ᠡᠦ ᠸᠧᠢ ᠬᠤᠸᠠ ᠣᠷᠣᠯᠴᠠᠭᠰᠠᠨ ᠪᠦᠭᠡᠳ ᠪᠠᠶᠠᠷ᠎ᠤᠨ ᠦᠭᠡ ᠬᠡᠯᠡᠵᠡᠢ
ᠯᠢᠦ ᠭᠦᠸᠧ ᠬᠣᠩ ᠰᠦᠨ ᠱᠤᠤ ᠴᠧᠩ ᠪᠠᠶᠠᠷ᠎ᠤᠨ ᠦᠭᠡ ᠬᠡᠯᠡᠵᠦ ᠨ᠊ ·ᠪᠠᠲᠤᠬᠦᠤ ᠣᠷᠣᠯᠴᠠᠵᠤ ᠪ᠊·ᠤᠶᠤᠨᠰᠠᠨᠠᠭ᠎ᠠ ᠪᠠᠶᠠᠷ᠎ᠤᠨ ᠦᠭᠡ ᠬᠡᠯᠡᠪᠡ
9 ᠰᠠᠷ᠎ᠠ᠎ᠶ᠋ᠢᠨ 16᠎ᠤ᠋ ᠡᠳᠦᠷ᠂ ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠳᠤᠰ ᠬᠤᠳᠠ᠎ᠳᠤ ᠡᠬᠢᠯᠡᠪᠡ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠤᠷᠢᠶ᠎ᠠ ᠵᠢᠨ ᠲᠡᠷᠢᠭᠦᠯᠡᠭ᠌ᠴᠢ ᠦ᠋ ᠸᠧᠢ ᠬᠤᠸᠠ ᠬᠤᠷᠠᠯ᠎ᠳᠤ ᠣᠷᠣᠯᠴᠠᠭᠰᠠᠨ ᠪᠦᠭᠡᠳ ᠪᠠᠶᠠᠷ᠎ᠤᠨ ᠦᠭᠡ ᠬᠡᠯᠡᠵᠡᠢ᠃

9 ᠰᠠᠷ᠎ᠠ᠎ᠶ᠋ᠢᠨ 16᠎ᠤ᠋ ᠡᠳᠦᠷ᠂ ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠳᠤᠰ ᠬᠤᠳᠠ᠎ᠳᠤ ᠡᠬᠢᠯᠡᠪᠡ᠃
ᠰᠤᠷᠪᠤᠯᠵᠢᠯᠠᠭᠴᠢ ᠮᠠ ᠵᠢᠶᠠᠨ ᠪᠢᠩ ᠰᠡᠬᠦᠳᠡᠷᠯᠡᠪᠡ
ᠤᠯᠤᠰ᠎ᠤᠨ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠵᠢᠨ ᠳᠠᠷᠤᠭ᠎ᠠ ᠯᠢᠦ ᠭᠦᠸᠧ ᠬᠣᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠰᠦᠨ ᠱᠤᠤ ᠴᠧᠩ ᠪᠠᠶᠠᠷ᠎ᠤᠨ ᠦᠭᠡ ᠬᠡᠯᠡᠪᠡ᠃ ᠮᠣᠩᠭᠣᠯ ᠤᠯᠤᠰ᠎ᠤᠨ ᠶᠡᠷᠦᠩᠬᠡᠢᠯᠡᠭ᠌ᠴᠢ᠎ᠶ᠋ᠢᠨ ᠣᠷᠴᠢᠨ ᠲᠣᠭᠣᠷᠢᠨ ᠬᠢᠭᠡᠳ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠡᠷᠡᠭ ᠶᠠᠪᠤᠳᠠᠯ ᠤᠨ ᠵᠥᠪᠯᠡᠭ᠌ᠴᠢ ᠨ᠊·ᠪᠠᠲᠤᠬᠦᠤ ᠣᠷᠣᠯᠴᠠᠵᠤ᠂ ᠮᠣᠩᠭᠣᠯ ᠤᠯᠤᠰ᠎ᠤᠨ ᠵᠠᠰᠠᠭ᠎ᠤᠨ ᠣᠷᠳᠣᠨ᠎ᠤ ᠱᠢᠭᠤᠳ ᠬᠠᠷᠢᠶ᠎ᠠ ᠤᠯᠤᠰ᠎ᠤᠨ ᠤᠢ ᠱᠢᠭᠤᠢ᠎ᠶ᠋ᠢᠨ ᠲᠣᠪᠴᠢᠶ᠎ᠠ ᠵᠢᠨ ᠳᠠᠷᠤᠭ᠎ᠠ ᠪ᠊·ᠤᠶᠤᠨᠰᠠᠨᠠᠭ᠎ᠠ ᠪᠠᠶᠠᠷ᠎ᠤᠨ ᠦᠭᠡ ᠬᠡᠯᠡᠪᠡ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠴᠦᠯᠯᠡᠷᠬᠡᠭ᠌ᠵᠢᠯ᠎ᠢ ᠰᠡᠷᠭᠡᠢᠯᠡᠨ ᠵᠠᠰᠠᠬᠤ ᠨᠡᠢᠲᠡ᠎ᠶ᠋ᠢᠨ ᠭᠡᠷ᠎ᠡ》 ᠵᠢᠨ ᠭᠦᠢᠴᠡᠳᠭᠡᠭ᠌ᠴᠢ ᠨᠠᠷᠢᠨ ᠪᠢᠴᠢᠭᠡᠴᠢ ᠶᠠᠰᠮᠢᠨ·ᠹᠦ᠊ ᠊ ᠠᠳᠧ ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠲᠤᠰᠠᠯᠠᠭ᠍ᠴᠢ ᠨᠠᠷᠢᠨ ᠪᠢᠴᠢᠭ᠎ᠦᠨ ᠳᠠᠷᠤᠭ᠎ᠠ᠂ ᠣᠷᠴᠢᠨ ᠲᠣᠭᠣᠷᠢᠨ᠎ᠤ ᠲᠥᠯᠥᠪᠵᠢᠭᠦᠯᠭᠡ᠎ᠶ᠋ᠢᠨ ᠵᠠᠬᠢᠷᠭ᠎ᠠ᠎ᠶ᠋ᠢᠨ ᠳᠡᠳ᠋ ᠭᠦᠢᠴᠡᠳᠭᠡᠭ᠌ᠴᠢ ᠡᠷᠬᠢᠯᠡᠭ᠌ᠴᠢ ᠢᠯᠢᠽᠠᠪᠸᠽ·ᠮᠦᠯᠸᠢ᠌ᠮᠠ ᠸᠢᠳᠢᠣ᠋᠎ᠪᠠᠷ ᠪᠠᠶᠠᠷ᠎ᠤᠨ ᠦᠭᠡ ᠬᠡᠯᠡᠵᠡᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠡᠬᠢᠯᠡᠯᠲᠡ᠎ᠶ᠋ᠢᠨ ᠶᠣᠰᠣᠯᠠᠯ᠎ᠢ ᠡᠷᠭᠢᠯᠡᠪᠡ᠃
ᠦ᠋ ᠸᠧᠢ ᠬᠤᠸᠠ᠂ ᠳᠤᠮᠳᠠᠳᠤ ᠤᠯᠤᠰ ᠶᠡᠷᠦ᠍᠎ᠡᠴᠡ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠠᠵᠢᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠲᠡᠭᠦᠨ᠎ᠢ ᠠᠮᠢ ᠠᠬᠤᠢ᠎ᠶ᠋ᠢᠨ ᠠᠮᠤᠷ ᠲᠦᠪᠱᠢᠨᠳ᠋ᠤ ᠬᠣᠯᠪᠣᠭ᠍ᠳᠠᠬᠤ᠂ ᠬᠦᠴᠦᠷᠬᠡᠭ᠌ ᠤᠯᠤᠰ᠎ᠤᠨ ᠪᠦᠳᠦᠭᠡᠨ ᠪᠠᠢᠭᠤᠯᠤᠯᠲᠠ᠎ᠳᠤ ᠬᠣᠯᠪᠣᠭ᠍ᠳᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠭᠠᠨ ᠠᠳᠭᠤᠭ᠍ᠰᠠᠭᠠᠷ ᠢᠷᠡᠵᠠᠢ᠃ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠠᠵᠢᠯ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠮᠵᠢᠯᠲᠠ ᠣᠯᠵᠤ᠂ ᠴᠦᠯᠯᠡᠷᠭᠡᠭ᠌ᠵᠢᠯ ᠪᠠ ᠭᠠᠵᠠᠷ ᠱᠢᠷᠣᠶ᠎ᠶ᠋ᠢᠨ ᠡᠯᠡᠰᠦᠷᠬᠡᠭ᠌ᠵᠢᠯ 《ᠬᠤᠤᠰ ᠬᠠᠰᠤᠭ᠍ᠳᠠᠯ》 ᠢ᠋ ᠪᠡᠶᠡᠯᠡᠭᠦᠯᠵᠦ᠍᠂ ᠭᠠᠵᠠᠷ ᠱᠢᠷᠣᠶ᠎ᠶ᠋ᠢᠨ ᠮᠠᠭᠤᠳᠠᠯ᠎ᠤᠨ 《ᠲᠡᠭ ᠨᠡᠮᠡᠭ᠌ᠳᠡᠯ》 ᠢ᠋ ᠡᠩ ᠲᠠᠷᠢᠬᠦᠨ᠎ᠳᠤ ᠪᠡᠶᠡᠯᠡᠭᠦᠯᠵᠦ᠍᠂ ᠪᠥᠬᠥ᠌ ᠪᠥᠮᠪᠥᠷᠴᠡᠭ᠎ᠦᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠍᠂ ᠳᠤᠮᠳᠠᠳᠤ ᠤᠯᠤᠰ᠎ᠤᠨ ᠣᠶᠤᠨ ᠤᠬᠠᠭᠠᠨ᠎ᠢ ᠬᠠᠩᠭᠠᠵᠤ᠂ ᠣᠯᠠᠨ ᠤᠯᠤᠰ᠎ᠤᠨ ᠬᠡᠪ ᠳᠠᠭᠤᠷᠢᠶᠠᠯ᠎ᠢ ᠪᠣᠶ ᠪᠣᠯᠭᠠᠪᠠ᠃ ᠬᠥᠪᠴᠢ ᠤᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ ᠨᠢ ᠳᠤᠮᠳᠠᠳᠤ ᠭᠠᠳᠠᠭᠠᠳᠤ᠎ᠶ᠋ᠢᠨ ᠬᠦᠨᠳᠦ᠎ᠲᠤ ᠵᠣᠴᠢᠳ᠎ᠢ ᠨᠢᠭᠡ ᠲᠠᠩᠬᠢᠮ᠎ᠳᠤ ᠴᠤᠭ᠍ᠯᠠᠷᠠᠭᠤᠯᠪᠠ᠂ ᠪᠢᠳᠡ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠨᠡᠢᠲᠡ᠎ᠶ᠋ᠢᠨ ᠭᠡᠷ᠎ᠡ》 ᠵᠢ ᠰᠠᠢᠲᠤᠷ ᠭᠦᠢᠴᠡᠳᠭᠡᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤᠷᠠᠯᠴᠠᠭ᠎ᠠ ᠰᠣᠯᠢᠯᠴᠠᠭ᠎ᠠ᠎ᠵᠢ ᠭᠦᠨᠵᠡᠭᠡᠢᠷᠡᠭᠦᠯᠵᠦ᠍᠂ ᠬᠥᠮᠦᠨ ᠲᠥᠷᠥᠯᠬᠢᠲᠡᠨ᠎ᠦ ᠣᠷᠣᠱᠢᠨ ᠠᠮᠢᠳᠤᠷᠠᠵᠤ ᠪᠠᠢᠭ᠎ᠠ ᠲᠡᠯᠡᠬᠡᠢ ᠵᠢᠨ ᠪᠦᠮᠪᠦᠷᠴᠡᠭ ᠭᠡᠷ ᠣᠷᠣᠨ᠎ᠢ ᠬᠠᠮᠲᠤ᠎ᠪᠠᠷ ᠰᠠᠢᠲᠤᠷ ᠰᠠᠬᠢᠨ ᠬᠠᠮᠠᠭᠠᠯᠠᠪᠠᠯ ᠵᠣᠬᠢᠨ᠎ᠠ ᠭᠡᠵᠦ ᠢᠯᠡᠳᠭᠡᠪᠡ᠃
ᠯᠢᠦ ᠭᠦᠸᠧ ᠬᠣᠩ᠂ ᠤᠷᠲᠤ ᠬᠤᠭᠤᠴᠠᠭᠠᠨ᠎ᠤ ᠴᠥᠬᠥᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠳᠤᠮᠳᠠᠳᠤ ᠤᠯᠤᠰ ᠵᠠᠰᠠᠵᠤ ᠪᠣᠯᠬᠤ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢᠨ ᠵᠢᠡᠨ 53% ᠵᠢ ᠪᠦᠲᠦᠮᠵᠢᠲᠡᠢ ᠵᠠᠰᠠᠵᠤ᠂ 《ᠪᠦᠬᠦᠯᠢ ᠴᠣᠭ᠍ᠴᠠ᠎ᠪᠠᠷ ᠰᠠᠢᠵᠢᠷᠠᠵᠤ᠂ ᠰᠠᠢᠵᠢᠷᠠᠯᠲᠠ ᠲᠦᠷᠭᠡᠰᠭᠦ》 ᠰᠠᠢ᠌ᠨ ᠰᠠᠢᠬᠠᠨ ᠪᠠᠢᠳᠠᠯ ᠢᠯᠡᠷᠡᠵᠡᠢ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠲᠡᠷᠢᠭᠦᠯᠡᠭ᠌ᠴᠢ ᠰᠢ ᠵᠢᠨ ᠫᠢᠩ᠎ᠦᠨ ᠵᠢᠭᠠᠭ᠍ᠰᠠᠨ ᠵᠥᠪ ᠴᠢᠭ᠌ᠯᠡᠯ᠎ᠢᠶᠡᠷ ᠭᠤᠢᠪᠢᠰᠢ ᠦᠭᠡᠢ ᠵᠠᠮᠨᠠᠵᠤ᠂ ᠱᠢᠨᠵᠢᠯᠡᠬᠦ᠌ ᠤᠬᠠᠭᠠᠨᠴᠢ᠎ᠪᠠᠷ ᠡᠯᠡᠰᠦ᠎ᠶ᠋ᠢ ᠵᠠᠰᠠᠬᠤ᠎ᠶ᠋ᠢ ᠨᠡᠩ ᠴᠢᠬᠤᠯᠠᠴᠢᠯᠠᠵᠤ᠂ ᠴᠦᠯᠯᠡᠷᠭᠡᠭ᠌ᠵᠢᠭ᠌ᠰᠡᠨ ᠠᠮᠢ ᠠᠬᠤᠢ᠎ᠶ᠋ᠢᠨ ᠱᠢᠰᠲ᠋ᠧᠮ᠎ᠦᠨ ᠲᠣᠭ᠍ᠲᠠᠭᠤᠨ ᠴᠢᠨᠠᠷ᠎ᠢ ᠳᠡᠭᠡᠭ᠌ᠰᠢᠯᠡᠭᠦᠯᠦᠨ᠎ᠡ; ᠪᠠᠢᠯᠳᠤᠬᠤ ᠪᠤᠳᠤᠯᠭ᠎ᠠ᠎ᠪᠡᠷ ᠠᠬᠢᠭᠤᠯᠬᠤ᠎ᠶ᠋ᠢ ᠨᠡᠩ ᠴᠢᠬᠤᠯᠠᠴᠢᠯᠠᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍ ᠢᠯᠠᠯᠲᠠ ᠵᠢ ᠲᠡᠮᠡᠴᠡᠨ ᠤᠯᠤᠨ᠎ᠠ; ᠪᠣᠬᠢᠷᠲᠤᠯ ᠦᠭᠡᠢ ᠬᠥᠭ᠌ᠵᠢᠯᠲᠡ᠎ᠶ᠋ᠢ ᠨᠡᠩ ᠴᠢᠬᠤᠯᠠᠴᠢᠯᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠶᠡᠷᠦᠩᠬᠡᠢᠯᠡᠭ᠌ᠰᠡᠨ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠭ᠍ᠰᠠᠨ ᠱᠢᠨ᠎ᠡ ᠭᠠᠢᠬᠠᠮᠱᠢᠭ᠎ᠢ ᠴᠢᠷᠮᠠᠢᠨ ᠪᠢᠴᠢᠭ᠌ᠯᠡᠨ᠎ᠡ᠃ ᠡᠭᠦᠨ᠎ᠦ ᠬᠠᠮᠲᠤ᠂ ᠪᠢᠳᠠ ᠳᠤᠷᠠᠲᠠᠶ᠎ᠠ ᠳᠡᠯᠡᠬᠡᠢ ᠨᠡᠢᠭᠡᠮ᠎ᠲᠡᠶ ᠬᠠᠮᠲᠤ᠎ᠪᠠᠷ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠬᠢᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠂ ᠦᠵᠡᠰᠭᠦᠯᠡᠩᠲᠦ ᠰᠠᠢᠬᠠᠨ ᠠᠷᠢᠭᠤᠨ ᠴᠡᠪᠡᠷ ᠳᠡᠯᠡᠬᠡᠢ ᠶᠢᠷᠲᠢᠨᠴᠦ᠍᠎ᠶ᠋ᠢ ᠪᠦᠳᠦᠭᠡᠨ ᠪᠠᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃
ᠰᠦᠨ ᠱᠤᠤ ᠴᠧᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ ᠡᠴᠡ᠂ ᠳᠤᠮᠳᠠᠳᠤ ᠭᠠᠳᠠᠭᠠᠳᠤ᠎ᠶᠢᠨ ᠬᠦᠨᠳᠦᠲᠦ ᠵᠣᠴᠢᠳ᠎ᠢ ᠪᠠᠶᠠᠷᠯᠠᠨ ᠤᠭᠲᠤᠵᠤ ᠪᠠᠢᠬᠤ ᠪᠡᠨ ᠢᠯᠡᠳᠭᠡᠪᠡ᠃ ᠲᠡᠷᠡ᠂ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠳᠠᠢ᠍ᠢᠨ᠎ᠦ ᠲᠠᠯᠠᠪᠤᠷ ᠪᠣᠯᠣᠨ᠎ᠠ᠂ 2030 ᠣᠨ᠎ᠡᠴᠡ ᠡᠮᠦᠨ᠎ᠡ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠳᠡᠬᠢ 9700 ᠭᠠᠷᠤᠢ ᠲᠦᠮᠡᠨ ᠮᠦ᠍᠎ᠶᠢᠨ ᠡᠯᠡᠰᠦ᠎ᠶᠢ ᠵᠠᠰᠠᠬᠤ ᠡᠭᠦᠷᠭᠡ᠎ᠶᠢ ᠡᠭᠦᠷᠭᠡᠯᠡᠵᠦ ᠪᠤᠢ᠃ ᠣᠢᠷ᠎ᠠ᠎ᠶᠢᠨ ᠵᠢᠯ᠎ᠦᠳ᠎ᠲᠦ ᠪᠢᠳᠡ ᠲᠡᠷᠢᠭᠦᠯᠡᠭᠴᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠡᠴᠡ᠎ᠪᠠᠨ ᠭᠣᠣᠯ ᠬᠦᠴᠦᠨ ᠪᠣᠯᠵᠤ᠂ ᠭᠣᠣᠯ ᠳᠠᠭᠠᠷᠢᠯᠲᠠ ᠬᠢᠵᠦ᠂ 《ᠤᠮᠠᠷᠠᠲᠦ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠴᠢᠬᠤᠯᠠ ᠦᠷ᠎ᠡ ᠪᠦᠲᠦᠭᠡᠯ ᠣᠯᠬᠤ᠎ᠶᠢ ᠠᠬᠢᠭᠤᠯᠵᠤ ᠂ 3 ᠵᠢᠯ᠎ᠳᠦ ᠨᠡᠢ᠍ᠢᠳᠡ 5000 ᠲᠦᠮᠡᠨ ᠮᠦ᠍ᠭᠠᠷᠤᠢ ᠲᠠᠯᠠᠪᠠᠢ ᠪᠦᠬᠦᠢ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠪᠠ᠃ ᠪᠢᠳᠡ ᠡᠯᠡᠰᠦ᠎ᠶᠢ ᠵᠠᠰᠠᠭᠰᠠᠨ ᠦᠷ᠎ᠡ ᠪᠦᠲᠦᠭᠡᠯ᠎ᠢᠶᠡᠨ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠵᠦ᠂ ᠵᠠᠰᠠᠵᠤ ᠪᠣᠯᠬᠤ ᠡᠯᠡᠰᠦ᠂ ᠵᠠᠰᠠᠬᠤ ᠴᠢᠬᠤᠯᠠᠲᠠᠢ ᠡᠯᠡᠰᠦ᠎ᠶᠢ ᠪᠦᠬᠦ ᠬᠦᠴᠦᠨ᠎ᠢᠶᠡᠷ᠎ᠢᠶᠡᠨ ᠵᠠᠰᠠᠵᠤ᠂ ᠨᠡᠩ ᠤᠯᠠᠨ 《ᠡᠯᠡᠰᠦᠨ ᠳᠠᠯᠠᠢ》 ᠵᠢ 《ᠨᠣᠭᠣᠭᠠᠨ ᠪᠦᠷᠢᠳᠦ》 ᠪᠣᠯᠭᠠᠨ ᠬᠤᠪᠢᠷᠠᠭᠤᠯᠵᠤ᠂ ᠪᠦᠬᠦ ᠪᠥᠮᠪᠥᠷᠴᠡᠭ᠎ᠦᠨ ᠡᠯᠡᠰᠦ᠎ᠶᠢ ᠵᠠᠰᠠᠬᠤ ᠦᠢᠯᠡᠰ᠎ᠲᠦ ᠨᠡᠩ ᠤᠯᠠᠨ ᠨᠠᠢᠳᠠᠪᠤᠷᠢᠲᠠᠢ ᠲᠣᠯᠢᠯᠠᠯ ᠬᠠᠩᠭᠠᠨ᠎ᠠ ᠭᠡᠵᠦ ᠭᠡᠯᠡᠪᠡ᠃
ᠪ᠊·ᠤᠶᠤᠨᠰᠠᠨᠠᠭ᠎ᠠ᠂ ᠬᠥᠪᠴᠢ᠎ᠶᠢᠨ ᠵᠠᠭᠪᠤᠷ ᠨᠢ ᠪᠥᠬᠥ ᠪᠥᠮᠪᠥᠷᠴᠡᠭ᠎ᠦᠨ ᠡᠯᠡᠰᠦ᠎ᠶᠢ ᠵᠠᠰᠠᠬᠤ ᠦᠢᠯᠡᠰ᠎ᠲᠦ ᠨᠠᠢᠳᠠᠪᠤᠷᠢᠲᠠᠢ ᠲᠤᠯᠢᠯᠠᠯ ᠬᠠᠩᠭᠠᠪᠠ᠃ ᠣᠢᠷ᠎ᠠ᠎ᠶᠢᠨ ᠵᠢᠯ᠎ᠡᠴᠡ ᠮᠣᠩᠭᠣᠯ ᠤᠯᠤᠰ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠤᠷᠤ ᠲᠦᠯᠦᠪ᠎ᠤᠨ ᠨᠡᠶ᠋ᠢᠲᠡ᠎ᠶᠢᠨ ᠭᠡᠷ᠎ᠡ》 ᠳ᠋ᠡᠬᠢ ᠬᠣᠯᠪᠣᠭᠳᠠᠯ ᠪᠦᠬᠦᠢ ᠤᠯᠠᠨ ᠤᠯᠤᠰ᠎ᠤᠨ ᠡᠭᠦᠷᠭᠡ᠎ᠶᠢ ᠢᠳᠡᠪᠬᠢᠲᠡᠢ ᠭᠦᠢᠴᠡᠳᠬᠡᠵᠦ᠂ 《ᠠᠷᠪᠠᠨ ᠳ᠋ᠦᠩᠰᠢᠭᠤᠷ ᠮᠤᠳᠤ ᠲᠠᠷᠢᠬᠤ ᠲᠥᠯᠥᠪᠯᠡᠭᠡ》 ᠶ᠋ᠢ ᠬᠡᠷᠡᠭᠵᠢᠭᠦᠯᠬᠦ ᠵᠢᠨ ᠬᠠᠮᠲᠤ ᠡᠨᠧᠷᠭᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠮᠡᠷᠭᠡᠵᠢᠯ᠎ᠢ ᠠᠯᠬᠤᠮ ᠠᠯᠬᠤᠮ᠎ᠢᠶᠠᠷ ᠳᠡᠯᠭᠡᠷᠡᠭᠦᠯᠦᠨ ᠬᠡᠷᠡᠭᠯᠡᠵᠦ᠂ ᠳᠠᠬᠢᠯᠲᠠ ᠡᠨᠧᠷᠭᠢ᠎ᠶᠢᠨ ᠠᠰᠢᠭ᠍ᠯᠠᠯᠲᠠ᠎ᠶᠢᠨ ᠨᠤᠷᠮ᠎ᠠ᠎ᠶᠢ ᠳᠡᠭᠡᠭᠰᠢᠯᠡᠭᠦᠯᠵᠦ᠂ ᠣᠷᠴᠢᠨ ᠲᠣᠭᠣᠷᠢᠨ᠎ᠳᠤ ᠨᠥᠬᠥᠷᠰᠡᠭ ᠬᠡᠯᠪᠡᠷᠢ᠎ᠶᠢᠨ ᠲᠠᠷᠢᠶᠠᠯᠠᠩ᠎ᠤᠨ ᠬᠥᠭᠵᠢᠯᠲᠡ᠎ᠶᠢ ᠳᠡᠮᠵᠢᠵᠦ᠂ 2035 ᠣᠨ ᠪᠣᠯᠳᠠᠯ᠎ᠠ ᠬᠦᠯᠡᠮᠵᠢ᠎ᠶᠢᠨ ᠬᠡᠢ᠎ᠶᠢᠨ ᠭᠠᠳᠠᠭᠰᠢᠯᠠᠭᠤᠯᠤᠯᠲᠠ᠎ᠶᠢᠨ ᠬᠡᠮᠵᠢᠶ᠎ᠡ᠎ᠶᠢ 30.3% ᠪᠡᠷ ᠪᠠᠭᠠᠰᠬᠠᠬᠤ᠎ᠪᠠᠷ ᠴᠢᠷᠮᠠᠢᠵᠤ ᠪᠤᠢ᠃ ᠳᠠᠷᠠᠭᠠᠴᠢ᠎ᠶᠢᠨ ᠠᠯᠬᠤᠮ᠎ᠳᠤ᠂ ᠮᠣᠩᠭᠣᠯ ᠤᠯᠤᠰ ᠤᠯᠠᠨ ᠤᠯᠤᠰ᠎ᠤᠨ ᠬᠣᠭᠣᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠤᠯᠠᠮ ᠴᠢᠩᠭᠠᠳᠬᠠᠵᠤ᠂ ᠴᠦᠯᠯᠡᠷᠬᠡᠭᠵᠢᠯ᠎ᠦᠨ ᠥᠷᠢᠰᠦᠯᠳᠦᠭᠡᠨ᠎ᠢ ᠭᠠᠷ ᠬᠣᠯᠪᠣᠨ ᠠᠷᠭᠠᠴᠠᠭᠠᠵᠤ᠂ ᠳᠡᠯᠡᠬᠡᠢ᠎ᠶᠢᠨ ᠪᠥᠮᠪᠥᠷᠴᠡᠭ ᠭᠡᠷ ᠣᠷᠣᠨ᠎ᠢᠶᠠᠨ ᠬᠠᠮᠲᠤ ᠪᠠᠷ ᠰᠠᠢᠲᠤᠷ ᠰᠠᠬᠢᠨ ᠬᠠᠮᠠᠭᠠᠯᠠᠨ᠎ᠠ ᠭᠡᠵᠤ ᠬᠡᠯᠡᠪᠡ᠃
ᠡᠬᠢᠯᠡᠯᠲᠡ᠎ᠶᠢᠨ ᠶᠣᠰᠣᠯᠠᠯ ᠳᠡᠭᠡᠷ᠎ᠡ᠂ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠲᠠᠩ ᠹᠠᠩ ᠯᠢᠨ 《ᠴᠦᠯᠯᠡᠷᠭᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠪᠠ ᠰᠢᠨ᠎ᠡ ᠴᠠᠭ ᠦᠶ᠎ᠡ᠎ᠶᠢᠨ 〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ》 ᠭᠡᠬᠦ ᠰᠡᠳᠦᠪ᠎ᠢᠶᠡᠷ ᠭᠣᠣᠯ ᠵᠣᠷᠢᠯᠲᠠ᠎ᠲᠦ ᠮᠡᠳᠡᠭᠦᠯᠦᠯᠲᠡ ᠬᠢᠪᠡ᠃
ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠶᠢᠨ ᠭᠠᠵᠠᠷ ᠰᠢᠷᠣᠢ ᠬᠢᠭᠡᠳ ᠤᠰᠤᠨ᠎ᠤ ᠡᠬᠢ ᠪᠠᠶᠠᠯᠢᠭ᠋᠎ᠤᠨ ᠵᠤᠷᠭᠠᠨ᠎ᠤ ᠳᠡᠳ᠋ ᠳᠠᠷᠤᠭ᠎ᠠ ᠨᠸᠦᠷᠠ·ᠪᠸᠯᠮᠦᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠤᠳᠤᠷᠢᠳᠬᠤ ᠨᠦᠬᠦᠳ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠳᠡᠭᠡᠳᠦ ᠳᠡᠰ᠎ᠤᠨ ᠲᠦᠯᠦᠭᠡᠯᠡᠭᠴᠢ᠂ ᠮᠣᠩᠭᠣᠯ ᠤᠯᠤᠰ᠂ ᠦᠽᠪᠸᠺᠰᠲ᠋ᠠᠨ᠂ ᠰᠠᠦᠢ᠍ᠳ᠋ᠢ ᠠᠷᠠᠪ ᠵᠡᠷᠭᠡ ᠤᠯᠤᠰ᠎ᠤᠨ ᠵᠠᠰᠠᠭ᠎ᠤᠨ ᠣᠷᠳᠣᠨ᠎ᠤ ᠠᠯᠪᠠᠨ ᠲᠤᠰᠢᠶᠠᠯᠲᠠᠨ᠎ᠤ ᠲᠥᠯᠥᠭᠡᠯᠡᠭᠴᠢ᠂ ᠳᠤᠮᠳᠠᠳᠤ ᠤᠯᠤᠰ᠎ᠲᠤ ᠰᠠᠭᠤᠭ᠎ᠠ ᠣᠯᠠᠨ ᠤᠯᠤᠰ᠎ᠤᠨ ᠡᠯᠴᠢᠨ ᠰᠠᠢᠳ᠂ ᠭᠠᠳᠠᠭᠠᠳᠤ ᠶᠠᠪᠤᠳᠠᠯ᠎ᠤᠨ ᠶᠠᠮᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠠᠬᠢᠷᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ 《ᠤᠮᠠᠷᠠᠲᠦ ᠵᠢᠨ ᠭᠤᠷᠪᠠᠨ ᠤᠷᠤᠨ》 ᠤ᠋ ᠢᠨᠵᠧᠨᠧᠷᠢᠩ᠎ᠳᠦ ᠬᠣᠯᠪᠣᠭᠳᠠᠬᠤ ᠮᠤᠵᠢ᠂ ᠬᠤᠳᠠ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ᠂ ᠬᠦᠨᠳᠦᠲᠦ ᠵᠣᠴᠢᠨ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠠᠷᠠᠳ᠎ᠤᠨ ᠵᠣᠬᠢᠶᠠᠨ ᠪᠠᠢᠭᠤᠯᠤᠯᠲᠠ ᠪᠠ ᠠᠵᠤ ᠠᠬᠤᠢᠯᠠᠯ᠎ᠤᠨ ᠲᠥᠯᠥᠭᠡᠯᠡᠭᠴᠢ ᠨᠠᠷ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠪᠠ᠃
ᠠᠷᠪᠠᠳᠤᠭᠠᠷ ᠬᠤᠭᠤᠴᠠᠭᠠᠨ᠎ᠤ ᠬᠥᠪᠴᠢ ᠤᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠨᠡᠶ᠋ᠢᠲᠡ᠎ᠶᠢᠨ ᠭᠡᠷ᠎ᠡ》 ᠵᠢᠨ ᠨᠠᠷᠢᠨ ᠪᠢᠴᠢᠭ᠎ᠦᠨ ᠭᠠᠵᠠᠷ᠎ᠡᠴᠡ ᠬᠠᠮᠲᠤᠷᠠᠨ ᠡᠷᠬᠢᠯᠡᠵᠦ᠂ 《ᠰᠢᠨᠵᠢᠯᠡᠬᠦ ᠤᠬᠠᠭᠠᠨᠴᠢ᠎ᠪᠠᠷ ᠡᠯᠡᠰᠦ᠎ᠶᠢ ᠵᠠᠰᠠᠵᠤ ᠪᠣᠬᠢᠷᠲᠤᠯ ᠦᠭᠡᠢ ᠪᠡᠷ ᠬᠥᠭᠵᠢᠭᠦᠯᠬᠦ》 ᠪᠡᠷ ᠭᠣᠣᠯ ᠰᠡᠳᠦᠪ ᠪᠣᠯᠭᠠᠵᠤ᠂ 9 ᠰᠠᠷ᠎ᠠ᠎ᠶᠢᠨ 16 ᠡᠴᠡ 17 ᠤ᠋ ᠡᠳᠦᠷ ᠪᠣᠯᠲᠠᠯ᠎ᠠ ᠣᠷᠳᠣᠰ ᠬᠤᠳᠠ᠎ᠳᠤ ᠶᠠᠪᠤᠭᠳᠠᠨ᠎ᠠ᠃ ᠡᠨᠡ ᠬᠤᠭᠤᠴᠠᠭᠠᠨ᠎ᠳᠤ ᠪᠠᠰᠠ ᠭᠣᠣᠯ ᠵᠤᠷᠢᠯᠳᠠᠳᠤ ᠶᠠᠷᠢᠶᠠᠨ᠎ᠤ ᠲᠠᠪᠴᠠᠩ᠂ ᠲᠤᠬᠠᠢ᠎ᠶᠢᠨ ᠲᠠᠯᠠᠪᠠᠢ᠎ᠳᠦ ᠲᠣᠭᠣᠷᠢᠨ ᠦᠵᠡᠬᠦ᠂ ᠠᠺᠠᠳᠧᠮᠢᠴᠢ᠎ᠶᠢᠨ ᠶᠠᠷᠢᠯᠴᠠᠭ᠎ᠠ᠂ ᠲᠤᠰᠬᠠᠢ ᠰᠡᠳᠦᠪᠲᠦ ᠶᠠᠷᠢᠶᠠᠨ᠎ᠤ ᠲᠠᠪᠴᠠᠩ ᠵᠡᠷᠭᠡ ᠠᠵᠢᠯᠯᠠᠭ᠎ᠠ᠎ᠶᠢ ᠡᠷᠬᠢᠯᠡᠨ ᠶᠠᠪᠤᠭᠳᠠᠭᠤᠯᠬᠤ ᠪᠤᠯᠤᠨ᠎ᠠ᠃