠬᠠᠳᠠᠭᠠᠭᠳᠠᠭᠰᠠᠨ ᠪᠠᠢᠨ᠎ᠠ᠃

ᠤᠳᠬ᠎ᠠ ᠰᠠᠨᠠᠭ᠎ᠠ ᠨᠢ ᠬᠦᠨ ᠭᠦᠨᠵᠡᠭᠡᠢ ᠳᠤᠷᠠᠰᠭᠠᠯ᠎ᠤᠨ ᠶᠡᠬᠡ ᠬᠤᠷᠠᠯ᠎ᠤᠨ ᠲᠠᠯᠠᠪᠠᠶ᠎ᠶ᠋ᠢᠨ ᠵᠢᠷᠤᠭ ᠲᠥᠯᠥᠪᠯᠡᠭᠡ᠎ᠨᠢ ᠬᠥᠮᠦᠰ᠎ᠲᠦ ᠭᠦᠨ ᠰᠠᠭᠤᠭ᠍ᠳᠠᠯ ᠦᠯᠡᠳᠡᠭᠡᠵᠡᠶ — ᠣᠨ᠎ᠤ ᠴᠤᠯᠠ ᠵᠢᠨ ᠲᠠᠪᠴᠠᠩ᠎ᠨᠢ ᠣᠷᠳᠣ ᠴᠠᠭᠠᠨ ᠬᠡᠷᠡᠮ᠎ᠦᠨ ᠲᠤᠬᠢᠶᠠᠨ᠎ᠤ ᠭᠠᠯ ᠪᠠ《ᠣᠯᠠᠨ ᠲᠦᠮᠡᠨ》ᠭᠡᠬᠦ ᠦᠰᠦᠭ᠎ᠤᠨ ᠰᠠᠨᠠᠭ᠎ᠠ ᠠᠬᠤᠶ᠎ᠶ᠋ᠢ ᠠᠭᠤᠰᠤᠯᠴᠠᠭᠤᠯᠵᠤ᠂《ᠣᠯᠠᠨ ᠲᠦᠮᠡᠨ》ᠭᠡᠬᠦ ᠥᠰᠥᠭ᠎ᠦᠨ ᠳᠦᠷᠰᠦ ᠪᠦᠲᠦᠭᠡᠯᠲᠡ᠎ᠶ᠋ᠢᠨ ᠶᠣᠰᠣᠯᠠᠯ᠎ᠤᠨ ᠲᠠᠢᠰᠠ᠎ᠨᠢ ᠰᠦᠷᠯᠢᠭ ᠦᠵᠡᠮᠵᠢ᠎ᠲᠡᠶ ᠪᠠᠢᠵᠤ᠂ 《ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠦᠨ ᠲᠡᠮᠦᠷ ᠬᠡᠷᠡᠮ ᠪᠣᠯᠬᠤ》᠂《ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠬᠦ᠌》 ᠵᠣᠷᠢᠭ ᠰᠠᠨᠠᠭᠠᠨ᠎ᠤ ᠲᠡᠮᠳᠡᠭ ᠪᠣᠯᠵᠣ ᠪᠦᠷᠢᠯᠳᠦᠵᠡᠶ᠃

ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠤᠭ᠎ᠤᠨ ᠲᠤᠪᠤᠢᠮ᠎ᠠ ᠤᠶᠤᠨ ᠰᠠᠨᠠᠭᠠᠨ᠎ᠤ ᠪᠡᠯᠭᠡ ᠲᠡᠮᠳᠡᠭ ᠮᠥᠨ᠃

ᠭᠠᠢᠬᠠᠮᠱᠢᠭ᠍ᠲᠤ ᠣᠨ ᠰᠠᠷ᠎ᠠ᠎ᠶ᠋ᠢ ᠡᠷᠭᠢᠴᠡᠭᠦᠯᠬᠦᠶ᠎ᠡ᠂ ᠡᠵᠢ ᠨᠢ ᠬᠦᠦ᠍᠎ᠪᠡᠨ ᠶᠠᠫᠤᠨ᠎ᠢ ᠡᠰᠡᠷᠭᠦᠴᠡᠬᠦ ᠲᠠᠢᠨ᠎ᠤ ᠹᠷᠤᠨᠲ᠎ᠲᠦ ᠬᠦᠷᠭᠡᠵᠦ᠂ ᠡᠬᠡᠨᠡᠷ ᠨᠢ ᠨᠦᠬᠦᠷ᠎ᠢᠶᠡᠨ ᠲᠠᠢ᠌ᠨ᠎ᠳᠦ ᠤᠷᠤᠯᠴᠠᠭᠤᠯᠵᠤ᠂ ᠡᠷᠡᠭ᠌ᠲᠡᠢ ᠡᠮᠡᠭ᠌ᠲᠡᠢ ᠬᠥᠭ᠌ᠰᠢᠨ ᠵᠠᠯᠠᠭᠤ ᠪᠦᠬᠦᠨ ᠎ᠢ ᠲᠠᠢ᠌ᠴᠢᠯᠠᠪᠠ᠁ ᠦᠨᠳᠦᠰᠦᠲᠡᠨ᠎ᠨᠦᠭᠦᠳ᠎ᠦᠨ ᠠᠷᠠᠳ ᠲᠦᠮᠡᠨ ᠴᠢᠰᠤᠲᠤ ᠪᠠᠢᠯᠳᠤᠭᠠᠨ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠡᠭᠡ ᠤᠯᠤᠰ᠎ᠢᠶᠠᠨ ᠬᠠᠮᠠᠭᠠᠯᠠᠵᠤ᠂ ᠭᠠᠳᠠᠭᠠᠳᠤ᠎ᠶ᠋ᠢᠨ ᠳᠠᠷᠤᠯᠠᠯ᠎ᠢ ᠡᠰᠡᠷᠭᠦᠴᠡᠭ᠌ᠰᠡᠨ ᠭᠠᠢᠬᠠᠮᠱᠢᠭ᠍ᠲᠤ ᠲᠤᠤᠯᠢᠰ᠎ᠢ ᠬᠠᠮᠲᠤᠪᠠᠷ ᠪᠢᠴᠢᠭ᠌ᠯᠡᠭ᠌ᠰᠡᠨ ᠪᠠᠢᠨ᠎ᠠ᠃

《ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠦᠨ ᠥᠩᠭᠡᠷᠡᠯᠲᠡ᠎ᠡᠴᠡ᠎ᠪᠡᠨ ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶᠢ ᠤᠷᠤᠭ᠍ᠰᠢᠯᠠᠵᠤ ᠴᠢᠳᠠᠨ᠎ᠠ᠂ ᠬᠠᠭᠠᠴᠠᠨ ᠵᠠᠳᠠᠷᠠᠭ᠍ᠰᠠᠨ ᠤᠯᠤᠰ᠎ᠪᠣᠯ ᠬᠥᠭ᠌ᠵᠢᠨ ᠲᠠᠪᠱᠢᠵᠤ ᠴᠢᠳᠠᠬᠤ ᠦᠭᠡᠢ ᠭᠡᠳᠡᠭ᠎ᠢ ᠭᠦᠨᠵᠡᠭᠡᠢ ᠲᠠᠨᠢᠵᠤ ᠤᠯᠪᠠ》 ᠭᠡᠵᠦ᠍ ᠶᠡᠷᠦᠩᠬᠡᠢ ᠱᠦᠵᠢ ᠰᠢ ᠵᠢᠨ ᠫᠢᠩ ᠭᠦᠨᠵᠡᠭᠡᠢ ᠵᠢᠭᠠᠵᠤ ᠭᠠᠷᠭᠠᠪᠠ᠃

ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠲᠤᠭ᠎ᠤᠨ ᠳᠣᠣᠷ᠎ᠠ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠵᠠᠩᠭᠢᠳᠤᠭᠰᠠᠨ ᠨᠢᠳᠤᠷᠭ᠎ᠠ ᠰᠢᠭ᠋ ᠨᠡᠢᠯᠡᠮᠡᠯ ᠬᠦᠴᠦ᠎ᠶᠢ ᠪᠦᠷᠢᠯᠳᠦᠭᠦᠯᠪᠡᠯ ᠲᠡᠦᠬᠡ᠎ᠶ᠋ᠢᠨ ᠱᠢᠨ᠎ᠡ ᠠᠭᠤᠤ ᠦᠢᠯᠡᠰ᠎ᠢ ᠯᠠᠪᠲᠠᠢ ᠡᠭᠦᠳᠦᠨ ᠪᠦᠲᠦᠭᠡᠬᠦ᠌ ᠶᠤᠮ᠃

ᠡᠨᠡ ᠬᠦ᠌ ᠬᠦᠴᠦᠨ᠎ᠡᠴᠡ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠣᠮᠣᠭ ᠵᠣᠷᠢᠭ ᠪᠠᠳᠠᠷᠠᠵᠤ ᠪᠠᠢᠨ᠎ᠠ᠃

ᠴᠠᠩ ᠠᠨ ᠵᠡᠭᠡᠯᠢ ᠎ᠳᠦ᠂ ᠡᠷᠡᠯᠬᠡᠭ ᠴᠡᠷᠢᠭ᠎ᠤᠳ ᠵᠢᠭ᠍ᠰᠠᠵᠤ᠂ ᠰᠦᠷ ᠵᠢᠪᠬᠤᠭ᠎ᠠ᠎ᠲᠡᠭᠦᠯᠳᠡᠷ᠃ ᠡᠨᠳᠡ ᠥᠩᠭᠡᠷᠡᠭ᠌ᠰᠡᠨ᠎ᠳᠦ ᠲᠡᠮᠦᠷ ᠲᠤᠭᠤᠷᠠᠢ ᠠᠭᠤᠯᠠ ᠤᠰᠤ᠎ᠶ᠋ᠢ ᠲᠠᠯᠬᠢᠳᠠᠬᠤ᠎ᠶ᠋ᠢ ᠨᠢᠳᠦ᠍᠎ᠪᠡᠷ ᠎ᠢᠶᠡᠨ ᠦᠵᠡᠭ᠌ᠰᠡᠨ ᠪᠥᠭᠡᠳ ᠡᠨᠳᠡ ᠪᠠᠰᠠ ᠥᠨᠢ ᠤᠳᠠᠭᠠᠨ ᠲᠡᠦᠬᠡ᠎ᠲᠡᠶ ᠳᠤᠮᠳᠠᠳᠤ ᠤᠯᠤᠰ ᠎ᠤᠨ ᠭᠠᠷᠤᠳᠢ ᠭᠠᠯᠪᠢᠩᠭ᠎ᠠ ᠨᠢᠷᠸᠠᠨ ᠲᠦᠷᠢ ᠦᠵᠡᠭᠦᠯᠵᠦ ᠲᠠᠬᠢᠨ ᠠᠮᠢᠯᠠᠭᠰᠠᠨ᠎ᠢ ᠭᠡᠷᠡᠴᠢᠯᠡᠵᠦ᠍ ᠪᠤᠢ᠃

ᠥᠨᠥᠳᠦᠷ ᠪᠠᠢᠯᠳᠤᠭᠠᠨ ᠎ᠤ ᠨᠢᠰᠭᠡᠯ ᠬᠦᠷᠴᠢᠭᠢᠨᠡᠵᠦ᠍᠂ ᠣᠭ᠍ᠲᠠᠷᠭᠤᠢ᠎ᠳᠤ ᠰᠦᠷ ᠵᠢᠪᠬᠤᠯᠠᠩᠲᠤ ᠴᠠᠭ ᠦᠶ᠎ᠡ᠎ᠶ᠋ᠢᠨ ᠲᠤᠪᠴᠢ ᠦᠵᠡᠭᠳᠡᠯ ᠎ᠢ ᠵᠢᠷᠤᠭ᠍ᠯᠠᠵᠤ᠂ ᠨᠢᠰᠭᠡᠯ ᠱᠢᠨ᠎ᠡ ᠳᠤᠮᠳᠠᠳᠤ ᠤᠯᠤᠰ ᠠᠩᠬ᠎ᠠ ᠪᠠᠢᠭᠤᠯᠤᠭ᠍ᠳᠠᠬᠤ ᠦᠶ᠎ᠡ᠎ᠶ᠋ᠢᠨ ᠬᠢ ᠱᠢᠭ ᠲᠠᠪᠳᠠᠨ ᠨᠢᠰᠭᠦ ᠴᠢᠬᠤᠯᠠ ᠦᠭᠡᠢ ᠪᠣᠯᠵᠠᠢ᠃

ᠨᠢᠭᠡᠨ ᠠᠶᠤᠯ ᠲᠦᠭ᠌ᠰᠢᠭᠦᠷᠢ᠎ᠲᠡᠶ ᠣᠷᠴᠢᠨ ᠎ᠳᠤ ᠡᠷᠡᠯᠬᠡᠭ᠌ᠯᠡᠨ ᠲᠡᠮᠡᠴᠡᠵᠦ᠍ ᠬᠥᠭ᠌ᠵᠢᠨ ᠮᠠᠨᠳᠤᠭ᠍ᠰᠠᠨ ᠦᠨᠳᠦᠰᠦᠲᠡᠨ ᠨᠢ ᠠᠭᠤᠤ ᠶᠡᠬᠡ ᠵᠣᠷᠢᠭ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ ᠢᠯᠠᠯᠲᠠ᠎ᠶ᠋ᠢᠨ ᠨᠢᠭᠤᠴᠠ  ᠵᠢ ᠨᠡᠩ ᠢᠯᠡᠭᠦᠦ ᠣᠢᠯᠠᠭᠠᠵᠤ᠂ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠦᠢᠯᠡᠰ᠎ᠦᠨ ᠰᠦᠷ ᠵᠢᠪᠬᠤᠯᠠᠩᠲᠤ ᠲᠤᠭ᠎ᠢ ᠨᠡᠩ ᠥᠨᠳᠥᠷ ᠮᠠᠨᠳᠤᠭᠤᠯᠵᠤ ᠴᠢᠳᠠᠨ᠎ᠠ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠢᠬᠠᠨ ᠵᠢᠷᠤᠭ ᠳᠦᠷᠰᠦ᠎ᠶ᠋ᠢ ᠳᠡᠯᠭᠡᠭ᠌ᠰᠡᠨ ᠪᠥᠭᠡᠳ ᠬᠢᠵᠠᠭᠠᠯᠠᠰᠢ ᠦᠭᠡᠢ ᠭᠡᠭᠡᠨ ᠰᠠᠷᠠᠭᠤᠯ ᠭᠡᠷᠡᠯ ᠰᠠᠴᠤᠷᠠᠩᠭᠤᠢ ᠢᠷᠡᠭᠡᠳᠦᠢ᠎ᠲᠡᠶ ᠪᠣᠯᠵᠠᠢ᠂ ᠭᠡᠪᠡᠴᠦ᠍ ᠤᠷᠤᠭᠰᠢᠯᠠᠯᠲᠠ᠎ᠶ᠋ᠢᠨ ᠵᠠᠮ ᠲᠡᠢᠮᠦ᠍ ᠰᠠᠷᠠᠭᠤᠯ ᠳᠠᠷᠳᠠᠩ ᠪᠢᠰᠢ᠂ ᠰᠢᠷᠦᠭᠦᠨ ᠰᠠᠯᠬᠢ ᠠᠭᠠᠳᠠᠷ ᠪᠣᠷᠣᠭᠠᠨ ᠴᠢᠨᠠᠭ᠍ᠰᠢᠯᠠᠪᠠᠯ ᠲᠤᠬ᠍ᠰᠢᠨ ᠳᠠᠪᠠᠯᠭᠠᠨ ᠱᠢᠷᠦᠭᠦᠨ ᠳᠣᠯᠭᠢᠶᠠᠨ᠎ᠲᠠᠶ ᠶᠤᠮ᠃

ᠶᠡᠷᠦᠩᠬᠡᠢ ᠱᠦᠵᠢ ᠰᠢ ᠵᠢᠨ ᠫᠢᠩ᠄《ᠪᠢᠳᠡ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠯᠢᠪᠠ ᠬᠦᠴᠢᠷ ᠪᠡᠷᠬᠡᠱᠢᠶᠡᠯ᠎ᠢ ᠢᠯᠠᠨ ᠳᠠᠪᠠᠬᠤ᠎ᠡᠴᠡ ᠪᠢᠰᠢ ᠬᠦᠴᠢᠷ ᠪᠡᠷᠬᠡᠱᠢᠶᠡᠯ᠎ᠦᠨ ᠡᠮᠦᠨ᠎ᠡ ᠨᠤᠭᠤᠷᠠᠬᠤ ᠦᠭᠡᠢ ᠡᠷᠡᠰ ᠵᠤᠷᠢᠭ ᠪᠠ ᠰᠦᠰᠦ ᠵᠣᠷᠢᠭ᠎ᠢᠶᠠᠷ ᠵᠣᠷᠢᠭ᠍ᠲᠠᠢ ᠲᠡᠮᠡᠴᠡᠵᠦ᠍᠂ ᠴᠢᠳᠠᠮᠠᠭᠠᠢ ᠡᠭᠦᠳᠦᠨ ᠪᠦᠲᠦᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠦ᠍᠂ ᠡᠴᠦᠰ᠎ᠦᠨ ᠢᠯᠠᠯᠲᠠ᠎ᠶ᠋ᠢ ᠤᠯᠬᠤ ᠪᠤᠯᠳᠠᠯ᠎ᠠ ᠲᠡᠮᠡᠴᠡᠬᠦ ᠬᠡᠷᠡᠭ᠌ᠲᠡᠢ》ᠭᠡᠵᠦ ᠴᠢᠬᠤᠯᠠᠴᠢᠯᠠᠪᠠ᠃

ᠬᠡᠳᠦᠢ ᠪᠡᠷᠬᠡ ᠬᠠᠲᠠᠭᠤᠵᠢᠯᠲᠠᠢ ᠪᠣᠯᠬᠤ ᠲᠤᠳᠤᠮ ᠲᠡᠳᠦᠢ ᠡᠷᠡᠯᠬᠡᠭ᠌ᠯᠡᠨ ᠲᠡᠮᠡᠴᠡᠵᠦ᠍᠂ ᠬᠦᠴᠢᠷ᠎ᠢ ᠰᠦᠷᠦᠨ ᠤᠷᠤᠭ᠍ᠰᠢᠯᠠᠪᠠᠯ ᠯᠠᠪᠲᠠᠢ ᠨᠡᠩ ᠶᠡᠬᠡ ᠱᠢᠨ᠎ᠡ ᠭᠠᠢᠬᠠᠮᠱᠢᠭ᠎ᠢ ᠡᠭᠦᠳᠬᠦ᠌ ᠪᠣᠯᠤᠨ᠎ᠠ᠃

ᠡᠨᠡ ᠬᠦ᠌ ᠬᠦᠴᠦᠨ ᠨᠢ ᠰᠡᠷᠭᠦᠨ ᠮᠠᠨᠳᠤᠵᠤ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠡᠷᠡᠰ ᠪᠠᠲᠤ ᠠᠯᠬᠤᠭ᠎ᠠ᠎ᠶ᠋ᠢ ᠵᠣᠷᠢᠭ᠍ᠵᠢᠭᠤᠯᠵᠤ ᠪᠠᠢᠨ᠎ᠠ᠃

ᠳᠤᠷᠠᠰᠭᠠᠬᠤ ᠠᠵᠢᠯᠯᠠᠭ᠎ᠠ ᠎ᠶ᠋ᠢᠨ ᠲᠤᠰ ᠡᠳᠦᠷ᠂ ᠳᠠᠢ᠌ᠨ᠎ᠦ ᠭᠠᠯ ᠳᠠᠷᠢ᠎ᠶ᠋ᠢᠨ ᠤᠲᠤᠭᠠᠨ᠎ᠡᠴᠡ ᠭᠠᠷᠴᠤ ᠢᠷᠡᠭ᠌ᠰᠡᠨ ᠶᠠᠫᠣᠨ᠎ᠢ ᠡᠰᠡᠷᠭᠦᠴᠡᠬᠦ᠌ ᠳᠠᠢ᠌ᠨ᠎ᠦ 6 ᠠᠬᠠᠮᠠᠳ ᠪᠠᠢᠯᠳᠤᠭ᠍ᠴᠢ ᠠᠬᠠᠮᠠᠳ ᠨᠥᠬᠥᠳ ᠎ᠦᠨ ᠲᠥᠯᠥᠭᠡᠯᠡᠭ᠌ᠴᠢ ᠤᠷᠢᠯᠭ᠎ᠠ ᠎ᠪᠠᠷ ᠶᠣᠰᠣᠯᠠᠯ᠎ᠳᠤ ᠣᠷᠣᠯᠴᠠᠪᠠ᠃ ᠪᠠᠭᠠᠲᠤᠷᠴᠤᠳ ᠲᠢᠶᠠᠨ ᠠᠨ ᠮᠧᠨ ᠠᠰᠠᠷ᠎ᠲᠤ ᠭᠠᠷᠪᠠ! ᠡᠨᠡ ᠪᠣᠯ ᠡᠬᠡ ᠣᠷᠣᠨ ᠪᠠ ᠠᠷᠠᠳ ᠲᠦᠮᠡᠨ᠎ᠡᠴᠡ ᠪᠠᠭᠠᠲᠤᠷᠴᠤᠳ᠎ᠲᠤ ᠦᠭᠭᠦᠭᠰᠡᠨ ᠡᠷᠬᠢᠮ ᠳᠡᠭᠡᠳᠦ ᠬᠦᠨᠳᠦᠳᠭᠡᠯ ᠮᠥᠨ᠂ ᠲᠡᠦᠬᠡ᠎ᠶ᠋ᠢ ᠭᠦᠨᠵᠡᠭᠡᠢ ᠪᠠᠲᠤ ᠴᠡᠭᠡᠵᠢᠯᠡᠭ᠌ᠰᠡᠨ ᠶᠠᠪᠤᠳᠠᠯ ᠮᠥᠨ᠃

ᠠᠯᠤᠰ᠎ᠢ ᠪᠠᠷᠠᠯᠠᠬᠤᠶ᠎ᠠ — ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠭᠠᠯ᠎ᠢ ᠠᠰᠠᠭᠠᠭ᠍ᠰᠠᠨ ᠯᠦ᠍ ᠭᠸᠤ ᠴᠢᠶᠣᠤ ᠬᠥᠭᠥᠷᠭᠡ᠎ᠶ᠋ᠢᠨ ᠳᠡᠷᠭᠡᠳᠡ᠂《ᠰᠡᠷᠭᠦᠨ ᠮᠠᠨᠳᠤᠯᠲᠠ ᠨᠡᠷᠡᠮᠵᠢᠲᠦ》 ᠭᠠᠯᠲᠤ ᠲᠡᠷᠭᠡ ᠳᠠᠪᠬᠢᠨ ᠥᠩᠭᠡᠷᠡᠪᠡ; ᠲᠤᠬᠠᠢ᠎ᠶ᠋ᠢᠨ ᠵᠢᠯ᠎ᠦᠨ ᠶᠠᠨ ᠯᠢᠩ ᠠᠩᠭᠢ᠎ᠶ᠋ᠢᠨ ᠶᠠᠫᠣᠨ ᠎ᠢ ᠡᠰᠡᠷᠭᠦᠴᠡᠵᠦ᠍ ᠳᠠᠢᠰᠤᠨ᠎ᠢ ᠰᠦᠨᠦᠭᠡᠭᠰᠡᠨ ᠪᠠᠢ ᠶᠠᠩ ᠳ᠋ᠢᠶᠠᠨ᠎ᠤ ᠬᠥᠪᠡᠭᠡᠨ᠎ᠳᠦ᠂ 《ᠢᠷᠡᠭᠡᠳᠦᠢ᠎ᠶ᠋ᠢᠨ ᠬᠤᠲᠠ》 ᠱᠢᠶᠦ᠋ᠩ ᠠᠨ  ᠬᠦᠭᠵᠢᠨ ᠪᠤᠵᠠᠭᠠᠢᠷᠠᠪᠠ ;ᠰᠠᠯᠬᠢ ᠪᠣᠷᠣᠭᠠᠨ᠎ᠢ ᠲᠤᠭᠤᠯᠤᠭ᠍ᠰᠠᠨ ᠨᠠᠨᠵᠢᠩ ᠬᠣᠲᠠ᠎ᠳᠤ᠂ ᠭᠡᠷᠡᠯ ᠬᠢᠯᠪᠠᠭ᠎ᠠ ᠪᠠᠳᠠᠷᠠᠵᠤ᠂ ᠬᠥᠮᠦᠨ᠎ᠦ ᠠᠮᠢᠳᠤᠷᠠᠯ᠎ᠤᠨ ᠰᠠᠢᠨ ᠰᠠᠢᠬᠠᠨ᠎ᠢ ᠬᠠᠷᠠᠭᠤᠯᠤᠨ᠎ᠠ᠃

ᠴᠠᠭ ᠴᠠᠭ᠎ᠢᠶᠡᠷ᠎ᠢᠶᠡᠨ ᠪᠠᠢᠳᠠᠭ ᠦᠭᠡᠢ᠂ ᠴᠠᠬᠢᠯᠳᠠᠭ ᠬᠦᠭᠡ ᠪᠡᠷ᠎ᠢᠶᠡᠨ ᠪᠠᠢᠳᠠᠭ ᠦᠭᠡᠢ᠃ 《ᠪᠠᠳᠠᠷᠠᠨ ᠬᠦᠭᠵᠢᠭᠰᠡᠨ ᠳᠤᠮᠳᠠᠳᠤ ᠤᠯᠤᠰ᠂ ᠲᠠᠨ᠎ᠤ ᠬᠦᠰᠡᠭ᠌ᠰᠡᠨ᠎ᠢᠶᠡᠷ ᠪᠣᠯᠤᠯ᠎ᠠ》 !

ᠳᠠᠷᠢ᠎ᠶ᠋ᠢᠨ ᠤᠳᠤᠭ᠎ᠠ ᠬᠡᠳᠦᠢᠪᠡᠷ ᠰᠠᠷᠨᠢᠨ ᠠᠷᠢᠯᠤᠭ᠍ᠰᠠᠨ ᠪᠣᠯᠪᠠᠴᠤ᠌ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠨᠢ ᠲᠡᠦᠬᠡᠨ ᠴᠠᠭ ᠦᠶ᠎ᠡ ᠵᠢ ᠲᠤᠭᠤᠯᠵᠤ᠂᠎ᠠᠮᠢᠵᠢᠷᠠᠯ ᠎ᠤᠨ ᠬᠦᠴᠦᠨ ᠵᠢᠡᠷ ᠪᠢᠯᠬᠠᠨ᠎ᠠ᠃ ᠲᠡᠷᠡ ᠨᠢ ᠶᠠᠫᠣᠨ ᠎ᠢ ᠡᠰᠡᠷᠭᠦᠴᠡᠬᠦ᠌ ᠳᠠᠢ᠌ᠨ᠎ᠦ ᠠᠬᠠᠮᠠᠳ ᠴᠡᠷᠢᠭ᠎ᠦᠨ ᠲᠤᠭᠳᠤᠯᠤᠭᠰᠠᠨ ᠰᠡᠳᠭᠢᠯ ᠵᠢᠡᠷ ᠶᠤᠰᠤᠯᠠᠬᠤ ᠭᠱᠠᠨ᠎ᠳᠦ ᠠᠭᠤᠰᠴᠤ᠂ ᠠᠷᠠᠳ᠎ᠤᠨ ᠬᠡᠦᠬᠡᠳ ᠳᠡᠭᠦᠦ᠍᠎ᠨᠡᠷ ᠴᠡᠷᠢᠭ᠎ᠦᠨ ᠡᠷᠡᠰ ᠪᠠᠲᠤ ᠴᠢᠷᠠᠢ ᠳᠡᠭᠡᠷ᠎ᠡ ᠢᠯᠡᠷᠡᠵᠦ᠂ ᠲᠦᠭ ᠲᠦᠮᠡᠨ ᠡᠷᠡᠯᠬᠡᠭ᠌ᠯᠡᠨ ᠲᠡᠮᠡᠴᠡᠭ᠌ᠰᠡᠳ᠎ᠦᠨ ᠣᠷᠭᠢᠯᠤᠮ᠎ᠠ ᠬᠠᠯᠠᠭᠤᠨ ᠴᠢᠰᠤᠨ᠎ᠳᠤ ᠰᠢᠨᠭᠭᠡᠵᠦ ᠪᠠᠢᠳᠠᠭ  ᠁

ᠲᠡᠦᠬᠡ᠎ᠡᠴᠡ ᠤᠷᠤᠭ᠍ᠰᠢᠯᠠᠯᠲᠠ᠎ᠶ᠋ᠢᠨ ᠤᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠤᠪᠠᠯ ᠯᠠᠪᠳᠠᠶ᠎ᠠ ᠬᠡᠷᠡᠯ ᠰᠠᠴᠤᠷᠠᠩᠭᠤᠢ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠶᠤᠮ᠃


ᠢᠷᠠᠭᠤ ᠠᠯᠳᠠᠷ ᠪᠠ ᠬᠦᠰᠡᠯ ᠡᠷᠡᠮᠡᠯᠵᠡᠯ ᠪᠢᠯᠬᠠᠭᠰᠠᠨ ᠠᠯᠤᠰ᠎ᠤᠨ ᠠᠶᠠᠨ ᠳ᠋ᠦ ᠮᠤᠷᠳᠠᠪᠠ


ᠲᠡᠷᠭᠡᠨ ᠫᠠᠢᠰᠠ᠎ᠶ᠋ᠢᠨ ᠨᠣᠮᠧᠷ᠎ᠨᠢ ᠲᠣᠰ ᠲᠣᠰ《1945 》᠂《 2025》 ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠲᠡᠷᠭᠡ᠎ᠰᠢᠯᠭᠠᠯᠲᠠ ᠵᠢ ᠬᠦᠯᠢᠶᠡᠬᠦ ᠴᠡᠷᠢᠭ ᠠᠨᠭᠭᠢ ᠵᠢᠨ ᠡᠮᠦᠨᠡᠭᠦᠷ ᠥᠩᠭᠡᠷᠡᠬᠦ᠌᠎ᠳᠦ ᠦᠢ ᠣᠯᠠᠨ ᠰᠦᠯᠵᠢᠶᠡᠨ ᠠᠨᠳᠠ ᠰᠡᠳᠭᠢᠯ ᠲᠤᠭᠳᠤᠯᠵᠤ ᠪᠠᠢᠯ᠎ᠠ᠃

《1945 ᠣᠨ ᠪᠣᠯ ᠲᠡᠦᠬᠡ᠎ᠶ᠋ᠢᠨ ᠡᠬᠢᠯᠡᠯᠲᠡ ᠪᠠ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠲᠥᠯᠥᠭᠡᠯᠡᠵᠦ᠍ ᠪᠠᠢᠳᠠᠭ; 2025 ᠣᠨ ᠪᠣᠯ ᠢᠷᠡᠭᠡᠳᠦᠢ᠎ᠶ᠋ᠢᠨ ᠠᠶᠠᠨ ᠪᠣᠯᠤᠨ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠍᠎ᠶ᠋ᠢ ᠲᠥᠯᠥᠭᠡᠯᠡᠵᠦ᠍ ᠪᠠᠢᠭ᠎ᠠ ᠶᠤᠮ》 ᠂ 《ᠡᠨᠡ ᠨᠢ ᠳᠥᠭᠥᠮᠬᠡᠨ ᠲᠣᠭ᠎ᠠ ᠪᠠᠷᠢᠮᠲᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠴᠠᠭ ᠬᠤᠭᠤᠴᠠᠭ᠎ᠠ ᠣᠷᠣᠨ ᠵᠠᠢ᠎ᠶ᠋ᠢ ᠠᠯᠤᠰᠯᠠᠭ᠍ᠰᠠᠨ ᠶᠠᠷᠢᠯᠴᠠᠭ᠎ᠠ ᠪᠣᠯᠤᠨ᠎ᠠ》 ᠁ ᠳᠡᠯᠭᠡᠴᠡ ᠳᠦᠭᠦᠷᠡᠩ ᠦᠨᠡᠨ ᠰᠡᠳᠭᠢᠯ᠎ᠦᠨ ᠦᠭᠡ ᠦᠯᠡᠳᠡᠭᠡᠵᠡᠢ᠃

ᠬᠡᠳᠦᠨ ᠡᠳᠦᠷ᠎ᠦᠨ ᠲᠤᠷᠰᠢ᠂ ᠬᠥᠮᠦᠰ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠲᠡᠦᠬᠡ᠎ᠶ᠋ᠢ ᠡᠷᠭᠢᠴᠡᠭᠦᠯᠵᠦ᠍᠂ ᠪᠠᠭᠠᠲᠤᠷᠴᠤᠳ᠎ᠢᠶᠠᠨ ᠮᠠᠭ᠍ᠲᠠᠨ ᠰᠠᠢᠱᠢᠶᠠᠨ᠎ᠠ᠃ ᠲᠡᠦᠬᠡ ᠪᠣᠯᠤᠨ ᠪᠣᠳᠠᠲᠤ ᠠᠬᠤᠢ᠎ᠶ᠋ᠢᠨ ᠠᠭᠤᠰᠤᠯᠴᠠᠯ ᠳᠤᠮᠳᠠ᠂ ᠤᠯᠤᠰ᠎ᠢᠶᠠᠨ ᠬᠠᠢᠷᠠᠯᠠᠬᠤ ᠰᠡᠳᠭᠢᠯᠭᠡ ᠨᠢ ᠴᠠᠭ ᠦᠶ᠎ᠡ᠎ᠶ᠋ᠢᠨ ᠤᠷᠤᠰᠭᠠᠯ ᠪᠣᠯᠤᠨ ᠪᠦᠷᠢᠯᠳᠦᠵᠡᠢ᠃

ᠤᠨᠲᠠᠷᠠᠰᠢ ᠦᠭᠡᠢ ᠭᠡᠷᠡᠯᠲᠦ ᠴᠠᠮᠬᠠᠭ᠂ ᠥᠨᠳᠥᠷ᠎ᠲᠦ ᠨᠠᠮᠢᠷᠠᠬᠤ ᠲᠤᠭ ᠮᠡᠲᠦ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠨᠢ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠤᠷᠳᠤ ᠤᠳᠠᠭᠠᠨ ᠠᠶᠠᠨ ᠵᠠᠮ᠎ᠢ ᠭᠡᠢᠭᠦᠯᠵᠦ᠍᠂ ᠢᠮᠠᠭ᠍ᠲᠠ ᠪᠢᠳᠡᠨ᠎ᠦ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠵᠠᠮ ᠨᠡᠭᠡᠭᠡᠨ ᠤᠷᠤᠭ᠍ᠰᠢᠯᠠᠬᠤ ᠬᠦᠴᠦᠨ ᠴᠢᠳᠠᠯ᠎ᠤᠨ ᠡᠬᠢ ᠪᠤᠯᠠᠭ ᠪᠣᠯᠬᠤ ᠶᠤᠮ᠃

《ᠱᠢᠨ᠎ᠡ ᠲᠡᠦᠬᠡᠨ ᠨᠥᠬᠥᠴᠡᠯ ᠳᠤᠤᠷ᠎ᠠ᠂ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠠᠫᠣᠨ᠎ᠢ ᠡᠰᠡᠷᠭᠦᠴᠡᠬᠦ᠌ ᠲᠡᠢᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠪᠦᠯᠬᠦᠮᠳᠡᠨ ᠰᠡᠳᠭᠢᠯ ᠨᠢᠭᠡᠳᠬᠦ᠌ ᠣᠶᠤᠨ ᠰᠠᠨᠠᠭᠠᠨ᠎ᠤ ᠬᠣᠯᠪᠣᠭᠠᠰᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ᠎ᠢᠶᠡᠨ ᠲᠠᠰᠤᠷᠠᠯᠲᠠ ᠥᠬᠡᠶ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ ᠳᠠᠢᠰᠢ ᠦᠷᠭᠦᠯᠵᠢᠯᠡᠨ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠶ》ᠭᠡᠬᠦ ᠶᠡᠷᠦᠩᠬᠡᠶ ᠱᠦᠵᠢ ᠰᠢ ᠵᠢᠨ ᠫᠢᠩ᠎ᠦᠨ ᠤᠷᠢᠶᠠᠯᠠᠭ᠎ᠠ᠎ᠨᠢ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠠᠶ᠃

ᠤᠷᠤᠭ᠍ᠰᠢᠯᠠᠶ᠎ᠠ! ᠪᠢᠳᠠ ᠤᠯᠤᠰ᠎ᠢᠶᠠᠨ ᠬᠠᠢᠷᠠᠯᠠᠬᠤ ᠲᠤᠭ᠎ᠢ ᠥᠨᠳᠥᠷ ᠮᠠᠨᠳᠤᠭᠤᠯᠵᠤ᠂ ᠤᠶᠤᠨ ᠰᠠᠨᠠᠭᠠᠨ᠎ᠤ ᠤᠷᠳᠤ ᠴᠠᠭᠠᠨ ᠬᠡᠷᠡᠮ᠎ᠢ ᠪᠠᠲᠤ ᠴᠣᠭ᠍ᠴᠠᠯᠠᠰᠤᠭᠠᠢ᠃

《ᠤᠯᠤᠰ᠎ᠢᠶᠠᠨ ᠬᠠᠢᠷᠠᠯᠠᠬᠤ ᠪᠣᠯ ᠬᠥᠮᠦᠨ᠎ᠦ ᠶᠢᠷᠲᠢᠨᠴᠦ᠍᠎ᠶ᠋ᠢᠨ ᠬᠠᠮᠤᠭ᠎ᠤᠨ ᠭᠦᠨ ᠳᠠᠪᠬᠤᠷᠭ᠎ᠠ᠎ᠶ᠋ᠢᠨ᠂ ᠬᠠᠮᠤᠭ᠎ᠤᠨ ᠥᠨᠢ ᠤᠳᠠᠭᠠᠨ᠎ᠤ ᠬᠠᠢᠷ᠎ᠠ ᠰᠡᠳᠭᠢᠯᠭᠡ ᠮᠥᠨ》᠂ 《ᠳᠤᠮᠳᠠᠳᠤ ᠤᠯᠤᠰ᠎ᠤᠨ ᠬᠥᠮᠦᠨ ᠨᠢᠭᠡᠪᠦᠷᠢ᠎ᠳᠦ ᠠᠪᠴᠤ᠌ ᠬᠡᠯᠡᠪᠡᠯ᠂ ᠤᠯᠤᠰ᠎ᠢᠶᠠᠨ ᠬᠠᠢᠷᠠᠯᠠᠬᠤ ᠪᠣᠯ ᠲᠤᠰᠢᠶᠠᠯ ᠬᠠᠷᠢᠭᠤᠴᠠᠯᠭ᠎ᠠ ᠮᠥᠨ᠂ ᠪᠠᠰᠠ ᠴᠤ᠌ ᠡᠭᠦᠷᠭᠡ ᠬᠠᠷᠢᠭᠤᠴᠠᠯᠭ᠎ᠠ ᠮᠥᠨ᠂ ᠰᠡᠳᠭᠢᠯ ᠵᠢᠷᠦᠬᠡ᠎ᠪᠡᠨ ᠬᠣᠯᠪᠣᠵᠤ ᠪᠠᠢᠭ᠎ᠠ ᠶᠠᠪᠤᠳᠠᠯ ᠮᠥᠨ》᠃

ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ ᠦᠷᠭᠦᠯᠵᠢᠯᠡᠭ᠌ᠰᠡᠨ ᠬᠥᠭ᠌ᠵᠢᠯᠲᠡ᠎ᠶ᠋ᠢᠨ ᠲᠡᠦᠬᠡ᠎ᠶ᠋ᠢᠨ ᠤᠷᠳᠤ ᠤᠷᠤᠰᠭᠠᠯ᠎ᠳᠤ᠂ ᠤᠯᠤᠰ᠎ᠢᠶᠠᠨ ᠬᠠᠢᠷᠠᠯᠠᠬᠤ ᠦᠵᠡᠯ ᠪᠣᠯ ᠢᠮᠠᠭ᠍ᠲᠠ ᠣᠷᠭᠢᠯᠤᠮ᠎ᠠ ᠬᠠᠯᠠᠭᠤᠨ ᠭᠣᠣᠯ ᠬᠦᠭ ᠠᠶᠠᠰ ᠪᠠᠢᠵᠤ᠂ ᠢᠮᠠᠭ᠍ᠲᠠ ᠮᠠᠨ᠎ᠤ ᠤᠯᠤᠰ ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠎ᠶ᠋ᠢ ᠵᠣᠷᠢᠭ᠍ᠵᠢᠭᠤᠯᠬᠤ ᠬᠦᠴᠦᠷᠬᠡᠭ ᠶᠡᠬᠡ ᠬᠦᠴᠦᠨ ᠴᠢᠳᠠᠯ ᠪᠣᠯᠤᠨ᠎ᠠ ᠭᠡᠵᠦ᠍ ᠲᠣᠳᠣᠷᠬᠠᠢ ᠵᠢᠭᠠᠵᠤ ᠭᠠᠷᠭᠠᠪᠠ᠃

ᠠᠭᠤᠤ ᠶᠡᠬᠡ ᠵᠣᠷᠢᠭ ᠰᠠᠨᠠᠭ᠎ᠠ᠎ᠪᠠᠷ ᠠᠭᠤᠤ ᠶᠡᠬᠡ ᠬᠦᠰᠡᠯ ᠵᠡᠭᠦᠳᠦ᠍᠎ᠪᠡᠨ ᠲᠡᠷᠭᠡᠯᠱᠢᠭᠦᠯᠦᠶ᠎ᠡ᠃ ᠤᠯᠤᠰ᠎ᠢᠶᠠᠨ ᠬᠠᠢᠷᠠᠯᠠᠬᠤ ᠦᠵᠡᠯ ᠲᠤᠭ᠎ᠤᠨ ᠳᠣᠣᠷ᠎ᠠ ᠨᠢᠭ᠍ᠲᠠᠷᠠᠨ ᠪᠦᠯᠬᠦᠮᠳᠡᠵᠦ᠍᠂ ᠬᠦᠴᠦᠷᠬᠡᠭ᠌ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠶᠠᠨ ᠳ᠋ᠦ ᠡᠷᠡᠯᠬᠡᠭ᠌ᠯᠡᠨ ᠤᠷᠤᠭ᠍ᠰᠢᠯᠠᠬᠤ᠎ᠳᠤ ᠪᠢᠳᠡ ᠢᠲᠡᠭᠡᠯ ᠲᠡᠭᠦᠯᠳᠡᠷ᠂ ᠬᠦᠴᠦᠨ ᠴᠢᠳᠠᠯ ᠲᠡᠭᠦᠯᠳᠡᠷ ᠪᠠᠢᠨ᠎ᠠ᠃

ᠤᠷᠤᠭ᠍ᠰᠢᠯᠠᠶ᠎ᠠ! ᠪᠢᠳᠡ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠪᠠᠲᠤᠳᠭᠠᠶ᠎ᠠ᠃

ᠲᠦᠩ ᠯᠢᠨ ᠭᠧ ᠵᠠᠮ᠂ ᠵᠤᠤ ᠳ᠋ᠧᠩ ᠢᠦᠢ ᠵᠠᠮ᠂ ᠬᠣᠩ ᠴᠠᠩ ᠶᠡᠬᠡ ᠵᠠᠮ᠂ ᠢ ᠮᠠᠨ ᠵᠡᠭᠡᠯᠢ᠂ ᠽᠦᠸᠧ ᠴᠢᠤᠸᠠᠨ ᠱᠢᠶᠠᠨ᠂ ᠵᠢᠩ ᠢᠦᠢ ᠱᠢᠶᠠᠨ᠂ ᠬᠤᠸᠠᠩ ᠬᠤᠸᠠ ᠬᠤᠳᠠ ᠁ ᠡᠨᠡ ᠡᠳᠦᠷ᠂ ᠪᠠᠭᠠᠲᠤᠷᠴᠤᠳ᠎ᠤᠨ ᠨᠡᠷ᠎ᠡ ᠡᠬᠡ ᠤᠯᠤᠰ᠎ᠤᠨ ᠠᠭᠤᠯᠠ ᠤᠰᠤᠨ᠎ᠳᠦ ᠪᠢᠴᠢᠭᠯᠡᠭᠳᠡᠵᠦ᠂ ᠲᠡᠳᠡᠨ᠎ᠦ ᠨᠤᠭᠤᠷᠠᠰᠢ ᠦᠭᠡᠢ ᠵᠣᠷᠢᠭ ᠰᠠᠨᠠᠭ᠎ᠠ ᠨᠢ ᠥᠨᠢᠳᠡ᠎ᠶ᠋ᠢᠨ ᠬᠦᠰᠢᠶ᠎ᠡ ᠲᠡᠮᠳᠡᠭ ᠪᠣᠯᠪᠠ᠃

ᠤᠢ᠍ᠢᠷ᠎ᠠ᠎ᠶ᠋ᠢᠨ ᠵᠠᠭᠤ ᠭᠠᠷᠤᠢ ᠵᠢᠯ᠎ᠳᠦ᠂ ᠤᠯᠤᠰ ᠣᠷᠣᠨ ᠭᠤᠲᠤᠭᠠᠯ ᠳᠤᠷᠤᠮᠵᠢᠯᠠᠯ᠎ᠳᠤ ᠤᠴᠠᠷᠠᠵᠤ᠂ ᠠᠷᠠᠳ ᠲᠦᠮᠡᠨ ᠭᠠᠢ ᠵᠣᠪᠠᠯᠠᠩ ᠠᠮᠰᠠᠵᠤ᠂ ᠪᠣᠯᠪᠠᠰᠤᠨ ᠲᠠᠯᠬᠢᠭᠳᠠᠯ᠎ᠳᠦ ᠤᠴᠠᠷᠠᠵᠤ᠂ ᠳᠤᠮᠳᠠᠳᠤ᠎ᠶ᠋ᠢᠨ ᠦᠨᠳᠦᠰᠦᠲᠡᠨ ᠤᠷᠢᠳ ᠡᠮᠦᠨ᠎ᠡ ᠪᠠᠢᠭ᠎ᠠ ᠦᠭᠡᠢ ᠭᠠᠢ ᠵᠣᠪᠠᠯᠠᠩ᠎ᠳᠤ ᠤᠴᠠᠷᠠᠭ᠍ᠰᠠᠨ᠎ᠢ ᠮᠠᠷᠲᠠᠵᠤ ᠪᠣᠯᠬᠤ ᠦᠭᠡᠢ;

14 ᠵᠢᠯ ᠎ᠦᠨ ᠶᠠᠫᠣᠨ ᠎ᠢ ᠡᠰᠡᠷᠭᠦᠴᠡᠬᠦ᠌ ᠲᠠᠢ᠌ᠨ ᠰᠦᠷ ᠳᠠᠯᠠᠢᠴᠠᠲᠠᠢ ᠶᠠᠪᠤᠭ᠍ᠳᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠯᠤᠲᠤ ᠶᠡᠬᠡ ᠦᠨᠳᠦᠰᠦᠲᠡᠨ᠎ᠤ ᠦᠷᠡᠭᠳᠡᠯ ᠵᠢᠡᠷ ᠲᠤᠰᠠᠭᠠᠷ ᠲᠣᠭ᠍ᠲᠠᠨᠢᠯ ᠡᠷᠬᠡ ᠴᠢᠯᠥᠭᠡ᠎ᠪᠡᠨ ᠬᠠᠮᠠᠭᠠᠯᠠᠬᠤ ᠲᠡᠦᠬᠡᠨ ᠬᠠᠭᠤᠳᠠᠰᠤᠨ᠎ᠳᠤ ᠮᠠᠭ᠍ᠲᠠᠨ ᠳᠠᠭᠤᠯᠠᠭᠤᠱᠢᠲᠠᠢ ᠭᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠭ᠌ᠰᠡᠨ᠎ᠢ ᠮᠠᠷᠲᠠᠵᠤ ᠪᠣᠯᠬᠤ ᠦᠭᠡᠢ;

ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠲᠠᠯᠪᠢᠭᠳᠠᠵᠤ᠂ ᠴᠠᠭ ᠬᠤᠭᠤᠴᠠᠭ᠎ᠠ ᠪᠢᠳᠡᠨ᠎ᠢ ᠬᠦᠯᠢᠶᠡᠬᠦ᠌ ᠦᠭᠡᠢ᠂ ᠡᠨᠡ ᠡᠳᠦᠷ᠂ ᠪᠢᠳᠡ ᠴᠥᠬᠥᠷᠡᠰᠢ ᠦᠭᠡᠢ ᠲᠡᠮᠡᠴᠡᠯ᠎ᠢᠶᠡᠷ ᠪᠠᠭᠠᠲᠤᠷᠴᠤᠳ᠎ᠤᠨ ᠬᠢᠵᠦ᠍ ᠳᠠᠭᠤᠰᠤᠭ᠎ᠠ ᠦᠭᠡᠢ ᠦᠢᠯᠡᠰ᠂ ᠪᠡᠶᠡᠯᠡᠭᠦᠯᠵᠦ᠍ ᠳᠡᠢᠯᠦᠭᠡ ᠦᠭᠡᠢ ᠬᠦᠰᠡᠯ ᠵᠡᠭᠦᠳᠦ᠍᠎ᠪᠡᠨ ᠦᠷᠭᠦᠯᠵᠢᠯᠡᠨ ᠪᠢᠴᠢᠭ᠌ᠯᠡᠬᠦ ᠵᠢ ᠮᠠᠷᠳᠠᠵᠤ ᠪᠤᠯᠬᠤ ᠦᠭᠡᠢ!

ᠣᠳᠣᠬᠠᠨ᠎ᠳᠤ ᠶᠠᠭ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ᠎ᠪᠡᠷ ᠬᠦᠴᠦᠷᠬᠡᠭ᠌ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠃ ᠲᠣᠭ᠍ᠲᠠᠭ᠍ᠰᠠᠨ ᠬᠠᠷᠠᠯᠲᠠ ᠎ᠪᠠᠨ ᠡᠵᠡᠮᠳᠡᠵᠦ ᠡᠷᠡᠯᠬᠡᠭ᠌ᠯᠡᠨ ᠤᠷᠤᠭ᠍ᠰᠢᠯᠠᠪᠠᠯ᠂ ᠡᠴᠦᠰ᠎ᠲᠡᠬᠡᠨ ᠶᠡᠬᠡ᠎ᠡᠴᠡ ᠬᠦᠴᠦᠷᠬᠡᠭ᠌ ᠲᠡᠢᠰᠢ ᠵᠢᠨ ᠵᠠᠩᠭᠢᠯᠠᠭ᠎ᠠ ᠎ᠶ᠋ᠢᠨ ᠦᠰᠦᠷᠦᠯᠲᠡ᠎ᠶ᠋ᠢ ᠪᠡᠶᠡᠯᠡᠭᠦᠯᠬᠦ᠌ ᠪᠣᠯᠤᠨ᠎ᠠ᠃

ᠤᠷᠤᠭ᠍ᠰᠢᠯᠠᠶ᠎ᠠ! ᠪᠢᠳᠡ ᠪᠣᠳᠠᠲᠠᠶ ᠠᠵᠢᠯᠯᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠷᠤᠭ᠍ᠰᠢᠯᠠᠨ ᠳᠠᠪᠱᠢᠬᠤ ᠬᠦᠴᠦᠨ᠎ᠢ ᠨᠢᠭ᠍ᠲᠠᠷᠠᠭᠤᠯᠤᠶ᠎ᠠ᠃

80 ᠵᠢᠯ᠎ᠦᠨ ᠲᠤᠷᠰᠢ᠂ 《ᠶᠠᠳᠠᠭᠤ ᠬᠣᠭᠣᠰᠣᠨ》 ᠪᠠᠢᠭ᠍ᠰᠠᠨ᠎ᠡᠴᠡ᠎ᠪᠠᠨ ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠣᠯᠤᠨ ᠬᠥᠭ᠌ᠵᠢᠵᠦ᠍᠂ ᠶᠠᠳᠠᠭᠤ ᠪᠠᠭᠤᠷᠠᠢ ᠪᠠᠢᠭ᠍ᠰᠠᠨ᠎ᠡᠴᠡ᠎ᠪᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠪᠠ᠁ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠦᠵᠡᠬᠦ᠌᠎ᠳᠦ ᠢᠯᠠᠨ ᠳᠠᠪᠠᠵᠤ ᠳᠡᠢᠯᠦᠰᠢ ᠦᠭᠡᠢ ᠬᠦᠴᠢᠷ ᠪᠡᠷᠬᠡ ᠬᠠᠷᠰᠢ ᠰᠠᠭᠠᠳ᠎ᠢ ᠢᠯᠠᠨ ᠳᠠᠪᠠᠵᠤ᠂ ᠬᠥᠮᠦᠰ᠎ᠢ ᠭᠠᠢᠬᠠᠱᠢᠷᠠᠭᠤᠯᠤᠮ᠎ᠠ ᠶᠢᠷᠲᠢᠨᠴᠦ᠍᠎ᠶ᠋ᠢᠨ ᠭᠠᠢᠬᠠᠮᠱᠢᠭ᠎ᠢ ᠡᠭᠦᠳᠴᠦ᠍᠂ ᠨᠡᠩ ᠰᠠᠨᠠᠭᠠᠴᠢᠯᠠᠭ᠎ᠠ᠎ᠲᠠᠶ ᠤᠶᠤᠨ ᠰᠠᠨᠠᠭᠠᠨ᠎ᠤ ᠬᠦᠴᠦᠨ ᠴᠢᠳᠠᠯ᠎ᠢ ᠪᠠᠳᠠᠷᠠᠭᠤᠯᠵᠤ᠂ ᠱᠢᠨ᠎ᠡ ᠠᠭᠤᠤ ᠶᠡᠬᠡ ᠲᠡᠦᠬᠡ᠎ᠶ᠋ᠢ ᠬᠤᠪᠢ ᠲᠠᠬᠢᠨ᠎ᠢᠶᠠᠷ ᠪᠢᠴᠢᠭ᠌ᠯᠡᠬᠦ᠌ ᠢᠲᠡᠭᠡᠯ ᠲᠡᠭᠦᠯᠳᠡᠷ ᠪᠠᠢᠨ᠎ᠠ᠃

ᠭᠠᠰᠠᠯᠠᠩ ᠵᠣᠪᠠᠯᠠᠩ᠎ᠡᠴᠡ ᠭᠡᠷᠡᠯ ᠰᠠᠴᠤᠷᠠᠩᠭᠤᠢ ᠦᠢᠯᠡᠰ ᠲᠡᠢᠰᠢ ᠤᠷᠤᠭ᠍ᠰᠢᠯᠠᠵᠤ᠂ ᠠᠭᠤᠤ ᠶᠡᠬᠡ ᠢᠯᠠᠯᠲᠠ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ᠂ ᠲᠡᠦᠬᠡ᠎ᠶ᠋ᠢᠨ ᠠᠯᠬᠤᠭ᠎ᠠ ᠡᠭᠦᠷᠢᠳᠡ ᠤᠷᠤᠭ᠍ᠰᠢᠯᠠᠨ᠎ᠠ᠃

ᠲᠡᠦᠬᠡ᠎ᠪᠡᠨ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠶ᠎ᠪᠡᠨ ᠴᠣᠭ᠍ᠴᠠᠯᠠᠨ᠎ᠠ᠃ ᠪᠢᠳᠡ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠎ᠶ᠋ᠢ ᠳᠤᠮᠳᠠᠳᠤ ᠤᠯᠤᠰ᠎ᠢᠶᠠᠨ ᠬᠥᠭ᠌ᠵᠢᠭᠦᠯᠦᠨ ᠮᠠᠨᠳᠤᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠵᠣᠷᠢᠭ ᠰᠠᠨᠠᠭ᠎ᠠ᠎ᠶ᠋ᠢ ᠤᠯᠤᠰ᠎ᠲᠠᠭᠠᠨ ᠵᠢᠳᠬᠦᠬᠦ᠌ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠦ᠍ ᠎ᠪᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠵᠦ᠍᠂《ᠶᠠᠫᠣᠨ᠎ᠢ ᠡᠰᠡᠷᠭᠦᠴᠡᠬᠦ᠌ ᠲᠠᠢ᠌ᠨ ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠶ᠎ᠠ》᠃

ᠢᠷᠡᠭᠡᠳᠦᠢ ᠵᠢ ᠪᠠᠷᠠᠯᠠᠬᠤᠶ᠎ᠠ᠂ ᠵᠣᠷᠢᠭ ᠰᠠᠨᠠᠭ᠎ᠠ ᠭᠠᠯ ᠪᠠᠮᠪᠠᠷ ᠮᠡᠲᠦ᠂ ᠠᠶᠠᠨ ᠵᠠᠮ ᠭᠡᠭᠡᠨ ᠰᠠᠷᠠᠭᠤᠯ᠃ 

ᠱᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 13 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号